ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠤᠷᠠᠨ ᠰᠠᠢᠬᠠᠨ᠎ᠤ ᠦᠳᠡᠱᠢᠯᠡᠭᠡ 《ᠦᠵᠡᠰᠭᠦᠯᠡᠩᠲᠦ ᠰᠠᠢᠬᠠᠨ ᠱᠢᠨᠵᠢᠶᠠᠩ》᠎ᠢ ᠰᠣᠨᠢᠷᠬᠠᠪᠠ
ᠨᠡᠶᠢᠲᠡᠯᠡᠭᠰᠡᠨ ᠴᠠᠭ᠄ 2025-09-28

ᠸᠠᠩ ᠬᠤ᠌ ᠨᠢᠩ  ᠼᠠᠢ ᠴᠢ ᠲᠤᠭᠯᠠᠯᠳᠠ ᠵᠢ ᠰᠤᠨᠢᠷᠬᠠᠬᠤ ᠳ᠋ᠤ ᠤᠷᠤᠯᠴᠠᠵᠠᠢ

24 ᠤ᠋ ᠣᠷᠣᠶ᠂ ᠦᠷᠦᠮᠴᠢ᠎ᠶᠢᠨ ᠰᠣᠶᠣᠯ᠎ᠤᠨ ᠲᠥᠪ᠎ᠦᠨ ᠲᠢᠶᠠᠲ᠋ᠷ ᠪᠠᠶᠠᠷ ᠪᠠᠶᠠᠰᠭᠤᠯᠠᠩᠲᠤ ᠠᠭᠤᠷ ᠠᠮᠢᠰᠭᠤᠯ᠎ᠢᠶᠠᠷ ᠪᠢᠯᠬᠠᠨ᠎ᠠ᠃ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌ ᠤᠷᠠᠨ ᠰᠠᠢᠬᠠᠨ᠎ᠤ ᠦᠳᠡᠱᠢᠯᠡᠭᠡ 《ᠦᠵᠡᠰᠭᠦᠯᠡᠩᠲᠦ ᠰᠠᠢᠬᠠᠨ ᠱᠢᠨᠵᠢᠶᠠᠩ》 ᠡᠨᠳᠡ ᠶᠠᠪᠤᠭ᠍ᠳᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠲᠡᠶ ᠬᠠᠮᠲᠤ ᠲᠣᠭ᠍ᠯᠠᠯᠲᠠ᠎ᠶ᠋ᠢ ᠰᠣᠨᠢᠷᠬᠠᠪᠠ᠃

9 ᠰᠠᠷ᠎ᠠ᠎ᠶᠢᠨ 24 ᠤ᠋ ᠣᠷᠣᠶ᠂  ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌ ᠤᠷᠠᠨ ᠰᠠᠢᠬᠠᠨ᠎ᠤ ᠦᠳᠡᠱᠢᠯᠡᠭᠡ 《ᠦᠵᠡᠰᠭᠦᠯᠡᠩᠲᠦ ᠰᠠᠢᠬᠠᠨ ᠱᠢᠨᠵᠢᠶᠠᠩ》 ᠦᠷᠦᠮᠴᠢ᠎ᠶ᠋ᠢᠨ ᠰᠣᠶᠣᠯ᠎ᠤᠨ ᠲᠥᠪ᠎ᠦᠨ ᠲᠢᠶᠠᠲ᠋ᠷ᠎ᠲᠤ ᠶᠠᠪᠤᠭ᠍ᠳᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ  ᠲᠣᠭ᠍ᠯᠠᠯᠲᠠ᠎ᠶ᠋ᠢ ᠰᠣᠨᠢᠷᠬᠠᠪᠠ᠃ ᠵᠢᠷᠤᠭ ᠪᠤᠯ ᠰᠢ᠎ᠵᠢᠨ᠎ᠫᠢᠩ ᠳᠤᠭᠯᠠᠯᠳᠠ᠎ᠶᠢ ᠰᠤᠨᠢᠷᠬᠠᠭᠰᠠᠨ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠤ ᠵᠦᠭ ᠭᠠᠷ ᠳᠠᠯᠠᠯᠤᠨ ᠮᠠᠨᠳᠤᠴᠢᠯᠠᠵᠦ ᠪᠠᠢᠭ᠎ᠠ ᠨᠢ᠃

ᠤᠷᠠᠨ ᠰᠠᠢᠬᠠᠨ᠎ᠤ ᠦᠳᠡᠱᠢᠯᠡᠭᠡ 《ᠪᠢᠳᠡ ᠬᠠᠮᠲᠤ ᠪᠠᠢᠨ᠎ᠠ》 ᠭᠡᠬᠦ ᠳᠠᠭᠤᠤ ᠪᠦᠵᠢᠭ᠎ᠤᠨ ᠲᠤᠭᠯᠠᠯᠳᠠ ᠳᠤᠮᠳᠠ ᠬᠥᠱᠢᠭᠡ᠎ᠪᠡᠨ ᠨᠡᠭᠡᠭᠡᠪᠡ᠃ ᠲᠣᠭ᠍ᠯᠠᠯᠲᠠ ᠨᠢ ᠨᠡᠢᠲᠡ 3 ᠪᠦᠯᠦᠭ ᠵᠢᠡᠷ ᠪᠦᠷᠢᠯᠳᠦᠵᠠᠢ᠃ ᠨᠢᠭᠡᠳᠦᠭᠡᠷ ᠪᠦᠯᠦᠭ 《ᠢᠯᠠᠭᠤᠭ᠍ᠰᠠᠨ ᠳᠠᠭᠤᠤ ᠱᠢᠨᠵᠢᠶᠠᠩ᠎ᠳᠤ ᠳᠠᠭᠤᠷᠢᠰᠪᠠ》᠂ 《ᠭᠠᠷ ᠬᠡᠩᠭᠡᠷᠭᠡ ᠳᠡᠯᠡᠳᠦᠨ ᠳᠠᠭᠤᠯᠠᠵᠠᠭᠠᠶ᠎ᠠ》᠂ 《ᠣᠷᠭᠢᠯᠤᠮ᠎ᠠ ᠬᠠᠯᠠᠭᠤᠨ ᠣᠨ ᠰᠠᠷ᠎ᠠ》 ᠵᠡᠷᠭᠡ ᠳᠠᠭᠤᠤ ᠪᠥᠵᠢᠭ᠎ᠢᠶᠡᠷ ᠳᠠᠮᠵᠢᠭᠤᠯᠤᠨ ᠱᠢᠨᠵᠢᠶᠠᠩ᠎ᠤᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶ᠋ᠢᠨ ᠭᠠᠯ ᠬᠠᠯᠠᠭᠤᠨ ᠪᠠᠢᠳᠠᠯ᠎ᠢ ᠢᠯᠡᠷᠡᠭᠦᠯᠪᠡ᠃ ᠬᠣᠶᠠᠳᠤᠭᠠᠷ ᠪᠦᠯᠦᠭ ᠦᠵᠡᠭ᠌ᠳᠡᠯᠲᠦ ᠳᠠᠭᠤᠤ ᠪᠥᠵᠢᠭ 《ᠲᠩᠷᠢ ᠠᠭᠤᠯᠠ᠎ᠶ᠋ᠢᠨ ᠡᠮᠦᠨ᠎ᠡ ᠤᠮᠠᠷ᠎ᠠ》᠂ ᠳᠠᠭᠤᠤ ᠪᠥᠵᠢᠭ 《ᠲᠩᠷᠢ ᠠᠭᠤᠯᠠ᠎ᠶ᠋ᠢᠨ ᠨᠠᠷᠠᠰᠤ ᠦᠨᠳᠦᠰᠦ᠎ᠪᠡᠷ᠎ᠢᠶᠡᠨ ᠬᠤᠯᠪᠤᠯᠳᠤᠨ᠎ᠠ》᠂ ᠲᠣᠭ᠍ᠯᠠᠯᠳᠤ ᠳᠠᠭᠤᠯᠠᠯ 《ᠥᠭᠡᠷᠡᠴᠢᠯᠡᠯᠲᠡ ᠨᠡᠬᠡᠬᠡᠯᠳᠡ ᠰᠠᠢᠨ》 ᠨᠢ ᠥᠭᠡᠷᠡᠴᠢᠯᠡᠯᠲᠡ ᠨᠡᠬᠡᠬᠡᠯᠳᠡ᠎ᠡᠴᠡ ᠱᠢᠨᠵᠢᠶᠠᠩ᠎ᠳᠤ ᠠᠪᠴᠢᠷᠠᠭ᠍ᠰᠠᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠭᠤᠷᠪᠠᠳᠤᠭᠠᠷ ᠪᠦᠯᠦᠭ 《ᠣᠨᠴᠠᠭᠠᠢ ᠬᠠᠢᠷ᠎ᠠ ᠬᠠᠯᠠᠮᠵᠢ》᠂ 《ᠰᠠᠨᠠᠭᠠᠱᠢᠷᠠᠯ》᠂ 《ᠡᠭᠡ ᠤᠯᠤᠰ᠎ᠲᠠᠭᠠᠨ ᠬᠠᠢᠷ᠎ᠠ᠎ᠪᠠᠨ ᠡᠷᠭᠦᠶ᠎ᠡ》᠂ 《ᠲᠩᠷᠢ ᠠᠭᠤᠯᠠ᠎ᠶ᠋ᠢ ᠰᠠᠬᠢᠨ ᠬᠠᠮᠠᠭᠠᠯᠠᠶ᠎ᠠ》᠂ 《ᠦᠷᠨᠢᠬᠦᠨ ᠬᠦᠭᠵᠢᠯᠳᠠᠢ ᠲᠣᠷᠭᠠᠨ ᠵᠠᠮ》᠂ 《ᠴᠠᠭ ᠦᠶ᠎ᠡ᠎ᠶ᠋ᠢᠨ ᠨᠠᠢᠷᠠᠯ ᠬᠥᠭ᠌ᠵᠢᠮ》 ᠵᠡᠷᠭᠡ ᠲᠣᠭ᠍ᠯᠠᠯᠲᠠ᠎ᠪᠠᠷ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠰᠡᠳᠭᠢᠯ ᠨᠢᠭᠡᠳᠦᠨ ᠱᠢᠨ᠎ᠡ ᠴᠠᠭ ᠦᠶ᠎ᠡ᠎ᠶ᠋ᠢᠨ ᠵᠡᠭᠦᠳᠦ᠍᠎ᠪᠡᠨ ᠲᠡᠷᠭᠡᠯᠱᠢᠭᠦᠯᠬᠦ᠌ ᠰᠠᠢ᠌ᠨ ᠰᠠᠢᠬᠠᠨ ᠵᠢᠷᠤᠭ ᠲᠥᠰᠦᠪ᠎ᠢ ᠵᠢᠷᠤᠭ᠍ᠯᠠᠪᠠ᠃ 《ᠦᠵᠡᠰᠭᠦᠯᠡᠩᠲᠦ ᠰᠠᠢᠬᠠᠨ ᠱᠢᠨᠵᠢᠶᠠᠩ》 ᠭᠡᠬᠦ ᠲᠠᠭᠤᠤ ᠪᠦᠵᠢᠭ ᠨᠢ ᠦᠳᠡᠱᠢᠯᠡᠭᠡ᠎ᠵᠢᠨ ᠠᠭᠤᠷ ᠠᠮᠢᠰᠬᠤᠯ᠎ᠢ ᠤᠯᠠᠮ ᠬᠦᠭᠵᠢᠶᠠᠨᠳᠠᠢ ᠪᠤᠯᠭᠠᠪᠠ᠃ ᠪᠦᠬᠦᠢᠯᠡ ᠦᠳᠡᠱᠢᠯᠡᠭᠡ ᠬᠠᠢᠷ᠎ᠠ ᠰᠡᠳᠭᠢᠯᠭᠡ ᠪᠢᠯᠬᠠᠮ᠎ᠠ᠂ ᠭᠣᠢᠳᠠ ᠰᠠᠢᠬᠠᠨ ᠪᠠᠢᠵᠤ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ 70 ᠵᠢᠯ᠎ᠦᠨ ᠲᠤᠷᠱᠢᠬᠢ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶ᠋ᠢ ᠢᠯᠡᠷᠡᠭᠦᠯᠵᠦ᠍᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠶᠡᠷᠦᠩᠬᠡᠢ ᠱᠦᠵᠢ᠎ᠶ᠋ᠢ ᠬᠠᠢᠷᠠᠯᠠᠨ ᠬᠦᠨᠳᠦᠳᠭᠡᠵᠦ᠍ ᠪᠠᠢᠭ᠎ᠠ ᠰᠡᠳᠭᠢᠯᠭᠡ᠂ ᠨᠠᠮ ᠪᠣᠯᠤᠨ ᠤᠯᠤᠰ᠎ᠲᠠᠭᠠᠨ ᠲᠠᠯᠠᠷᠬᠠᠵᠤ ᠪᠠᠢᠭ᠎ᠠ ᠰᠡᠳᠭᠢᠯᠭᠡ᠂ ᠵᠣᠯ ᠵᠢᠷᠭᠠᠯᠲᠤ ᠠᠮᠢᠳᠤᠷᠠᠯ᠎ᠳ᠋ᠠᠭᠠᠨ ᠬᠠᠨᠤᠮᠵᠢᠳᠠᠢ ᠪᠠᠢᠭ᠎ᠠ ᠰᠡᠳᠭᠢᠯᠭᠡ᠎ᠶ᠋ᠢ ᠢᠯᠡᠳᠭᠡᠵᠡᠢ᠃

ᠸᠠᠩ ᠬᠣ᠌ ᠨᠢᠩ᠂ ᠼᠠᠢ ᠴᠢ᠂ ᠯᠢ ᠭᠠᠨ ᠵᠢᠶ᠍ᠸ᠂ ᠡᡁᠸ ᠯᠢ ᠹᠸᠩ᠂ ᠸᠠᠩ ᠱᠢᠶᠤᠤ ᠬᠣᠩ᠂ ᠱᠢᠤᠸᠠᠢᠺᠸᠯᠠᠢᠲ·ᠵᠠᠺᠸᠯ᠂ ᠱᠸᠨ ᠢ ᠴᠢᠨ᠂ ᠸᠠᠩ ᠳ᠋ᠦᠩ ᠹᠸᠩ ᠪᠣᠯᠤᠨ ᠯᠢᠦ ᠵᠧᠨ ᠯᠢ᠂ ᠱᠢᠨᠵᠢᠶᠠᠩ᠎ᠳᠤ ᠠᠵᠢᠯᠯᠠᠵᠤ ᠥᠩᠭᠡᠷᠡᠭ᠌ᠰᠡᠨ ᠠᠬᠠᠮᠠᠳ ᠨᠥᠬᠥᠳ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠪᠦᠷᠢᠯᠳᠦᠬᠦᠨ ᠬᠠᠮᠲᠤ᠎ᠪᠠᠷ ᠲᠣᠭ᠍ᠯᠠᠯᠲᠠ᠎ᠶ᠋ᠢ ᠰᠣᠨᠢᠷᠬᠠᠪᠠ᠃

ᠱᠢᠨᠬᠤᠸᠠ ᠬᠣᠷᠢᠶ᠎ᠠ᠎ᠶᠢᠨ ᠦᠷᠦᠮᠴᠢ᠎ᠶ᠋ᠢᠨ 9 ᠰᠠᠷ᠎ᠠ᠎ᠶ᠋ᠢᠨ 24  ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            