ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ᠎ᠶᠢᠨ ᠬᠣᠷᠢᠨ ᠬᠣᠶᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ  ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ᠎ᠶᠢ ᠰᠢᠰᠲᠸᠮ ᠲᠡᠢ ᠠᠬᠢᠭᠤᠯᠵᠤ ᠱᠠᠰᠢᠨ ᠰᠤᠷᠲᠠᠬᠤᠨ᠎ᠤ ᠨᠡᠢᠭᠡᠮ ᠵᠢᠷᠤᠮᠲᠤ ᠨᠡᠢᠭᠡᠮ ᠯᠦ᠍ᠭᠡ ᠵᠣᠬᠢᠴᠠᠯᠳᠤᠬᠤ᠎ᠶᠢ ᠢᠳᠡᠪᠬᠢᠲᠡᠢ ᠬᠥᠲᠥᠯᠥᠨ ᠵᠢᠯᠤᠭᠣᠳᠬᠤ ᠬᠡᠷᠡᠭᠳᠡᠢ
ᠨᠡᠶᠢᠲᠡᠯᠡᠭᠰᠡᠨ ᠴᠠᠭ᠄ 2025-09-30

ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠤᠯᠤᠰ ᠳᠦᠷᠦ᠎ᠶᠢᠨ ᠲᠣᠪᠴᠢᠶ᠎ᠠ 9 ᠰᠠᠷ᠎ᠠ᠎ᠶᠢᠨ 29 ᠤ᠋ ᠦᠳᠡ᠎ᠶᠢᠨ ᠬᠣᠢᠨ᠎ᠠ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ᠎ᠶᠢ ᠰᠢᠰᠲᠸᠮ ᠲᠡᠢ ᠠᠬᠢᠭᠤᠯᠬᠤ ᠲᠤᠬᠠᠢ ᠬᠣᠷᠢᠨ ᠬᠣᠶᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ ᠰᠢ᠎ᠵᠢᠨ᠎ᠫᠢᠩ ᠰᠤᠷᠤᠯᠴᠠᠯᠭ᠎ᠠ᠎ᠶᠢ ᠡᠷᠭᠢᠯᠡᠬᠦ᠎ᠳᠡᠭᠡᠨ᠂ ᠲᠡᠦᠬᠡᠨ ᠲᠤᠷᠰᠢᠯᠭ᠎ᠠ᠎ᠶᠢ ᠳ᠋ᠦᠩᠨᠡᠨ ᠬᠡᠷᠡᠭᠯᠡᠵᠦ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠤ ᠠᠵᠢᠯ᠎ᠤᠨ ᠪᠣᠳᠠᠲᠤ ᠪᠠᠢᠳᠠᠯ᠎ᠳᠤ ᠰᠠᠭᠤᠷᠢᠯᠠᠵᠤ᠂ ᠰᠢᠰᠲᠧᠮ᠎ᠤᠨ ᠦᠵᠡᠯᠲᠡ᠎ᠪᠡᠨ ᠴᠢᠨᠭᠭᠠᠳᠬᠠᠵᠤ᠂ ᠪᠠᠢᠭᠤᠯᠤᠯ᠎ᠤᠨ ᠵᠢᠷᠤᠮᠵᠢᠬᠰᠠᠨ ᠪᠠᠢᠭᠤᠯᠤᠯᠲᠠ᠎ᠶᠢ ᠴᠢᠩᠭᠠᠳᠬᠠᠵᠤ᠂ ᠶᠡᠷᠦᠩᠬᠡᠢᠯᠡᠨ ᠵᠠᠰᠠᠬᠤ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠰᠠᠭᠤᠷᠢ ᠠᠵᠢᠯ᠎ᠢ ᠴᠢᠩᠭᠠᠳᠬᠠᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ᠎ᠶᠢ ᠰᠢᠰᠲᠧᠮ ᠲᠠᠢ ᠠᠬᠢᠭᠤᠯᠵᠤ᠂ ᠱᠠᠰᠢᠨ ᠰᠤᠷᠲᠠᠬᠤᠨ᠎ᠤ ᠨᠡᠢᠭᠡᠮ ᠵᠢᠷᠤᠮᠲᠤ ᠨᠡᠢᠭᠡᠮ ᠯᠦ᠍ᠭᠡ ᠵᠣᠬᠢᠴᠠᠯᠳᠤᠬᠤ᠎ᠶᠢ ᠢᠳᠡᠪᠬᠢᠲᠡᠢ ᠬᠥᠲᠥᠯᠥᠨ ᠵᠢᠯᠤᠭᠣᠳᠬᠤ ᠬᠡᠷᠡᠭᠳᠡᠢ ᠭᠡᠵᠤ ᠴᠢᠬᠤᠯᠠᠴᠢᠯᠠᠪᠠ᠃

ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠎ᠦᠨ ᠱᠠᠰᠢᠨ ᠰᠤᠷᠲᠠᠬᠤᠨ᠎ᠤ ᠰᠤᠳᠤᠯᠭᠠᠨ᠎ᠤ ᠲᠥᠪ᠎ᠦᠨ ᠡᠷᠬᠢᠯᠡᠭᠴᠢ ᠵᠠᠩ ᠰᠢᠶᠦ᠋ᠨ ᠮᠧᠦ ᠨᠥᠬᠥᠷ ᠡᠨᠡ ᠬᠦ᠌ ᠠᠰᠠᠭᠤᠳᠠᠯ᠎ᠤᠨ ᠲᠤᠬᠠᠢ ᠲᠠᠢᠯᠤᠮᠵᠢ ᠬᠢᠵᠦ᠂ ᠠᠵᠢᠯ᠎ᠤᠨ ᠰᠠᠨᠠᠭᠤᠯᠭ᠎ᠠ ᠳᠤᠷᠠᠳᠪᠠ᠃ ᠲᠥᠪ᠎ᠤᠨ ᠤᠯᠤᠰ ᠲᠦᠷᠦ᠎ᠶᠢᠨ ᠲᠣᠪᠴᠢᠶ᠎ᠡ᠎ᠶᠢᠨ ᠨᠥᠬᠥᠳ ᠲᠠᠢᠯᠤᠮᠵᠢ᠎ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠡ᠃

ᠰᠢ᠎ᠵᠢᠨ᠎ᠫᠢᠩ ᠲᠠᠢᠯᠤᠮᠵᠢ ᠬᠢᠬᠦ ᠪᠠ ᠶᠠᠷᠢᠯᠴᠠᠬᠤ᠎ᠶᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠵᠡᠢ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠨᠠᠮ ᠱᠠᠰᠢᠨ ᠰᠤᠷᠲᠠᠬᠤᠨ᠎ᠤ ᠠᠵᠢᠯ᠎ᠢ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ ᠴᠢᠬᠤᠯᠠ ᠪᠠᠢᠷᠢᠨ᠎ᠳᠤ ᠲᠠᠯᠪᠢᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠬᠤ ᠵᠡᠷᠭᠡ ᠠᠯᠢ ᠤᠯᠠᠨ ᠰᠢᠨ᠎ᠡ ᠣᠢᠯᠠᠭᠠᠭᠳᠠᠬᠤᠨ ᠰᠢᠨ᠎ᠡ ᠠᠷᠭ᠎ᠠ ᠬᠡᠮᠵᠢᠶ᠎ᠡ᠎ᠶᠢ ᠢᠯᠡ ᠲᠣᠳᠣᠷᠬᠠᠢ ᠳᠤᠷᠠᠳᠴᠤ᠂ ᠱᠠᠰᠢᠨ ᠰᠤᠷᠲᠠᠬᠤᠨ᠎ᠤ ᠠᠵᠢᠯ᠎ᠤᠨ ᠪᠠᠢᠭᠤᠯᠤᠯ ᠲᠣᠭᠲᠡᠴᠡ᠎ᠶᠢ ᠲᠡᠭᠦᠯᠳᠡᠷᠵᠢᠭᠦᠯᠵᠦ᠂ ᠱᠠᠰᠢᠨ ᠰᠤᠷᠲᠠᠬᠤᠨ᠎ᠤ ᠠᠵᠢᠯ᠎ᠢ ᠬᠠᠤᠯᠢᠵᠢᠭᠤᠯᠬᠤ ᠲᠦᠪᠰᠢᠨ᠎ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ᠎ᠶᠢᠨ ᠱᠠᠰᠢᠨ ᠰᠤᠷᠲᠠᠬᠤᠨ᠎ᠤ ᠠᠵᠢᠯ᠎ᠤᠨ ᠢᠳᠡᠪᠬᠢᠲᠡᠢ ᠦᠷ᠎ᠡ ᠪᠦᠲᠦᠮᠵᠢ ᠣᠯᠬᠤ᠎ᠶᠢ ᠠᠬᠢᠭᠤᠯᠪᠠ᠃ ᠭᠠᠭᠴᠠ ᠬᠦ᠌ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ᠎ᠶᠢ ᠲᠠᠰᠤᠷᠠᠯᠲᠠ ᠦᠭᠡᠢ ᠠᠬᠢᠭᠤᠯᠪᠠᠯ ᠰᠠᠶᠢ ᠱᠠᠰᠢᠨ ᠰᠤᠷᠲᠠᠬᠤᠨ ᠡᠶᠡᠪᠡᠷᠬᠦᠦ ᠨᠠᠶ᠋ᠢᠷᠠᠮᠳᠠᠭᠤ᠂ ᠦᠨᠳᠦᠰᠦᠲᠡᠨ᠎ᠨᠤᠬᠦᠳ ᠡᠶ᠎ᠡ ᠨᠠᠶ᠋ᠢᠷᠳᠠᠢ᠂ ᠨᠡᠢᠭᠡᠮ ᠡᠶ᠎ᠡ ᠵᠣᠬᠢᠴᠠᠩᠭᠤᠢ᠂ ᠤᠯᠤᠰ ᠤᠷᠤᠨ ᠥᠨᠢ ᠤᠳᠠᠭᠠᠨ ᠠᠮᠤᠷ ᠲᠦᠪᠰᠢᠨ ᠪᠠᠢᠬᠤ᠎ᠶᠢ ᠠᠬᠢᠭᠤᠯᠵᠤ ᠴᠢᠳᠠᠨ᠎ᠠ ᠭᠡᠳᠡᠭ᠎ᠢ ᠲᠡᠦᠬᠡ ᠪᠠ ᠦᠢᠯᠡᠳᠦᠯᠭᠡ ᠭᠡᠷᠡᠴᠢᠯᠡᠭᠰᠡᠨ ᠪᠠᠢᠨ᠎ᠠ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠮᠠᠨ᠎ᠤ ᠤᠯᠤᠰ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠨᠡᠢᠭᠡᠮ ᠵᠢᠷᠤᠮᠲᠤ ᠤᠯᠤᠰ ᠮᠥᠨ᠂ ᠱᠠᠰᠢᠨ ᠰᠤᠷᠲᠠᠬᠤᠨ᠎ᠤ ᠨᠡᠢᠭᠡᠮ ᠵᠢᠷᠤᠮᠲᠤ ᠨᠡᠢᠭᠡᠮ ᠯᠦ᠍ᠭᠡ ᠵᠣᠬᠢᠴᠠᠯᠳᠤᠬᠤ᠎ᠶᠢ ᠢᠳᠡᠪᠬᠢᠲᠡᠢ ᠬᠥᠲᠥᠯᠥᠨ ᠵᠢᠯᠤᠭᠣᠳᠬᠤ ᠪᠣᠯ ᠵᠠᠢᠯᠠᠰᠢ ᠦᠭᠡᠢ ᠱᠠᠭᠠᠷᠳᠠᠯᠭ᠎ᠠ ᠮᠥᠨ᠃ ᠨᠡᠢᠭᠡᠮ ᠵᠢᠷᠤᠮ᠎ᠤᠨ ᠭᠣᠣᠯᠯᠠᠬᠴᠢ ᠦᠷᠳᠡᠭ᠎ᠦᠨ ᠦᠵᠡᠯᠲᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠱᠠᠰᠢᠨ ᠰᠤᠷᠲᠠᠬᠤᠨ᠎ᠤ ᠡᠲᠡᠭᠡᠳ᠎ᠦᠨ ᠬᠥᠮᠥᠰ ᠪᠠ ᠱᠠᠰᠢᠨ ᠰᠢᠲᠦᠳᠡᠭ ᠤᠯᠠᠨ ᠲᠦᠮᠡᠨ᠎ᠤ ᠵᠥᠪ ᠣᠨᠣᠪᠴᠢᠲᠠᠶ ᠤᠯᠤᠰ ᠤᠷᠤᠨ᠎ᠤ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠠᠲᠤ ᠪᠡᠬᠢ ᠪᠤᠢ ᠪᠣᠯᠭᠠᠵᠤ᠂ 《ᠲᠠᠪᠤᠨ ᠬᠠᠮᠲᠤ ᠵᠢᠨ ᠲᠠᠨᠢᠯᠲᠠ》᠎ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠤᠬᠠᠮᠰᠠᠷ᠎ᠡᠴᠡ᠎ᠪᠠᠨ ᠳᠤᠮᠳᠠᠳᠤ ᠤᠯᠤᠰ᠎ᠤᠨ ᠮᠠᠶᠢᠭ᠋ ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶᠢ ᠬᠥᠲᠥᠯᠥᠨ ᠵᠢᠯᠤᠭᠣᠳᠬᠤ ᠬᠡᠷᠡᠭᠳᠡᠢ ᠭᠡᠵᠤ ᠴᠢᠬᠤᠯᠠᠴᠢᠯᠠᠪᠠ᠃

ᠰᠢ᠎ᠵᠢᠨ᠎ᠫᠢᠩ᠂ ᠮᠠᠨ᠎ᠤ ᠤᠯᠤᠰ᠎ᠤᠨ ᠡᠯ᠎ᠡ ᠱᠠᠰᠢᠨ ᠰᠤᠷᠲᠠᠬᠤᠨ ᠨᠢ ᠵᠦᠪᠬᠡᠨ ᠢᠮᠠᠭᠲᠠ ᠳᠤᠮᠳᠠᠳᠤ᠎ᠶᠢᠨ ᠡᠬᠡ ᠭᠠᠵᠠᠷ᠎ᠲᠤ ᠦᠨᠳᠦᠰᠦᠯᠡᠵᠦ᠂ ᠳᠤᠮᠳᠠᠳᠤ᠎ᠶᠢᠨ ᠰᠣᠶᠣᠯ᠎ᠳ᠋ᠤ ᠨᠡᠪᠴᠢᠨ ᠤᠮᠳᠠᠯᠠᠬᠳᠠᠪᠠᠯ ᠰᠠᠶᠢ ᠡᠷᠡᠭᠦᠯ᠎ᠢᠶᠡᠷ ᠤᠯᠠᠮᠵᠢᠯᠠᠨ ᠵᠠᠯᠭᠠᠮᠵᠢᠯᠠᠵᠤ ᠴᠢᠳᠠᠨ᠎ᠠ᠃ ᠳᠤᠮᠳᠠᠳᠤ᠎ᠶᠢᠨ ᠲᠠᠪᠤᠨ ᠮᠢᠩᠭᠠᠨ ᠵᠢᠯ᠎ᠦᠨ ᠪᠣᠯᠪᠠᠰᠤᠨ᠎ᠳᠤ ᠦᠨᠳᠦᠰᠦᠯᠡᠵᠦ᠂ ᠮᠠᠨ᠎ᠤ ᠤᠯᠤᠰ᠎ᠤᠨ ᠱᠠᠰᠢᠨ ᠰᠤᠷᠲᠠᠬᠤᠨ ᠪᠣᠯᠣᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠠᠭᠤᠰᠤᠯᠴᠠᠯ᠎ᠢ ᠠᠬᠢᠭᠤᠯᠵᠤ᠂ ᠱᠠᠰᠢᠨ ᠰᠤᠷᠲᠠᠬᠤᠨ᠎ᠤ ᠡᠲᠡᠭᠡᠳ᠎ᠦᠨ ᠬᠥᠮᠥᠰ ᠪᠠ ᠱᠠᠰᠢᠨ ᠰᠢᠲᠦᠳᠡᠭ ᠤᠯᠠᠨ ᠲᠦᠮᠡᠨ᠎ᠢ ᠬᠥᠲᠥᠯᠥᠨ ᠵᠢᠯᠤᠭᠣᠳᠴᠤ ᠳᠤᠮᠳᠠᠳᠤ᠎ᠶᠢᠨ ᠰᠣᠶᠣᠯ᠎ᠢ ᠮᠡᠳᠡᠷᠡᠬᠦ ᠰᠡᠳᠬᠢᠯᠭᠡ᠎ᠶᠢ ᠨᠢ ᠨᠡᠮᠡᠭᠳᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠰᠢ᠎ᠵᠢᠨ᠎ᠫᠢᠩ᠂ ᠱᠠᠰᠢᠨ ᠰᠤᠷᠲᠠᠬᠤᠨ᠎ᠤ ᠡᠲᠡᠭᠡᠳ᠎ᠦᠨ ᠬᠢᠨ᠎ᠤ ᠰᠠᠨᠠᠭᠠᠴᠢᠯᠠᠭ᠎ᠠ᠎ᠡᠴᠡ᠎ᠪᠠᠨ ᠠᠵᠢᠯ ᠬᠢᠵᠦ᠂ ᠥᠪᠡᠷ᠎ᠢ᠎ᠪᠡᠨ ᠬᠤᠪᠢᠰᠬᠠᠬᠤ ᠰᠡᠳᠬᠢᠯᠬᠡ᠎ᠶᠢ ᠬᠥᠭᠵᠢᠭᠡᠬᠦ ᠨᠢ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ᠎ᠶᠢ ᠠᠬᠢᠭᠤᠯᠬᠤ᠎ᠳᠦ ᠲᠦᠢᠯ᠎ᠤᠨ ᠴᠢᠬᠤᠯᠠ ᠶᠤᠮ᠃ ᠱᠠᠰᠢᠨ ᠰᠤᠷᠲᠠᠬᠤᠨ᠎ᠤ ᠡᠲᠡᠭᠡᠳ᠎ᠦᠨ ᠬᠢᠨ᠎ᠦ ᠱᠠᠰᠢᠨ᠎ᠤ ᠨᠣᠮᠯᠠᠯ ᠰᠠᠨᠸᠠᠷ᠂ ᠬᠠᠮᠢᠶᠠᠷᠤᠯᠲᠠ᠎ᠶᠢᠨ ᠳᠦᠷᠢᠮ᠂ ᠶᠣᠰᠣᠯᠠᠯ ᠵᠠᠩ ᠦᠢᠯᠡ᠂ ᠦᠶ᠋ᠯᠡ ᠠᠵᠢᠯᠯᠠᠭᠠᠨ᠎ᠤ ᠵᠢᠷᠤᠮᠵᠢᠯ ᠵᠡᠷᠭᠡ ᠲᠠᠯ᠎ᠠ᠎ᠪᠠᠷ ᠳᠤᠮᠳᠠᠳᠤ ᠤᠯᠤᠰ᠎ᠤᠨ ᠣᠨᠴᠠᠯᠢᠭ᠋᠎ᠢ ᠢᠯᠡᠷᠡᠭᠦᠯᠬᠦ᠂ ᠴᠠᠭ ᠦᠶ᠎ᠡ᠎ᠶᠢᠨ ᠱᠠᠭᠠᠷᠳᠠᠯᠭ᠎ᠠ᠎ᠳᠤ ᠵᠤᠬᠢᠴᠠᠬᠤ᠎ᠶᠢ ᠳᠡᠮᠵᠢᠬᠦ ᠪᠠ ᠬᠦᠲᠦᠯᠦᠨ ᠵᠢᠯᠤᠭᠤᠳᠴᠦ᠂ ᠥᠪᠡᠷ ᠪᠡᠶ᠎ᠡ᠎ᠶᠢᠨ ᠬᠦᠮᠦᠵᠢᠯ᠂ ᠥᠪᠡᠷ᠎ᠤᠨ ᠪᠡᠶ᠎ᠡ᠎ᠪᠡᠨ ᠬᠠᠮᠢᠶᠠᠷᠬᠤ᠂ ᠥᠪᠡᠷ᠎ᠤᠨ ᠪᠡᠶ᠎ᠡ᠎ᠪᠡᠨ ᠬᠦᠯᠢᠶᠡᠰᠦᠯᠡᠬᠦ ᠲᠦᠪᠰᠢᠨ᠎ᠢ ᠨᠢ ᠳᠡᠭᠡᠭᠰᠢᠯᠡᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠰᠢ᠎ᠵᠢᠨ᠎ᠫᠢᠩ᠂ ᠱᠠᠰᠢᠨ ᠰᠤᠷᠲᠠᠬᠤᠨ᠎ᠤ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ ᠪᠣᠯ ᠱᠠᠰᠢᠨ ᠰᠤᠷᠲᠠᠬᠤᠨ᠎ᠤ ᠬᠦᠷᠢᠶᠡᠨ᠎ᠳᠡᠬᠢ ᠡᠯ᠎ᠡ ᠵᠦᠢᠯ᠎ᠦᠨ ᠵᠥᠷᠢᠴᠡᠯ ᠪᠠ ᠠᠰᠠᠭᠤᠳᠠᠯ᠎ᠢ ᠵᠥᠪ᠎ᠢᠶᠡᠷ ᠰᠢᠢᠳᠪᠦᠷᠢᠯᠡᠬᠦ᠎ᠶᠢᠨ ᠦᠨᠳᠦᠰᠦᠨ ᠠᠷᠭ᠎ᠠ ᠵᠠᠮ ᠮᠥᠨ᠃ ᠬᠣᠯᠪᠣᠭᠳᠠᠯ ᠪᠦᠬᠦᠢ ᠬᠠᠤᠯᠢ ᠲᠣᠭᠲᠠᠭᠠᠯ ᠪᠠ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠬᠠᠤᠯᠢ᠎ᠶᠢ ᠴᠢᠩᠭ᠎ᠠ ᠬᠡᠷᠡᠭᠵᠢᠭᠦᠯᠬᠦ᠎ᠶᠢ ᠠᠬᠢᠭᠤᠯᠵᠤ᠂ ᠱᠠᠰᠢᠨ ᠰᠤᠷᠲᠠᠬᠤᠨ᠎ᠤ ᠠᠵᠢᠯ᠎ᠢ ᠬᠠᠤᠯᠢ ᠪᠡᠷ ᠵᠠᠰᠠᠬᠤ ᠪᠤᠯᠭᠠᠬᠤ ᠲᠦᠪᠰᠢᠨ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃

ᠰᠢ᠎ᠵᠢᠨ᠎ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠱᠠᠰᠢᠨ ᠰᠤᠷᠲᠠᠬᠤᠨ᠎ᠤ ᠠᠵᠢᠯ᠎ᠳ᠋ᠡᠬᠢ ᠤᠳᠤᠷᠢᠳᠤᠯᠭ᠎ᠠ᠎ᠪᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠱᠠᠰᠢᠨ ᠰᠤᠷᠲᠠᠬᠤᠨ᠎ᠤ ᠠᠵᠢᠯ᠎ᠤᠨ ᠣᠨᠣᠯ ᠪᠠ ᠴᠢᠭᠯᠡᠯᠲᠡ ᠲᠥᠷᠥ᠎ᠶᠢᠨ ᠪᠣᠳᠣᠯᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠪᠠᠢᠯᠳᠤᠬᠤ ᠪᠣᠳᠣᠯᠭ᠎ᠠ᠎ᠶᠢᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠠᠬᠤᠢᠴᠢ ᠴᠢᠨᠠᠷᠲᠠᠢ ᠠᠰᠠᠭᠤᠳᠠᠯ᠎ᠤᠨ ᠰᠤᠳᠤᠯᠭᠠᠨ᠎ᠢ ᠭᠦᠨᠵᠡᠭᠡᠢᠷᠡᠭᠦᠯᠵᠦ᠂ ᠱᠠᠰᠢᠨ ᠰᠤᠷᠲᠠᠬᠤᠨ᠎ᠤ ᠠᠵᠢᠯ᠎ᠤᠨ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠵᠦ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ᠎ᠶᠢ ᠠᠬᠢᠭᠤᠯᠬᠤ ᠬᠠᠮᠲᠤᠷᠠᠯ ᠬᠦᠴᠦᠨ᠎ᠢ ᠤᠯᠠᠮ ᠨᠢᠭᠡ ᠠᠯᠬᠤᠮ  ᠪᠦᠷᠢᠯᠳᠦᠭᠦᠯᠬᠦ ᠬᠡᠷᠡᠭᠲᠡᠢ ᠭᠡᠵᠤ ᠴᠢᠬᠤᠯᠠᠴᠢᠯᠠᠪᠠ᠃

ᠰᠢᠨᠬᠤᠸᠠ ᠬᠣᠷᠢᠶ᠎ᠡ᠎ᠶᠢᠨ ᠪᠡᠭᠡᠵᠢᠩ᠎ᠦᠨ 9 ᠰᠠᠷ᠎ᠠ᠎ᠶᠢᠨ 29 ᠎ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            