ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠡᠴᠡ ᠨᠠᠢᠷᠠᠭᠤᠯᠤᠭ᠍ᠰᠠᠨ 《ᠰᠢ᠎ᠵᠢᠨ᠎ᠫᠢᠩ᠎ᠦᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠶ ᠥᠭᠦᠯᠡᠯᠲᠡ᠎ᠶ᠋ᠢᠨ ᠲᠡᠭᠦᠪᠦᠷᠢ》 ᠭᠡᠬᠦ᠌ ᠨᠣᠮ᠎ᠢ ᠣᠢᠷ᠎ᠠ᠎ᠳᠤ ᠲᠥᠪ᠎ᠦᠨ ᠲᠤᠯᠭᠤᠷ ᠪᠢᠴᠢᠭ᠎ᠦᠨ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠪᠥᠬᠥ᠌ ᠤᠯᠤᠰ᠎ᠲᠤ ᠲᠠᠷᠬᠠᠭᠠᠪᠠ᠃
ᠠᠷᠠᠳ᠎ᠤᠨ ᠶᠠᠪᠤᠳᠠᠯ᠎ᠤᠨ ᠠᠵᠢᠯ ᠨᠢ ᠠᠷᠠᠳ᠎ᠤᠨ ᠠᠮᠢᠳᠤᠷᠠᠯ ᠲᠠᠶ ᠬᠣᠯᠪᠣᠭ᠍ᠳᠠᠵᠤ᠂ ᠠᠷᠠᠳ᠎ᠤᠨ ᠰᠡᠳᠭᠢᠯ ᠲᠡᠶ ᠬᠣᠯᠪᠣᠭ᠍ᠳᠠᠵᠤ ᠪᠠᠢᠳᠠᠭ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ ᠰᠢ᠎ᠵᠢᠨ᠎ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠠᠢᠯᠳᠤᠬᠤ ᠪᠣᠳᠣᠯᠭ᠎ᠠ ᠪᠠ ᠪᠥᠬᠥ᠌ ᠲᠠᠯ᠎ᠠ᠎ᠶ᠋ᠢᠨ ᠦᠨᠳᠦᠷᠴᠡ᠎ᠡᠴᠡ ᠠᠷᠠᠳ᠎ᠤᠨ ᠶᠠᠪᠤᠳᠠᠯ᠎ᠤᠨ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠴᠢᠩᠭᠠᠳᠭᠠᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠲᠦᠭᠡᠮᠡᠯ ᠬᠠᠷᠠᠭᠠᠯᠵᠠᠯᠳᠤ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠠᠷᠠᠳ ᠲᠦᠮᠡᠨ᠎ᠦ ᠬᠠᠮᠤᠭ᠎ᠤᠨ ᠠᠩᠬᠠᠷᠴᠤ᠌ ᠪᠠᠢᠭ᠎ᠠ ᠬᠠᠮᠤᠭ᠎ᠤᠨ ᠱᠢᠭᠤᠳ ᠬᠠᠮᠤᠭ᠎ᠤᠨ ᠪᠣᠳᠠᠲᠠᠶ ᠠᠱᠢᠭ ᠲᠤᠰᠠ᠎ᠶ᠋ᠢᠨ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠠᠷᠠᠳ᠎ᠤᠨ ᠶᠠᠪᠤᠳᠠᠯ᠎ᠤᠨ ᠦᠶ᠋ᠯᠡᠰ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠪᠠ᠃ ᠰᠢ᠎ᠵᠢᠨ᠎ᠫᠢᠩ ᠨᠥᠬᠥᠷ᠎ᠦᠨ ᠠᠷᠠᠳ᠎ᠤᠨ ᠶᠠᠪᠤᠳᠠᠯ᠎ᠤᠨ ᠠᠵᠢᠯ᠎ᠤᠨ ᠲᠣᠭᠣᠷᠢᠨ᠎ᠳᠤ ᠨᠡᠢᠲᠡᠯᠡᠭ᠌ᠰᠡᠨ ᠠᠯᠢ ᠣᠯᠠᠨ ᠴᠢᠬᠤᠯᠠ ᠥᠭᠦᠯᠡᠯᠲᠡ ᠨᠢ ᠭᠤᠤᠯ ᠰᠠᠨᠠᠭ᠎ᠠ ᠨᠢ ᠠᠯᠤᠰ ᠭᠡᠳᠦ᠍᠎ᠶ᠋ᠢᠨ᠂ ᠠᠭᠤᠯᠤᠭ᠍ᠳᠠᠬᠤᠨ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨ ᠭᠦᠨᠵᠡᠭᠡᠶ ᠪᠠᠢᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠴᠢᠭ᠌ᠯᠡᠯᠲᠦ ᠴᠢᠨᠠᠷ᠂ ᠦᠨᠳᠦᠰᠦᠨ ᠴᠢᠨᠠᠷ᠂ ᠪᠦᠬᠦ᠌ ᠲᠠᠯ᠎ᠠ᠎ᠶ᠋ᠢᠨ ᠴᠢᠨᠠᠷ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ ᠠᠰᠠᠭᠤᠳᠠᠯ᠎ᠢ ᠭᠦᠨᠵᠡᠭᠡᠶ ᠲᠣᠳᠣᠷᠬᠠᠢᠯᠠᠨ ᠥᠭᠦᠯᠡᠵᠦ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠷᠠᠳ᠎ᠤᠨ ᠶᠠᠪᠤᠳᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠎ᠶᠢ ᠭᠦᠨᠵᠡᠭᠡᠢᠷᠡᠭᠦᠯᠵᠦ᠂ ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠭᠦᠯᠬᠦ᠌᠎ᠶ᠋ᠢ ᠬᠦᠴᠦᠯᠡᠨ ᠠᠬᠢᠭᠤᠯᠵᠤ᠂ ᠨᠡᠢᠭᠡᠮ᠎ᠦᠨ ᠠᠪᠤᠷᠠᠨ ᠲᠤᠰᠠᠯᠠᠯᠲᠠ᠂ ᠨᠡᠢᠭᠡᠮ᠎ᠦᠨ ᠠᠰᠠᠷᠠᠮᠵᠢ᠂ ᠨᠡᠢᠭᠡᠮ᠎ᠦᠨ ᠬᠡᠷᠡᠭ ᠶᠠᠪᠤᠳᠠᠯ᠂ ᠨᠡᠢᠭᠡᠮ᠎ᠦᠨ ᠵᠠᠰᠠᠯᠲᠠ᠎ᠶ᠋ᠢᠨ ᠠᠵᠢᠯ᠎ᠤᠨ ᠲᠦᠪᠱᠢᠨ᠎ᠢ᠋ ᠬᠦᠴᠦᠯᠡᠨ ᠳᠡᠭᠡᠭ᠌ᠰᠢᠯᠡᠭᠦᠯᠵᠦ᠂ ᠢᠳᠡᠪᠬᠢᠲᠡᠶ ᠰᠠᠨᠠᠭᠠᠴᠢᠯᠠᠭ᠎ᠠ ᠲᠠᠶ᠎ᠪᠠᠷ ᠠᠷᠠᠳ ᠣᠯᠠᠨ᠎ᠳᠤ ᠰᠠᠢᠨ ᠶᠠᠪᠤᠳᠠᠯ ᠬᠢᠵᠦ᠂ ᠪᠣᠳᠠᠲᠠᠶ ᠠᠵᠢᠯ ᠬᠢᠵᠦ᠂ ᠬᠦᠴᠢᠷ ᠶᠠᠪᠤᠳᠠᠯ᠎ᠢ ᠱᠢᠶ᠋ᠳᠪᠦᠷᠢᠯᠡᠨ ᠦᠭᠴᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ᠋ ᠪᠦᠬᠦ᠌ ᠲᠠᠯ᠎ᠠ᠎ᠪᠠᠷ ᠠᠬᠢᠭᠤᠯᠬᠤ᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠵᠦ᠂ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ᠃
《ᠥᠭᠦᠯᠡᠯᠲᠡ᠎ᠶ᠋ᠢᠨ ᠲᠡᠭᠦᠪᠦᠷᠢ》᠎ᠶᠢ 6 ᠲᠤᠰᠭᠠᠢ ᠰᠡᠳᠦᠪ ᠬᠤᠪᠢᠶᠠᠵᠤ᠂ ᠨᠡᠢ᠌ᠳᠡ 224 ᠬᠡᠰᠡᠭ ᠥᠭᠦᠯᠡᠯᠲᠡ᠎ᠲᠡᠶ ᠪᠠᠢᠵᠤ᠂ ᠰᠢ᠎ᠵᠢᠨ᠎ᠫᠢᠩ ᠨᠥᠬᠥᠷ᠎ᠦᠨ 2012 ᠣᠨ᠎ᠤ 11 ᠰᠠᠷ᠎ᠠ᠎ᠡᠴᠡ 2025 ᠣᠨ᠎ᠤ 7 ᠰᠠᠷ᠎ᠠ ᠪᠣᠯᠲᠠᠯᠠᠬᠢ ᠬᠤᠭᠤᠴᠠᠭᠠᠨ᠎ᠤ ᠮᠡᠳᠡᠭᠦᠯᠦᠯᠲᠡ᠂ ᠶᠠᠷᠢᠶ᠎ᠠ᠂ ᠵᠢᠭᠠᠪᠤᠷᠢ᠂ ᠴᠣᠬᠣᠯᠠᠪᠤᠷᠢ ᠵᠡᠷᠭᠡ 160 ᠭᠠᠷᠤᠢ ᠴᠢᠬᠤᠯᠠ ᠲᠤᠯᠭᠤᠷ ᠪᠢᠴᠢᠭ᠎ᠡᠴᠡ ᠰᠣᠩᠭᠣᠨ ᠠᠪᠤᠪᠠ᠃ ᠡᠭᠦᠨ᠎ᠳᠦ ᠬᠡᠰᠡᠭ ᠥᠭᠦᠯᠡᠯᠲᠡ᠎ᠶ᠋ᠢ ᠠᠩᠬ᠎ᠠ ᠤᠳᠠᠭ᠎ᠠ ᠢᠯᠡ᠎ᠪᠡᠷ ᠨᠡᠢᠲᠡᠯᠡᠵᠦ᠍ ᠪᠠᠢᠨ᠎ᠠ᠃
ᠱᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 21 ᠤ᠋ ᠴᠠᠬᠢᠯᠭᠠᠨ ᠮᠡᠳᠡᠭᠡ