ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠶ ᠱᠦᠵᠢ ᠲᠥᠷᠥ᠎ᠶ᠋ᠢᠨ ᠶᠠᠪᠤᠳᠠᠯ᠎ᠤᠨ ᠬᠤᠷᠢᠶᠠᠨ ᠳᠠᠷᠤᠭ᠎ᠠ ᠵᠢᠨ ᠵᠧᠩ ᠧᠨ ᠲᠡᠢ ᠬᠡᠯᠡᠯᠴᠡᠭᠡ ᠬᠢᠪᠠ
ᠨᠡᠶᠢᠲᠡᠯᠡᠭᠰᠡᠨ ᠴᠠᠭ᠄ 2025-09-07

9 ᠰᠠᠷ᠎ᠠ᠎ᠶ᠋ᠢᠨ 4 ᠤ᠋ ᠤᠷᠤᠢ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠠᠵᠢᠯᠯᠠᠭ᠎ᠠ᠎ᠳᠤ ᠣᠷᠣᠯᠴᠠᠬᠤ᠎ᠪᠠᠷ ᠲᠤᠮᠳᠠᠳᠤ ᠤᠯᠤᠰ᠎ᠲᠤ ᠢᠷᠡᠭ᠌ᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ ᠳᠠᠷᠤᠭ᠎ᠠ ᠵᠢᠨ ᠵᠧᠩ ᠧᠨ ᠲᠡᠢ ᠬᠡᠯᠡᠯᠴᠡᠭᠡ ᠬᠢᠪᠡ᠃

9 ᠰᠠᠷ᠎ᠠ᠎ᠶ᠋ᠢᠨ 4 ᠤ᠋ ᠤᠷᠤᠢ᠂ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠠᠵᠢᠯᠯᠠᠭ᠎ᠠ᠎ᠳᠤ ᠣᠷᠣᠯᠴᠠᠬᠤ᠎ᠪᠠᠷ ᠲᠤᠮᠳᠠᠳᠤ ᠤᠯᠤᠰ᠎ᠲᠤ ᠢᠷᠡᠭ᠌ᠰᠡᠨ ᠰᠣᠯᠣᠩᠭᠣᠰ᠎ᠤᠨ ᠬᠥᠳᠡᠯᠮᠦᠷᠢᠴᠢᠨ᠎ᠦ ᠨᠠᠮ᠎ᠤᠨ ᠶᠡᠷᠦᠩᠬᠡᠢ ᠱᠦᠵᠢ᠂ ᠲᠦᠷᠦ᠍᠎ᠶ᠋ᠢᠨ ᠶᠠᠪᠤᠳᠠᠯ᠎ᠤᠨ ᠬᠤᠷᠢᠶᠠᠨ  ᠳᠠᠷᠤᠭ᠎ᠠ ᠶ᠋ᠢᠨ ᠵᠧᠩ ᠧᠨ ᠲᠡᠢ ᠬᠡᠯᠡᠯᠴᠡᠭᠡ ᠬᠢᠪᠡ᠃

ᠰᠢ᠎ᠵᠢᠨ᠎ᠫᠢᠩ᠂ ᠳᠤᠮᠳᠠᠳᠤ ᠰᠣᠯᠣᠩᠭᠣᠰ ᠪᠣᠯ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭ᠍ᠰᠠᠨ ᠰᠠᠢ᠌ᠨ ᠬᠥᠷᠰᠢ᠂ ᠰᠠᠢ᠌ᠨ ᠨᠠᠢᠵᠠ᠂ ᠰᠠᠢ᠌ᠨ ᠨᠥᠬᠥᠷ ᠮᠥᠨ᠃ ᠳᠤᠮᠳᠠᠳᠤ ᠰᠣᠯᠣᠩᠭᠣᠰ᠎ᠤᠨ ᠨᠥᠬᠥᠷᠯᠡᠯ ᠥᠨᠢ ᠤᠳᠠᠭᠠᠨ ᠤᠯᠠᠮᠵᠢᠯᠠᠯ᠎ᠲᠠᠶ ᠶᠤᠮ᠂ ᠬᠣᠶᠠᠷ ᠤᠯᠤᠰ ᠪᠣᠯ ᠴᠥᠮ ᠡᠪ ᠬᠠᠮᠲᠤ ᠨᠠᠮ᠎ᠤᠨ ᠤᠳᠤᠷᠢᠳᠤᠭ᠍ᠰᠠᠨ ᠨᠡᠢᠭᠡᠮ ᠵᠢᠷᠤᠮᠲᠤ ᠤᠯᠤᠰ ᠮᠥᠨ᠂ ᠬᠠᠮᠲᠤ᠎ᠶ᠋ᠢᠨ ᠬᠦᠰᠡᠯᠡᠩ ᠢᠲᠡᠭᠡᠯ ᠪᠢᠱᠢᠷᠡᠯ ᠪᠣᠯᠤᠨ ᠲᠡᠮᠡᠴᠡᠬᠦ᠌ ᠬᠠᠷᠠᠯᠲᠠ᠎ᠲᠠᠶ ᠶᠤᠮ᠃  ᠶᠡᠷᠦᠩᠬᠡᠢ ᠱᠦᠵᠢ ᠵᠢᠨ ᠵᠧᠩ ᠧᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠠᠵᠢᠯᠯᠠᠭ᠎ᠠ᠎ᠳᠤ ᠣᠷᠣᠯᠴᠠᠬᠤ ᠪᠡᠷ ᠳᠤᠮᠳᠠᠳᠤ ᠤᠯᠤᠰ᠎ᠲᠤ ᠢᠷᠡᠭᠰᠡᠨ ᠶᠠᠪᠤᠳᠠᠯ ᠨᠢ᠂ ᠰᠣᠯᠣᠩᠭᠣᠰ᠎ᠤᠨ ᠳᠡᠯᠡᠬᠡᠢ᠎ᠶ᠋ᠢᠨ ᠬᠣᠶᠠᠳᠤᠭᠠᠷ ᠶᠡᠬᠡ ᠲᠠᠢ᠌ᠨ᠎ᠦ ᠢᠯᠠᠯᠲᠠ᠎ᠶ᠋ᠢᠨ ᠦᠷ᠎ᠡ ᠪᠦᠲᠦᠭᠡᠯ᠎ᠢ ᠬᠠᠮᠠᠭᠠᠯᠠᠬᠤ ᠡᠷᠡᠰ ᠪᠠᠲᠤ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠪᠥᠭᠡᠳ ᠳᠤᠮᠳᠠᠳᠤ ᠰᠣᠯᠣᠩᠭᠣᠰ ᠬᠣᠶᠠᠷ ᠨᠠᠮ ᠬᠣᠶᠠᠷ ᠤᠯᠤᠰ᠎ᠤᠨ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠴᠢᠨᠠᠭ᠍ᠰᠢᠳᠠ ᠬᠥᠭ᠌ᠵᠢᠭᠦᠯᠬᠦ᠌᠎ᠳᠦ ᠴᠢᠬᠤᠯᠠ ᠠᠵᠠ ᠲᠣᠬᠢᠶᠠᠯ ᠬᠠᠩᠭᠠᠵᠠᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ ᠰᠣᠯᠣᠩᠭᠣᠰ᠎ᠤᠨ ᠬᠥᠳᠡᠯᠮᠦᠷᠢᠴᠢᠨ᠎ᠦ ᠨᠠᠮ ᠪᠠᠢᠭᠤᠯᠤᠭ᠍ᠳᠠᠭ᠍ᠰᠠᠨ 80 ᠵᠢᠯ᠎ᠦᠨ ᠤᠢ᠎ᠳᠤ ᠪᠠᠶᠠᠷ ᠬᠦᠷᠭᠡᠵᠦ᠍᠂ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂᠎ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠵᠤ ᠪᠠᠢᠨ᠎ᠠ᠂ ᠰᠣᠯᠣᠩᠭᠣᠰ᠎ᠤᠨ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ ᠲᠠᠰᠤᠷᠠᠯᠳᠠ ᠦᠭᠡᠢ ᠱᠢᠨ᠎ᠡ ᠠᠮᠵᠢᠯᠲᠠ ᠪᠦᠲᠦᠮᠵᠢ ᠣᠯᠵᠤ ᠪᠤᠢ᠃ ᠳᠤᠮᠳᠠᠳᠤ ᠤᠯᠤᠰ᠎ᠤᠨ ᠨᠠᠮ ᠪᠣᠯᠤᠨ ᠵᠠᠰᠠᠭ᠎ᠤᠨ ᠣᠷᠳᠣᠨ ᠳᠤᠮᠳᠠᠳᠤ ᠰᠣᠯᠣᠩᠭᠣᠰ᠎ᠤᠨ ᠤᠯᠠᠮᠵᠢᠯᠠᠯᠲᠤ ᠨᠥᠬᠥᠷᠯᠡᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠰᠣᠯᠣᠩᠭᠣᠰ᠎ᠤᠨ ᠬᠠᠷᠢᠯᠴᠠᠭ᠎ᠠ᠎ᠶ᠋ᠢ ᠰᠠᠢᠲᠤᠷ ᠬᠠᠮᠠᠭᠠᠯᠠᠵᠤ᠂ ᠰᠠᠢᠲᠤᠷ ᠪᠡᠬᠢᠵᠢᠭᠦᠯᠵᠦ᠍᠂ ᠰᠠᠢᠲᠤᠷ ᠬᠥᠭ᠌ᠵᠢᠭᠦᠯᠦᠨ᠎ᠡ᠃ ᠳᠡᠯᠡᠬᠡᠢ᠎ᠶ᠋ᠢᠨ ᠪᠠᠢᠳᠠᠯ ᠬᠡᠷᠬᠢᠨ ᠬᠤᠪᠢᠷᠠᠭ᠍ᠰᠠᠨ ᠴᠤ᠌ ᠡᠨᠡ ᠬᠦ᠌ ᠵᠣᠭ᠍ᠰᠣᠯᠲᠠ ᠴᠥᠮ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠥᠩᠭᠡᠷᠡᠭ᠌ᠰᠡᠨ ᠲᠡᠢ᠎ᠪᠡᠨ ᠠᠳᠠᠯᠢ᠎ᠪᠠᠷ ᠰᠣᠯᠣᠩᠭᠣᠰ᠎ᠤᠨ ᠲᠤᠰ ᠤᠯᠤᠰ᠎ᠤᠨ᠎ᠢᠶᠠᠨ ᠪᠠᠢᠳᠠᠯ᠎ᠳᠤ ᠨᠡᠢᠴᠡᠭ᠌ᠰᠡᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠦᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠬᠦ᠎ᠶᠢ ᠲᠡᠮᠵᠢᠨ᠎ᠡ᠃ ᠳᠤᠷᠠᠲᠠᠶ᠎ᠠ ᠰᠣᠯᠣᠩᠭᠣᠰ᠎ᠤᠨ ᠲᠠᠯ᠎ᠠ᠎ᠲᠠᠶ ᠳᠡᠭᠡᠳᠦ ᠳᠠᠪᠬᠤᠷᠭ᠎ᠠ᠎ᠶ᠋ᠢᠨ ᠶᠠᠪᠤᠯᠴᠠᠭ᠎ᠠ ᠪᠣᠯᠤᠨ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠴᠢᠩᠭᠠᠳᠭᠠᠵᠤ᠂ ᠨᠠᠮ᠎ᠢ ᠵᠠᠰᠠᠬᠤ ᠲᠦᠷᠦ᠍᠎ᠶ᠋ᠢ ᠵᠠᠰᠠᠬᠤ ᠲᠤᠷᠱᠢᠯᠭ᠎ᠠ᠎ᠶ᠋ᠢᠨ ᠰᠣᠯᠢᠯᠴᠠᠭ᠎ᠠ᠎ᠪᠠᠨ ᠭᠦᠨᠵᠡᠭᠡᠢᠷᠡᠭᠦᠯᠵᠦ᠍᠂ ᠣᠢᠯᠠᠭᠠᠯᠴᠠᠭ᠎ᠠ ᠪᠠ ᠨᠥᠬᠥᠷᠯᠡᠯ᠎ᠢᠶᠡᠨ ᠭᠦᠨᠵᠡᠭᠡᠢᠷᠡᠭᠦᠯᠦᠨ᠎ᠡ᠃ ᠡᠯ᠎ᠡ ᠳᠡᠰ ᠳᠠᠪᠬᠤᠷᠭ᠎ᠠ᠎ᠶ᠋ᠢᠨ ᠬᠤᠷᠰᠢᠯᠴᠠᠭ᠎ᠠ᠎ᠶ᠋ᠢ ᠨᠢᠭ᠍ᠲᠠᠷᠠᠭᠤᠯᠵᠤ᠂ ᠡᠯ᠎ᠡ ᠬᠦᠷᠢᠶᠡᠨ᠎ᠦ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠥᠷᠨᠢᠭᠦᠯᠦᠨ᠎ᠠ ᠭᠡᠵᠦ᠍ ᠴᠢᠬᠤᠯᠠᠴᠢᠯᠠᠪᠠ᠃

ᠰᠢ᠎ᠵᠢᠨ᠎ᠫᠢᠩ᠂ ᠤᠷᠢᠳ ᠡᠮᠦᠨ᠎ᠡ ᠪᠠᠢᠭ᠎ᠠ ᠦᠭᠡᠢ ᠪᠦᠬᠦ᠌ ᠪᠥᠮᠪᠥᠷᠴᠡᠭ᠎ᠦᠨ ᠴᠢᠨᠠᠷᠲᠠᠢ ᠥᠷᠢᠰᠥᠯᠳᠦᠭᠡᠨ᠎ᠦ ᠡᠮᠦᠨ᠎ᠡ᠂ ᠪᠢ ᠤᠷᠢᠳ ᠬᠣᠵᠢᠳ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠣᠢᠯᠠᠭᠠᠭ᠍ᠳᠠᠬᠤᠨ ᠪᠣᠯᠤᠨ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠰᠣᠯᠣᠩᠭᠣᠰ᠎ᠤᠨ ᠲᠠᠯ᠎ᠠ᠎ᠶ᠋ᠢᠨ ᠬᠢᠨ᠎ᠦ ᠢᠳᠡᠪᠬᠢᠲᠡᠢ ᠳᠡᠮᠵᠢᠯᠭᠡ ᠪᠠ ᠬᠦᠷᠢᠶᠡᠯᠡᠯ᠎ᠢ ᠤᠯᠪᠠ᠃ ᠳᠤᠮᠳᠠᠳᠤ ᠰᠣᠯᠣᠩᠭᠣᠰ ᠳᠡᠯᠡᠬᠡᠢ᠎ᠶ᠋ᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠳᠤᠮᠳᠠ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠪᠠᠨ ᠴᠢᠩᠭᠠᠳᠭᠠᠵᠤ᠂ ᠬᠠᠮᠲᠤ᠎ᠶ᠋ᠢᠨ ᠠᠱᠢᠭ ᠲᠤᠰᠠ᠎ᠪᠠᠨ ᠬᠠᠮᠠᠭᠠᠯᠠᠶ᠎ᠠ᠃ ᠰᠣᠯᠣᠩᠭᠣᠰ ᠬᠣᠢᠭ᠎ᠤᠨ ᠠᠰᠠᠭᠤᠳᠠᠯ ᠳᠡᠭᠡᠷ᠎ᠡ᠂ ᠳᠤᠮᠳᠠᠳᠤ ᠤᠯᠤᠰ ᠢᠮᠠᠭ᠍ᠲᠠ ᠪᠤᠰᠤᠳᠴᠢ ᠲᠥᠪ ᠭᠣᠣᠯᠴᠢ ᠵᠣᠭ᠍ᠰᠣᠯᠲᠠ᠎ᠶ᠋ᠢ ᠪᠠᠷᠢᠮᠲᠠᠯᠠᠵᠤ᠂ ᠳᠤᠷᠠᠲᠠᠶ᠎ᠠ ᠰᠣᠯᠣᠩᠭᠣᠰ᠎ᠯᠤᠭ᠎ᠠ ᠵᠣᠬᠢᠴᠠᠭᠤᠯᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠰᠣᠯᠣᠩᠭᠣᠰ ᠬᠣᠢᠭ᠎ᠤᠨ ᠡᠩᠬᠡ ᠲᠠᠢᠪᠤᠩ ᠲᠣᠭ᠍ᠲᠠᠭᠤᠨ᠎ᠢ ᠴᠢᠷᠮᠠᠢᠨ ᠬᠠᠮᠠᠭᠠᠯᠠᠨ᠎ᠠ ᠭᠡᠵᠦ ᠴᠢᠬᠤᠯᠠᠴᠢᠯᠠᠪᠠ᠃

ᠵᠢᠨ ᠵᠧᠩ ᠧᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ ᠦᠪᠡᠳᠡᠭᠰᠢ ᠶᠡᠬᠡ᠎ᠪᠡᠷ ᠶᠠᠪᠤᠭᠳᠠᠨ᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠳᠤᠮᠳᠠᠳᠤ ᠤᠯᠤᠰ᠎ᠤᠨ ᠳᠡᠯᠡᠬᠡᠢ᠎ᠶᠢᠨ ᠡᠩᠬᠡ ᠲᠠᠢᠪᠤᠩ᠎ᠢ ᠬᠠᠮᠠᠭᠠᠯᠠᠬᠤ ᠡᠷᠡᠰ ᠵᠣᠷᠢᠭ᠋᠎ᠢ ᠢᠯᠡᠷᠡᠭᠦᠯᠵᠦ᠂ ᠳᠤᠮᠳᠠᠳᠤ ᠤᠯᠤᠰ᠎ᠤᠨ ᠴᠢᠬᠤᠯᠠ ᠳᠡᠯᠡᠬᠡᠢ ᠳᠡᠭᠡᠷᠡᠬᠢ ᠪᠠᠢᠷᠢ ᠰᠠᠭᠤᠷᠢ ᠪᠣᠯᠣᠨ ᠨᠥᠯᠥᠭᠡ᠎ᠶᠢ ᠬᠠᠷᠠᠭᠤᠯᠪᠠ᠃ ᠰᠣᠯᠣᠩᠭᠣᠰ ᠳᠤᠮᠳᠠᠳᠤ᠎ᠶᠢᠨ ᠠᠬᠠᠮᠠᠳ ᠨᠢᠭᠡ ᠦᠶ᠎ᠡ᠎ᠶᠢᠨ ᠤᠳᠤᠷᠢᠳᠬᠤ ᠬᠥᠮᠥᠰ ᠶᠠᠫᠤᠨ᠎ᠢ ᠡᠰᠡᠷᠭᠦᠴᠡᠬᠦ ᠳᠠᠢ᠍ᠢᠨ᠎ᠦ ᠳᠤᠮᠳᠠ ᠭᠦᠨ ᠵᠤᠵᠠᠭᠠᠨ ᠨᠥᠬᠥᠷᠯᠡᠯ᠎ᠢ᠎ᠪᠠᠢᠭᠤᠯᠪᠠ᠂ ᠪᠢᠳᠡ ᠦᠶ᠎ᠡ᠎ᠶᠢᠨ ᠦᠶ᠎ᠡ᠎ᠳᠡᠭᠡᠨ ᠤᠯᠠᠮᠵᠢᠯᠠᠬᠤ ᠡᠭᠦᠷᠭᠡ᠎ᠲᠠᠢ ᠶᠤᠮ᠃ ᠳᠡᠯᠡᠬᠡᠢ᠎ᠶᠢᠨ ᠪᠠᠢᠳᠠᠯ ᠶᠠᠭᠠᠬᠢᠵᠤ ᠬᠤᠪᠢᠷᠠᠭᠰᠠᠨ ᠴᠤ᠌ ᠰᠣᠯᠣᠩᠭᠣᠰ ᠳᠤᠮᠳᠠᠳᠤ᠎ᠶᠢᠨ ᠬᠣᠭᠣᠷᠣᠨᠳᠣᠬᠢ ᠨᠥᠬᠥᠷᠰᠡᠭ ᠬᠠᠢᠷ᠎ᠠ ᠰᠡᠳᠬᠢᠯᠭᠡ ᠬᠤᠪᠢᠷᠠᠬᠤ ᠦᠭᠡᠢ ᠶᠤᠮ᠂ ᠰᠣᠯᠣᠩᠭᠣᠰ ᠳᠤᠮᠳᠠᠳᠤ᠎ᠶᠢᠨ ᠬᠠᠷᠢᠯᠴᠠᠭ᠎ᠠ᠎ᠶᠢ ᠲᠠᠰᠤᠷᠠᠯᠲᠠ ᠦᠭᠡᠢ ᠭᠦᠨᠵᠡᠭᠡᠢᠷᠡᠭᠦᠯᠦᠨ ᠬᠥᠭᠵᠢᠭᠦᠯᠬᠦ ᠪᠣᠯ ᠰᠣᠯᠣᠩᠭᠣᠰ᠎ᠤᠨ ᠲᠠᠯ᠎ᠠ᠎ᠶᠢᠨ ᠡᠷᠡᠰ ᠪᠠᠲᠤ ᠬᠦᠰᠡᠯ ᠡᠷᠡᠮᠡᠯᠵᠡᠯ ᠪᠣᠯᠣᠨ᠎ᠠ᠃ ᠰᠣᠯᠣᠩᠭᠣᠰ᠎ᠤᠨ ᠲᠠᠯ᠎ᠠ᠎ᠶᠢᠨ ᠬᠢᠨ ᠦᠷᠭᠦᠯᠵᠢᠯᠡᠨ ᠲᠠᠢᠸᠠᠨ᠂ ᠲᠥᠪᠡᠳ᠎ᠲᠠᠢ ᠬᠣᠯᠪᠣᠭᠳᠠᠭᠰᠠᠨ᠂ ᠰᠢᠨᠵᠢᠶᠠᠩ᠎ᠲᠠᠢ ᠬᠣᠯᠪᠣᠭᠳᠠᠭᠰᠠᠨ ᠵᠡᠷᠭᠡ ᠳᠤᠮᠳᠠᠳᠤ ᠤᠯᠤᠰ᠎ᠤᠨ ᠭᠣᠣᠯᠯᠠᠭ᠍ᠴᠢ ᠠᠰᠢᠭ᠋ ᠲᠤᠰᠠ᠎ᠲᠠᠢ ᠬᠣᠯᠪᠣᠭᠳᠠᠭᠰᠠᠨ ᠠᠰᠠᠭᠤᠳᠠᠯ᠎ᠳᠦ ᠳᠤᠮᠳᠠᠳᠤ᠎ᠶᠢᠨ ᠲᠠᠯ᠎ᠠ᠎ᠶᠢᠨ ᠵᠣᠭᠰᠣᠯᠲᠠ᠎ᠶᠢ ᠡᠷᠡᠰ ᠳᠡᠮᠵᠢᠵᠦ᠂ ᠳᠤᠮᠳᠠᠳᠤ ᠤᠯᠤᠰ᠎ᠤᠨ ᠤᠯᠤᠰ᠎ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ᠎ᠦᠨ ᠪᠦᠷᠢᠨ ᠪᠦᠲᠦᠨ᠎ᠢᠶᠡᠨ ᠬᠠᠮᠠᠭᠠᠯᠠᠬᠤ᠎ᠶᠢ ᠳᠡᠮᠵᠢᠨ᠎ᠡ᠂ ᠳᠤᠮᠳᠠᠳᠤ᠎ᠶᠢᠨ ᠲᠠᠯ᠎ᠠ᠎ᠶᠢᠨ ᠬᠢᠨ ᠤᠷᠳᠤ ᠬᠤᠭᠤᠴᠠᠭᠠᠨ᠎ᠤ ᠲᠤᠷᠰᠢ ᠰᠣᠯᠣᠩᠭᠣᠰ᠎ᠤᠨ ᠨᠡᠢᠭᠡᠮ ᠵᠢᠷᠤᠮ᠎ᠤᠨ ᠦᠢᠯᠡᠰ᠎ᠢ ᠡᠷᠡᠰ ᠭᠤᠢᠪᠢᠰᠢ ᠦᠭᠡᠢ ᠳᠡᠮᠵᠢᠬᠦ᠎ᠶᠢᠨ ᠬᠠᠮᠲᠤ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ᠎ᠳᠦ ᠲᠠᠯᠠᠷᠬᠠᠵᠤ ᠪᠠᠢᠨ᠎ᠠ ᠭᠡᠵᠤ ᠢᠯᠡᠳᠬᠡᠪᠡ᠃

ᠵᠢᠨ ᠵᠧᠩ ᠧᠨ᠂ ᠶᠡᠷᠦᠩᠬᠡᠢ ᠱᠦᠵᠢ ᠰᠢ᠎ᠵᠢᠨ᠎ᠫᠢᠩ᠎ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠤ ᠶᠡᠬᠡ ᠬᠥᠭᠵᠢᠯᠲᠡ ᠠᠮᠵᠢᠯᠲᠠ ᠣᠯᠵᠠᠢ᠃ ᠰᠣᠯᠣᠩᠭᠣᠰ᠎ᠤᠨ ᠲᠠᠯ᠎ᠠ᠎ᠶᠢᠨ ᠬᠢᠨ ᠳᠤᠷᠠᠲᠠᠶ᠎ᠠ ᠳᠤᠮᠳᠠᠳᠤ᠎ᠶᠢᠨ ᠲᠠᠯ᠎ᠠ᠎ᠶᠢᠨ ᠬᠢᠨ᠎ᠲᠠᠢ ᠬᠣᠶᠠᠷ ᠨᠠᠮ ᠬᠣᠶᠠᠷ ᠤᠯᠤᠰ᠎ᠤᠨ ᠡᠯ᠎ᠡ ᠳᠠᠪᠬᠤᠷᠭ᠎ᠠ᠎ᠶᠢᠨ ᠶᠠᠪᠤᠯᠴᠠᠭ᠎ᠠ᠎ᠪᠠᠨ ᠨᠢᠭ᠍ᠲᠠᠷᠠᠭᠤᠯᠵᠤ᠂ ᠨᠠᠮ᠎ᠤᠨ ᠪᠠᠢᠭᠤᠯᠤᠯᠲᠠ᠂ ᠠᠵᠤ ᠠᠬᠤᠢ᠎ᠶᠢᠨ ᠬᠥᠭᠵᠢᠯᠲᠡ ᠵᠡᠷᠭᠡ ᠲᠠᠯ᠎ᠠ᠎ᠶᠢᠨ ᠲᠤᠷᠰᠢᠯᠭ᠎ᠠ᠎ᠶᠢᠨ ᠰᠣᠯᠢᠯᠴᠠᠭ᠎ᠠ᠎ᠶᠢ ᠥᠷᠨᠢᠭᠦᠯᠵᠦ᠂ ᠰᠣᠯᠣᠩᠭᠣᠰ᠎ᠤᠨ ᠨᠠᠮ ᠪᠣᠯᠣᠨ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠦᠨ ᠬᠥᠭᠵᠢᠯᠲᠡ᠎ᠳᠦ ᠬᠦᠴᠦᠨ ᠨᠡᠮᠡᠷᠢᠯᠡᠨ᠎ᠡ᠃ ᠳᠤᠷᠠᠲᠠᠶ᠎ᠠ ᠬᠣᠶᠠᠷ ᠤᠯᠤᠰ᠎ᠤᠨ ᠬᠠᠷᠢᠯᠴᠠᠨ ᠠᠰᠢᠭ᠍ᠲᠠᠢ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠨᠡᠩ ᠤᠯᠠᠨ ᠦᠷ᠎ᠡ ᠪᠦᠲᠦᠭᠡᠯ ᠣᠯᠣᠨ᠎ᠠ᠃ ᠰᠣᠯᠣᠩᠭᠣᠰ᠎ᠤᠨ ᠲᠠᠯ᠎ᠠ᠎ᠶᠢᠨ ᠬᠢᠨ ᠳᠤᠮᠳᠠᠳᠤ᠎ᠶᠢᠨ ᠲᠠᠯ᠎ᠠ᠎ᠶᠢᠨ ᠬᠢᠨ᠎ᠦ ᠰᠣᠯᠣᠩᠭᠣᠰ ᠬᠣᠢᠭ᠋᠎ᠤᠨ ᠠᠰᠠᠭᠤᠳᠠᠯ᠎ᠳᠡᠬᠢ ᠲᠥᠪ ᠭᠣᠣᠯᠴᠢ ᠵᠣᠭᠰᠣᠯᠲᠠ᠎ᠶᠢ ᠮᠠᠭᠲᠠᠨ ᠰᠠᠢᠰᠢᠶᠠᠵᠤ᠂ ᠳᠤᠷᠠᠲᠠᠶ᠎ᠠ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠵᠡᠷᠭᠡ ᠤᠯᠠᠨ ᠲᠠᠯᠠᠲᠦ ᠲᠠᠪᠴᠠᠩ᠎ᠳᠤ ᠵᠣᠬᠢᠴᠠᠭᠤᠯᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠬᠣᠶᠠᠷ ᠲᠠᠯ᠎ᠠ᠎ᠶᠢᠨ ᠬᠠᠮᠲᠤ᠎ᠶᠢᠨ ᠪᠠ ᠦᠨᠳᠦᠰᠦᠨ ᠠᠰᠢᠭ᠋ ᠲᠤᠰᠠ᠎ᠶᠢ ᠰᠠᠢᠲᠤᠷ ᠬᠠᠮᠠᠭᠠᠯᠠᠨ᠎ᠠ ᠭᠡᠵᠦ ᠵᠢᠭᠠᠵᠤ ᠭᠠᠷᠭᠠᠪᠠ᠃

ᠲᠤᠰ ᠡᠳᠦᠷ᠎ᠦᠨ ᠣᠷᠣᠢ᠂ ᠰᠢ᠎ᠵᠢᠨ᠎ᠫᠢᠩ ᠵᠢᠨ ᠵᠧᠩ ᠧᠨ᠎ᠯᠤᠭᠡ ᠪᠠᠭ᠎ᠠ ᠬᠡᠪᠴᠢᠶᠡᠨ᠎ᠦ ᠴᠠᠢ᠎ᠶᠢᠨ ᠵᠤᠭᠤᠭ ᠳᠡᠯᠭᠡᠭᠰᠡᠨ ᠪᠦᠭᠡᠳ ᠳᠠᠢᠯᠠᠯᠭ᠎ᠠ ᠬᠢᠪᠡ᠃

ᠼᠠᠢ ᠴᠢ᠂ ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠵᠠᠢ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            