9 ᠰᠠᠷ᠎ᠠ᠎ᠶᠢᠨ 9 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠫᠣᠷᠲ᠋ᠦ᠋ᠭᠠᠯ᠎ᠤᠨ ᠶᠡᠷᠦᠩᠬᠡᠢ ᠰᠠᠢᠳ ᠮᠸᠨᠲᠸᠨᠢᠭᠸᠯᠦ᠋ ᠲᠠᠢ ᠠᠭᠤᠯᠵᠠᠪᠠ᠃
9 ᠰᠠᠷ᠎ᠠ᠎ᠶᠢᠨ 9 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠫᠣᠷᠲ᠋ᠦ᠋ᠭᠠᠯ᠎ᠤᠨ ᠶᠡᠷᠦᠩᠬᠡᠢ ᠰᠠᠢᠳ ᠮᠸᠨᠲᠸᠨᠢᠭᠸᠯᠦ᠋ ᠲᠠᠢ ᠠᠭᠤᠯᠵᠠᠪᠠ᠃
ᠰᠢ᠎ᠵᠢᠨ᠎ᠫᠢᠩ᠂ ᠳᠤᠮᠳᠠᠳᠤ ᠤᠯᠤᠰ ᠪᠣᠯᠣᠨ ᠫᠣᠷᠲ᠋ᠦ᠋ᠭᠠᠯ ᠪᠣᠯ ᠴᠥᠮ ᠥᠨᠢ ᠤᠳᠠᠭᠠᠨ ᠲᠡᠦᠬᠡ᠎ᠲᠠᠢ ᠤᠯᠤᠰ ᠮᠥᠨ᠂ ᠬᠣᠶᠠᠷ ᠤᠯᠤᠰ᠎ᠤᠨ ᠠᠷᠠᠳ ᠲᠦᠮᠡᠨ ᠴᠥᠮ ᠨᠡᠭᠡᠭᠡᠯᠲᠡᠲᠡᠢ ᠪᠠᠭᠲᠠᠭᠠᠮᠵᠢᠲᠠᠢ᠂ ᠤᠷᠤᠭᠰᠢᠯᠠᠨ ᠲᠠᠪᠰᠢᠵᠤ ᠪᠡᠶ᠎ᠡ᠎ᠪᠡᠨ ᠳᠠᠭᠠᠭᠠᠬᠤ ᠵᠣᠷᠢᠭ᠋ ᠰᠠᠨᠠᠭᠠᠨ᠎ᠤ ᠣᠨᠴᠠᠯᠢᠭ᠋ ᠰᠢᠨᠵᠢ᠎ᠶ᠋ᠢ ᠪᠦᠷᠢᠯᠳᠦᠭᠦᠯᠦᠭᠰᠡᠨ ᠶᠤᠮ᠃ ᠬᠣᠶᠠᠷ ᠲᠠᠯ᠎ᠠ᠎ᠪᠠᠷ᠎ᠢᠶᠠᠨ ᠨᠥᠭᠦᠷᠰᠡᠭ᠎ᠢᠶᠡᠷ ᠵᠥᠪᠳᠡᠯᠴᠡᠬᠦ᠎ᠪᠡᠷ ᠲᠠᠮᠵᠢᠨ ᠣᠣᠮᠧᠨ᠎ᠦ ᠠᠰᠠᠭᠤᠳᠠᠯ᠎ᠢ ᠵᠣᠬᠢᠰᠲᠠᠢ ᠰᠢᠢᠳᠪᠦᠷᠢᠯᠡᠪᠡ᠃ ᠣᠢᠷ᠎ᠠ᠎ᠶᠢᠨ ᠵᠢᠯ᠎ᠡᠴᠡ ᠨᠠᠭᠠᠰᠢ ᠡᠯ᠎ᠡ ᠬᠦᠷᠢᠶᠡᠨ᠎ᠳᠠᠬᠢ ᠬᠠᠮᠲᠤᠷᠠᠯᠴᠠᠭ᠎ᠠ ᠴᠢᠬᠤᠯᠠ ᠦᠷ᠎ᠡ ᠪᠦᠲᠦᠭᠡᠯ ᠣᠯᠵᠤ᠂ ᠠᠳᠠᠯᠢ ᠪᠤᠰᠤ ᠨᠡᠢᠭᠡᠮ᠎ᠦᠨ ᠪᠠᠢᠭᠤᠯᠤᠯ᠂ ᠠᠳᠠᠯᠢ ᠪᠤᠰᠤ ᠤᠯᠤᠰ᠎ᠤᠨ ᠪᠠᠢᠳᠠᠯ ᠪᠦᠬᠦᠢ ᠤᠯᠤᠰ ᠤ᠋ᠨ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠭᠦᠷᠳᠡᠭᠦ ᠬᠡᠪ ᠳᠠᠭᠤᠷᠢᠶᠠᠯ᠎ᠢ ᠪᠤᠢ ᠪᠣᠯᠭᠠᠪᠠ᠃ ᠡᠨᠡ ᠵᠢᠯ ᠪᠣᠯ ᠳᠤᠮᠳᠠᠳᠤ ᠫᠣᠷᠲ᠋ᠦ᠋ᠭᠠᠯ ᠪᠦᠭᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ ᠪᠠᠢᠭᠤᠯᠤᠭᠰᠠᠨ 20 ᠵᠢᠯ᠎ᠦᠨ ᠤᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠫᠣᠷᠲ᠋ᠦ᠋ᠭᠠᠯ ᠯᠤᠭ᠎ᠠ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠬᠣᠶᠠᠷ ᠲᠠᠯ᠎ᠠ᠎ᠶᠢᠨ ᠬᠠᠷᠢᠯᠴᠠᠭ᠎ᠠ᠎ᠶᠢᠨ ᠵᠥᠪ ᠴᠢᠭᠯᠡᠯ᠎ᠢ ᠡᠵᠡᠮᠳᠡᠵᠦ᠂ ᠳᠤᠮᠳᠠᠳᠤ ᠫᠣᠷᠲ᠋ᠦ᠋ᠭᠠᠯ᠎ᠤᠨ ᠬᠠᠷᠢᠯᠴᠠᠭ᠎ᠠ᠎ᠶᠢ ᠨᠡᠩ ᠰᠠᠢᠨ ᠪᠤᠯᠭᠠᠵᠤ᠂ ᠪᠦᠯᠬᠦᠮᠳᠡᠯ ᠪᠠ ᠬᠠᠮᠲᠤᠷᠠᠯᠴᠠᠭ᠎ᠠ᠎ᠪᠠᠷ ᠬᠣᠶᠠᠷ ᠤᠯᠤᠰ ᠪᠣᠯᠣᠨ ᠳᠡᠯᠡᠬᠡᠢ᠎ᠶᠢᠨ ᠬᠥᠭᠵᠢᠯ ᠴᠡᠴᠡᠭᠯᠡᠯ ᠲᠠᠪᠰᠢᠯᠳᠠ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ᠃ ᠬᠣᠶᠠᠷ ᠲᠠᠯ᠎ᠠ᠎ᠪᠠᠷ᠎ᠢᠶᠠᠨ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠶ᠎ᠡ᠃ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠶᠢᠨ ᠵᠣᠯᠭᠠᠯᠴᠠᠭ᠎ᠠ᠎ᠪᠠᠨ ᠭᠦᠨᠵᠡᠭᠡᠢᠷᠡᠭᠦᠯᠵᠦ᠂ ᠰᠢᠨ᠎ᠡ᠎ᠶᠢ ᠡᠭᠦᠳᠬᠦ᠂ ᠪᠣᠬᠢᠷᠳᠤᠯ ᠦᠭᠡᠢ᠂ ᠲᠠᠯᠠᠢ ᠲᠠᠩᠭᠢᠰ᠂ ᠡᠮ ᠡᠮᠨᠡᠯᠭᠡ ᠵᠡᠷᠭᠡ ᠬᠦᠷᠢᠶᠡᠨ᠎ᠳᠠᠬᠢ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠥᠷᠭᠡᠳᠬᠡᠵᠦ᠂ ᠣᠣᠮᠧᠨ᠎ᠦ ᠥᠪᠡᠷᠮᠢᠴᠡ ᠤᠨᠴᠠᠭᠠᠢ ᠬᠥᠭᠥᠷᠭᠡ᠎ᠶᠢᠨ ᠦᠢᠯᠡᠳᠦᠯ᠎ᠢ ᠪᠠᠳᠠᠷᠠᠭᠤᠯᠵᠤ᠂ ᠳᠤᠮᠳᠠᠳᠤ ᠤᠯᠤᠰ - ᠫᠣᠷᠲ᠋ᠦ᠋ᠭᠠᠯ ᠬᠡᠯᠡᠨ᠎ᠦ ᠤᠯᠤᠰ᠎ᠤᠳ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ ᠵᠡᠷᠭᠡ ᠲᠣᠭᠲᠠᠴᠠ᠎ᠶᠢ ᠰᠠᠢᠲᠤᠷ ᠠᠰᠢᠭ᠍ᠯᠠᠵᠤ᠂ ᠨᠡᠩ ᠥᠨᠳᠥᠷ ᠲᠦᠪᠰᠢᠨ ᠪᠦᠬᠦᠢ ᠬᠠᠷᠢᠯᠴᠠᠨ ᠠᠰᠢᠭ᠍ᠲᠠᠢ ᠬᠠᠮᠲᠤ᠎ᠪᠠᠷ ᠠᠰᠢᠭ᠋ ᠭᠦᠷᠳᠡᠭᠦ᠎ᠶᠢ ᠪᠡᠶᠡᠯᠡᠭᠦᠯᠦᠶ᠎ᠡ᠃ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠨ᠎ᠳᠠᠬᠢ ᠶᠠᠪᠤᠯᠴᠠᠭ᠎ᠠ᠎ᠶᠢ ᠵᠣᠷᠢᠭ᠍ᠵᠢᠭᠤᠯᠵᠤ᠂ ᠰᠣᠶᠣᠯ ᠢᠷᠭᠡᠨᠰᠢᠯ᠎ᠦᠨ ᠰᠣᠯᠢᠯᠴᠠᠭ᠎ᠠ᠎ᠶᠢ ᠭᠦᠨᠵᠡᠭᠡᠢᠷᠡᠭᠦᠯᠦᠶ᠎ᠡ᠃ ᠳᠡᠯᠡᠬᠡᠢ᠎ᠶᠢᠨ ᠪᠠᠢᠳᠠᠯ ᠬᠡᠳᠦᠢ ᠪᠤᠳᠤᠯᠢᠶᠠᠨᠲᠠᠢ ᠪᠤᠯᠬᠤ ᠲᠤᠳᠤᠮ᠂ ᠳᠤᠮᠳᠠᠳᠤ ᠡᠸᠦ᠋ᠷᠦᠫᠡ ᠤᠯᠠᠮ ᠢᠯᠡᠭᠦᠦ ᠣᠯᠣᠯᠴᠠᠭ᠎ᠠ᠎ᠪᠠᠨ ᠴᠢᠩᠭᠠᠳᠬᠠᠵᠤ᠂ ᠢᠲᠡᠭᠡᠯᠴᠡᠭᠡ᠎ᠪᠡᠨ ᠨᠡᠮᠡᠭᠳᠡᠭᠦᠯᠵᠦ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠦᠶ᠎ᠡ᠃ ᠫᠣᠷᠲ᠋ᠦ᠋ᠭᠠᠯ᠎ᠤᠨ ᠭᠢᠨ ᠳᠤᠮᠳᠠᠳᠤ ᠤᠯᠤᠰ᠎ᠲᠠᠢ ᠬᠠᠮᠲᠤ ᠪᠠᠷ ᠳᠤᠮᠳᠠᠳᠤ ᠡᠸᠦ᠋ᠷᠦᠫᠡ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠪᠠᠢᠷᠢ ᠲᠣᠭᠲᠠᠭᠠᠯᠲᠠ᠎ᠶᠢ ᠪᠠᠷᠢᠮᠲᠠᠯᠠᠵᠤ᠂ ᠳᠤᠮᠳᠠᠳᠤ ᠡᠸᠦ᠋ᠷᠦᠫᠡ᠎ᠶᠢᠨ ᠬᠠᠷᠢᠯᠴᠠᠭ᠎ᠠ᠎ᠶᠢᠨ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ᠎ᠶᠢ ᠬᠦᠰᠡᠵᠦ ᠪᠠᠢᠨ᠎ᠠ ᠭᠡᠵᠦ ᠵᠢᠭᠠᠵᠤ ᠭᠠᠷᠭᠠᠵᠠᠢ᠃
ᠰᠢ᠎ᠵᠢᠨ᠎ᠫᠢᠩ᠂ ᠡᠨᠡ ᠵᠢᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢᠨ ᠢᠯᠠᠯᠲᠠ ᠣᠯᠣᠭᠰᠠᠨ 80 ᠵᠢᠯ᠎ᠦᠨ ᠤᠢ ᠪᠣᠯᠣᠨ᠎ᠠ᠂ ᠪᠠᠰᠠ ᠴᠤ᠌ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ ᠪᠠᠢᠭᠤᠯᠤᠭᠳᠠᠭᠰᠠᠨ 80 ᠵᠢᠯ᠎ᠦᠨ ᠤᠢ ᠪᠣᠯᠣᠨ᠎ᠠ᠃ ᠳᠡᠯᠡᠬᠡᠢ ᠳ᠋ᠠᠬᠢᠨ ᠰᠢᠨ᠎ᠡ ᠣᠷᠣᠭ᠎ᠠ ᠪᠤᠰᠬᠠᠭ᠎ᠠ ᠬᠤᠪᠢᠰᠤᠯᠲᠠ᠎ᠶᠢᠨ ᠬᠤᠭᠤᠴᠠᠭᠠᠨ᠎ᠳᠤ ᠣᠷᠣᠵᠤ᠂ ᠬᠥᠮᠥᠨ ᠲᠥᠷᠥᠯᠬᠢᠲᠡᠨ ᠳᠠᠬᠢᠨᠲᠠ ᠲᠡᠦᠬᠡ᠎ᠶᠢᠨ ᠲᠣᠨᠣᠯᠵᠢᠨ ᠵᠠᠮ ᠳᠡᠭᠡᠷ᠎ᠡ ᠬᠦᠷᠴᠦ ᠢᠷᠡᠪᠡ᠃ ᠳᠤᠮᠳᠠᠳᠤ ᠤᠯᠤᠰ ᠳᠤᠷᠠᠲᠠᠶ᠎ᠠ ᠫᠣᠷᠲ᠋ᠦ᠋ᠭᠠᠯ ᠯᠤᠭ᠎ᠠ ᠤᠯᠠᠨ ᠲᠠᠯ᠎ᠠ᠎ᠶᠢᠨ ᠬᠠᠮᠵᠢᠯᠴᠠᠭ᠎ᠠ᠎ᠪᠠᠨ ᠨᠢᠭ᠍ᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ᠎ᠢ ᠬᠠᠮᠲᠤ᠎ᠪᠠᠷ ᠦᠢᠯᠡᠳᠦᠯᠭᠡᠵᠢᠭᠦᠯᠵᠦ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠡᠷᠬᠡ ᠰᠦᠷ᠎ᠢ ᠬᠠᠮᠠᠭᠠᠯᠠᠵᠤ᠂ ᠴᠢᠯᠦᠭᠡᠲᠦ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠭᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠪᠠᠢᠭᠤᠯᠬᠤ᠎ᠶᠢ ᠠᠬᠢᠭᠤᠯᠤᠨ᠎ᠠ ᠭᠡᠵᠦ ᠴᠢᠬᠤᠯᠠᠴᠢᠯᠠᠵᠠᠢ᠃
9 ᠰᠠᠷ᠎ᠠ᠎ᠶᠢᠨ 9 ᠤ᠋ ᠦᠳᠡ᠎ᠶᠢᠨ ᠡᠮᠦᠨ᠎ᠡ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠫᠣᠷᠲ᠋ᠦ᠋ᠭᠠᠯ᠎ᠤᠨ ᠶᠡᠷᠦᠩᠬᠡᠢ ᠰᠠᠢᠳ ᠮᠸᠨᠲᠸᠨᠢᠭᠸᠯᠦ᠋ ᠲᠠᠢ ᠠᠭᠤᠯᠵᠠᠪᠠ᠃
ᠮᠸᠨᠲᠸᠨᠢᠭᠸᠯᠦ᠋ ᠶᠡᠷᠦᠩᠬᠡᠢᠯᠡᠭᠴᠢ ᠳ᠋ᠸᠰᠦ᠋ᠰᠠ ᠵᠢᠨ ᠲᠡᠷᠢᠭᠦᠯᠡᠭᠴᠢ ᠰᠢ᠎ᠵᠢᠨ᠎ᠫᠢᠩ᠎ᠳᠦ ᠳᠡᠪᠰᠢᠭᠦᠯᠦᠭᠰᠡᠨ ᠴᠢᠩ ᠰᠡᠳᠬᠢᠯ᠎ᠦᠨ ᠮᠡᠨᠳᠦᠴᠢᠯᠡᠯ᠎ᠢ ᠳᠠᠮᠵᠢᠭᠤᠯᠪᠠ᠃ ᠮᠸᠨᠲᠸᠨᠢᠭᠸᠯᠦ᠋᠂ ᠫᠣᠷᠲ᠋ᠦ᠋ᠭᠠᠯ ᠳᠤᠮᠳᠠᠳᠤ᠎ᠶᠢᠨ ᠬᠠᠷᠢᠯᠴᠠᠭ᠎ᠠ ᠥᠨᠢ ᠤᠳᠠᠭᠠᠨ ᠲᠡᠦᠬᠡ᠎ᠲᠠᠢ᠂ ᠢᠷᠡᠭᠡᠳᠦᠢ᠎ᠳᠦ ᠬᠠᠨᠳᠤᠵᠤ᠂ ᠬᠣᠶᠠᠷ ᠤᠯᠤᠰ᠎ᠢᠶᠠᠷ᠎ᠢᠶᠠᠨ ᠨᠥᠭᠦᠷᠰᠡᠭ ᠵᠥᠪᠳᠡᠯᠴᠡᠭᠡ᠎ᠪᠡᠷ ᠳᠠᠮᠵᠢᠨ ᠣᠣᠮᠧᠨ᠎ᠦ ᠠᠰᠠᠭᠤᠳᠠᠯ᠎ᠢ ᠵᠣᠬᠢᠰᠲᠠᠢ ᠰᠢᠢᠳᠪᠦᠷᠢᠯᠡᠪᠡ᠃ ᠥᠩᠭᠡᠷᠡᠭᠰᠡᠨ 25 ᠵᠢᠯ᠎ᠤᠨ ᠣᠣᠮᠧᠨ᠎ᠦ ᠠᠮᠵᠢᠯᠲᠠ᠎ᠲᠠᠢ ᠦᠢᠯᠡᠳᠦᠯᠭᠡ ᠨᠢ ᠫᠣᠷᠲ᠋ᠦ᠋ᠭᠠᠯ᠎ᠤᠨ ᠵᠠᠰᠠᠭ᠎ᠤᠨ ᠣᠷᠳᠣᠨ ᠲᠤᠬᠠᠢ᠎ᠶᠢᠨ ᠵᠢᠯ᠎ᠳᠦ ᠵᠥᠪ ᠲᠣᠭᠲᠠᠭᠠᠯ ᠭᠠᠷᠭᠠᠭᠰᠠ᠎ᠨᠢ ᠭᠦᠢᠴᠡᠳ ᠭᠡᠷᠡᠴᠢᠯᠡᠪᠡ᠃ ᠫᠣᠷᠲ᠋ᠦ᠋ᠭᠠᠯ᠎ᠤᠨ ᠭᠢᠨ ᠨᠢᠭᠡ ᠳᠤᠮᠳᠠᠳᠤ ᠤᠯᠤᠰ ᠪᠠᠢᠬᠤ ᠲᠦᠷᠦ᠎ᠶᠢᠨ ᠪᠣᠳᠣᠯᠭ᠎ᠠ᠎ᠶᠢ ᠦᠷᠭᠦᠯᠵᠢᠯᠡᠨ ᠬᠡᠷᠡᠭᠵᠢᠭᠦᠯᠵᠦ᠂ ᠳᠤᠮᠳᠠᠳᠤ ᠤᠯᠤᠰ ᠡᠴᠡ ᠫᠣᠷᠲ᠋ᠦ᠋ᠭᠠᠯ᠎ᠤᠨ ᠠᠵᠤ ᠠᠬᠤᠢ᠎ᠶᠢᠨ ᠬᠠᠮᠤᠭ᠎ᠤᠨ ᠬᠦᠴᠢᠷᠳᠡᠯᠲᠡᠢ ᠦᠶ᠎ᠡ᠎ᠳᠦ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠢ ᠮᠠᠷᠲᠠᠬᠤ ᠦᠭᠡᠢ ᠶᠤᠮ᠃ ᠫᠣᠷᠲ᠋ᠦ᠋ᠭᠠᠯ᠎ᠤᠨ ᠭᠢᠨ ᠫᠣᠷᠲ᠋ᠦ᠋ᠭᠠᠯ ᠳᠤᠮᠳᠠᠳᠤ᠎ᠶᠢᠨ ᠨᠥᠭᠦᠷᠰᠡᠭ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ᠎ᠪᠡᠷ ᠡᠷᠡᠰ ᠴᠢᠷᠮᠠᠢᠵᠤ᠂ ᠳᠤᠮᠳᠠᠳᠤ ᠤᠯᠤᠰ ᠯᠤᠭ᠎ᠠ ᠤᠯᠤᠰ ᠲᠦᠷᠦ᠎ᠶᠢᠨ ᠢᠲᠡᠭᠡᠯᠴᠡᠭᠡ᠎ᠪᠡᠨ ᠨᠡᠮᠡᠭᠳᠡᠭᠦᠯᠵᠦ᠂ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠎ᠪᠠᠨ ᠨᠢᠭ᠍ᠲᠠᠷᠠᠭᠤᠯᠵᠤ᠂ ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠪᠠᠨ ᠴᠢᠩᠭᠠᠳᠬᠠᠵᠤ᠂ ᠡᠨᠧᠷᠭᠢ᠂ ᠮᠥᠩᠭᠥᠨ ᠭᠦᠢᠯᠭᠡᠭᠡᠨ᠂ ᠡᠷᠡᠭᠦᠯ ᠬᠠᠮᠠᠭᠠᠯᠠᠯ᠂ ᠤᠰᠤᠨ ᠠᠰᠢᠭ᠍ᠯᠠᠯᠲᠠ ᠵᠡᠷᠭᠡ ᠲᠠᠯ᠎ᠠ᠎ᠶᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠦᠷᠭᠦᠯᠵᠢᠯᠡᠨ ᠤᠷᠤᠭ᠍ᠰᠢ ᠬᠥᠭᠵᠢᠬᠦ᠎ᠶᠢ ᠠᠬᠢᠭᠤᠯᠬᠤ᠎ᠶᠢ ᠬᠦᠰᠡᠵᠦ ᠪᠠᠢᠨ᠎ᠠ᠃ ᠳᠤᠮᠳᠠᠳᠤ ᠤᠯᠤᠰ ᠤᠯᠠᠨ ᠤᠯᠤᠰ᠎ᠤᠨ ᠬᠡᠷᠡᠭ ᠶᠠᠪᠤᠳᠠᠯ᠎ᠳᠤ ᠲᠤᠢᠯ᠎ᠤᠨ ᠴᠢᠬᠤᠯᠠ ᠦᠢᠯᠡᠳᠦᠯ ᠦᠵᠡᠭᠦᠯᠵᠦ ᠪᠠᠢᠨ᠎ᠠ᠂ ᠫᠣᠷᠲ᠋ᠦ᠋ᠭᠠᠯ᠎ᠤᠨ ᠭᠢᠨ ᠲᠡᠷᠢᠭᠦᠯᠡᠭᠴᠢ ᠰᠢ᠎ᠵᠢᠨ᠎ᠫᠢᠩ᠎ᠦᠨ ᠳᠤᠷᠠᠳᠤᠭᠰᠠᠨ ᠪᠦᠭᠦ ᠪᠥᠮᠪᠥᠷᠴᠡᠭ᠎ᠦᠨ ᠵᠠᠰᠠᠯᠲᠠ᠎ᠶᠢᠨ ᠰᠠᠨᠠᠭᠠᠴᠢᠯᠠᠭᠠᠳᠤ ᠠᠭᠤᠯᠤᠭᠳᠠᠵᠤ ᠪᠠᠢᠭ᠎ᠠ ᠴᠢᠬᠤᠯᠠ ᠣᠢᠯᠠᠭᠠᠭᠳᠠᠬᠤᠨ᠎ᠢ ᠰᠠᠢᠰᠢᠶᠠᠨ ᠵᠥᠪᠰᠢᠶᠡᠷᠡᠵᠦ ᠪᠠᠢᠨ᠎ᠠ᠂ ᠳᠤᠷᠠᠲᠠᠶ᠎ᠠ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭᠠᠯᠠᠵᠤ᠂ ᠪᠦᠭᠦ ᠪᠥᠮᠪᠥᠷᠴᠡᠭ᠎ᠦᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠲᠠᠯ᠎ᠠ᠎ᠪᠠᠷ ᠳᠤᠮᠳᠠᠳᠤ ᠤᠯᠤᠰ ᠨᠡᠩ ᠶᠡᠬᠡ ᠬᠤᠪᠢ ᠨᠡᠮᠡᠷᠢ ᠦᠵᠡᠭᠦᠯᠭᠦ᠎ᠶᠢ ᠬᠦᠰᠡᠵᠦ ᠪᠠᠢᠨ᠎ᠠ᠃ ᠳᠤᠮᠳᠠᠳᠤ ᠤᠯᠤᠰ ᠪᠣᠯ ᠡᠸᠦ᠋ᠷᠦᠫᠡ ᠲᠢᠪ᠎ᠦᠨ ᠣᠷᠣᠯᠠᠭᠤᠯᠵᠤ ᠪᠣᠯᠣᠰᠢ ᠦᠭᠡᠢ ᠬᠠᠮᠲᠤᠷᠠᠯᠴᠠᠭᠠᠨ᠎ᠤ ᠬᠠᠨᠢᠲᠠᠨ ᠮᠥᠨ᠂ ᠫᠣᠷᠲ᠋ᠦ᠋ᠭᠠᠯ᠎ᠤᠨ ᠭᠢᠨ ᠳᠤᠷᠠᠲᠠᠶ᠎ᠠ ᠡᠸᠦ᠋ᠷᠦᠫᠡ ᠳᠤᠮᠳᠠᠳᠤ᠎ᠶᠢᠨ ᠬᠠᠷᠢᠯᠴᠠᠭ᠎ᠠ᠎ᠶᠢᠨ ᠡᠷᠡᠭᠦᠯ ᠪᠥᠭᠡᠳ ᠲᠣᠭᠲᠠᠭᠤᠨ ᠬᠥᠭᠵᠢᠯᠲᠡ᠎ᠶᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃
ᠸᠠᠩ ᠢ ᠠᠭᠤᠯᠵᠠᠯᠲᠠ᠎ᠳᠤ ᠣᠷᠣᠯᠴᠠᠵᠠᠢ᠃
ᠰᠢᠨᠬᠤᠸᠠ ᠬᠣᠷᠢᠶ᠎ᠠ᠎ᠶ᠋ᠢᠨ ᠪᠡᠭᠡᠵᠢᠩ᠎ᠦᠨ 9 ᠰᠠᠷ᠎ᠠ᠎ᠶᠢᠨ 9 ᠤ᠋ ᠴᠠᠭᠢᠯᠭᠠᠨ ᠮᠡᠳᠡᠭᠡ