ᠯᠢ ᠴᠢᠶᠠᠩ ᠺᠦᠪᠡ᠎ᠶᠢᠨ ᠶᠡᠷᠦᠩᠬᠡᠢ ᠰᠠᠢᠳ ᠮᠠᠷᠧᠷᠣ᠋ ᠯᠤᠭ᠎ᠠ ᠬᠠᠷᠢᠯᠴᠠᠨ ᠪᠠᠶᠠᠷ᠎ᠤᠨ ᠴᠠᠬᠢᠯᠭᠠᠨ ᠶᠠᠪᠤᠭᠤᠯᠪᠠ
ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 28 ᠤ ᠡᠳᠦᠷ᠎ᠦᠨ ᠴᠠᠬᠢᠯᠭᠠᠨ ᠮᠡᠳᠡᠭᠡ 9 ᠳ᠋ᠦ᠍ᠭᠡᠷ ᠰᠠᠷ᠎ᠠ᠎ᠶᠢᠨ 28 ᠤ ᠡᠳᠦᠷ᠂ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠺᠦᠪᠡ᠎ᠶᠢᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠨᠢᠭᠡᠳᠦᠭᠡᠷ ᠱᠦᠵᠢ᠂ ᠺᠦᠪᠡ᠎ᠶᠢᠨ ᠤᠯᠤᠰ᠎ᠤᠨ ᠲᠡᠷᠢᠭᠦᠯᠡᠭᠴᠢ ᠳ᠋ᠢᠶᠠᠽ — ᠺᠠᠨᠧᠯ ᠯᠤᠭ᠎ᠠ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭᠳᠠᠭᠰᠠᠨ 65 ᠵᠢᠯ᠎ᠦᠨ ᠤᠢ᠎ᠶᠢ ᠪᠡᠯᠭᠡᠯᠡᠪᠡ᠃
ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ 65 ᠵᠢᠯ᠎ᠦᠨ ᠡᠮᠦᠨ᠎ᠡ᠂ ᠺᠦᠪᠡ ᠪᠠᠷᠠᠭᠤᠨ ᠬᠠᠭᠠᠰ ᠪᠥᠮᠪᠥᠷᠴᠡᠭ᠎ᠦᠨ ᠤᠯᠤᠰ᠎ᠤᠳ᠎ᠤᠨ ᠳᠤᠮᠳᠠ᠎ᠠᠴᠠ ᠰᠢᠨ᠎ᠡ ᠳᠤᠮᠳᠠᠳᠤ ᠤᠯᠤᠰ ᠯᠤᠭ᠎ᠠ ᠬᠠᠮᠤᠭ᠎ᠤᠨ ᠲᠦᠷᠦᠭᠦᠨ᠎ᠳᠦ ᠭᠠᠳᠠᠭᠠᠳᠤ ᠬᠠᠷᠢᠯᠴᠠᠭ᠎ᠠ ᠪᠠᠢᠭᠤᠯᠵᠤ᠂ ᠳᠤᠮᠳᠠᠳᠤ ᠪᠠ ᠺᠦᠪᠡ᠎ᠶᠢᠨ ᠬᠠᠷᠢᠯᠴᠠᠭᠠᠨ᠎ᠤ ᠰᠢᠨ᠎ᠡ ᠬᠠᠭᠤᠳᠠᠰᠤ᠎ᠶᠢ ᠨᠡᠭᠡᠭᠡᠵᠡᠢ᠃ 65 ᠵᠢᠯ᠎ᠦᠨ ᠲᠤᠷᠰᠢ᠂ ᠳᠤᠮᠳᠠᠳᠤ ᠪᠠ ᠺᠦᠪᠡ᠎ᠶᠢᠨ ᠬᠠᠷᠢᠯᠴᠠᠭ᠎ᠠ ᠦᠷᠭᠦᠯᠵᠢᠯᠡᠨ ᠭᠦᠨᠵᠡᠭᠡᠢᠷᠡᠨ ᠬᠥᠭᠵᠢᠵᠦ᠂ ᠨᠡᠢᠭᠡᠮ ᠵᠢᠷᠤᠮᠲᠤ ᠤᠯᠤᠰ᠎ᠤᠳ᠎ᠤᠨ ᠪᠦᠯᠬᠦᠮᠳᠡᠨ ᠬᠠᠮᠲᠤᠷᠠᠯᠴᠠᠬᠤ᠂ ᠬᠥᠭᠵᠢᠵᠦ ᠪᠠᠢᠭ᠎ᠠ ᠤᠯᠤᠰ᠎ᠤᠳ᠎ᠤᠨ ᠦᠨᠡᠨᠴᠢ᠎ᠪᠡᠷ ᠲᠤᠰᠠᠯᠠᠯᠴᠠᠬᠤ ᠬᠡᠪ ᠳᠠᠭᠤᠷᠢᠶᠠᠯ ᠪᠣᠯᠪᠠ᠃ ᠣᠢᠷ᠎ᠠ᠎ᠶᠢᠨ ᠵᠢᠯ᠎ᠦᠳ᠎ᠲᠦ᠂ ᠪᠢ ᠲᠡᠷᠢᠭᠦᠯᠡᠭᠴᠢ ᠨᠥᠬᠥᠷ ᠯᠦ᠍ᠭᠡ ᠨᠢᠭ᠍ᠲᠠ ᠬᠠᠷᠢᠯᠴᠠᠭ᠎ᠠ᠎ᠪᠠᠨ ᠪᠠᠲᠤᠯᠠᠵᠤ᠂ ᠬᠣᠶᠠᠷ ᠨᠠᠮ ᠬᠣᠶᠠᠷ ᠤᠯᠤᠰ᠎ᠤᠨ ᠬᠠᠷᠢᠯᠴᠠᠭ᠎ᠠ᠎ᠶᠢ ᠬᠥᠲᠥᠯᠥᠨ ᠳᠠᠭᠠᠭᠤᠯᠵᠤ ᠰᠢᠨ᠎ᠡ ᠥᠨᠳᠥᠷᠴᠡ᠎ᠳᠦ ᠬᠦᠷᠭᠡᠵᠡᠢ᠃ ᠲᠦᠷᠦᠭᠦᠬᠡᠨ᠂ ᠲᠡᠷᠢᠭᠦᠯᠡᠭᠴᠢ ᠨᠥᠬᠥᠷ ᠳᠤᠮᠳᠠᠳᠤ ᠤᠯᠤᠰ᠎ᠲᠤ ᠢᠷᠡᠵᠦ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠦ ᠳᠠᠶ᠋ᠢᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ᠎ᠶᠢᠨ ᠳᠠᠶ᠋ᠢᠨ᠎ᠤ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠪᠠ᠂ ᠪᠢ ᠲᠠᠨ ᠲᠠᠢ ᠳᠠᠬᠢᠨᠲᠠ ᠠᠭᠤᠯᠵᠠᠯᠲᠠ ᠬᠢᠵᠦ᠂ ᠳᠤᠮᠳᠠᠳᠤ ᠪᠠ ᠺᠦᠪᠡ᠎ᠶᠢᠨ ᠨᠠᠩ ᠨᠢᠭ᠍ᠲᠠ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠲᠠᠯ᠎ᠠ᠎ᠪᠠᠷ ᠴᠢᠬᠤᠯᠠ ᠬᠠᠮᠲᠤ᠎ᠶᠢᠨ ᠲᠠᠨᠢᠯᠲᠠ ᠲᠠᠢ ᠪᠣᠯᠪᠠ ᠭᠡᠵᠡᠢ᠃
ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ ᠪᠢ ᠳᠤᠮᠳᠠᠳᠤ ᠪᠠ ᠺᠦᠪᠡ᠎ᠶᠢᠨ ᠬᠠᠷᠢᠯᠴᠠᠭᠠᠨ᠎ᠤ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ ᠪᠠᠢᠨ᠎ᠠ᠂ ᠳᠤᠷᠠᠲᠠᠶ᠎ᠠ ᠲᠠᠨ ᠲᠠᠢ ᠬᠠᠮᠲᠤ᠎ᠪᠠᠷ ᠴᠢᠷᠮᠠᠢᠵᠤ᠂ ᠬᠣᠶᠠᠷ ᠤᠯᠤᠰ᠎ᠤᠨ ᠬᠠᠷᠢᠯᠴᠠᠭ᠎ᠠ ᠪᠠᠢᠭᠤᠯᠤᠭᠳᠠᠭᠰᠠᠨ 65 ᠵᠢᠯ᠎ᠦᠨ ᠤᠢ᠎ᠪᠠᠷ ᠰᠢᠨ᠎ᠡ ᠭᠠᠷᠤᠭ᠎ᠠ ᠪᠣᠯᠭᠠᠵᠤ᠂ ᠤᠯᠠᠮᠵᠢᠯᠠᠯᠲᠤ ᠨᠥᠬᠥᠷᠯᠡᠯ᠎ᠢᠶᠡᠨ ᠦᠷᠭᠦᠯᠵᠢᠯᠡᠭᠦᠯᠵᠦ᠂ ᠥᠨᠳᠥᠷ ᠲᠦᠪᠰᠢᠨᠲᠦ ᠤᠯᠤᠰ ᠲᠦᠷᠦ᠎ᠶᠢᠨ ᠢᠲᠡᠭᠡᠯᠴᠡᠭᠡ᠎ᠪᠡᠨ ᠭᠦᠨᠵᠡᠭᠡᠢᠷᠡᠭᠦᠯᠵᠦ᠂ ᠬᠥᠭᠵᠢᠯᠲᠡ᠎ᠶᠢᠨ ᠬᠠᠮᠲᠤᠷᠠᠯᠴᠠᠭ᠎ᠠ᠎ᠪᠠᠨ ᠰᠢᠰᠲ᠋ᠧᠮ ᠲᠡᠢ ᠠᠬᠢᠭᠤᠯᠵᠤ᠂ ᠪᠦᠬᠦ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭ᠎ᠠ᠎ᠪᠠᠨ ᠴᠢᠩᠭᠠᠳᠬᠠᠵᠤ᠂ ᠳᠡᠯᠡᠬᠡᠢ᠎ᠶᠢᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠲᠤ᠎ᠪᠠᠷ ᠬᠠᠮᠠᠭᠠᠯᠠᠵᠤ᠂ ᠳᠤᠮᠳᠠᠳᠤ ᠪᠠ ᠺᠦᠪᠡ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠭᠡᠯ ᠣᠯᠬᠤ᠎ᠶᠢ ᠠᠬᠢᠭᠤᠯᠤᠨ᠎ᠠ ᠭᠡᠪᠡ᠃
ᠳ᠋ᠢᠶᠠᠽ - ᠺᠠᠨᠧᠯ ᠪᠠ ᠺᠦᠪᠡ᠎ᠶᠢᠨ ᠬᠤᠪᠢᠰᠬᠠᠯ᠎ᠤᠨ ᠤᠳᠤᠷᠢᠳᠤᠭᠴᠢ ᠭᠧᠨᠧᠷᠠᠯ ᠷᠠᠦ᠋ᠯ᠎ᠦᠨ ᠨᠡᠷ᠎ᠡ ᠬᠣᠯᠪᠣᠭᠠᠯᠠᠭᠰᠠᠨ ᠪᠠᠶᠠᠷ᠎ᠤᠨ ᠴᠠᠬᠢᠯᠭᠠᠨ᠎ᠳᠤ᠂ 60 ᠭᠠᠷᠤᠢ ᠵᠢᠯ᠎ᠦᠨ ᠲᠤᠷᠰᠢ᠂ ᠺᠦᠪᠡ ᠪᠠ ᠳᠤᠮᠳᠠᠳᠤ᠎ᠶᠢᠨ ᠬᠠᠷᠢᠯᠴᠠᠭ᠎ᠠ ᠴᠠᠭ ᠬᠤᠭᠤᠴᠠᠭᠠᠨ᠎ᠤ ᠰᠢᠯᠭᠠᠯᠲᠠ᠎ᠶᠢ ᠳᠠᠪᠠᠵᠤ ᠦᠷᠭᠦᠯᠵᠢᠯᠡᠨ ᠬᠥᠭᠵᠢᠪᠡ᠃ ᠬᠣᠶᠠᠷ ᠲᠠᠯ᠎ᠠ᠎ᠶᠢᠨ ᠤᠯᠤᠰ ᠲᠦᠷᠦ᠎ᠶᠢᠨ ᠢᠲᠡᠭᠡᠯᠴᠡᠭᠡ ᠭᠦᠨ ᠵᠤᠵᠠᠭᠠᠨ᠂ ᠨᠡᠢᠭᠡᠮ ᠵᠢᠷᠤᠮᠲᠤ ᠪᠦᠲᠦᠭᠡᠨ ᠪᠠᠢᠭᠤᠯᠤᠯᠲᠠ᠎ᠶᠢᠨ ᠲᠤᠷᠰᠢᠯᠭ᠎ᠠ᠎ᠶᠢᠨ ᠰᠣᠯᠢᠯᠴᠠᠭ᠎ᠠ ᠨᠢᠭ᠍ᠲᠠ᠂ ᠤᠯᠠᠮᠵᠢᠯᠠᠯᠲᠤ ᠨᠥᠬᠥᠷᠯᠡᠯ ᠪᠠ ᠨᠥᠬᠥᠷᠰᠡᠭ ᠬᠠᠮᠲᠤᠷᠠᠯᠴᠠᠭᠠᠨ᠎ᠤ ᠬᠠᠷᠢᠯᠴᠠᠭ᠎ᠠ ᠲᠠᠰᠤᠷᠠᠯᠳᠡ ᠦᠭᠡᠢ ᠪᠡᠬᠢᠵᠢᠵᠦ ᠪᠠᠢᠨ᠎ᠠ᠃ ᠺᠦᠪᠡ᠎ᠶᠢᠨ ᠲᠠᠯ᠎ᠠ ᠨᠢᠭᠡ ᠳᠤᠮᠳᠠᠳᠤ ᠤᠯᠤᠰ ᠪᠠᠢᠬᠤ ᠵᠠᠷᠴᠢᠮ᠎ᠢ ᠪᠠᠲᠤ ᠰᠠᠬᠢᠵᠤ᠂ ᠳᠤᠮᠳᠠᠳᠤ ᠤᠯᠤᠰ᠎ᠤᠨ ᠳᠣᠲᠣᠭᠠᠳᠤ ᠵᠠᠰᠠᠭ᠎ᠲᠤ ᠭᠠᠳᠠᠭᠠᠳᠤ᠎ᠶᠢᠨ ᠬᠦᠴᠦᠨ ᠭᠠᠷ ᠲᠦᠷᠦᠭᠦ᠎ᠶᠢ ᠡᠰᠡᠷᠭᠦᠴᠡᠵᠦ᠂ ᠳᠤᠷᠠᠲᠠᠶ᠎ᠠ ᠺᠦᠪᠡ ᠪᠠ ᠳᠤᠮᠳᠠᠳᠤ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠡᠷᠡᠰ ᠭᠤᠢᠪᠢᠰᠢ ᠦᠭᠡᠢ ᠠᠬᠢᠭᠤᠯᠵᠤ᠂ ᠡᠵᠡᠷᠬᠡᠬᠦ ᠦᠵᠡᠯ᠎ᠢ ᠡᠰᠡᠷᠭᠦᠴᠡᠨ᠎ᠡ ᠭᠡᠵᠦ ᠢᠯᠡᠷᠬᠡᠢᠯᠡᠪᠡ᠃
ᠮᠥᠨ ᠡᠳᠦᠷ᠎ᠲᠦ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠪᠠ ᠺᠦᠪᠡ᠎ᠶᠢᠨ ᠶᠡᠷᠦᠩᠬᠡᠢ ᠰᠠᠢᠳ ᠮᠠᠷᠧᠷᠣ᠋ ᠬᠠᠷᠢᠯᠴᠠᠨ ᠪᠠᠶᠠᠷ᠎ᠤᠨ ᠴᠠᠬᠢᠯᠭᠠᠨ ᠶᠠᠪᠤᠭᠤᠯᠪᠠ᠃ ᠯᠢ ᠴᠢᠶᠠᠩ ᠢᠯᠡᠷᠬᠡᠢᠯᠡᠬᠦ᠎ᠳᠦ᠎ᠪᠡᠨ᠂ ᠪᠢ ᠳᠤᠷᠠᠲᠠᠶ᠎ᠠ ᠶᠡᠷᠦᠩᠬᠡᠢ ᠰᠠᠢᠳ ᠨᠥᠬᠥᠷ ᠯᠦ᠍ᠭᠡ ᠨᠢᠭ᠍ᠲᠠ ᠬᠠᠷᠢᠯᠴᠠᠭ᠎ᠠ᠎ᠪᠠᠨ ᠪᠠᠲᠤᠯᠠᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭᠳᠠᠭᠰᠠᠨ 65 ᠵᠢᠯ᠎ᠦᠨ ᠤᠢ᠎ᠪᠠᠷ ᠠᠵᠠ ᠲᠣᠬᠢᠶᠠᠯ ᠪᠣᠯᠭᠠᠵᠤ᠂ ᠬᠣᠶᠠᠷ ᠤᠯᠤᠰ᠎ᠤᠨ ᠲᠡᠷᠢᠭᠦᠨ᠎ᠦ ᠲᠣᠬᠢᠷᠠᠯᠴᠠᠭᠰᠠᠨ ᠴᠢᠬᠤᠯᠠ ᠬᠠᠮᠲᠤ᠎ᠶᠢᠨ ᠲᠠᠨᠢᠯᠲᠠ᠎ᠶᠢ ᠰᠠᠢᠲᠤᠷ ᠨᠠᠢᠳᠠᠪᠤᠷᠢᠵᠢᠭᠤᠯᠵᠤ᠂ ᠥᠨᠳᠥᠷ ᠲᠦᠪᠰᠢᠨᠲᠦ ᠤᠯᠤᠰ ᠲᠦᠷᠦ᠎ᠶᠢᠨ ᠢᠲᠡᠭᠡᠯᠴᠡᠭᠡ᠎ᠪᠡᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭᠠᠨ᠎ᠤ ᠦᠷ᠎ᠡ ᠪᠦᠲᠦᠭᠡᠯ ᠪᠣᠯᠭᠠᠵᠤ᠂ ᠳᠤᠮᠳᠠᠳᠤ ᠪᠠ ᠺᠦᠪᠡ᠎ᠶᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ᠎ᠠ ᠭᠡᠪᠡ᠃ ᠮᠠᠷᠧᠷᠣ᠋ ᠢᠯᠡᠷᠬᠡᠢᠯᠡᠬᠦ᠎ᠳᠦ᠎ᠪᠡᠨ᠂ ᠪᠢ ᠳᠤᠷᠠᠲᠠᠶ᠎ᠠ ᠲᠠᠨ ᠲᠠᠢ ᠬᠠᠮᠲᠤ᠎ᠪᠠᠷ ᠬᠣᠶᠠᠷ ᠤᠯᠤᠰ᠎ᠤᠨ ᠬᠠᠮᠤᠭ᠎ᠤᠨ ᠳᠡᠭᠡᠳᠦ ᠤᠳᠤᠷᠢᠳᠤᠭᠴᠢ᠎ᠶᠢᠨ ᠲᠣᠬᠢᠷᠠᠯᠴᠠᠭᠰᠠᠨ ᠬᠠᠮᠲᠤ᠎ᠶᠢᠨ ᠲᠠᠨᠢᠯᠲᠠ᠎ᠶᠢ ᠪᠦᠲᠦᠮᠵᠢᠲᠡᠢ ᠨᠠᠢᠳᠠᠪᠤᠷᠢᠵᠢᠭᠤᠯᠵᠤ᠂ ᠬᠣᠶᠠᠷ ᠲᠠᠯ᠎ᠠ᠎ᠶᠢᠨ ᠬᠠᠮᠲᠤ᠎ᠪᠠᠷ ᠠᠩᠬᠠᠷᠴᠤ ᠪᠠᠢᠭ᠎ᠠ ᠡᠯ᠎ᠡ ᠬᠦᠷᠢᠶᠡᠨ᠎ᠳᠡᠬᠢ ᠬᠣᠶᠠᠷ ᠲᠠᠯ᠎ᠠ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠦᠨ᠎ᠡ ᠭᠡᠪᠡ᠃