ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠠᠯᠳᠠᠨ ᠲᠤᠭᠤᠰᠬ᠎ᠠ ᠤᠯᠤᠰ᠎ᠤᠳ᠎ᠤᠨ ᠤᠳᠤᠷᠢᠳᠬᠤ ᠬᠦᠮᠦᠰ᠎ᠦᠨ ᠰᠦᠯᠵᠢᠶᠠᠨ ᠲᠡᠭᠡᠷᠡᠬᠢ ᠲᠦᠷᠦᠬᠦᠴᠤᠳ᠎ᠦᠨ ᠬᠤᠷᠠᠯ ᠳ᠋ᠤ ᠤᠷᠤᠯᠴᠠᠬᠰᠡᠨ ᠪᠦᠭᠡᠳ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄ 2025-09-13

9 ᠰᠠᠷ᠎ᠠ᠎ᠶ᠋ᠢᠨ 8 ᠤ᠋ ᠤᠷᠤᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ ᠬᠥᠮᠦᠰ᠎ᠦᠨ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ᠎ᠳᠤ ᠣᠷᠣᠯᠴᠠᠭ᠍ᠰᠠᠨ ᠪᠥᠭᠡᠳ 《ᠪᠦᠯᠬᠦᠮᠳᠡᠨ ᠬᠠᠮᠲᠤᠷᠠᠯᠴᠠᠵᠤ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃

9 ᠰᠠᠷ᠎ᠠ᠎ᠶ᠋ᠢᠨ 8 ᠤ᠋ ᠤᠷᠤᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ ᠬᠥᠮᠦᠰ᠎ᠦᠨ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ᠎ᠳᠤ ᠣᠷᠣᠯᠴᠠᠭ᠍ᠰᠠᠨ ᠪᠥᠭᠡᠳ 《ᠪᠦᠯᠬᠦᠮᠳᠡᠨ ᠬᠠᠮᠲᠤᠷᠠᠯᠴᠠᠵᠤ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃

ᠪᠷᠠᠽᠢᠯ᠎ᠤᠨ ᠶᠡᠷᠦᠩᠬᠡᠢᠯᠡᠭ᠌ᠴᠢ ᠯᠦᠯᠠ ᠲᠦᠷᠦᠭᠦᠴᠦᠳ᠎ᠦᠨ ᠬᠤᠷᠠᠯ᠎ᠢ ᠡᠷᠬᠢᠯᠡᠵᠦ᠍᠂ ᠤᠷᠤᠰ᠎ᠤᠨ ᠶᠡᠷᠦᠩᠬᠡᠢᠯᠡᠭ᠌ᠴᠢ ᠫᠦᠲ᠋ᠢᠨ᠂ ᠡᠮᠦᠨᠡᠲᠦ ᠠᠹᠷᠢᠺᠠ᠎ᠶ᠋ᠢᠨ ᠶᠡᠷᠦᠩᠬᠡᠢᠯᠡᠭ᠌ᠴᠢ ᠯᠠᠮᠠᠹᠦ᠋ᠰᠠ᠂ ᠶᠧᠵᠢᠫᠲ᠎ᠦᠨ ᠶᠡᠷᠦᠩᠬᠡᠢᠯᠡᠭ᠌ᠴᠢ ᠰᠠᠢ᠌ᠰᠢ᠂ ᠢᠷᠠᠨ᠎ᠤ ᠶᠡᠷᠦᠩᠬᠡᠢᠯᠡᠭ᠌ᠴᠢ ᠫᠸᠽᠸᠱ᠌ᠺᠢᠶᠠᠨ᠂ ᠢᠨᠳᠣᠨᠧᠱᠢᠢ᠎ᠠ᠎ᠶ᠋ᠢᠨ ᠶᠡᠷᠦᠩᠬᠡᠢᠯᠡᠭ᠌ᠴᠢ ᠫᠷᠠᠪᠤᠸᠸ᠂ ᠠᠷᠠᠪ᠎ᠤᠨ ᠬᠣᠯᠪᠣᠭᠠᠲᠤ ᠠᠬᠠᠮᠠᠳᠳᠦ ᠤᠯᠤᠰ᠎ᠤᠨ ᠠᠪᠦ᠋ ᠽᠠᠪᠢ ᠸᠠᠩ᠎ᠤᠨ ᠵᠠᠯᠭᠠᠮᠵᠢᠯᠠᠭ᠍ᠴᠢ ᠬᠠᠯᠢᠳ᠋ᠸ ᠵᠢᠴᠢ ᠡᠨᠡᠳᠭᠡᠭ᠂ ᠡᠸᠽᠢᠤᠫᠢᠶ᠎ᠠ᠎ᠶᠢᠨ ᠲᠥᠯᠥᠭᠡᠯᠡᠭ᠌ᠴᠢ ᠬᠤᠷᠠᠯ᠎ᠳᠤ ᠣᠷᠣᠯᠴᠠᠵᠠᠢ᠃

ᠰᠢ᠎ᠵᠢᠨ᠎ᠫᠢᠩ᠂ ᠣᠳᠣᠬᠠᠨ᠎ᠳᠤ ᠳᠡᠯᠡᠬᠡᠢ ᠳ᠋ᠠᠬᠢᠨ᠎ᠤ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ᠂ ᠡᠵᠡᠷᠬᠡᠬᠦ᠌ ᠦᠵᠡᠯ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠦᠷᠬᠡᠨ᠎ᠢᠶᠡᠷ ᠲᠠᠷᠬᠠᠵᠤ ᠶᠡᠬᠡ᠎ᠭᠠᠵᠠᠷ ᠠᠪᠴᠤ ᠪᠠᠢᠨ᠎ᠠ᠃ ᠠᠯᠳᠠᠨ ᠲᠣᠭᠣᠰᠭ᠎ᠠ ᠤᠯᠤᠰ᠎ᠤᠳ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ ᠤ᠋ᠳ᠎ᠦᠨ ᠨᠢᠭᠡᠳᠦᠭᠡᠷ ᠵᠢᠭ᠍ᠰᠠᠭᠠᠯ ᠪᠣᠯᠤᠭ᠍ᠰᠠᠨ᠎ᠤ ᠬᠤᠪᠢ᠎ᠳᠤ᠂ ᠨᠡᠭᠡᠭᠡᠯᠲᠡ ᠲᠡᠢ ᠪᠠᠭ᠍ᠲᠠᠭᠠᠮᠵᠢᠲᠠᠢ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠠᠯᠳᠠᠨ ᠲᠣᠭᠣᠰᠭ᠎ᠠ ᠤᠯᠤᠰ᠎ᠤᠳ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠶ᠋ᠢ ᠪᠠᠷᠢᠮᠲᠠᠯᠠᠵᠤ᠂ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭᠠᠯᠠᠵᠤ᠂ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ 《ᠲᠤᠮᠤ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ》᠎ᠶᠢ ᠠᠬᠢᠭᠤᠯᠵᠤ᠂ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠶ᠎ᠠ ᠭᠡᠵᠤ ᠵᠢᠭᠠᠵᠤ ᠭᠠᠷᠭᠠᠪᠠ᠃

9 ᠰᠠᠷ᠎ᠠ᠎ᠶ᠋ᠢᠨ 8 ᠤ᠋ ᠤᠷᠤᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ ᠬᠥᠮᠦᠰ᠎ᠦᠨ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ᠎ᠳᠤ ᠣᠷᠣᠯᠴᠠᠭ᠍ᠰᠠᠨ ᠪᠥᠭᠡᠳ 《ᠪᠦᠯᠬᠦᠮᠳᠡᠨ ᠬᠠᠮᠲᠤᠷᠠᠯᠴᠠᠵᠤ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃

ᠰᠢ᠎ᠵᠢᠨ᠎ᠫᠢᠩ 3 ᠰᠠᠨᠠᠭᠤᠯᠭ᠎ᠠ ᠳᠤᠷᠠᠳᠪᠠ᠄

ᠨᠢᠭᠡᠳᠦᠭᠡᠷ᠎ᠲᠦ᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠶ᠎ᠠ ᠃ ᠤᠯᠠᠨ ᠲᠠᠯᠠᠲᠤ ᠦᠵᠡᠯ ᠪᠣᠯ ᠬᠥᠮᠦᠰ᠎ᠦᠨ ᠰᠡᠳᠭᠢᠯ᠎ᠦᠨ ᠬᠠᠨᠳᠤᠰᠢ᠂ ᠶᠡᠷᠦᠩᠬᠡᠢ ᠬᠠᠨᠳᠤᠰᠢ ᠮᠥᠨ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢᠨ ᠴᠢᠬᠤᠯᠠ ᠲᠦᠱᠢᠭ ᠮᠥᠨ᠃ ᠪᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ ᠵᠢ ᠳᠤᠷᠠᠳᠤᠭ᠍ᠰᠠᠨ ᠵᠤᠷᠢᠯᠭ᠎ᠠ ᠪᠤᠯ ᠡᠯ᠎ᠡ ᠤᠯᠤᠰ᠎ᠤᠨ ᠭᠠᠷ ᠬᠣᠯᠪᠣᠨ ᠠᠵᠢᠯᠯᠠᠬᠤ᠎ᠶ᠋ᠢ ᠠᠬᠢᠭᠤᠯᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠲᠥᠯᠥᠭᠡ ᠶᠤᠮ᠃ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠤᠯᠠᠨ ᠤᠯᠤᠰ᠎ᠤᠨ ᠡᠮᠬᠢ ᠳᠢᠭ᠌ᠯᠢᠮ᠎ᠢ ᠬᠠᠮᠠᠭᠠᠯᠠᠵᠤ᠂ ᠤᠯᠠᠨ ᠲᠠᠯᠠᠲᠤ ᠦᠵᠡᠯ᠎ᠦᠨ ᠰᠠᠭᠤᠷᠢ᠎ᠶ᠋ᠢ ᠪᠡᠬᠢᠵᠢᠭᠦᠯᠤᠶ᠎ᠠ᠃ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯᠲᠠ᠎ᠶ᠋ᠢ ᠢᠳᠡᠪᠬᠢᠲᠡᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠲᠥᠯᠥᠭᠡᠯᠡᠬᠦ᠌ ᠴᠢᠨᠠᠷ ᠪᠣᠯᠤᠨ ᠦᠭᠡ ᠬᠡᠯᠡᠬᠦ᠌ ᠡᠷᠬᠡ᠎ᠶ᠋ᠢ ᠳᠡᠭᠡᠭ᠌ᠰᠢᠯᠡᠭᠦᠯᠤᠶ᠎ᠠ᠃ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠬᠦ᠌᠎ᠪᠡᠷ ᠳᠠᠮᠵᠢᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠭᠦᠢᠴᠡᠳ ᠳᠠᠢ᠌ᠴᠢᠯᠠᠵᠤ᠂ ᠬᠥᠮᠦᠨ ᠲᠥᠷᠥᠯᠬᠢᠲᠡᠨ᠎ᠦ ᠨᠡᠢᠭᠡᠮ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠥᠷᠢᠰᠥᠯᠳᠦᠭᠡᠨ᠎ᠢ ᠨᠡᠩ ᠰᠠᠢᠲᠤᠷ ᠠᠷᠭᠠᠴᠠᠭᠠᠶ᠎ᠠ᠃

ᠬᠣᠶᠠᠳᠤᠭᠠᠷ᠎ᠲᠤ᠂ ᠨᠡᠭᠡᠭᠡᠯᠲᠡ ᠬᠢᠵᠦ᠍ ᠬᠠᠮᠲᠤ᠎ᠪᠠᠷ ᠠᠱᠢᠭ ᠬᠦᠷᠲᠡᠬᠦ᠌᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭ᠌ᠯᠢᠮ᠎ᠢ ᠬᠠᠮᠠᠭᠠᠯᠠᠶ᠎ᠠ᠃ ᠠᠵᠤ ᠠᠬᠤᠢ᠎ᠶ᠋ᠢᠨ ᠳᠡᠯᠡᠬᠡᠢᠵᠢᠯᠲᠡ ᠪᠣᠯ ᠬᠤᠷᠢᠭ᠍ᠯᠠᠭ᠍ᠳᠠᠰᠢ ᠦᠭᠡᠢ ᠲᠡᠦᠬᠡ᠎ᠶ᠋ᠢᠨ ᠤᠷᠤᠰᠭᠠᠯ ᠮᠥᠨ᠃ ᠡᠯ᠎ᠡ ᠤᠯᠤᠰ᠎ᠤᠨ ᠬᠥᠭ᠌ᠵᠢᠯᠲᠡ ᠨᠢ ᠨᠡᠭᠡᠭᠡᠯᠲᠡ ᠬᠢᠵᠦ᠍ ᠬᠠᠮᠲᠤᠷᠠᠯᠴᠠᠬᠤ ᠤᠯᠠᠨ ᠤᠯᠤᠰ᠎ᠤᠨ ᠣᠷᠴᠢᠨ ᠲᠣᠭᠣᠷᠢᠨ᠎ᠡᠴᠡ ᠰᠠᠯᠵᠤ ᠴᠢᠳᠠᠬᠤ ᠦᠭᠡᠢ᠂ ᠬᠡᠨ ᠴᠦ᠍ ᠭᠡᠳ ᠥᠪᠡᠷ᠎ᠢ᠎ᠪᠡᠨ ᠪᠢᠲᠡᠭᠦᠮᠵᠢᠯᠡᠭ᠌ᠰᠡᠨ ᠥᠨᠥᠴᠢᠨ ᠠᠷᠠᠯ᠎ᠳᠠᠭᠠᠨ ᠪᠤᠴᠠᠵᠤ ᠴᠢᠳᠠᠬᠤ ᠦᠭᠡᠢ ᠶᠤᠮ᠃ ᠨᠡᠭᠡᠭᠡᠯᠲᠡᠲᠦ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠠᠢᠭᠤᠯᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠨᠡᠭᠡᠭᠡᠯᠳᠠ᠎ᠶ᠋ᠢᠨ ᠳᠤᠮᠳᠠ ᠠᠵᠠ ᠲᠣᠬᠢᠶᠠᠯ᠎ᠢ ᠬᠤᠪᠢᠶᠠᠯᠴᠠᠵᠤ᠂ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ; ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭ᠍ᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠠᠯᠢᠪᠠ ᠬᠡᠯᠪᠡᠷᠢ᠎ᠶ᠋ᠢᠨ ᠬᠠᠮᠠᠭᠠᠯᠠᠬᠤ ᠦᠵᠡᠯ᠎ᠢ ᠡᠰᠡᠷᠭᠦᠴᠡᠬᠦ᠌ ᠬᠡᠷᠡᠭ᠌ᠲᠡᠢ; ᠲᠦᠭᠡᠮᠡᠯ ᠬᠠᠷᠠᠭᠠᠯᠵᠠᠯᠳᠤ᠎ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠰᠠᠨᠠᠭᠠᠴᠢᠯᠠᠵᠤ᠂ ᠬᠥᠭ᠌ᠵᠢᠯᠲᠡ᠎ᠶ᠋ᠢ ᠤᠯᠠᠨ ᠤᠯᠤᠰ᠎ᠤᠨ ᠵᠥᠪᠯᠡᠬᠦ᠌ ᠵᠦᠢᠯ᠎ᠦᠨ ᠭᠣᠣᠯ ᠪᠠᠢᠷᠢᠨ᠎ᠳᠤ ᠲᠠᠯᠪᠢᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠢ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠡᠷᠬᠡ ᠲᠡᠭ᠌ᠰᠢ᠎ᠪᠡᠷ ᠣᠷᠣᠯᠴᠠᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠶ᠎ᠡ᠃

ᠭᠤᠷᠪᠠᠳᠤᠭᠠᠷ᠎ᠲᠤ᠂ ᠪᠦᠯᠬᠦᠮᠳᠡᠨ ᠬᠠᠮᠲᠤᠷᠠᠯᠴᠠᠬᠤ᠎ᠶ᠋ᠢ ᠪᠠᠷᠢᠮᠲᠠᠯᠠᠵᠤ᠂ ᠬᠠᠮᠲᠤ᠎ᠪᠠᠷ ᠬᠥᠭ᠌ᠵᠢᠬᠦ᠌ ᠬᠠᠮᠲᠤᠷᠠᠯ ᠬᠦᠴᠦᠨ᠎ᠢ ᠨᠢᠭ᠍ᠲᠠᠷᠠᠭᠤᠯᠤᠶ᠎ᠠ᠃ ᠠᠯᠳᠠᠨ ᠲᠣᠭᠣᠰᠭ᠎ᠠ ᠤᠯᠤᠰ᠎ᠤᠳ᠎ᠤᠨ ᠬᠥᠮᠦᠨ ᠠᠮᠠ ᠳᠡᠯᠡᠬᠡᠢ᠎ᠶ᠋ᠢᠨ ᠬᠠᠭᠠᠰ ᠱᠢᠬᠠᠮ᠎ᠢ ᠡᠵᠡᠯᠡᠵᠦ᠍᠂ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ ᠳᠡᠯᠡᠬᠡᠢ᠎ᠶ᠋ᠢᠨ 30%᠎ᠵᠢ ᠡᠵᠡᠯᠡᠵᠦ᠍᠂ ᠠᠷᠠᠯᠵᠢᠶᠠᠨ᠎ᠤ ᠶᠡᠷᠦᠩᠬᠡᠢ ᠬᠡᠮᠵᠢᠢ᠎ᠡ ᠳᠡᠯᠡᠬᠡᠢ᠎ᠶ᠋ᠢᠨ ᠲᠠᠪᠤᠨ᠎ᠤ ᠨᠢᠭᠡ᠎ᠶ᠋ᠢ ᠡᠵᠡᠯᠡᠵᠦ᠍ ᠪᠤᠢ᠃ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ ᠤᠯᠠᠮ ᠨᠢᠭ᠍ᠲᠠ ᠪᠣᠯᠬᠤ ᠲᠤᠳᠤᠮ᠂ ᠭᠠᠳᠠᠭᠠᠳᠤ ᠣᠷᠴᠢᠨ᠎ᠤ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠬᠦᠴᠦᠨ ᠴᠢᠳᠠᠯ ᠤᠯᠠᠮ ᠲᠡᠭᠦᠯᠳᠡᠷ᠂ ᠠᠷᠭ᠎ᠠ ᠬᠡᠮᠵᠢᠢ᠎ᠡ ᠨᠡᠩ ᠤᠯᠠᠨ᠂ ᠦᠷ᠎ᠡ ᠪᠦᠲᠦᠮᠵᠢ ᠤᠯᠠᠮ ᠰᠠᠢ᠌ᠨ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠪᠤᠰᠤᠳ ᠠᠯᠲᠠᠨ ᠲᠣᠭᠣᠰᠭ᠎ᠠ ᠤᠯᠤᠰ᠎ᠤᠳ᠎ᠲᠠᠶ ᠬᠠᠮᠲᠤ᠎ᠪᠠᠷ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢ ᠠᠬᠢᠭᠤᠯᠵᠤ᠂ ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠠᠵᠤ ᠠᠬᠤᠢ ᠠᠷᠠᠯᠵᠢᠶ᠎ᠠ᠂ ᠮᠥᠩᠭᠥᠨ ᠭᠦᠢᠯᠭᠡᠬᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠬᠦᠷᠢᠶᠡᠨ᠎ᠳᠦ ᠨᠡᠩ ᠤᠯᠠᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠡᠭᠦᠳᠴᠦ᠍᠂ 《ᠲᠤᠮᠤ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ》᠎ᠶᠢᠨ ᠰᠠᠭᠤᠷᠢ᠎ᠶ᠋ᠢ ᠨᠡᠩ ᠪᠠᠲᠤ ᠪᠡᠬᠢ᠂ ᠬᠥᠳᠡᠯᠭᠡᠬᠦ᠌ ᠬᠦᠴᠦᠨ᠎ᠢ ᠨᠡᠩ ᠭᠦᠢᠴᠡᠳ᠂ ᠨᠥᠯᠥᠭᠡ᠎ᠶ᠋ᠢ ᠨᠡᠩ ᠶᠡᠬᠡ᠂ ᠡᠯ᠎ᠡ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠨᠡᠩ ᠰᠠᠢ᠌ᠳᠤᠷ ᠠᠱᠢᠭ ᠬᠦᠷᠲᠡᠭᠡᠶ᠎ᠠ᠃

ᠬᠤᠷᠠᠯ᠎ᠳᠤ ᠣᠷᠣᠯᠴᠠᠭ᠍ᠰᠠᠨ ᠤᠳᠤᠷᠢᠳᠭᠤ ᠬᠥᠮᠦᠰ᠂ ᠣᠳᠣᠬᠠᠨ᠎ᠳᠤ ᠭᠠᠭ᠍ᠴᠠ ᠲᠠᠯᠠᠲᠤ ᠦᠵᠡᠯ ᠪᠣᠯᠤᠨ ᠡᠵᠡᠷᠬᠡᠭ ᠠᠵᠢᠯᠯᠠᠭ᠎ᠠ ᠤᠯᠠᠨ ᠤᠯᠤᠰ᠎ᠤᠨ ᠡᠮᠬᠢ ᠳᠢᠭ᠌ᠯᠢᠮ᠎ᠳ᠋ᠤ ᠴᠤᠬᠢᠯᠳᠠ ᠦᠭᠴᠤ᠂ ᠤᠯᠠᠨ ᠤᠯᠤᠰ᠎ᠤᠨ ᠬᠠᠤᠯᠢ ᠪᠣᠯᠤᠨ ᠤᠯᠠᠨ ᠤᠯᠤᠰ᠎ᠤᠨ ᠳᠦᠷᠢᠮ ᠰᠦᠷᠳᠡᠭᠦᠯᠦᠯ᠎ᠳᠦ ᠤᠴᠠᠷᠠᠵᠤ᠂ ᠠᠷᠠᠯᠵᠢᠶ᠎ᠠ ᠨᠢ ᠪᠤᠰᠤᠳ ᠤᠯᠤᠰ᠎ᠤᠨ ᠳᠣᠲᠣᠭᠠᠳᠤ ᠶᠠᠪᠤᠳᠠᠯ᠎ᠳᠤ ᠭᠠᠷ ᠲᠦᠷᠦᠭᠦ᠌ ᠪᠠᠭᠠᠵᠢ ᠪᠤᠯᠵᠤ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠬᠦᠨᠳᠦ ᠨᠣᠴᠢᠲᠠᠢ ᠨᠥᠯᠥᠭᠡᠯᠡᠵᠦ᠍ ᠪᠠᠢᠨ᠎ᠠ᠃ ᠠᠯᠳᠠᠨ ᠲᠣᠭᠣᠰᠭ᠎ᠠ ᠤᠯᠤᠰ᠎ᠤᠳ ᠪᠦᠯᠬᠦᠮᠳᠡᠨ ᠬᠠᠮᠵᠢᠯᠴᠠᠬᠤ᠎ᠪᠠᠨ ᠴᠢᠩᠭᠠᠳᠭᠠᠵᠤ᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠭᠠᠷ ᠬᠣᠯᠪᠣᠨ ᠠᠷᠭᠠᠴᠠᠭᠠᠵᠤ᠂ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭᠠᠯᠠᠵᠤ᠂ ᠴᠢᠯᠥᠭᠡᠲᠡᠢ ᠨᠡᠭᠡᠭᠡᠯᠲᠡᠲᠦ ᠤᠯᠠᠨ ᠤᠯᠤᠰ᠎ᠤᠨ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠤᠨ ᠬᠠᠮᠲᠤ᠎ᠶ᠋ᠢᠨ ᠠᠱᠢᠭ ᠲᠤᠰᠠ᠎ᠶ᠋ᠢ ᠬᠠᠮᠠᠭᠠᠯᠠᠶ᠎ᠠ ᠬᠡᠵᠤ ᠢᠯᠡᠷᠬᠡᠢᠯᠡᠪᠡ᠃ ᠡᠯ᠎ᠡ ᠤᠯᠤᠰ᠎ᠤᠨ ᠤᠳᠤᠷᠢᠳᠭᠤ ᠬᠥᠮᠦᠰ᠎ᠦᠨ ᠦᠵᠡᠬᠦ᠌᠎ᠪᠡᠷ᠂ ᠲᠡᠷᠢᠭᠦᠯᠡᠭ᠌ᠴᠢ ᠰᠢ᠎ᠵᠢᠨ᠎ᠫᠢᠩ᠎ᠦᠨ ᠳᠤᠷᠠᠳᠤᠭ᠍ᠰᠠᠨ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ ᠨᠢ ᠵᠠᠩᠬᠢᠯᠠᠭ᠎ᠠ ᠵᠢᠨ ᠠᠰᠠᠭᠤᠳᠠᠯ᠎ᠢ ᠣᠨᠣᠭᠠᠵᠤ᠂ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢ ᠲᠡᠭᠦᠯᠳᠡᠷᠵᠢᠭᠦᠯᠬᠦ᠌ ᠴᠢᠭ᠌ᠯᠡᠯ ᠪᠠ ᠠᠷᠭ᠎ᠠ ᠵᠠᠮ᠎ᠢ ᠲᠣᠳᠣᠷᠬᠠᠢ ᠵᠢᠭᠠᠭ᠍ᠰᠠᠨ ᠪᠠᠢᠨ᠎ᠠ᠃ ᠡᠯ᠎ᠡ ᠲᠠᠯ᠎ᠠ᠎ᠶ᠋ᠢᠨ ᠬᠢᠨ ᠪᠠᠰᠠ ᠦᠺᠷᠠᠢᠨ᠎ᠤ ᠬᠢᠮᠤᠷᠠᠯ᠂ ᠭᠠᠽᠠ᠎ᠶ᠋ᠢᠨ ᠮᠥᠷᠭᠥᠯᠳᠦᠭᠡᠨ ᠵᠡᠷᠭᠡ ᠬᠠᠯᠠᠮᠰᠢᠯ ᠠᠰᠠᠭᠤᠳᠠᠯ᠎ᠤᠨ ᠲᠤᠬᠠᠢ ᠦᠷᠭᠦᠯᠵᠢᠯᠡᠨ ᠤᠯᠤᠯᠴᠠᠭ᠎ᠠ᠎ᠪᠡᠨ ᠪᠠᠲᠤᠯᠠᠵᠤ᠂ ᠦᠺᠷᠠᠢᠨ᠎ᠤ ᠬᠢᠮᠤᠷᠠᠯ᠎ᠤᠨ 《ᠡᠩᠬᠡ ᠲᠠᠢᠪᠤᠩ᠎ᠤᠨ ᠨᠠᠢᠵᠠ》᠎ᠶᠢᠨ ᠳᠤᠭᠤᠢᠯᠠᠩ᠎ᠤᠨ ᠦᠢᠯᠡᠳᠦᠯ᠎ᠢ ᠪᠠᠳᠠᠷᠠᠭᠤᠯᠤᠨ᠂ ᠫᠠᠯᠸᠰᠲ᠋ᠠᠢᠨ᠎ᠤ ᠠᠰᠠᠭᠤᠳᠠᠯ᠎ᠢ ᠱᠢᠶ᠋ᠳᠪᠦᠷᠢᠯᠡᠬᠦ᠌ 《ᠬᠣᠶᠠᠷ ᠤᠯᠤᠰ᠎ᠤᠨ ᠲᠥᠰᠦᠯ》᠎ᠢ ᠪᠠᠷᠢᠮᠲᠠᠯᠠᠵᠤ᠂ ᠳᠤᠮᠳᠠᠳᠤ ᠳᠣᠷᠣᠨᠠᠲᠤ ᠣᠷᠣᠨ᠎ᠤ ᠡᠩᠬᠡ ᠲᠠᠢᠪᠤᠩ ᠲᠣᠭ᠍ᠲᠠᠭᠤᠨ᠎ᠢ ᠬᠠᠮᠠᠭᠠᠯᠠᠨ᠎ᠠ ᠬᠡᠵᠤ ᠵᠥᠪᠱᠢᠶᠡᠷᠡᠪᠡ᠃

ᠼᠠᠢ ᠴᠢ᠂ ᠸᠠᠩ ᠢ᠎ᠨᠡᠷ ᠣᠷᠣᠯᠴᠠᠵᠠᠢ᠃

ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            