9 ᠰᠠᠷ᠎ᠠ᠎ᠶ᠋ᠢᠨ 16 ᠤ ᠡᠳᠦᠷ ᠬᠡᠪᠯᠡᠭᠳᠡᠬᠦ 18 ᠳ᠋ᠤᠭᠠᠷ ᠬᠤᠭᠤᠴᠠᠭᠠᠨ᠎ᠦ 《ᠦᠨᠡᠨ》 ᠰᠡᠳᠬᠦᠯ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶ᠋ᠢᠨ ᠲᠡᠷᠢᠭᠦᠯᠡᠭᠴᠢ ᠰᠢ᠎ᠵᠢᠨ᠎ᠫᠢᠩ᠎ᠦᠨ 《ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃
ᠵᠣᠬᠢᠶᠠᠯ᠎ᠳᠦ᠂ ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠪᠦᠲᠦᠭᠡᠨ ᠪᠠᠶ᠋ᠢᠭᠤᠯᠬᠤ ᠪᠣᠯ ᠨᠠᠮ᠎ᠤᠨ ᠲᠥᠪ ᠬᠤᠷᠢᠶ᠎ᠠ᠎ᠵᠢᠨ ᠭᠠᠷᠭᠠᠭᠰᠠᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠮᠥᠨ᠂ ᠡᠨᠡ ᠨᠢ ᠰᠢᠨ᠎ᠡ ᠬᠥᠭᠵᠢᠯᠲᠡ᠎ᠶ᠋ᠢᠨ ᠪᠠᠢᠷᠢᠰᠢᠯ᠎ᠢ ᠪᠠᠶ᠋ᠢᠭᠤᠯᠬᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶ᠋ᠢᠨ ᠬᠡᠷᠡᠭᠴᠡᠭᠡ ᠪᠣᠯᠬᠤ᠎ᠪᠡᠷ ᠪᠠᠷᠠᠬᠤ ᠦᠭᠡᠢ᠂ ᠪᠠᠰᠠ ᠴᠤ᠌ ᠣᠯᠠᠨ ᠤᠯᠤᠰ᠎ᠤᠨ ᠥᠷᠢᠰᠦᠯᠳᠦᠭᠡᠨ᠎ᠤ ᠰᠠᠨᠠᠭᠠᠴᠢᠯᠠᠭᠠᠲᠤ ᠡᠷᠬᠡ᠎ᠶ᠋ᠢ ᠣᠯᠬᠤ᠎ᠶᠢᠨ ᠬᠡᠷᠡᠭᠴᠡᠭᠡ ᠮᠥᠨ᠃ ᠮᠠᠨ᠎ᠦ ᠤᠯᠤᠰ ᠪᠦᠬᠦ ᠪᠥᠮᠪᠥᠷᠴᠡᠭ᠎ᠤᠨ ᠬᠣᠶᠠᠳᠤᠭᠠᠷ ᠲᠣᠮᠣ᠌ ᠬᠡᠷᠡᠭᠯᠡᠭᠡ᠎ᠶ᠋ᠢᠨ ᠵᠠᠬ᠎ᠠ ᠳᠡᠯᠭᠡᠭᠦᠷ ᠪᠣᠯᠤᠭᠰᠠᠨ᠎ᠤ ᠬᠤᠪᠢ᠎ᠳᠤ᠂ ᠡᠷᠬᠡᠪᠰᠢ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠢ ᠰᠠᠢᠲᠤᠷ ᠪᠦᠲᠦᠭᠡᠨ ᠪᠠᠢᠭᠤᠯᠵᠤ᠂ ᠪᠢᠳᠡᠨ᠎ᠦ ᠠᠶᠤᠯ ᠲᠦᠭᠰᠢᠭᠦᠷᠢ ᠥᠷᠢᠰᠦᠯᠳᠦᠭᠡᠨ᠎ᠢ ᠯᠠᠪᠳᠠᠭᠤᠨ ᠠᠷᠭᠠᠴᠠᠭᠠᠬᠤ ᠢᠲᠡᠭᠡᠯ ᠵᠣᠷᠢᠭ᠋᠎ᠢᠶᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠤᠨ ᠪᠦᠲᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠬᠤ᠎ᠶ᠋ᠢᠨ ᠦᠨᠳᠦᠰᠦᠨ ᠱᠠᠭᠠᠷᠳᠠᠯᠭ᠎ᠠ ᠪᠣᠯ 《ᠲᠠᠪᠤ᠎ᠶ᠋ᠢ ᠨᠢᠭᠡᠳᠦᠯᠲᠠᠢ ᠪᠤᠯᠭᠠᠵᠦ᠂ ᠨᠢᠭᠡ᠎ᠶ᠋ᠢ ᠨᠡᠭᠡᠭᠡᠯᠲᠡ ᠬᠢᠬᠦ》 ᠶᠠᠪᠤᠳᠠᠯ ᠪᠣᠯᠣᠨ᠎ᠠ᠃ 《ᠲᠠᠪᠤ᠎ᠶ᠋ᠢ ᠨᠢᠭᠡᠳᠬᠡᠬᠦ》 ᠭᠡᠳᠡᠭ ᠨᠢ ᠵᠠᠬ᠎ᠠ ᠳᠡᠯᠭᠡᠭᠦᠷ᠎ᠤᠨ ᠰᠠᠭᠤᠷᠢ ᠳᠦᠷᠢᠮ᠎ᠢ ᠨᠢᠭᠡᠳᠦᠯᠳᠠᠢ ᠪᠤᠯᠭᠠᠨ᠎ᠠ᠂ ᠢᠯᠠᠩᠭᠤᠶ᠎ᠠ ᠥᠮᠴᠢᠯᠡᠯ᠎ᠦᠨ ᠡᠷᠬᠡ᠎ᠶᠢᠨ ᠬᠠᠮᠠᠭᠠᠯᠠᠯᠲᠠ᠂ ᠭᠣᠣᠯᠴᠢ ᠥᠷᠢᠰᠦᠯᠳᠦᠭᠡᠨ᠂ ᠶᠠᠰᠤ ᠴᠢᠨᠠᠷ᠎ᠤᠨ ᠪᠠᠷᠢᠮᠵᠢᠶ᠎ᠠ ᠵᠡᠷᠭᠡ ᠳᠦᠷᠢᠮ᠎ᠤᠨ ᠨᠢᠭᠡᠳᠦᠯ᠎ᠢ ᠪᠡᠶᠡᠯᠡᠭᠦᠯᠬᠦ ᠶᠠᠪᠤᠳᠠᠯ ᠪᠣᠯᠣᠨ᠎ᠠ; ᠵᠠᠬ᠎ᠠ ᠳᠡᠯᠭᠡᠭᠦᠷ᠎ᠦᠨ ᠰᠠᠭᠤᠷᠢ ᠲᠥᠬᠦᠭᠡᠷᠦᠮᠵᠢ᠎ᠶᠢ ᠨᠢᠭᠡᠳᠦᠯᠳᠠᠢ ᠪᠤᠯᠭᠠᠨ᠎ᠠ᠂ ᠡᠳ᠋ ᠪᠠᠷᠠᠭᠠᠨ᠎ᠤ ᠭᠦᠢᠯᠭᠡᠭᠡ᠂ ᠪᠡᠯᠡ ᠮᠥᠩᠭᠥᠨ᠎ᠦ ᠭᠦᠢᠯᠭᠡᠭᠡ᠂ ᠮᠡᠳᠡᠭᠡ ᠵᠠᠩᠭᠢ᠎ᠶᠢᠨ ᠭᠦᠢᠯᠭᠡᠭᠡ᠎ᠶᠢ ᠨᠠᠪᠲᠠᠷᠡᠭᠦᠯᠵᠦ᠂ ᠤᠳᠤ ᠦᠶ᠎ᠡ᠎ᠶᠢᠨ ᠠᠷᠠᠯᠵᠢᠶ᠎ᠠ ᠬᠤᠳᠠᠯᠳᠤᠭᠠᠨᠦ ᠭᠦᠢᠯᠭᠡᠭᠡᠨ᠎ᠤ ᠰᠢᠰᠲᠧᠮ᠎ᠢ ᠲᠡᠭᠦᠯᠳᠡᠷᠵᠢᠭᠦᠯᠦᠨ᠎ᠡ; ᠵᠠᠰᠠᠭ᠎ᠤᠨ ᠣᠷᠳᠣᠨ᠎ᠤ ᠦᠢᠯᠡ ᠠᠵᠢᠯᠯᠠᠭ᠎ᠠ᠎ᠶᠢᠨ ᠪᠠᠷᠢᠮᠵᠢᠶ᠎ᠠ᠎ᠶᠢ ᠨᠢᠭᠡᠳᠦᠯᠳᠠᠢ ᠪᠤᠯᠭᠠᠨ᠎ᠠ᠂ ᠣᠷᠣᠨ ᠨᠤᠲᠤᠭ᠎ᠤᠨ ᠬᠢᠨ ᠠᠵᠤ ᠠᠬᠤᠢ᠎ᠶᠢᠨ ᠬᠥᠭᠵᠢᠯᠲᠡ᠎ᠶᠢ ᠠᠬᠢᠭᠤᠯᠬᠤ ᠢᠯᠠᠩᠭᠤᠶ᠎ᠠ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠦᠶ᠎ᠡ᠎ᠳᠤ᠂ ᠠᠯᠢ᠎ᠶᠢ ᠨᠢ ᠬᠢᠵᠦ ᠪᠤᠯᠬᠤ ᠠᠯᠢ᠎ᠶᠢ ᠨᠢ ᠬᠢᠵᠦ ᠪᠤᠯᠬᠤ ᠦᠭᠡᠢ᠎ᠶ᠋ᠢ ᠲᠣᠳᠣᠷᠬᠠᠢ ᠲᠦᠷᠢᠮᠵᠢᠭᠦᠯᠵᠦ᠂ ᠬᠤᠪᠢ ᠬᠤᠪᠢᠨ᠎ᠤ ᠪᠤᠳᠤᠭᠰᠠᠨ᠎ᠢᠶᠠᠷ᠎ᠢᠶᠠᠨ ᠬᠢᠵᠦ ᠪᠣᠯᠬᠤ ᠦᠭᠡᠢ; ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ᠎ᠶᠢ ᠨᠢᠭᠡᠳᠦᠯᠳᠠᠢ ᠪᠤᠯᠭᠠᠨ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠵᠠᠰᠠᠭ ᠵᠠᠬᠢᠷᠭᠠᠨ᠎ᠤ ᠰᠢᠢᠳᠬᠡᠯ ᠲᠣᠷᠭᠠᠭᠤᠯᠢ᠎ᠶᠢᠨ ᠲᠠᠰᠤᠯᠤᠯᠲᠠ᠎ᠶᠢᠨ ᠰᠠᠭᠤᠷᠢ ᠪᠠᠷᠢᠮᠵᠢᠶ᠎ᠠ᠎ᠶᠢ ᠲᠣᠳᠣᠷᠬᠠᠢᠯᠠᠵᠤ᠂ ᠨᠢᠭᠡ ᠯᠡ ᠪᠠᠷᠢᠮᠵᠢᠶ᠎ᠡ᠎ᠪᠠᠷ ᠬᠡᠮᠵᠢᠨ᠎ᠡ; ᠴᠢᠬᠤᠯᠠ ᠡᠯᠧᠮᠧᠨ᠋ᠲ᠎ᠦᠨ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠢ ᠨᠢᠭᠡᠳᠦᠯᠳᠠᠢ ᠪᠤᠯᠭᠠᠨ᠎ᠠ᠂ ᠴᠢᠯᠦᠭᠡᠲᠦ ᠭᠦᠢᠯᠭᠡᠭᠡ᠂ ᠥᠨᠳᠥᠷ ᠪᠦᠲᠦᠮᠵᠢᠲᠡᠢ ᠲᠣᠬᠢᠷᠠᠭᠤᠯᠤᠯᠲᠠ᠎ᠶᠢ ᠠᠬᠢᠭᠤᠯᠵᠤ᠂ ᠡᠬᠢ ᠪᠠᠶᠠᠯᠢᠭ᠋᠎ᠢ ᠪᠤᠷᠤᠭᠤ ᠲᠣᠬᠢᠷᠠᠭᠤᠯᠬᠤ ᠪᠠ ᠰᠤᠯᠠ ᠲᠠᠯᠪᠢᠵᠤ ᠪᠦᠷᠢᠯᠭᠡᠬᠦ᠎ᠶᠢ ᠪᠠᠭᠠᠰᠬᠠᠨ᠎ᠠ᠃ 《ᠨᠢᠭᠡ ᠨᠡᠭᠡᠭᠡᠯᠲᠡ ᠬᠢᠬᠦ》 ᠭᠡᠳᠡᠭ ᠨᠢ ᠨᠡᠭᠡᠭᠡᠯᠲᠡ᠎ᠶᠢ ᠦᠷᠭᠦᠯᠵᠢᠯᠡᠨ ᠥᠷᠭᠡᠳᠬᠡᠵᠦ᠂ ᠳᠣᠲᠣᠭᠠᠳᠤ ᠭᠠᠳᠠᠭᠠᠳᠤ᠎ᠳᠦ ᠨᠡᠭᠡᠭᠡᠯᠲᠡ ᠬᠢᠵᠦ ᠬᠣᠯᠪᠣᠯᠳᠤᠭᠤᠯᠬᠤ᠎ᠶ᠋ᠢ ᠬᠡᠷᠡᠭᠵᠢᠭᠦᠯᠵᠦ᠂ ᠲᠦᠭᠵᠢᠷᠡᠮᠡᠯ ᠠᠵᠢᠯᠯᠠᠭ᠎ᠠ ᠬᠢᠵᠦ ᠪᠣᠯᠬᠤ ᠦᠭᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠭᠣᠣᠯᠳᠠᠯᠭ᠎ᠠ ᠪᠠ ᠬᠦᠴᠢᠷ ᠠᠰᠠᠭᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠣᠷᠢᠭ ᠱᠢᠭᠤᠳᠴᠤ᠌ ᠠᠷᠬᠠᠭ ᠬᠡᠮ᠎ᠢ ᠠᠷᠢᠯᠭᠠᠬᠤ ᠬᠡᠷᠡᠭ᠌ᠲᠡᠢ᠃ ᠨᠢᠭᠡᠳᠦᠭᠡᠷ᠎ᠲᠦ᠂ ᠠᠵᠤ ᠠᠬᠤᠢᠯᠠᠯ᠎ᠤᠨ ᠬᠢᠮᠳᠠ ᠦᠨ᠎ᠡ᠎ᠪᠡᠷ ᠡᠮᠬᠢ ᠵᠢᠷᠤᠮ ᠦᠭᠡᠢ ᠦᠷᠢᠰᠦᠯᠳᠦᠬᠦ᠌ ᠡᠮᠬᠢ ᠵᠠᠮᠪᠠᠷᠠᠭ᠎ᠠ ᠥᠭᠡᠢ ᠦᠵᠡᠭ᠌ᠳᠡᠯ᠎ᠢ ᠬᠦᠴᠦᠯᠡᠨ ᠴᠡᠭ᠌ᠴᠡᠯᠡᠨ ᠵᠠᠰᠠᠬᠤ ᠬᠡᠷᠡᠭᠳᠡᠢ᠃ 《ᠳᠣᠲᠣᠭᠠᠳᠤ᠎ᠶ᠋ᠢᠨ ᠰᠢᠷᠦᠭᠦᠨ ᠦᠷᠢᠰᠦᠯᠳᠦᠬᠡᠨ》᠎ᠦ ᠬᠦᠨᠳᠦ ᠭᠠᠮᠱᠢᠭ᠍ᠳᠠᠭ᠍ᠰᠠᠨ ᠣᠷᠣᠨ᠎ᠢ ᠬᠠᠤᠯᠢ ᠲᠣᠭ᠍ᠲᠠᠭᠠᠯ ᠶᠣᠰᠣᠭᠠᠷ ᠪᠦᠲᠦᠮᠵᠢᠲᠡᠶ ᠵᠠᠰᠠᠬᠤ ᠬᠡᠷᠡᠭ᠌ᠲᠡᠶ᠃ ᠠᠵᠢᠯ ᠲᠥᠷᠥᠯ᠎ᠤᠨ ᠨᠡᠢᠭᠡᠮᠯᠢᠭ᠎ᠦᠨ ᠥᠪᠡᠷ᠎ᠢ᠎ᠪᠡᠨ ᠱᠠᠭᠠᠷᠳᠠᠬᠤ ᠦᠶ᠋ᠯᠡᠳᠦᠯ᠎ᠢ ᠨᠠᠩ ᠰᠠᠢᠨ ᠪᠠᠳᠠᠷᠠᠭᠤᠯᠵᠤ᠂ ᠠᠵᠤ ᠠᠬᠤᠢᠯᠠᠯ᠎ᠤᠨ ᠦᠶ᠋ᠯᠡᠳᠬᠦᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠎ᠶ᠋ᠢ ᠬᠥᠲᠥᠯᠥᠨ ᠵᠢᠯᠣᠭᠣᠳᠬᠤ ᠬᠡᠷᠡᠭᠳᠡᠢ᠃ ᠬᠣᠴᠣᠷᠤᠩᠭᠤᠢ ᠦᠢᠯᠡᠳᠪᠦᠷᠢᠯᠡᠯ᠎ᠤᠨ ᠴᠢᠳᠠᠪᠤᠷᠢ᠎ᠶ᠋ᠢᠨ ᠡᠮᠬᠢ ᠵᠢᠷᠤᠮ᠎ᠲᠠᠶ ᠤᠬᠤᠷᠢᠨ ᠭᠠᠷᠬᠤ᠎ᠶ᠋ᠢ ᠠᠬᠢᠭᠤᠯᠬᠤ ᠬᠡᠷᠡᠭᠳᠡᠢ᠃ ᠬᠣᠶᠠᠳᠤᠭᠠᠷ᠎ᠲᠤ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ ᠡᠮᠬᠢ ᠵᠠᠮᠪᠠᠷᠠᠭ᠎ᠠ ᠥᠭᠡᠢ ᠦᠵᠡᠭ᠌ᠳᠡᠯ᠎ᠢ ᠬᠦᠴᠦᠯᠡᠨ ᠴᠡᠭ᠌ᠴᠡᠯᠡᠨ ᠵᠠᠰᠠᠬᠤ ᠬᠡᠷᠡᠭ᠌ᠲᠡᠢ᠃ ᠬᠠᠮᠤᠭ᠎ᠤᠨ ᠳᠤᠤᠷ᠎ᠠ ᠦᠨ᠎ᠡ᠎ᠪᠡᠷ ᠳᠠᠭᠠᠭᠠᠴᠢᠯᠠᠯᠲᠠ ᠤᠯᠬᠤ᠂ ᠮᠠᠭᠤ᠎ᠪᠠᠷ ᠰᠠᠢᠨ᠎ᠢ ᠣᠷᠣᠯᠠᠭᠤᠯᠬᠤ᠂ ᠠᠱᠢᠭ ᠲᠤᠰᠠ ᠰᠦᠯᠪᠡᠭᠡᠯᠳᠦᠬᠦ ᠵᠡᠷᠭᠡ ᠲᠣᠪᠣᠢᠮ᠎ᠠ ᠠᠰᠠᠭᠤᠳᠠᠯ᠎ᠢ ᠭᠤᠤᠯᠳᠠᠯᠭ᠎ᠠ᠎ᠲᠠᠶ ᠴᠡᠭ᠌ᠴᠡᠯᠡᠨ ᠵᠠᠰᠠᠬᠤ ᠬᠡᠷᠡᠭᠳᠡᠢ᠃ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌᠎ᠶ᠋ᠢ ᠵᠢᠷᠤᠮᠵᠢᠭᠤᠯᠵᠤ᠂ ᠳᠠᠭᠠᠭᠠᠴᠢᠯᠠᠯᠲᠠ ᠣᠯᠤᠭ᠍ᠰᠠᠨ ᠦᠷ᠎ᠡ ᠳ᠋ᠦᠩ᠎ᠦᠨ ᠭᠣᠣᠯᠴᠢ ᠴᠢᠨᠠᠷᠲᠠᠬᠢ ᠬᠢᠨᠠᠨ ᠪᠠᠢᠴᠠᠭᠠᠯᠲᠠ᠎ᠶ᠋ᠢ ᠴᠢᠩᠭᠠᠳᠭᠠᠬᠤ ᠬᠡᠷᠡᠭᠳᠡᠢ᠃ ᠭᠤᠷᠪᠠᠳᠤᠭᠠᠷ᠎ᠲᠤ᠂ ᠣᠷᠣᠨ ᠨᠤᠲᠤᠭ᠎ᠤᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠤᠮᠳᠠᠬᠢ ᠡᠮᠬᠢ ᠵᠠᠮᠪᠠᠷᠠᠭ᠎ᠠ ᠥᠭᠡᠢ ᠦᠵᠡᠭ᠌ᠳᠡᠯ᠎ᠢ ᠬᠦᠴᠦᠯᠡᠨ ᠴᠡᠭ᠌ᠴᠡᠯᠡᠨ ᠵᠠᠰᠠᠬᠤ ᠬᠡᠷᠡᠭᠳᠡᠢ᠃ ᠪᠦᠬᠦ᠌ ᠤᠯᠤᠰ᠎ᠤᠨ ᠨᠢᠭᠡᠳᠦᠯᠲᠡᠶ ᠣᠷᠣᠨ ᠨᠤᠲᠤᠭ᠎ᠤᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠦᠢᠯᠡ ᠠᠵᠢᠯᠯᠠᠭ᠎ᠠ᠎ᠶ᠋ᠢᠨ ᠨᠠᠷᠢᠨ ᠳᠠᠩᠰᠠ᠎ᠶ᠋ᠢ ᠲᠣᠭ᠍ᠲᠠᠭᠠᠵᠤ᠂ ᠵᠣᠷᠢᠭ᠍ᠵᠢᠭᠤᠯᠬᠤ ᠪᠠ ᠴᠠᠭᠠᠵᠠᠯᠠᠬᠤ ᠪᠣᠳᠠᠲᠠᠶ ᠦᠢᠯᠡ ᠠᠵᠢᠯᠯᠠᠭ᠎ᠠ᠎ᠶ᠋ᠢ ᠲᠣᠳᠣᠷᠬᠠᠢᠯᠠᠬᠤ ᠬᠡᠷᠡᠭ᠌ᠲᠡᠶ᠃ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠮᠡᠳᠡᠭᠡ ᠵᠠᠩᠭᠢ᠎ᠶ᠋ᠢ ᠨᠡᠢᠲᠡᠯᠡᠬᠦ᠌᠎ᠶ᠋ᠢ ᠴᠢᠩᠭᠠᠳᠭᠠᠬᠤ ᠬᠡᠷᠡᠭᠳᠡᠢ᠃ ᠳᠥᠷᠪᠡᠳᠦᠭᠡᠷ᠎ᠲᠦ᠂ ᠳᠣᠲᠣᠭᠠᠳᠤ ᠭᠠᠳᠠᠭᠠᠳᠤ ᠠᠷᠠᠯᠵᠢᠶ᠎ᠠ᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠬᠦᠴᠦᠯᠡᠨ ᠠᠬᠢᠭᠤᠯᠬᠤ ᠬᠡᠷᠡᠭᠳᠡᠢ᠃ ᠭᠠᠳᠠᠭᠠᠳᠤ ᠭᠠᠷᠭᠠᠯᠲᠠ᠎ᠶ᠋ᠢᠨ ᠳᠣᠲᠣᠭᠠᠳᠤ᠎ᠳᠠᠭᠠᠨ ᠪᠣᠷᠣᠯᠠᠭᠤᠯᠬᠤ ᠠᠷᠭ᠎ᠠ ᠵᠠᠮ᠎ᠢ ᠱᠢᠯᠤᠭᠤᠳᠭᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠷᠢᠮᠵᠢᠶ᠎ᠠ᠎ᠶ᠋ᠢᠨ ᠨᠢᠭᠡᠳᠦᠯᠲᠦ ᠴᠢᠨᠠᠷ᠎ᠢ ᠳᠡᠭᠡᠭ᠌ᠰᠢᠯᠡᠭᠦᠯᠵᠦ᠍᠂ ᠨᠢᠭᠡ ᠪᠦᠯᠦᠭ ᠳᠣᠲᠣᠭᠠᠳᠤ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠢ ᠠᠵᠤ ᠠᠬᠤᠢᠯᠠᠯ᠎ᠢ ᠪᠣᠢᠵᠢᠭᠤᠯᠬᠤ ᠬᠡᠷᠡᠭᠳᠡᠢ᠃ ᠲᠠᠪᠤᠳᠤᠭᠠᠷ᠎ᠲᠤ᠂ ᠬᠠᠤᠯᠢ ᠲᠣᠭ᠍ᠲᠠᠭᠠᠯ ᠲᠦᠷᠢᠮ᠎ᠦᠨ ᠳᠤᠲᠠᠭᠤᠳᠠᠯ᠎ᠢ ᠬᠦᠴᠦᠯᠡᠨ ᠨᠥᠬᠥᠪᠥᠷᠢᠯᠡᠬᠦ᠌ ᠬᠡᠷᠡᠭ᠌ᠲᠡᠢ᠃ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢ ᠵᠢᠷᠤᠮᠵᠢᠭᠤᠯᠬᠤ ᠲᠤᠰᠭᠠᠢ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠬᠦ ᠬᠡᠷᠡᠭᠳᠡᠢ᠃ ᠵᠠᠬ᠎ᠠ ᠳᠡᠯᠭᠡᠭᠦᠷ᠎ᠦᠨ ᠨᠢᠭᠡᠳᠦᠯᠳᠠᠢ ᠪᠤᠯᠭᠠᠬᠤ ᠳ᠋ᠦ ᠠᠱᠢᠭ᠍ᠲᠠᠢ ᠡᠳ᠋᠎ᠦᠨ ᠵᠠᠰᠠᠭ ᠭᠠᠢᠯᠢ᠎ᠶ᠋ᠢᠨ ᠲᠦᠷᠢᠮ᠂ ᠲᠣᠭ᠎ᠠ ᠪᠦᠷᠢᠳᠭᠡᠯ ᠬᠢᠨᠠᠨ ᠬᠠᠷᠭᠤᠭᠤᠯᠬᠤ ᠲᠦᠷᠢᠮ ᠪᠠ ᠢᠲᠡᠭᠡᠮᠵᠢ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠳᠡᠢ᠃ ᠵᠢᠷᠭᠤᠳᠤᠭᠠᠷ᠎ᠲᠤ᠂ ᠵᠠᠰᠠᠭ᠎ᠤᠨ ᠠᠵᠢᠯ᠎ᠤᠨ ᠠᠮᠵᠢᠯᠳᠠ᠎ᠶ᠋ᠢᠨ ᠦᠵᠡᠯᠲᠡ᠎ᠶ᠋ᠢᠨ ᠵᠦᠷᠢᠶ᠎ᠡ᠎ᠶ᠋ᠢ ᠬᠦᠴᠦᠯᠡᠨ ᠵᠠᠯᠠᠷᠠᠭᠤᠯᠬᠤ ᠬᠡᠷᠡᠭᠳᠡᠢ᠃ ᠴᠢᠨᠠᠷ ᠰᠠᠢᠲᠠᠢ ᠬᠥᠭ᠌ᠵᠢᠯᠲᠡ᠎ᠶ᠋ᠢ ᠬᠢᠨᠠᠨ ᠱᠢᠯᠭᠠᠬᠤ ᠱᠢᠰᠲ᠋ᠧᠮ ᠪᠠ ᠺᠠᠳ᠋ᠷ᠎ᠤᠨ ᠠᠵᠢᠯ᠎ᠤᠨ ᠠᠮᠵᠢᠯᠳᠠ᠎ᠶ᠋ᠢ ᠬᠢᠨᠠᠨ ᠱᠢᠯᠭᠠᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠢ ᠪᠠᠢᠭᠤᠯᠬᠤ ᠪᠣᠯ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠬᠤ ᠪᠥᠭᠡᠳ ᠤᠳᠠᠭᠠᠨ ᠳᠠᠭᠠᠭᠠᠮᠠᠭᠠᠢ ᠳᠠᠢᠯᠠᠯᠳᠤᠭᠠᠨ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠤᠯᠤᠰ ᠲᠦᠷᠦ᠍ ᠪᠠ ᠪᠦᠬᠦ᠌ ᠲᠠᠯ᠎ᠠ᠎ᠶ᠋ᠢᠨ ᠦᠨᠳᠦᠷᠴᠡ᠎ᠡᠴᠡ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠢ᠃ ᠲᠥᠪ ᠪᠠ ᠣᠷᠣᠨ ᠨᠤᠲᠤᠭ᠂ ᠣᠷᠣᠨ ᠨᠤᠲᠤᠭ ᠪᠠ ᠣᠷᠣᠨ ᠨᠤᠲᠤᠭ᠂ ᠵᠠᠰᠠᠭ᠎ᠤᠨ ᠣᠷᠳᠣᠨ ᠪᠠ ᠠᠵᠤ ᠠᠬᠤᠢᠯᠠᠯ᠂ ᠠᠵᠤ ᠠᠬᠤᠢᠯᠠᠯ ᠪᠠ ᠠᠵᠤ ᠠᠬᠤᠢᠯᠠᠯ ᠴᠥᠮ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭᠠᠳᠭᠠᠵᠤ᠂ ᠠᠬᠢᠭᠤᠯᠬᠤ ᠬᠠᠮᠳᠤᠷᠠᠯ ᠬᠦᠴᠦᠨ᠎ᠢ ᠪᠤᠢ ᠪᠣᠯᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃
ᠰᠢᠨᠬᠤᠸᠠ ᠬᠤᠷᠢᠶ᠎ᠠ᠎ᠶ᠋ᠢᠨ ᠪᠡᠭᠡᠵᠢᠩ᠎ᠤᠨ 9 ᠰᠠᠷ᠎ᠠ᠎ᠶᠢᠨ 15 ᠦ ᠴᠠᠬᠢᠯᠭᠠᠨ ᠮᠡᠳᠡᠭᠡ