ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ᠎ᠳᠠᠭᠠᠨ ᠴᠢᠬᠤᠯᠠᠴᠢᠯᠠᠭ᠍ᠰᠠᠨ ᠨᠢ — ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠦᠷᠢᠨ ᠪᠦᠲᠦᠨ ᠵᠦᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠰᠢᠯᠠᠭᠤᠯᠵᠤ ᠪᠦᠯᠬᠦᠮᠳᠡᠯ ᠲᠠᠢ ᠡᠶ᠎ᠡ ᠵᠣᠬᠢᠴᠠᠩᠭᠤᠢ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ ᠪᠣᠯᠪᠠᠰᠤᠨ ᠲᠠᠪᠰᠢᠭᠰᠠᠨ ᠠᠮᠤᠷ ᠲᠠᠢᠪᠤᠩ ᠠᠵᠤ ᠲᠥᠷᠥᠭᠰᠡᠨ ᠠᠮᠢ ᠠᠬᠤᠶ ᠰᠠᠢᠨ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠱᠢᠨᠵᠢᠶᠠᠩ᠎ᠢ ᠴᠢᠷᠮᠠᠢᠨ ᠪᠦᠲᠦᠭᠡᠨ ᠪᠠᠢᠭᠤᠯᠬᠤ ᠬᠡᠷᠡᠭᠳᠠᠢ
ᠨᠡᠶᠢᠲᠡᠯᠡᠭᠰᠡᠨ ᠴᠠᠭ᠄ 2025-09-28

ᠸᠠᠩ ᠬᠤ᠌ ᠨᠢᠩ  ᠼᠠᠢ ᠴᠢ  ᠬᠠᠷᠢᠭᠤ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠡ

ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠢ ᠳᠠᠭᠠᠭᠤᠯᠤᠨ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌ ᠠᠵᠢᠯᠯᠠᠭ᠎ᠠ᠎ᠳᠤ ᠣᠷᠣᠯᠴᠠᠬᠤ ᠪᠡᠷ ᠪᠠᠢᠭ᠎ᠠ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ 24 ᠤ᠋ ᠡᠳᠦᠷ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠪᠠ᠃ ᠲᠡᠷᠡ᠂ ᠱᠢᠨᠵᠢᠶᠠᠩ᠎ᠤᠨ᠎ᠬᠢᠨ ᠱᠢᠨ᠎ᠡ ᠴᠠᠭ ᠦᠶ᠎ᠡ᠎ᠶᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠨᠡᠢᠭᠡᠮ᠎ᠦᠨ ᠲᠣᠭ᠍ᠲᠠᠭᠤᠨ ᠪᠠ ᠥᠨᠢ ᠤᠳᠠᠭᠠᠨ ᠠᠮᠤᠷ ᠲᠦᠪᠱᠢᠨ ᠪᠠᠢᠬᠤ ᠠᠵᠢᠯ᠎ᠤᠨ ᠶᠡᠷᠦᠩᠬᠡᠶ ᠬᠠᠷᠠᠯᠲᠠ᠎ᠶ᠋ᠢ ᠪᠠᠲᠤ ᠡᠵᠡᠮᠳᠡᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠶᠢᠨ ᠲᠤᠭᠤᠷᠢᠨ᠎ᠳᠤ ᠲᠥᠪ᠎ᠡᠴᠡ ᠲᠤᠰᠢᠶᠠᠭᠰᠠᠨ 《ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ》᠎ᠶᠢ ᠡᠵᠡᠮᠳᠡᠵᠤ᠂ ᠰᠡᠳᠭᠢᠯ ᠨᠢᠭᠡᠲᠤᠨ ᠬᠦᠴᠦ᠍᠎ᠪᠡᠨ ᠬᠠᠮᠲᠤᠳᠭᠠᠵᠤ᠂ ᠣᠷᠳᠣ ᠬᠤᠭᠤᠴᠠᠭ᠎ᠠ᠎ᠪᠠᠷ ᠵᠢᠳᠭᠦᠨ ᠴᠢᠷᠮᠠᠢᠵᠤ᠂ ᠪᠦᠯᠬᠦᠮᠳᠡᠯ᠎ᠲᠡᠶ ᠡᠶ᠎ᠡ ᠵᠣᠬᠢᠴᠠᠩᠭᠤᠶ᠂ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠱᠢᠭ᠍ᠰᠠᠨ᠂ ᠠᠮᠤᠷ ᠲᠠᠢᠪᠤᠩ ᠠᠵᠤ ᠲᠥᠷᠥᠭ᠌ᠰᠡᠨ᠂ ᠠᠮᠢ ᠠᠬᠤᠶ ᠰᠠᠢᠨ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨᠵᠢᠶᠠᠩ᠎ᠢ ᠴᠢᠷᠮᠠᠢᠨ ᠪᠥᠲᠥᠭᠡᠨ ᠪᠠᠢᠭᠤᠯᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

9 ᠰᠠᠷ᠎ᠠ᠎ᠶᠢᠨ 24 ᠤ᠋ ᠦᠳᠠ᠎ᠶᠢᠨ ᠬᠤᠢᠨ᠎ᠠ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠢ ᠳᠠᠭᠠᠭᠤᠯᠤᠨ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢ ᠪᠡᠯᠭᠡᠯᠡᠬᠦ᠌ ᠠᠵᠢᠯᠯᠠᠭ᠎ᠠ᠎ᠳᠤ ᠣᠷᠣᠯᠴᠠᠬᠤ ᠪᠡᠷ ᠪᠠᠢᠭ᠎ᠠ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠦᠷᠦᠮᠴᠢ᠎ᠳᠤ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠂ ᠴᠢᠬᠤᠯᠠ ᠶᠠᠷᠢᠶ᠎ᠠ ᠲᠠᠯᠪᠢᠪᠠ᠃

ᠰᠢ᠎ᠵᠢᠨ᠎ᠫᠢᠩ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠲᠤᠷᠰᠢ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠪᠦᠬᠦ᠌ ᠤᠯᠤᠰ᠎ᠤᠨ ᠠᠷᠠᠳ ᠲᠦᠮᠡᠨ᠎ᠦ ᠬᠦᠴᠦᠲᠡᠢ ᠳᠡᠮᠵᠢᠯᠭᠡ ᠳᠣᠣᠷ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠎ᠢ ᠡᠷᠡᠰ ᠬᠠᠮᠠᠭᠠᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠱᠢᠨᠵᠢᠶᠠᠩ᠎ᠤᠨ ᠳᠦᠷᠰᠦ ᠪᠠᠢᠳᠠᠯ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠤ᠌᠂ ᠪᠦᠬᠦ᠌ ᠤᠯᠤᠰ᠎ᠤᠨ ᠡᠯ᠎ᠡ ᠭᠠᠵᠠᠷ᠎ᠲᠠᠶ ᠬᠠᠮᠲᠤ᠎ᠪᠠᠷ ᠲᠣᠭ᠍ᠲᠠᠭ᠍ᠰᠠᠨ ᠬᠤᠭᠤᠴᠠᠭᠠᠨ᠎ᠳᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ ᠱᠢᠨ᠎ᠡ ᠠᠶᠠᠨ᠎ᠳᠠᠭᠠᠨ ᠮᠣᠷᠳᠠᠪᠠ ᠭᠡᠵᠤ ᠵᠢᠭᠠᠵᠤ ᠭᠠᠷᠭᠠᠵᠠᠢ᠃ ᠲᠡᠷᠡ ᠨᠠᠮ᠎ᠤᠨ ᠲᠥᠪ ᠬᠣᠷᠢᠶ᠎ᠠ᠎ᠶᠢᠨ ᠡᠮᠦᠨ᠎ᠡ᠎ᠡᠴᠡ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠳᠦ ᠬᠠᠯᠠᠭᠤᠨ ᠪᠠᠶᠠᠷ ᠬᠦᠷᠭᠡᠵᠦ᠍᠂ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠪᠡ!

ᠰᠢ᠎ᠵᠢᠨ᠎ᠫᠢᠩ᠂ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠢᠯᠡᠰ᠎ᠦᠨ ᠰᠠᠭᠤᠷᠢ᠎ᠳᠠᠭᠠᠨ ᠲᠦᠰᠢᠭᠯᠡᠵᠤ᠂ ᠱᠢᠨᠵᠢᠶᠠᠩ᠎ᠤᠨ ᠣᠨᠴᠠᠯᠢᠭ᠎ᠲᠤ ᠨᠡᠢᠴᠡᠭ᠌ᠰᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠢᠳᠡᠪᠬᠢᠲᠡᠢ ᠰᠦᠪᠡᠭ᠌ᠴᠢᠯᠡᠬᠦ᠌ ᠬᠡᠷᠡᠭ᠌ᠲᠡᠢ᠃ ᠣᠨᠴᠠᠯᠢᠭ᠍ᠲᠤ ᠳᠠᠪᠠᠭᠤᠯᠢᠭ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠪᠠᠷᠢᠮᠲᠠᠯᠠᠨ᠂ ᠥᠷᠢᠰᠥᠯᠳᠦᠬᠦ᠌ ᠬᠦᠴᠦᠨ ᠪᠦᠬᠦᠢ ᠠᠵᠤ ᠦᠢᠯᠡᠰ᠎ᠦᠨ ᠰᠦᠷᠦᠭᠵᠢᠯ᠎ᠢ ᠪᠣᠢᠵᠢᠭᠤᠯᠬᠤ ᠭᠡᠷᠡᠭᠳᠠᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠴᠢᠩᠭᠠᠳᠭᠠᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠬᠥᠭ᠌ᠵᠢᠭᠦᠯᠬᠦ ᠭᠡᠷᠡᠭᠳᠠᠢ᠃ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠴᠢᠩᠭᠠᠳᠭᠠᠵᠤ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠭᠡᠷᠡᠭᠳᠠᠢ᠃ ᠠᠮᠢ ᠠᠬᠤᠢ᠎ᠶᠢᠨ ᠱᠢᠰᠲ᠋ᠧᠮ᠎ᠢ ᠬᠠᠮᠠᠭᠠᠯᠠᠬᠤ ᠪᠠ ᠵᠠᠰᠠᠨ ᠰᠡᠷᠭᠦᠭᠡᠬᠦ᠌᠎ᠶ᠋ᠢ ᠴᠢᠩᠭᠠᠳᠭᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠭᠡᠷᠡᠭᠳᠠᠢ᠃ ᠲᠣᠷᠭᠠᠨ ᠵᠠᠮ᠎ᠤᠨ ᠠᠵᠤ ᠠᠬᠤᠢ᠎ᠶ᠋ᠢᠨ ᠪᠦᠰᠡ᠎ᠶ᠋ᠢᠨ ᠭᠣᠣᠯ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠠᠬᠢᠭᠤᠯᠬᠤ ᠳᠤᠮᠳᠠ ᠨᠡᠩ ᠶᠡᠬᠡ ᠦᠢᠯᠡᠳᠦᠯ ᠪᠠᠳᠠᠷᠠᠭᠤᠯᠬᠤ ᠭᠡᠷᠡᠭᠳᠠᠢ᠃ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠶᠠᠪᠤᠳᠠᠯ᠎ᠢ ᠲᠡᠷᠢᠭᠦᠨ ᠪᠠᠢᠷᠢᠨ᠎ᠳᠤ ᠲᠠᠯᠪᠢᠵᠤ᠂ ᠶᠠᠳᠠᠭᠤ᠎ᠡᠴᠡ ᠠᠩᠭᠢᠵᠢᠷᠠᠭᠤᠯᠵᠤ ᠪᠤᠭᠤᠮᠳᠠ ᠰᠢᠪᠳᠤᠯᠤᠬᠰᠡᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠨᠡᠢᠭᠡᠮ᠎ᠦᠨ ᠦᠢᠯᠡᠰ᠎ᠢ ᠶᠡᠬᠡ᠎ᠪᠡᠷ ᠬᠥᠭ᠌ᠵᠢᠭᠦᠯᠦᠨ᠂ ᠬᠥᠭ᠌ᠵᠢᠯᠲᠡ᠎ᠶ᠋ᠢᠨ ᠠᠬᠢᠴᠠ᠎ᠳᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠥᠷᠭᠡᠨ᠎ᠢᠶᠡᠷ ᠣᠷᠣᠯᠴᠠᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠬᠦ ᠭᠡᠷᠡᠭᠳᠠᠢ ᠭᠡᠵᠤ ᠴᠢᠬᠤᠯᠠᠴᠢᠯᠠᠪᠠ᠃

ᠰᠢ᠎ᠵᠢᠨ᠎ᠫᠢᠩ᠂ ᠱᠢᠨᠵᠢᠶᠠᠩ᠎ᠤᠨ ᠨᠡᠢᠭᠡᠮ᠎ᠦᠨ ᠶᠡᠬᠡ ᠲᠠᠯ᠎ᠠ᠎ᠶᠢᠨ ᠲᠣᠭ᠍ᠲᠠᠭᠤᠨ᠎ᠢ ᠪᠦᠬᠦ᠌ ᠬᠦᠴᠦ᠍᠎ᠪᠡᠷ᠎ᠢᠶᠡᠨ ᠬᠠᠮᠠᠭᠠᠯᠠᠬᠤ ᠬᠡᠷᠡᠭ᠌ᠲᠡᠢ᠃ ᠦᠨᠳᠦᠰᠦᠨ ᠱᠠᠲᠤ᠎ᠶ᠋ᠢ ᠠᠳᠭᠤᠬᠤ᠂ ᠰᠠᠭᠤᠷᠢ᠎ᠶ᠋ᠢ ᠪᠡᠬᠢᠵᠢᠭᠦᠯᠬᠦ᠌᠂ ᠦᠨᠳᠦᠰᠦ᠎ᠶ᠋ᠢ ᠪᠡᠬᠢᠵᠢᠭᠦᠯᠬᠦ᠌᠎ᠶ᠋ᠢ ᠪᠠᠷᠢᠮᠲᠠᠯᠠᠵᠤ᠂ ᠰᠦᠷᠳᠡᠭᠦᠯᠦᠯ᠎ᠢ ᠡᠰᠡᠷᠭᠦᠴᠡᠵᠦ᠍ ᠲᠣᠭ᠍ᠲᠠᠭᠤᠨ ᠪᠠᠢᠳᠠᠯ᠎ᠢ ᠬᠠᠮᠠᠭᠠᠯᠠᠬᠤ ᠠᠷᠠᠳ ᠲᠦᠮᠡᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠭᠡᠷᠡᠭᠳᠠᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠮᠠᠨ᠎ᠤ ᠤᠯᠤᠰ᠎ᠤᠨ ᠱᠠᠱᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠵᠢ ᠠᠬᠢᠭᠤᠯᠵᠤ᠂ ᠰᠣᠶᠣᠯ᠎ᠢᠶᠠᠷ ᠰᠢᠨᠵᠢᠶᠡᠩ᠎ᠢ ᠤᠮᠳᠠᠯᠠᠬᠤ᠎ᠶ᠋ᠢ ᠴᠢᠩᠭᠠᠳᠭᠠᠵᠤ᠂ ᠰᠣᠶᠣᠯ ᠎ᠢᠶᠠᠷ ᠬᠥᠮᠦᠨ᠎ᠢ ᠤᠬᠠᠭᠠᠷᠠᠭᠤᠯᠬᠤ᠎ᠶᠢ ᠴᠢᠬᠤᠯᠠᠴᠢᠯᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠵᠥᠪ ᠤᠯᠤᠰ᠎ᠤᠷᠤᠨ᠎ᠤ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ᠎ᠲᠡᠶ ᠪᠣᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃

ᠰᠢ᠎ᠵᠢᠨ᠎ᠫᠢᠩ᠂ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠣᠯ ᠱᠢᠨᠵᠢᠶᠠᠩ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠤᠨᠤᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢ ᠨᠢᠭ᠍ᠲᠠᠷᠠᠭᠤᠯᠤᠨ ᠰᠦᠭ ᠰᠦᠨᠡᠰᠦ᠎ᠶ᠋ᠢ ᠱᠤᠭᠤᠬᠤ ᠬᠡᠷᠡᠭ᠌ᠲᠡᠢ᠃ ᠲᠣᠭ᠍ᠲᠠᠭᠤᠨ ᠪᠠᠢᠳᠠᠯ᠎ᠢ ᠪᠠᠲᠤᠯᠠᠬᠤ᠂ ᠬᠥᠭ᠌ᠵᠢᠯᠲᠡ᠎ᠶ᠋ᠢ ᠠᠬᠢᠭᠤᠯᠬᠤ᠎ᠪᠠᠷ ᠺᠠᠳ᠋ᠷ᠎ᠢ ᠬᠥᠮᠦᠵᠢᠭᠦᠯᠦᠨ ᠪᠣᠯᠪᠠᠰᠤᠷᠠᠭᠤᠯᠬᠤ ᠲᠤᠮᠤ ᠬᠢᠴᠢᠶᠡᠯ᠎ᠦᠨ ᠲᠠᠩᠬᠢᠮ ᠪᠣᠯᠭᠠᠵᠤ᠂ ᠥᠷᠭᠡᠨ ᠤᠯᠠᠨ ᠺᠠᠳ᠋ᠷ᠎ᠢ ᠦᠢᠯᠡᠳᠦᠯᠭᠡ᠎ᠶ᠋ᠢᠨ ᠳᠤᠮᠳᠠ ᠬᠦᠴᠢᠷ ᠪᠡᠷᠬᠡᠱᠢᠶᠡᠯ᠎ᠡᠴᠡ ᠠᠶᠤᠬᠤ ᠦᠭᠡᠢ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠰᠥᠰᠥ᠍ ᠵᠣᠷᠢᠭ᠎ᠢ ᠨᠢ ᠳᠠᠪᠲᠠᠨ ᠪᠣᠯᠪᠠᠰᠤᠷᠠᠭᠤᠯᠵᠤ᠂ ᠤᠯᠠᠨ ᠲᠦᠮᠡᠨ᠎ᠲᠡᠶ ᠪᠦᠯᠬᠦᠮᠳᠡᠨ ᠤᠯᠠᠨ ᠲᠦᠮᠡᠨ ᠳ᠋ᠦ ᠦᠢᠯᠡᠴᠢᠯᠡᠬᠦ᠌᠂ ᠪᠤᠳᠤᠯᠢᠶᠠᠨᠲᠠᠢ ᠪᠠᠢᠳᠠᠯ᠎ᠢ ᠡᠵᠡᠮᠳᠡᠬᠦ᠌ ᠴᠢᠳᠠᠪᠤᠷᠢ᠎ᠶ᠋ᠢ ᠨᠢ ᠴᠢᠩᠭᠠᠳᠭᠠᠬᠤ ᠬᠡᠷᠡᠭ᠌ᠲᠡᠢ᠃ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠪᠠᠢᠭᠤᠯᠤᠨ ᠬᠦᠴᠦᠷᠬᠡᠭ᠌ᠵᠢᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠴᠢᠩᠭᠠᠷᠠᠭᠤᠯᠬᠤ ᠬᠡᠷᠡᠭᠳᠡᠢ᠃ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠵᠦ᠍᠂ ᠰᠤᠷᠲᠠᠯ᠎ᠢ ᠲᠥᠪ ᠪᠣᠯᠭᠠᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠦᠷᠢᠨᠱᠢᠬᠦᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠬᠤ ᠬᠡᠷᠡᠭᠳᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠪᠢᠩᠲ᠋ᠤᠸᠠᠨ ᠪᠣᠯ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠱᠢᠨᠵᠢᠶᠠᠩ᠎ᠤᠨ ᠠᠵᠢᠯ᠎ᠤᠨ ᠶᠡᠷᠦᠩᠬᠡᠢ ᠬᠠᠷᠠᠯᠲᠠ᠎ᠶ᠋ᠢ ᠪᠡᠶᠡᠯᠡᠭᠦᠯᠬᠦ᠌ ᠴᠢᠬᠤᠯᠠ ᠪᠠᠢᠯᠳᠤᠬᠤ ᠪᠤᠳᠤᠯᠭ᠎ᠠ᠎ᠶ᠋ᠢᠨ ᠬᠦᠴᠦᠨ ᠮᠥᠨ᠃ ᠪᠢᠩᠲ᠋ᠤᠸᠠᠨ᠎ᠤ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠪᠢᠩᠲ᠋ᠤᠸᠠᠨ᠎ᠤ ᠪᠣᠳᠠᠲᠤ ᠪᠠᠢᠳᠠᠯ᠎ᠳᠤ ᠨᠡᠢᠴᠡᠭ᠌ᠰᠡᠨ᠂ ᠪᠢᠩᠲ᠋ᠤᠸᠠᠨ᠎ᠤ ᠣᠨᠴᠠᠯᠢᠭ᠎ᠢ ᠢᠯᠡᠷᠡᠭᠦᠯᠦᠭ᠌ᠰᠡᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠬᠠᠢᠨ ᠰᠦᠪᠡᠭ᠌ᠴᠢᠯᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠱᠦᠵᠢ ᠴᠧᠨ ᠱᠢᠶᠣᠤ ᠵᠢᠶᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠠᠵᠢᠯ᠎ᠢ ᠬᠠᠷᠢᠭᠤ ᠮᠡᠳᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠠᠢ᠌ᠷᠺᠸᠨ·ᠲᠦᠨᠢᠶᠠᠽᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠡᠷᠬᠢᠯᠡᠭ᠌ᠴᠢ ᠽᠦᠮᠦᠢ᠍ᠷᠡᠲ᠋ᠢ·ᠦᠪᠦᠢ᠍ᠯᠢ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠨᠦᠷᠯᠠᠨ·ᠠᠪᠦᠢ᠍ᠳᠤᠮᠠᠨᠵᠢᠨ᠂ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠺᠣᠮᠢᠰᠰᠠᠷ ᠾᠧ ᠵᠦᠩ ᠶᠢᠦ ᠬᠠᠷᠢᠭᠤ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠵᠠᠢ᠃

ᠸᠠᠩ ᠬᠤ᠌ ᠨᠢᠩ᠂ ᠼᠠᠢ ᠴᠢ᠂ ᠯᠢ ᠭᠠᠨ ᠵᠢᠶ᠍ᠸ᠂ ᠡᡁᠸ ᠯᠢ ᠹᠸᠩ᠂ ᠸᠠᠩ ᠱᠢᠶᠤᠤ ᠬᠣᠩ᠂ ᠱᠢᠤᠸᠠᠢᠺᠸᠯᠠᠢᠲ᠋ᠢ·ᠵᠠᠺᠧᠯ᠂ ᠱᠧᠨ ᠢ ᠴᠢᠨ᠂ ᠸᠠᠩ ᠳ᠋ᠦᠩ ᠹᠸᠩ ᠪᠣᠯᠤᠨ ᠯᠢᠦ ᠵᠧᠨ ᠯᠢ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠪᠦᠷᠢᠯᠳᠦᠬᠦᠨ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠴᠡᠷᠢᠭ᠎ᠦᠨ ᠬᠠᠷᠢᠭᠤᠴᠠᠯᠭᠠᠲᠠᠨ ᠨᠥᠬᠥᠳ ᠬᠠᠷᠢᠭᠤ ᠮᠡᠳᠡᠭᠦᠯᠦᠯᠲᠡ᠎ᠶ᠋ᠢᠨ ᠬᠤᠷᠠᠯ᠎ᠳᠤ ᠣᠷᠣᠯᠴᠠᠪᠠ᠃

ᠱᠢᠨᠬᠤᠸᠠ ᠬᠣᠷᠢᠶ᠎ᠠ᠎ᠶᠢᠨ ᠦᠷᠦᠮᠴᠢ᠎ᠶ᠋ᠢᠨ 9 ᠰᠠᠷ᠎ᠠ᠎ᠶ᠋ᠢᠨ 24 ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            