ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ ᠰᠢ᠎ᠵᠢᠨ᠎ᠫᠢᠩ 9 ᠰᠠᠷ᠎ᠠ᠎ᠶᠢᠨ 3᠎ᠤ ᠡᠳᠦᠷ ᠵᠠᠷᠯᠠᠯ᠎ᠳᠤ ᠭᠠᠷᠤᠨ ᠦᠰᠦᠭ ᠵᠢᠷᠤᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠴᠡᠷᠢᠭ᠎ᠠᠩᠬᠢ᠎ᠶᠢ ᠰᠢᠯᠭᠠᠨ ᠦᠵᠡᠬᠦ ᠶᠤᠰᠤᠯᠠᠯ᠎ᠳᠦ ᠤᠷᠤᠯᠴᠠᠭᠰᠠᠨ ᠪᠦᠬᠦ ᠬᠦᠮᠦᠰ᠎ᠢ ᠬᠦᠬᠢᠭᠦᠯᠦᠨ ᠰᠠᠢᠰᠢᠶᠠᠪᠠ᠃
ᠬᠥᠬᠢᠭᠦᠯᠦᠨ ᠰᠠᠢᠰᠢᠶᠠᠬᠤ ᠵᠠᠷᠯᠢᠭ᠋᠎ᠲᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠦᠪᠡᠳᠡᠭᠰᠢ ᠶᠡᠬᠡ ᠠᠵᠢᠯᠯᠠᠭ᠎ᠠ ᠳᠤᠮᠳᠠ᠂ ᠰᠢᠯᠭᠠᠨ ᠦᠵᠡᠬᠦ᠎ᠶᠢ ᠬᠦᠯᠢᠶᠡᠭᠰᠡᠨ ᠴᠡᠷᠢᠭ ᠠᠩᠭᠢ ᠨᠢ ᠪᠦᠬᠦᠳᠡ ᠨᠠᠢᠷᠠᠮᠳᠠᠬᠤ ᠤᠯᠤᠰ᠎ᠤᠨ ᠵᠡᠪᠰᠡᠭᠲᠦ ᠬᠦᠴᠦᠨ᠎ᠦ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠵᠢᠭᠳᠡ ᠲᠡᠭᠰᠢ ᠣᠮᠣᠭ ᠲᠡᠭᠦᠯᠳᠡᠷ ᠠᠯᠬᠤᠭ᠎ᠠ᠂ ᠰᠦᠷ ᠵᠢᠪᠬᠤᠯᠠᠨᠭᠲᠦ ᠬᠠᠳᠠᠨ ᠪᠠᠲᠦ ᠪᠠᠢᠯᠳᠤᠭᠠᠨ᠎ᠤ ᠵᠢᠭ᠍ᠰᠠᠭᠠᠯ᠂ ᠵᠤᠷᠢᠭ ᠬᠦᠪᠴᠢᠯᠡᠨ ᠤᠷᠤᠭᠰᠢᠯᠠᠬᠤ ᠴᠤᠭ ᠪᠠᠳᠠᠷᠠᠩᠭᠤᠢ ᠲᠦᠷᠰᠦ ᠪᠠᠢᠳᠠᠯ᠂ ᠰᠦᠷ ᠲᠠᠯᠠᠢᠴᠠᠳᠠᠢ ᠠᠤᠭ᠎ᠠ ᠶᠡᠬᠡ ᠰᠦᠷ ᠬᠦᠴᠦᠨ᠎ᠢᠶᠡᠷ᠎ᠢᠶᠠᠨ ᠨᠠᠮ ᠪᠣᠯᠣᠨ ᠠᠷᠠᠳ ᠲᠦᠮᠡᠨ᠎ᠦ ᠰᠢᠯᠭᠠᠨ ᠦᠵᠡᠬᠦ᠎ᠶᠢ ᠢᠷᠠᠭᠤ ᠠᠯᠳᠠᠷᠲᠠᠢ᠎ᠪᠠᠷ ᠬᠦᠯᠢᠶᠡᠵᠦ᠂ ᠶᠠᠫᠤᠨ᠎ᠢ ᠡᠰᠡᠷᠭᠦᠴᠡᠬᠦ ᠳᠠᠢ᠍ᠢᠨ᠎ᠦ ᠵᠣᠷᠢᠭ᠋ ᠰᠠᠨᠠᠭ᠎ᠠ᠎ᠶᠢ ᠪᠠᠳᠠᠷᠠᠭᠤᠯᠤᠭᠰᠠᠨ᠂ ᠴᠠᠭ ᠦᠶ᠎ᠡ᠎ᠶᠢᠨ ᠣᠨᠴᠠᠯᠢᠭ᠋᠎ᠢ ᠢᠯᠡᠷᠡᠭᠦᠯᠦᠭᠰᠡᠨ᠂ ᠲᠤᠮᠤ ᠤᠯᠤᠰ᠎ᠤᠨ ᠤᠮᠤᠭ ᠰᠦᠷ᠎ᠲᠠᠢ᠂ ᠴᠡᠷᠢᠭ᠎ᠢ ᠬᠦᠴᠦᠷᠬᠡᠭᠵᠢᠭᠦᠯᠬᠦ ᠴᠤᠭ ᠵᠢᠪᠬᠤᠭ᠎ᠠ᠎ᠶᠢ ᠢᠯᠡᠷᠡᠭᠦᠯᠦᠭᠰᠡᠨ ᠴᠡᠷᠢᠭ ᠠᠩᠬᠢ᠎ᠶᠢ ᠰᠢᠯᠭᠠᠨ ᠦᠵᠡᠬᠦ ᠦᠪᠡᠳᠡᠭᠰᠢ ᠶᠣᠰᠣᠯᠠᠯ᠎ᠢ ᠡᠷᠭᠦᠨ ᠳᠡᠪᠰᠢᠭᠦᠯᠵᠡᠢ᠃ ᠰᠢᠯᠭᠠᠨ ᠦᠵᠡᠬᠦ᠎ᠶᠢ ᠬᠦᠯᠢᠶᠡᠭᠰᠡᠨ ᠴᠡᠷᠢᠭ ᠠᠩᠭᠢ᠎ᠶᠢᠨ ᠭᠠᠷᠮᠠᠭᠠᠢ ᠰᠠᠢᠬᠠᠨ ᠢᠯᠡᠷᠡᠯ ᠨᠢ ᠪᠦᠬᠦ ᠴᠡᠷᠢᠭ᠎ᠦᠨ ᠳᠠᠷᠤᠭ᠎ᠠ ᠪᠠᠢᠯᠳᠤᠭ᠍ᠴᠢᠳ᠎ᠤᠨ ᠡᠷᠡᠰ ᠪᠠᠲᠦ ᠬᠠᠮᠠᠭᠠᠯᠠᠯᠲᠠ᠎ᠶᠢᠨ ᠭᠤᠤᠯ ᠴᠢᠮᠦᠭᠡ᠂ ᠨᠠᠮ᠎ᠤᠨ ᠵᠢᠯᠣᠭᠣᠳᠤᠯᠭ᠎ᠠ᠎ᠶᠢ ᠡᠷᠡᠰ ᠳᠠᠭᠠᠬᠤ ᠤᠯᠤᠰ ᠲᠥᠷᠥ᠎ᠶᠢᠨ ᠮᠥᠨ ᠴᠢᠨᠠᠷ ᠪᠠ ᠤᠳᠤᠮ ᠤᠯᠠᠮᠵᠢᠯᠠᠯ᠎ᠢ ᠭᠦᠢᠴᠡᠳ ᠬᠠᠷᠠᠭᠤᠯᠵᠤ᠂ ᠰᠢᠨ᠎ᠡ ᠴᠠᠭ ᠦᠶ᠎ᠡ᠎ᠶᠢᠨ ᠠᠷᠠᠳ᠎ᠤᠨ ᠴᠡᠷᠢᠭ ᠠᠩᠭᠢ᠎ᠶᠢᠨ ᠤᠯᠤᠰ ᠲᠥᠷᠥ᠎ᠶᠢᠨ ᠪᠠᠢᠭᠤᠯᠤᠯᠲᠠ᠎ᠶᠢᠨ ᠰᠢᠨ᠎ᠡ ᠳᠦᠷᠰᠦ ᠪᠠᠢᠳᠠᠯ᠂ ᠬᠦᠴᠦᠨ ᠴᠢᠳᠠᠯ᠎ᠤᠨ ᠪᠦᠲᠦᠴᠡ᠎ᠶᠢᠨ ᠰᠢᠨ᠎ᠡ ᠪᠠᠢᠷᠢᠰᠢᠭᠤᠯᠤᠯᠳᠠ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠰᠢᠨ᠎ᠡ ᠠᠬᠢᠴᠠ᠂ ᠳᠠᠶ᠋ᠢᠨ᠎ᠳᠦ ᠪᠡᠯᠡᠳᠬᠡᠵᠦ ᠳᠠᠶ᠋ᠢᠨ ᠬᠢᠬᠦ ᠰᠢᠨ᠎ᠡ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳᠡᠯᠭᠡᠨ ᠬᠠᠷᠠᠭᠤᠯᠵᠤ᠂ ᠠᠷᠠᠳ᠎ᠤᠨ ᠴᠡᠷᠢᠭ ᠠᠩᠭᠢ᠎ᠶᠢᠨ ᠤᠯᠤᠰ᠎ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ᠎ᠶᠢᠨ ᠠᠰᠢᠭ᠋ ᠲᠤᠰᠠ᠎ᠪᠠᠨ ᠡᠷᠡᠰ ᠬᠠᠮᠠᠭᠠᠯᠠᠵᠤ᠂ ᠳᠡᠯᠡᠬᠡᠢ᠎ᠶᠢᠨ ᠡᠩᠬᠡ ᠲᠠᠢᠪᠤᠩ᠎ᠢ ᠡᠷᠡᠰ ᠭᠤᠢᠪᠢᠰᠢ ᠦᠭᠡᠢ ᠬᠠᠮᠠᠭᠠᠯᠠᠬᠤ ᠡᠷᠡᠰ ᠬᠠᠳᠠᠨ ᠵᠣᠷᠢᠭ᠋ ᠰᠦᠰᠦ ᠪᠣᠯᠣᠨ ᠬᠠᠲᠠᠭᠤ ᠴᠢᠨᠭᠭ᠎ᠠ ᠪᠣᠳᠠᠲᠤ ᠬᠦᠴᠦᠨ᠎ᠢ ᠲᠥᠪᠯᠡᠷᠡᠭᠦᠯᠦᠨ ᠢᠯᠡᠷᠡᠭᠦᠯᠵᠦ᠂ ᠦᠨᠳᠦᠰᠦᠲᠡᠨ᠎ᠦ ᠵᠣᠷᠢᠭ᠋ ᠰᠠᠨᠠᠭ᠎ᠠ᠎ᠶᠢ ᠲᠤᠢᠯ᠎ᠤᠨ ᠶᠡᠬᠡ ᠪᠡᠷ ᠬᠥᠭᠵᠢᠭᠡᠵᠦ᠂ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠬᠢᠯᠭᠡ᠎ᠶᠢ ᠬᠥᠭᠵᠢᠭᠡᠵᠦ᠂ ᠲᠡᠮᠡᠴᠡᠯ᠎ᠦᠨ ᠬᠦᠴᠦᠨ᠎ᠢ ᠨᠢᠭ᠍ᠲᠠᠷᠠᠭᠤᠯᠵᠤ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠢᠲᠡᠭᠡᠯ ᠵᠣᠷᠢᠭ᠋᠎ᠢ ᠨᠡᠩ ᠪᠠᠲᠤᠳᠬᠠᠪᠠ ᠭᠡᠵᠤ ᠵᠢᠭᠠᠵᠤ ᠭᠠᠷᠭᠠᠪᠠ᠃
ᠬᠥᠬᠢᠭᠦᠯᠦᠨ ᠰᠠᠢᠰᠢᠶᠠᠬᠤ ᠵᠠᠷᠯᠢᠭ᠋᠎ᠲᠤ᠂ ᠴᠡᠷᠢᠭ ᠠᠩᠭᠢ᠎ᠶᠢ ᠰᠢᠯᠭᠠᠨ ᠦᠵᠡᠬᠦ ᠡᠭᠦᠷᠭᠡ᠎ᠶᠢ ᠠᠮᠵᠢᠯᠲᠠ᠎ᠲᠠᠢ ᠪᠡᠶᠡᠯᠡᠭᠦᠯᠦᠭᠰᠡᠨ ᠨᠢ ᠰᠢᠯᠭᠠᠨ ᠦᠵᠡᠬᠦ᠎ᠶᠢ ᠬᠦᠯᠢᠶᠡᠭᠰᠡᠨ ᠴᠡᠷᠢᠭ ᠠᠩᠭᠢ᠎ᠶᠢᠨ ᠨᠠᠮ᠎ᠤᠨ ᠲᠥᠪ ᠬᠣᠷᠢᠶ᠎ᠠ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠰᠢᠢᠳᠪᠦᠷᠢᠲᠦ ᠪᠣᠳᠣᠯᠭ᠎ᠠ ᠵᠢᠭᠠᠪᠤᠷᠢ᠎ᠶᠢ ᠡᠷᠡᠰ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠨ᠂ ᠳᠡᠭᠡᠳᠦ ᠳᠣᠣᠷᠠᠳᠤ ᠱᠠᠲᠤ ᠪᠠᠷ᠎ᠢᠶᠠᠨ ᠰᠡᠳᠬᠢᠯ ᠨᠢᠭᠡᠳᠤᠨ ᠬᠦᠴᠦᠨ᠎ᠢᠶᠡᠨ ᠬᠠᠮᠲᠤᠳᠬᠠᠵᠤ᠂ ᠵᠣᠷᠢᠭ᠋ ᠰᠢᠭᠤᠳᠤᠨ ᠪᠣᠭᠣᠮᠲᠠ ᠰᠢᠪᠲᠤᠯᠤᠭᠰᠠᠨᠤ ᠦᠷ᠎ᠡ ᠳ᠋ᠦᠩ ᠮᠦᠨ᠃ ᠰᠢᠯᠭᠠᠨ ᠦᠵᠡᠬᠦ᠎ᠶᠢ ᠬᠦᠯᠢᠶᠡᠭᠰᠡᠨ ᠥᠷᠭᠡᠨ ᠤᠯᠠᠨ ᠳᠠᠷᠤᠭ᠎ᠠ ᠪᠠᠢᠯᠳᠤᠭ᠍ᠴᠢᠳ ᠵᠣᠷᠢᠭ᠍ᠲᠠᠢ᠎ᠪᠠᠷ ᠬᠠᠲᠠᠭᠤ ᠳᠠᠢᠯᠠᠯᠳᠤᠭᠠᠨ ᠬᠢᠵᠦ᠂ ᠬᠠᠲᠠᠭᠤᠵᠢᠯᠲᠠᠢ ᠳᠠᠰᠬᠠᠯᠵᠢᠭᠤᠯᠤᠨ ᠨᠠᠷᠢᠯᠢᠭ᠋ ᠪᠣᠯᠪᠠᠰᠤᠷᠠᠵᠤ᠂ ᠭᠠᠷᠮᠠᠭᠠᠢ ᠠᠮᠵᠢᠯᠲᠠ᠎ᠶᠢ ᠬᠥᠭᠡᠭᠡᠴᠡᠯᠳᠦᠵᠦ᠂ ᠡᠯ᠎ᠡ ᠱᠠᠲᠤᠨ᠎ᠤ ᠵᠢᠯᠤᠭᠣᠳᠬᠤ ᠪᠠᠢᠭᠤᠯᠤᠮᠵᠢ ᠨᠠᠷᠢᠨ ᠨᠢᠮᠪᠠᠢ ᠲᠥᠯᠥᠪᠯᠡᠨ᠂ ᠨᠢᠭ᠍ᠲᠠ ᠴᠢᠩᠭ᠎ᠠ ᠵᠣᠬᠢᠶᠠᠨ ᠪᠠᠢᠭᠤᠯᠤᠨ᠂ ᠰᠢᠨᠵᠢᠯᠡᠬᠦ ᠤᠬᠠᠭᠠᠨᠴᠢ᠎ᠪᠠᠷ ᠵᠢᠯᠤᠭᠣᠳᠴᠤ᠂ ᠡᠯ᠎ᠡ ᠲᠦᠷᠦᠯ᠎ᠦᠨ ᠪᠠᠲᠤᠯᠠᠭ᠎ᠠ᠎ᠶᠢᠨ ᠬᠦᠴᠦᠨ ᠨᠢᠭ᠍ᠲᠠ ᠬᠠᠮᠵᠢᠯᠴᠠᠨ᠂ ᠦᠭᠡ ᠳᠠᠭᠤᠨ ᠦᠭᠡᠢ᠎ᠪᠡᠷ ᠬᠤᠪᠢ ᠨᠡᠮᠡᠷᠢ ᠦᠵᠡᠭᠦᠯᠤᠨ᠂ ᠪᠦᠬᠦ ᠬᠦᠴᠦᠨ᠎ᠢᠶᠡᠷ᠎ᠢᠶᠡᠨ ᠲᠤᠯᠭᠠᠭᠤᠷᠢᠯᠠᠵᠤ᠂ ᠴᠡᠷᠢᠭ ᠠᠩᠭᠢ᠎ᠶᠢ ᠰᠢᠯᠭᠠᠨ ᠦᠵᠡᠬᠦ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠪᠡ᠃ ᠴᠡᠷᠢᠭ ᠠᠩᠭᠢ᠎ᠶᠢ ᠰᠢᠯᠭᠠᠨ ᠦᠵᠡᠬᠦ ᠦᠢᠯᠡᠳᠦᠯᠭᠡ ᠳᠤᠮᠳᠠ᠂ ᠰᠢᠯᠭᠠᠨ ᠦᠵᠡᠬᠦ᠎ᠶᠢ ᠬᠦᠯᠢᠶᠡᠭᠰᠡᠨ ᠴᠡᠷᠢᠭ ᠠᠩᠭᠢ᠎ᠶᠢᠨ ᠬᠢᠨ ᠨᠠᠮ᠎ᠳᠠᠭᠠᠨ ᠦᠨᠡᠨᠴᠢ ᠰᠢᠳᠤᠷᠭᠤ᠂ ᠵᠠᠷᠯᠢᠭ᠋᠎ᠢ ᠲᠠᠭᠠᠬᠤ ᠤᠯᠤᠰ ᠲᠦᠷᠦ᠎ᠶᠢᠨ ᠬᠡᠪ ᠰᠤᠷᠲᠠᠯ᠂ ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠬᠦ᠂ ᠡᠭᠦᠷᠭᠡ ᠬᠠᠷᠢᠭᠤᠴᠠᠯᠭ᠎ᠠ᠎ᠪᠠᠨ ᠦᠯᠦ ᠭᠤᠲᠤᠭᠠᠬᠤ ᠬᠠᠷᠢᠭᠤᠴᠠᠯᠭ᠎ᠠ ᠡᠭᠦᠷᠭᠡᠯᠡᠬᠦ ᠵᠣᠷᠢᠭ᠋ ᠰᠠᠨᠠᠭ᠎ᠠ᠂ ᠲᠡᠷᠢᠭᠦᠨ᠎ᠦ ᠬᠢ᠎ᠶᠢ ᠴᠢᠷᠮᠠᠢᠨ ᠡᠭᠦᠳᠬᠦ᠂ ᠵᠣᠷᠢᠭ᠍ᠲᠠᠢ᠎ᠪᠠᠷ ᠢᠯᠠᠯᠲᠠ ᠣᠯᠬᠤ ᠤᠷᠤᠭᠰᠢᠯᠠᠨ ᠲᠠᠪᠰᠢᠬᠤ ᠤᠬᠠᠮᠰᠠᠷ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ᠂ ᠡᠷᠡᠯᠬᠡᠭᠯᠡᠨ ᠲᠡᠮᠡᠴᠡᠬᠦ ᠰᠢᠯᠢᠳᠡᠭ ᠰᠤᠷᠲᠠᠯ᠎ᠢ ᠢᠯᠡᠷᠡᠭᠦᠯᠵᠦ᠂ ᠰᠢᠨ᠎ᠡ ᠴᠠᠭ ᠦᠶ᠎ᠡ᠎ᠶᠢᠨ ᠠᠷᠠᠳ᠎ᠤᠨ ᠴᠡᠷᠢᠭ ᠠᠩᠭᠢ᠎ᠶᠢᠨ ᠰᠠᠢᠨ ᠳᠦᠷᠢ ᠲᠥᠷᠬᠦ᠂ ᠬᠤᠪᠢᠰᠬᠠᠯᠲᠤ ᠴᠡᠷᠢᠭ᠎ᠦᠨ ᠰᠠᠢᠨ ᠳᠦᠷᠢ ᠲᠥᠷᠬᠦ᠎ᠶᠢ ᠪᠤᠢ ᠪᠣᠯᠭᠠᠵᠠᠢ ᠭᠡᠵᠦ ᠵᠢᠭᠠᠵᠤ ᠭᠠᠷᠭᠠᠪᠠ᠃
ᠬᠥᠬᠢᠭᠦᠯᠦᠨ ᠰᠠᠢᠰᠢᠶᠠᠬᠤ ᠵᠠᠷᠯᠢᠭ᠋᠎ᠲᠤ᠂ ᠪᠦᠬᠦ ᠴᠡᠷᠢᠭ᠎ᠦᠨ ᠴᠡᠷᠢᠭ ᠠᠩᠭᠢ ᠪᠣᠯᠣᠨ ᠥᠷᠭᠡᠨ ᠤᠯᠠᠨ ᠳᠠᠷᠤᠭ᠎ᠠ ᠪᠠᠢᠯᠳᠤᠭ᠍ᠴᠢᠳ ᠡᠷᠬᠡᠪᠰᠢ ᠰᠢᠯᠭᠠᠨ ᠦᠵᠡᠬᠦ᠎ᠶᠢ ᠬᠦᠯᠢᠶᠡᠭᠰᠡᠨ ᠴᠡᠷᠢᠭ ᠠᠩᠭᠢ᠎ᠡᠴᠡ ᠰᠤᠷᠤᠯᠴᠠᠵᠥ᠂ ᠢᠲᠡᠭᠡᠯ ᠪᠢᠰᠢᠷᠡᠯ᠎ᠢᠶᠡᠨ ᠪᠠᠲᠤᠳᠬᠠᠨ᠂ ᠨᠠᠮ᠎ᠤᠨ ᠵᠢᠯᠣᠭᠣᠳᠤᠯᠭ᠎ᠠ᠎ᠶᠢ ᠲᠠᠭᠠᠵᠥ᠂ ᠤᠭ ᠰᠠᠨᠠᠭ᠎ᠠ᠎ᠪᠠᠨ ᠦᠢᠯᠡᠳᠦᠯᠭᠡᠵᠢᠭᠦᠯᠤᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠡᠷᠡᠰ ᠰᠢᠭᠤᠷᠬᠠᠢ᠎ᠪᠠᠷ ᠤᠷᠤᠭᠰᠢᠯᠠᠨ᠂ ᠪᠦᠯᠬᠦᠮᠳᠡᠨ ᠲᠡᠮᠡᠴᠡᠵᠦ᠂ ᠴᠡᠷᠢᠭ᠎ᠢ ᠬᠦᠴᠦᠷᠬᠡᠭᠵᠢᠭᠦᠯᠬᠦ ᠦᠢᠯᠡᠰ᠎ᠢ ᠬᠦᠴᠦᠯᠡᠨ ᠠᠬᠢᠭᠤᠯᠵᠤ᠂ ᠡᠭᠦᠷᠭᠡᠯᠡᠵᠦ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠡᠷᠡᠰ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ᠎ᠤ ᠬᠢᠨ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ᠎ᠶᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢ᠎ᠵᠢᠨ᠎ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ᠎ᠶᠢᠨ ᠴᠡᠷᠢᠭ᠎ᠦᠨ ᠶᠠᠪᠤᠳᠠᠯ᠎ᠤᠨ ᠪᠠᠢᠯᠳᠤᠬᠤ ᠪᠣᠳᠣᠯᠭ᠎ᠠ᠎ᠶᠢᠨ ᠴᠢᠭᠯᠡᠯᠲᠡ᠎ᠶᠢ ᠭᠦᠨᠵᠡᠭᠡᠢ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》᠎ᠤ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠬᠠᠵᠤ᠂ 《ᠳᠥᠷᠪᠡᠨ ᠢᠲᠡᠭᠡᠯ 》᠎ᠢᠶᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ᠎ᠶᠢᠨ ᠬᠠᠷᠢᠭᠤᠴᠠᠯᠭ᠎ᠠ᠎ᠶᠢᠨ ᠳᠦᠷᠢᠮ᠎ᠢ ᠲᠤᠭᠤᠰᠢᠯᠠᠭᠤᠯᠵᠤ᠂ ᠠᠷᠠᠳ᠎ᠤᠨ ᠴᠡᠷᠢᠭ ᠠᠩᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠤᠯᠤᠰ ᠲᠥᠷᠥ᠎ᠪᠡᠷ ᠴᠡᠷᠢᠭ ᠪᠠᠶ᠋ᠢᠭᠤᠯᠬᠤ᠂ ᠥᠭᠡᠷᠡᠴᠢᠯᠡᠯᠲᠡ᠎ᠪᠡᠷ ᠴᠡᠷᠢᠭ᠎ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠡᠷ ᠴᠡᠷᠢᠭ᠎ᠢ ᠬᠦᠴᠦᠷᠬᠡᠭᠵᠢᠭᠦᠯᠬᠦ᠂ ᠴᠢᠳᠠᠪᠤᠷᠢᠲᠠᠨ᠎ᠢᠶᠠᠷ ᠴᠡᠷᠢᠭ᠎ᠢ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ᠎ᠢ ᠵᠠᠰᠠᠬᠤ᠎ᠶᠢ ᠪᠠᠷᠢᠮᠲᠠᠯᠠᠵᠤ᠂ ᠤᠯᠤᠰ ᠲᠦᠷᠦ᠎ᠶᠢᠨ ᠴᠡᠭᠴᠡᠯᠡᠨ ᠪᠣᠯᠪᠠᠰᠤᠷᠠᠭᠤᠯᠤᠯᠲᠠ᠎ᠶᠢ ᠭᠦᠨᠵᠡᠭᠡᠢᠷᠡᠭᠦᠯᠵᠦ᠂ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠬᠦᠴᠦᠨ᠎ᠢᠶᠡᠨ ᠲᠥᠪᠯᠡᠷᠡᠭᠦᠯᠦᠨ ᠴᠡᠷᠢᠭ᠎ᠢᠶᠡᠨ ᠪᠣᠯᠪᠠᠰᠤᠷᠠᠭᠤᠯᠵᠤ ᠲᠠᠢ᠍ᠢᠨ᠎ᠳᠦ ᠪᠡᠯᠡᠳᠬᠡᠵᠦ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠠᠵᠢᠯ᠎ᠤᠨ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠵᠤ᠂ ᠮᠠᠨ᠎ᠤ ᠨᠠᠮ᠎ᠤᠨ ᠤᠳᠤᠷᠢᠳᠤᠭᠰᠠᠨ ᠡᠨᠡ ᠬᠦ᠌ ᠪᠠᠭᠠᠲᠤᠷᠯᠢᠭ᠋ ᠴᠡᠷᠢᠭ ᠠᠩᠭᠢ᠎ᠶᠢ ᠨᠡᠩ ᠡᠷᠡᠰ ᠪᠠᠲᠤ ᠪᠣᠯᠭᠠᠨ ᠳᠠᠪᠲᠠᠨ ᠪᠣᠯᠪᠠᠰᠤᠷᠠᠭᠤᠯᠵᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠎ᠶᠢ ᠲᠣᠭᠲᠠᠭᠰᠠᠨ ᠬᠤᠭᠤᠴᠠᠭᠠᠨ᠎ᠳᠦ ᠪᠡᠶᠡᠯᠡᠭᠦᠯᠬᠦ᠂ ᠠᠷᠠᠳ᠎ᠤᠨ ᠴᠡᠷᠢᠭ ᠠᠩᠭᠢ᠎ᠶᠢ ᠳᠡᠯᠡᠬᠡᠢ᠎ᠶᠢᠨ ᠲᠡᠷᠢᠭᠦᠨ ᠵᠡᠷᠭᠡ᠎ᠶᠢᠨ ᠴᠡᠷᠢᠭ ᠠᠩᠭᠢ ᠪᠣᠯᠭᠠᠨ ᠪᠦᠲᠦᠭᠡᠨ ᠪᠠᠶ᠋ᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ! ᠭᠡᠵᠦ ᠤᠷᠢᠶᠠᠯᠠᠪᠠ᠃
ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶᠢᠨ 3 ᠤ᠋ ᠴᠠᠬᠢᠯᠭᠠᠨ ᠮᠡᠳᠡᠭᠡ