ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ80 ᠵᠢᠯ᠎ᠦᠨ ᠣᠶ᠎ᠶ᠋ᠢ ᠳᠤᠷᠠᠰᠭᠠᠬᠤ ᠤᠷᠠᠨ ᠰᠠᠢᠬᠠᠨ᠎ᠤ ᠦᠳᠡᠱᠢᠯᠡᠭᠡ 《ᠱᠢᠳᠤᠷᠭᠤ ᠶᠣᠰᠣ ᠯᠠᠪᠲᠠᠶ ᠢᠯᠠᠨ᠎ᠠ》 ᠪᠡᠭᠡᠵᠢᠩ᠎ᠳᠦ ᠦᠪᠡᠳᠡᠭ᠌ᠰᠢ ᠶᠡᠬᠡ᠎ᠪᠡᠷ ᠶᠠᠪᠤᠭ᠍ᠳᠠᠪᠠ
ᠨᠡᠶᠢᠲᠡᠯᠡᠭᠰᠡᠨ ᠴᠠᠭ᠄ 2025-09-08

ᠰᠢ᠎ᠵᠢᠨ᠎ᠫᠢᠩ   ᠯᠢ ᠴᠢᠶᠠᠩ   ᠵᠤᠤ ᠯᠸ ᠵᠶ᠋ᠢ   ᠸᠠᠩ ᠬ᠍ᠤ᠌ ᠨᠢᠩ   ᠼᠠᠢ ᠴᠢ   ᠳ᠋ᠢᠩ ᠰᠢᠤᠸᠠᠢ ᠱᠢᠶᠠᠩ   ᠯᠢ ᠰᠢ   ᠬᠠᠨ ᠵᠧᠩ ᠲᠣᠭ᠍ᠯᠠᠯᠲᠠ᠎ᠶ᠋ᠢ ᠰᠣᠨᠢᠷᠬᠠᠪᠠ

ᠳᠠᠭᠤᠤ ᠬᠤᠭᠤᠷ᠎ᠤᠨ ᠡᠭᠡᠰᠢᠭᠯᠡᠩ᠂ ᠢᠯᠠᠯᠲᠠ᠎ᠶ᠋ᠢᠨ ᠢᠷᠠᠭᠤ ᠬᠠᠭᠤᠳᠠᠰᠤ᠎ᠶ᠋ᠢ ᠴᠢᠪᠬᠠᠳᠠᠨ᠎ᠠ; ᠰᠦᠷ ᠵᠢᠪᠬᠤᠯᠠᠨᠭᠲᠤ ᠤᠷᠠᠨ ᠪᠦᠵᠢᠭ᠎ᠵᠢᠡᠷ ᠱᠢᠳᠤᠷᠭᠤ ᠶᠣᠰᠣᠨ᠎ᠤ ᠬᠦᠴᠦᠨ᠎ᠢ ᠢᠯᠡᠷᠡᠭᠦᠯᠦᠨ᠎ᠡ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠤᠷᠠᠨ ᠰᠠᠢᠬᠠᠨ᠎ᠤ ᠦᠳᠡᠱᠢᠯᠡᠭᠡ 《ᠱᠢᠳᠤᠷᠭᠤ ᠶᠣᠰᠣ ᠯᠠᠪᠲᠠᠶ ᠢᠯᠠᠨ᠎ᠠ》 3 ᠎ᠤ᠋ ᠣᠷᠣᠶ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠰᠢ᠎ᠵᠢᠨ᠎ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬ᠍ᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠵᠡᠷᠭᠡ ᠨᠠᠮ ᠪᠤᠯᠤᠨ ᠲᠦᠷᠦ᠎ᠵᠢᠨ ᠤᠳᠤᠷᠢᠳᠬᠤ ᠬᠦᠮᠦᠰ 6000 ᠰᠢᠬᠠᠮ ᠳᠤᠮᠳᠠᠳᠤ ᠭᠠᠳᠠᠭᠠᠳᠤ᠎ᠵᠢᠨ ᠬᠦᠮᠦᠰ ᠲᠠᠢ ᠬᠠᠮᠲᠤ ᠦᠳᠡᠰᠢᠯᠡᠭᠡ᠎ᠶᠢ ᠰᠤᠨᠢᠷᠬᠠᠵᠤ᠂ ᠡᠨᠡ ᠬᠦ᠌ ᠭᠡᠷᠡᠯ ᠰᠠᠴᠤᠷᠠᠨᠭᠭᠤᠢ ᠡᠳᠦᠷ᠎ᠢ ᠬᠠᠮᠲᠤ ᠪᠡᠷ ᠳᠤᠷᠠᠰᠬᠠᠪᠠ᠃

9 ᠰᠠᠷ᠎ᠠ᠎ᠶ᠋ᠢᠨ 3 ᠎ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠤᠷᠠᠨ ᠰᠠᠢᠬᠠᠨ᠎ᠤ ᠦᠳᠡᠱᠢᠯᠡᠭᠡ 《ᠱᠢᠳᠤᠷᠭᠤ ᠶᠣᠰᠣ ᠯᠠᠪᠲᠠᠶ ᠢᠯᠠᠨ᠎ᠠ》 ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠰᠢ᠎ᠵᠢᠨ᠎ᠫᠢᠩ᠂ ᠯᠢ ᠴᠢᠶᠠᠩ᠂ ᠵᠤᠤ ᠯᠸ ᠵᠶ᠋ᠢ᠂ ᠸᠠᠩ ᠬ᠍ᠤ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠵᠡᠷᠭᠡ ᠨᠠᠮ ᠪᠤᠯᠤᠨ ᠲᠦᠷᠦ᠎ᠵᠢᠨ ᠤᠳᠤᠷᠢᠳᠬᠤ ᠬᠦᠮᠦᠰ 6000 ᠰᠢᠬᠠᠮ ᠳᠤᠮᠳᠠᠳᠤ ᠭᠠᠳᠠᠭᠠᠳᠤ᠎ᠵᠢᠨ ᠬᠦᠮᠦᠰ ᠲᠠᠢ ᠬᠠᠮᠲᠤ ᠦᠳᠡᠰᠢᠯᠡᠭᠡ᠎ᠶᠢ ᠰᠤᠨᠢᠷᠬᠠᠪᠠ᠃

ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠦᠮᠡᠨ ᠬᠥᠮᠦᠨ᠎ᠦ ᠶᠣᠰᠣᠯᠠᠯ᠎ᠤᠨ ᠲᠠᠩᠬᠢᠮ᠎ᠳᠤ ᠳ᠋ᠧᠩ᠎ᠦᠨ ᠬᠡᠷᠡᠯ ᠳᠤᠸᠠᠯᠠᠵᠤ᠂ ᠬᠣᠶᠠᠳᠤᠭᠠᠷ ᠳᠠᠪᠬᠤᠷᠯᠢᠭ᠎ᠤᠨ ᠪᠠᠷᠠᠯᠠᠬᠤ ᠲᠠᠢᠰᠠᠨ ᠳᠡᠭᠡᠷ᠎ᠡ 《ᠲᠡᠦᠬᠡ᠎ᠪᠡᠨ ᠪᠠᠲᠤ ᠴᠡᠭᠡᠵᠢᠯᠡᠵᠦ᠍ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ ᠡᠩᠬᠡ ᠲᠠᠢᠪᠤᠩ᠎ᠢ ᠨᠠᠨᠳᠢᠩᠨᠠᠨ ᠢᠷᠡᠭᠡᠳᠦᠶ᠎ᠪᠡᠨ ᠡᠬᠦᠳᠦᠨ ᠨᠡᠭᠡᠭᠡᠶ᠎ᠡ》 ᠭᠡᠰᠡᠨ ᠬᠥᠨᠳᠡᠯᠡᠨ ᠪᠢᠴᠢᠭᠡᠰᠦ᠎ᠶ᠋ᠢ ᠡᠯᠭᠦᠵᠡᠶ᠃ ᠲᠠᠢᠰᠠᠨ᠎ᠤ ᠭᠣᠣᠯ ᠳᠤᠮᠳᠠ᠂ 《ᠱᠢᠳᠤᠷᠭᠤ ᠶᠣᠰᠣ ᠯᠠᠪᠲᠠᠢ ᠢᠯᠠᠨ᠎ᠠ》 ᠭᠡᠬᠦ᠌ ᠰᠢᠵᠢᠷ ᠠᠯᠳᠠᠨ ᠦᠰᠦᠭ ᠬᠢᠯᠠᠯᠵᠠᠵᠤ᠂ ᠰᠦᠷᠯᠢᠭ ᠰᠠᠢᠬᠠᠨ ᠤᠷᠳᠤ ᠴᠠᠭᠠᠨ ᠬᠡᠷᠡᠮ᠎ᠦᠨ ᠳᠦᠷᠰᠦ ᠪᠦᠲᠦᠭᠡᠯᠲᠡ ᠨᠢ ᠳᠤᠮᠳᠠᠳᠤ᠎ᠶ᠋ᠢᠨ ᠦᠨᠳᠦᠰᠦᠲᠡᠨ᠎ᠦ ᠨᠤᠭᠤᠷᠠᠰᠢ ᠦᠭᠡᠢ ᠤᠶᠤᠨ ᠰᠠᠨᠠᠭᠠᠨ᠎ᠤ ᠨᠢᠷᠤᠭᠤ ᠲᠤᠯᠭᠠᠭᠤᠷᠢ᠎ᠶ᠋ᠢ ᠪᠡᠯᠭᠡᠳᠡᠨ᠎ᠡ᠃

ᠦᠳᠡᠱᠢᠯᠡᠭᠡ ᠡᠬᠢᠯᠡᠬᠦ᠌᠎ᠡᠴᠡ ᠡᠮᠦᠨ᠎ᠡ᠂ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ ᠲᠣᠭ᠍ᠯᠠᠯᠲᠠ ᠦᠵᠡᠬᠦ᠌᠎ᠪᠡᠷ ᠢᠷᠡᠭ᠌ᠰᠡᠨ ᠶᠠᠫᠣᠨ᠎ᠢ ᠡᠰᠡᠷᠭᠦᠴᠡᠬᠦ᠌ ᠳᠠᠢᠨ᠎ᠤ ᠠᠬᠠᠮᠠᠳ ᠪᠠᠢᠯᠳᠤᠭ᠍ᠴᠢ ᠠᠬᠠᠮᠠᠳ ᠨᠥᠬᠥᠳ᠎ᠦᠨ ᠲᠥᠯᠥᠭᠡᠯᠡᠭ᠌ᠴᠢᠳ᠎ᠲᠦ ᠴᠡᠴᠡᠭ ᠬᠦᠷᠭᠡᠪᠡ᠃ ᠳᠠᠷᠠᠭ᠎ᠠ ᠨᠢ᠂ ᠠᠬᠠᠮᠠᠳ ᠪᠠᠢᠯᠳᠤᠭ᠍ᠴᠢ ᠠᠬᠠᠮᠠᠳ ᠨᠥᠬᠥᠳ ᠪᠠᠭᠠᠴᠤᠳ᠎ᠤᠨ ᠬᠣᠱᠢᠭᠤᠴᠢ ᠠᠩᠭᠢ᠎ᠶ᠋ᠢᠨ ᠭᠡᠱᠢᠭᠦᠳ᠎ᠦᠨ ᠬᠦᠷᠢᠶᠡᠯᠡᠯ ᠳᠣᠣᠷ᠎ᠠ᠂ ᠶᠣᠰᠣᠯᠠᠯ᠎ᠤᠨ ᠲᠠᠩᠬᠢᠮ᠎ᠤᠨ ᠦᠵᠡᠭ᠌ᠴᠢᠳ᠎ᠦᠨ ᠰᠠᠭᠤᠳᠠᠯ᠎ᠳᠤ ᠰᠠᠭᠠᠲᠠᠵᠤ᠂ ᠲᠠᠯᠠᠪᠠᠢ ᠳᠠᠶᠠᠭᠠᠷ᠎ᠢᠶᠠᠨ ᠪᠣᠰᠴᠤ᠌ ᠵᠣᠭ᠍ᠰᠣᠨ ᠬᠠᠯᠠᠭᠤᠨ᠎ᠢᠶᠠᠷ ᠠᠯᠠᠭ᠎ᠠ ᠲᠠᠱᠢᠵᠤ᠂ ᠲᠡᠳᠡᠨ᠎ᠳᠦ ᠡᠷᠬᠢᠮ ᠳᠡᠭᠡᠳᠦ ᠬᠦᠨᠳᠦᠳᠭᠡᠯ ᠳᠡᠪᠱᠢᠭᠦᠯᠪᠡ᠃

19 ᠴᠠᠭ 55 ᠮᠢᠨᠦ᠋ᠲ᠎ᠦᠨ ᠦᠶ᠎ᠡ᠎ᠪᠡᠷ᠂ ᠪᠠᠶᠠᠷ ᠪᠠᠶᠠᠰᠭᠤᠯᠠᠩᠲᠤ ᠵᠣᠴᠢᠨ ᠤᠭ᠍ᠲᠤᠬᠤ ᠠᠶᠠᠰ ᠬᠠᠩᠭᠢᠨᠠᠵᠤ᠂ ᠰᠢ᠎ᠵᠢᠨ᠎ᠫᠢᠩ ᠵᠡᠷᠭᠡ ᠤᠳᠤᠷᠢᠳᠭᠤ ᠨᠥᠬᠥᠳ ᠶᠣᠰᠣᠯᠠᠯ᠎ᠤᠨ ᠲᠠᠩᠬᠢᠮ᠎ᠳᠤ ᠠᠯᠬᠤᠨ ᠣᠷᠣᠵᠤ᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠬᠠᠮᠠᠳ ᠪᠠᠢᠯᠳᠤᠭ᠍ᠴᠢ ᠠᠬᠠᠮᠠᠳ ᠨᠥᠬᠥᠳ᠎ᠦᠨ ᠲᠥᠯᠥᠭᠡᠯᠡᠭ᠌ᠴᠢᠳ᠎ᠲᠡᠶ ᠳᠣᠲᠣᠨᠣ᠎ᠪᠠᠷ ᠭᠠᠷ ᠠᠳᠭᠤᠪᠠ᠃

ᠬᠤᠨᠭᠬᠤᠨ ᠳᠠᠭᠤᠨ 8 ᠤᠳᠠᠭ᠎ᠠ ᠬᠦᠩᠬᠢᠨᠡᠨ ᠲᠤᠤᠭᠠᠷᠴᠦ᠂ ᠬᠦᠭᠵᠢᠮ ᠰᠢᠯᠦᠭ ᠬᠠᠪᠰᠤᠷᠭᠠᠭᠰᠠᠨ ᠵᠢᠷᠤᠭ 《ᠠᠭᠤᠯᠠ ᠤᠰᠤᠨ᠎ᠤ ᠦᠨᠢᠳᠡ᠎ᠵᠢᠨ ᠲᠡᠮᠳᠡᠭ᠌ᠯᠡᠯ》 ᠨᠢ ᠦᠳᠡᠱᠢᠯᠡᠭᠡ᠎ᠶ᠋ᠢᠨ ᠬᠥᠱᠢᠭᠡ᠎ᠶ᠋ᠢ ᠰᠡᠬᠦᠯ᠎ᠡ᠃

ᠠᠩᠬᠠᠳᠠᠭ᠍ᠴᠢ ᠲᠠᠯᠠᠪᠠᠢ 《ᠬᠢᠯᠢᠩᠨᠡᠨ ᠬᠠᠰᠭᠢᠷᠤᠭᠠᠴᠢ᠂ ᠬᠠᠲᠤᠨ ᠭᠤᠤᠯ ᠮᠢᠨᠢ》᠎ᠳᠤ᠂ 《ᠳᠤᠮᠳᠠᠳᠤ᠎ᠶ᠋ᠢᠨ ᠦᠨᠳᠦᠰᠦᠲᠡᠨ ᠬᠠᠮᠤᠭ᠎ᠤᠨ ᠠᠶᠤᠯ ᠲᠦᠭ᠌ᠰᠢᠭᠦᠷᠢ᠎ᠲᠡᠶ ᠴᠠᠭ ᠦᠶ᠎ᠡ᠎ᠳᠦ ᠬᠦᠷᠴᠡᠶ》 ᠬᠡᠬᠦ ᠠᠬᠤᠢ ᠪᠠᠢᠳᠠᠯ᠎ᠤᠨ ᠲᠣᠭ᠍ᠯᠠᠯᠲᠠ᠂ 《ᠴᠢᠰᠤᠨ᠎ᠳᠤ ᠪᠤᠳᠤᠭᠳᠠᠭᠰᠠᠨ ᠴᠠᠭᠠᠨ ᠬᠤᠰᠤᠨ ᠣᠶ》 ᠬᠡᠬᠦ ᠠᠬᠤᠶ ᠪᠠᠢᠳᠠᠯ᠎ᠤᠨ ᠳᠠᠭᠤᠤ ᠪᠥᠵᠢᠭ᠂ 《ᠵᠠᠭᠤᠷᠮᠠᠭ ᠨᠠᠰᠤ》 ᠬᠡᠬᠦ ᠪᠥᠵᠢᠭ ᠨᠢ ᠤᠶᠠᠷᠠᠭᠤᠨ ᠭᠤᠨᠢᠬᠯᠠᠯᠳᠠᠢ ᠪᠠᠢᠵᠤ᠂ 《ᠬᠢᠯᠢᠩᠨᠡᠨ ᠬᠠᠰᠭᠢᠷᠤᠭᠠᠴᠢ᠂ ᠬᠠᠲᠤᠨ ᠭᠤᠤᠯ ᠮᠢᠨᠢ》 ᠬᠡᠬᠦ  ᠤᠶᠠᠩᠭᠠᠯᠠᠯ ᠪᠠ ᠨᠠᠢᠷᠠᠯ ᠳᠠᠭᠤᠤ ᠨᠢ ᠤᠷᠮ᠎ᠠ ᠵᠣᠷᠢᠭ ᠪᠠᠳᠠᠷᠠᠩᠭᠤᠶ ᠪᠠᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠷᠢᠶᠠᠯᠠᠭ᠎ᠠ ᠪᠠ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ᠎ᠤᠨ ᠠᠷᠠᠳ ᠲᠦᠮᠡᠨ᠎ᠦ ᠡᠷᠡᠯᠬᠡᠭ᠌ᠯᠡᠨ ᠲᠡᠮᠡᠴᠡᠵᠦ᠍ ᠲᠦᠷᠢᠮᠡᠬᠡᠢᠯᠡᠭ᠌ᠴᠢᠳ᠎ᠢ ᠡᠰᠡᠷᠭᠦᠴᠡᠭ᠌ᠰᠡᠨ ᠡᠷᠡᠯᠬᠡᠭ ᠪᠠᠭᠠᠲᠤᠷᠯᠢᠭ ᠰᠥᠰᠥ᠍ ᠵᠣᠷᠢᠭ᠎ᠢ ᠢᠯᠡᠷᠡᠭᠦᠯᠪᠡ᠃ ᠬᠣᠶᠠᠳᠤᠭᠠᠷ ᠲᠠᠯᠠᠪᠠᠢ 《ᠤᠯᠠᠭᠠᠨ ᠤᠳᠤ ᠳᠤᠮᠳᠠᠳᠤ ᠤᠯᠤᠰ᠎ᠢ ᠭᠡᠢᠭᠦᠯᠦᠨ᠎ᠡ》᠎ᠳᠦ 《ᠵᠤᠷᠪᠤᠰ ᠭᠡᠷᠡᠯ》 ᠬᠡᠬᠦ ᠠᠬᠤᠢ ᠪᠠᠢᠳᠠᠯ᠎ᠤᠨ ᠰᠢᠯᠦᠭ᠎ᠤᠨ ᠤᠶᠠᠩᠭᠠᠯᠠᠯ᠂ 《ᠶᠠᠨ ᠠᠨ! ᠶᠠᠨ ᠠᠨ!》 ᠬᠡᠬᠦ ᠳᠠᠭᠤᠤ ᠪᠦᠵᠢᠭ ᠨᠢ ᠣᠷᠭᠢᠯᠤᠮ᠎ᠠ ᠬᠠᠯᠠᠭᠤᠨ ᠰᠡᠳᠭᠢᠯᠭᠡ᠎ᠲᠡᠶ  ᠪᠠᠢᠵᠤ᠂ 《ᠨᠦᠬᠡᠨ ᠭᠡᠷ ᠪᠣᠯᠤᠨ ᠪᠠᠢᠯᠳᠤᠭᠠᠨ᠎ᠤ ᠭᠤᠤ》 ᠨᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠫᠣᠨ᠎ᠢ ᠡᠰᠡᠷᠭᠦᠴᠡᠬᠦ᠌ ᠲᠤᠭ᠎ᠢ ᠥᠨᠳᠥᠷ ᠮᠠᠨᠳᠤᠭᠤᠯᠵᠤ᠂ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠭᠣᠣᠯ ᠲᠤᠯᠭᠠᠭᠤᠷᠢ ᠪᠣᠯᠤᠭ᠍ᠰᠠᠨ᠎ᠢ ᠬᠠᠷᠠᠭᠤᠯᠪᠠ᠃ ᠭᠤᠷᠪᠠᠳᠤᠭᠠᠷ ᠲᠠᠯᠠᠪᠠᠢ 《ᠢᠯᠠᠭ᠍ᠳᠠᠰᠢ ᠦᠭᠡᠢ ᠬᠦᠴᠦᠨ》᠎ᠳᠦ᠂ 《ᠲᠦᠳᠡᠭ ᠭᠠᠯ ᠭᠠᠵᠠᠷ ᠰᠠᠢ ᠦᠭᠡᠢ ᠲᠦᠷᠡᠯᠵᠡᠯ᠎ᠡ》 ᠬᠡᠬᠦ ᠮᠥᠴᠡᠯᠭᠡ ᠪᠥᠵᠢᠭ ᠪᠠ ᠮᠥᠴᠡᠯᠭᠡ ᠳᠠᠭᠤᠤ᠂ 《ᠥᠨᠢ ᠡᠭᠦᠷᠢᠳᠡ᠎ᠶᠢᠨ ᠴᠤᠯᠠ ᠳᠡᠮᠳᠡᠭ》 ᠬᠡᠬᠦ ᠠᠬᠤᠢ ᠪᠠᠢᠳᠠᠯ᠎ᠤᠨ ᠰᠢ ᠵᠦᠴᠦᠭᠡ ᠪᠠ 《ᠡᠴᠦᠰ᠎ᠲᠦᠨᠢ ᠲᠤᠯᠲᠠᠯ᠎ᠠ ᠪᠠᠢᠯᠳᠤᠶ᠎ᠠ》 ᠬᠡᠬᠦ ᠡᠷᠡᠭ᠌ᠲᠡᠶ᠎ᠶ᠋ᠢᠨ ᠬᠠᠮᠲᠤ᠎ᠶ᠋ᠢᠨ ᠪᠥᠵᠢᠭ ᠨᠢ ᠠᠭᠤᠯᠠ ᠤᠰᠤ᠎ᠶ᠋ᠢ ᠳᠣᠩᠰᠣᠯᠭᠠᠵᠤ᠂ ᠨᠠᠮ᠎ᠤᠨ ᠤᠳᠤᠷᠢᠳᠤᠭ᠍ᠰᠠᠨ ᠠᠷᠠᠳ᠎ᠤᠨ ᠳᠠᠢᠨ᠎ᠤ ᠰᠦᠷ ᠳᠠᠯᠠᠢᠴᠠᠲᠠᠢ ᠬᠦᠴᠦᠨ᠎ᠢ ᠢᠯᠡᠷᠡᠭᠦᠯᠪᠡ᠃ ᠳᠥᠷᠪᠡᠳᠦᠭᠡᠷ ᠲᠠᠯᠠᠪᠠᠢ 《ᠬᠠᠮᠲᠤ᠎ᠶ᠋ᠢᠨ ᠥᠷ᠎ᠤᠨ ᠲᠤᠶᠠᠭ᠎ᠠ》᠎ᠳᠤ᠂ 《ᠰᠠᠯᠬᠢᠨ᠎ᠤ ᠠᠶ᠎ᠠ᠎ᠪᠠᠷ》 ᠬᠡᠬᠦ  ᠪᠥᠵᠢᠭ᠂ 《ᠪᠠᠯᠠᠷᠠᠰᠢ ᠦᠭᠡᠢ ᠬᠦᠭ ᠠᠶᠠᠰ》 ᠬᠡᠬᠦ ᠠᠬᠤᠢ ᠪᠠᠢᠳᠠᠯ᠎ᠤᠨ ᠳᠠᠭᠤᠤ᠂ 《ᠨᠡᠷᠡᠬᠦᠢ ᠬᠥᠮᠦᠰ᠎ᠦᠨ ᠭᠠᠪᠢᠶᠠᠨ ᠲᠡᠮᠳᠡᠭ》 ᠬᠡᠬᠦ ᠳᠠᠭᠤᠤ ᠨᠢ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠯᠤᠲᠤ ᠶᠡᠬᠡ ᠦᠷᠡᠭ᠌ᠳᠡᠯ᠎ᠢᠶᠡᠷ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠳᠣᠷᠣᠨᠠᠳᠠᠬᠢᠨ᠎ᠤ ᠭᠣᠣᠯ ᠲᠠᠢ᠌ᠨ᠎ᠦ ᠲᠠᠯᠠᠪᠤᠷ᠎ᠢ ᠲᠤᠯᠭᠠᠭᠤᠷᠢᠯᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠬᠤ᠎ᠳᠤ ᠦᠵᠡᠭᠦᠯᠦᠭ᠌ᠰᠡᠨ ᠲᠡᠦᠬᠡᠲᠦ ᠴᠢᠨᠠᠷᠲᠠᠢ ᠬᠤᠪᠢ ᠨᠡᠮᠡᠷᠢ᠎ᠶ᠋ᠢ ᠮᠠᠭ᠍ᠲᠠᠨ ᠳᠠᠭᠤᠯᠠᠪᠠ᠃ ᠲᠠᠪᠤᠳᠤᠭᠠᠷ ᠲᠠᠯᠠᠪᠠᠢ 《ᠱᠢᠳᠤᠷᠭᠤ ᠶᠣᠰᠣ ᠥᠨᠢ ᠮᠦᠩᠭᠡ》᠎ᠳᠦ᠂ 《ᠲᠠᠨ᠎ᠤ ᠰᠠᠨᠠᠭᠰᠠᠨ᠎ᠢᠶᠡᠷ ᠪᠤᠯᠤᠯ᠎ᠠ》 ᠬᠡᠬᠦ ᠦᠵᠡᠭᠳᠡᠯᠳᠦ ᠶᠠᠷᠢᠯᠴᠠᠭ᠎ᠠ ᠨᠢ ᠴᠢᠩ ᠦᠨᠡᠨᠴᠢ ᠰᠡᠳᠭᠢᠯᠭᠡ᠎ᠶᠢ ᠢᠯᠡᠷᠡᠬᠦᠯᠵᠦ᠂ 《ᠱᠢᠳᠤᠷᠭᠤ ᠶᠣᠰᠣ᠎ᠶ᠋ᠢ ᠰᠠᠬᠢᠨ ᠬᠠᠮᠠᠭᠠᠯᠠᠶ᠎ᠠ》 ᠬᠡᠬᠦ ᠶᠣᠰᠣᠯᠠᠯ᠎ᠤᠨ ᠲᠣᠭ᠍ᠯᠠᠯᠲᠠ᠂ 《ᠰᠦᠷ ᠬᠦᠴᠦᠨ ᠬᠤᠷᠢᠬ᠍ᠯᠠᠭ᠍ᠳᠠᠰᠢ ᠥᠬᠡᠶ》 ᠬᠡᠬᠦ ᠳᠠᠭᠠᠭᠤᠯᠤᠨ ᠳᠠᠭᠤᠯᠠᠬᠤ ᠪᠠ ᠨᠠᠢᠷᠠᠯ ᠳᠠᠭᠤᠤ ᠨᠢ ᠲᠣᠭ᠍ᠯᠠᠯᠲᠠ᠎ᠶ᠋ᠢ ᠣᠷᠭᠢᠯ᠎ᠳᠤ ᠬᠦᠷᠭᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠰᠦᠷ ᠲᠠᠯᠠᠢᠴᠠᠳᠠᠢ  ᠪᠠᠢᠳᠠᠯ᠎ᠢ ᠵᠢᠷᠤᠭ᠍ᠯᠠᠵᠤ᠂ ᠱᠢᠳᠤᠷᠭᠤ ᠶᠣᠰᠣ ᠵᠠᠪᠠᠯ ᠢᠯᠠᠬᠤ ᠦᠨᠡᠨ ᠶᠣᠰᠣᠨ᠎ᠤ ᠬᠦᠴᠦᠨ᠎ᠢ ᠢᠯᠡᠷᠡᠭᠦᠯᠪᠡ᠃ ᠲᠡᠭᠦᠰᠭᠡᠯ᠎ᠦᠨ ᠭᠣᠭ᠍ᠴᠣᠭ᠎ᠠ᠎ᠳᠤ᠂ 《ᠬᠤᠪᠢ ᠵᠠᠶᠠᠭ᠎ᠠ᠎ᠪᠠᠨ ᠬᠠᠮᠲᠤᠳᠭᠠᠶ᠎ᠠ》 ᠬᠡᠬᠦ ᠳᠠᠭᠤᠤ ᠪᠥᠵᠢᠭ ᠨᠢ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠨᠠᠢᠷᠠᠯ ᠬᠥᠭ᠌ᠵᠢᠮ᠎ᠢ ᠬᠠᠩᠭᠢᠨᠠᠭᠤᠯᠪᠠ᠃

ᠲᠣᠭ᠍ᠯᠠᠯᠲᠠ ᠲᠡᠭᠦᠰᠭᠦ ᠦᠶ᠎ᠡ᠎ᠳᠦ᠂ ᠲᠠᠯᠠᠪᠠᠢ ᠳᠠᠶᠠᠭᠠᠷ᠎ᠢᠶᠠᠨ ᠪᠣᠰᠴᠤ᠌ ᠵᠣᠭ᠍ᠰᠣᠨ᠂ ᠬᠠᠮᠲᠤ᠎ᠪᠠᠷ 《ᠡᠭᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠳᠠᠭᠤᠤ᠎ᠶ᠋ᠢ ᠬᠠᠩᠭᠢᠨᠠᠲᠠᠯ᠎ᠠ ᠳᠠᠭᠤᠯᠠᠵᠤ᠂ ᠬᠠᠯᠠᠭᠤᠨ ᠠᠯᠠᠭ᠎ᠠ ᠲᠠᠱᠢᠯᠳᠠ᠎ᠶ᠋ᠢᠨ ᠲᠠᠭᠤᠨ ᠤᠳᠠᠲᠠᠯ᠎ᠠ ᠦᠷᠭᠦᠯᠵᠢᠯᠡᠪᠡ᠃

ᠪᠦᠬᠦᠢᠯᠡ ᠦᠳᠡᠱᠢᠯᠡᠭᠡ ᠨᠢ ᠲᠡᠦᠬᠡ᠎ᠶ᠋ᠢᠨ ᠴᠠᠭ ᠣᠷᠣᠨ᠂ ᠤᠷᠠᠯᠢᠭ᠎ᠤᠨ ᠴᠠᠭ ᠣᠷᠣᠨ᠂ ᠬᠠᠢᠷ᠎ᠠ ᠰᠡᠳᠭᠢᠯᠭᠡ᠎ᠶ᠋ᠢᠨ ᠴᠠᠭ ᠣᠷᠣᠨ᠎ᠢ ᠰᠣᠯᠪᠢᠴᠠᠭᠤᠯᠤᠨ ᠠᠭᠤᠰᠤᠯᠴᠠᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠪᠣᠯᠤᠨ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠰᠦᠷ ᠳᠠᠯᠠᠢᠴᠠᠲᠠᠢ ᠲᠡᠦᠬᠡ᠎ᠶ᠋ᠢ ᠭᠦᠨ ᠰᠡᠳᠭᠢᠯᠭᠡ᠎ᠲᠡᠶ᠎ᠡᠷᠭᠢᠴᠡᠭᠦᠯᠵᠦ᠍᠂ ᠶᠠᠫᠣᠨ᠎ᠢ ᠡᠰᠡᠷᠭᠦᠴᠡᠬᠦ᠌ ᠲᠠᠢ᠌ᠨ᠎ᠦ ᠳᠤᠮᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠤᠤᠯ ᠲᠤᠯᠭᠠᠭᠤᠷᠢ᠎ᠶ᠋ᠢᠨ ᠦᠢᠯᠡᠳᠦᠯ᠎ᠢ ᠲᠤᠪᠤᠢ᠌ᠯᠭᠠᠨ ᠢᠯᠡᠷᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠲᠦᠷᠢᠮᠡᠬᠡᠢᠯᠡᠯ᠎ᠢ ᠡᠰᠡᠷᠭᠦᠴᠡᠭ᠌ᠰᠡᠨ ᠢᠯᠠᠯᠲᠠ᠎ᠶ᠋ᠢᠨ ᠳᠠᠭᠤᠤ᠎ᠶ᠋ᠢ ᠬᠠᠩᠭᠢᠨᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠳᠡᠯᠡᠬᠡᠢ᠎ᠶ᠋ᠢᠨ ᠦᠨᠳᠦᠰᠦᠲᠡᠨ᠎ᠦ ᠳᠤᠮᠳᠠᠬᠢ ᠪᠡᠶ᠎ᠡ᠎ᠪᠡᠨ ᠳᠠᠭᠠᠭᠠᠭ᠍ᠰᠠᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠪᠡ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠤᠳᠤᠷᠢᠳᠭᠤ ᠨᠥᠬᠥᠳ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠦᠳᠡᠱᠢᠯᠡᠭᠡ᠎ᠶ᠋ᠢ ᠰᠣᠨᠢᠷᠬᠠᠪᠠ᠃

ᠦᠳᠡᠱᠢᠯᠡᠭᠡ᠎ᠶ᠋ᠢ ᠰᠣᠨᠢᠷᠬᠠᠭ᠍ᠰᠠᠳ᠎ᠲᠤ ᠪᠠᠰᠠ᠄ ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠡᠯ᠎ᠡ ᠰᠠᠯᠠᠭ᠎ᠠ ᠮᠥᠴᠢᠷ ᠪᠣᠯᠤᠨ ᠪᠡᠭᠡᠵᠢᠩ ᠬᠤᠳᠠ᠎ᠶ᠋ᠢᠨ ᠭᠣᠣᠯ ᠬᠠᠷᠢᠭᠤᠴᠠᠯᠭᠠᠲᠠᠨ ᠨᠥᠬᠥᠳ᠂ ᠶᠠᠫᠣᠨ᠎ᠢ ᠡᠰᠡᠷᠭᠦᠴᠡᠬᠦ᠌ ᠳᠠᠢᠨ᠎ᠳᠤ ᠣᠷᠣᠯᠴᠠᠵᠤ ᠥᠩᠭᠡᠷᠡᠭ᠌ᠰᠡᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠶᠠᠫᠣᠨ᠎ᠢ ᠡᠰᠡᠷᠭᠦᠴᠡᠬᠦ᠌ ᠳᠠᠢᠨ᠎ᠤ ᠦᠷᠡᠭ᠌ᠳᠡᠭ᠌ᠰᠡᠨ ᠪᠠᠭᠠᠲᠤᠷᠴᠤᠳ᠎ᠤᠨ ᠲᠥᠷᠥᠯ ᠰᠠᠳᠤᠨ᠎ᠤ ᠲᠥᠯᠥᠭᠡᠯᠡᠭ᠌ᠴᠢ᠂ ᠶᠠᠫᠣᠨ᠎ᠢ ᠡᠰᠡᠷᠭᠦᠴᠡᠭ᠌ᠰᠡᠨ ᠭᠣᠮᠢᠨᠳᠠᠩ᠎ᠤᠨ ᠠᠬᠠᠮᠠᠳ ᠴᠡᠷᠢᠭ᠎ᠦᠨ ᠲᠥᠯᠥᠭᠡᠯᠡᠭ᠌ᠴᠢ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠡᠭᠡ ᠣᠷᠣᠨᠴᠢ ᠬᠥᠮᠦᠰ᠂ ᠶᠠᠫᠣᠨ᠎ᠢ ᠡᠰᠡᠷᠭᠦᠴᠡᠬᠰᠡᠨ ᠵᠠᠩᠵᠤᠨ᠎ᠤ ᠭᠡᠷ ᠪᠦᠯᠢ᠎ᠶ᠋ᠢᠨ ᠲᠥᠯᠥᠭᠡᠯᠡᠭ᠌ᠴᠢ᠂ ᠪᠡᠭᠡᠵᠢᠩ᠎ᠳᠡᠬᠢ ᠲᠥᠪ᠎ᠦᠨ ᠬᠠᠮᠢᠶᠠᠷᠤᠯᠲᠠ᠎ᠶ᠋ᠢᠨ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠠᠵᠤ ᠠᠬᠤᠢᠯᠠᠯ᠎ᠤᠨ ᠭᠣᠣᠯ ᠬᠠᠷᠢᠭᠤᠴᠠᠯᠭᠠᠲᠠᠨ ᠨᠥᠬᠥᠳ᠂ ᠪᠡᠭᠡᠵᠢᠩ᠎ᠳᠦ ᠪᠠᠢᠭ᠎ᠠ ᠲᠥᠪ ᠬᠤᠷᠢᠶ᠎ᠠ᠎ᠶᠢᠨ ᠭᠡᠱᠢᠭᠦᠨ᠂ ᠲᠥᠪ ᠬᠤᠷᠢᠶ᠎ᠠ᠎ᠶᠢᠨ ᠣᠷᠣᠯᠠᠭ᠍ᠴᠢ ᠭᠡᠱᠢᠭᠦᠨ᠂ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠭᠡᠱᠢᠭᠦᠨ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠦᠨ ᠭᠡᠱᠢᠭᠦᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠬᠠᠷᠢᠭᠤᠴᠠᠯᠭᠠᠲᠠᠨ ᠪᠠ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠂ ᠠᠬᠠᠮᠠᠳ ᠨᠥᠬᠥᠳ᠎ᠦᠨ ᠲᠥᠯᠥᠭᠡᠯᠡᠭ᠌ᠴᠢ᠂ ᠨᠠᠰᠤ ᠪᠠᠷᠠᠭ᠍ᠰᠠᠨ ᠨᠢᠭᠡ ᠪᠦᠯᠦᠭ ᠠᠬᠠᠮᠠᠳ ᠨᠥᠬᠥᠳ᠎ᠦᠨ ᠲᠦᠷᠦᠯ ᠰᠠᠳᠤᠨ᠂ ᠭᠠᠪᠢᠶᠠᠲᠤ ᠵᠢᠳᠬᠦᠯᠳᠡᠨ᠎ᠦ ᠢᠷᠠᠭᠤ ᠠᠯᠳᠠᠷ ᠬᠦᠷᠲᠡᠭ᠌ᠴᠢ᠎ᠶ᠋ᠢᠨ ᠲᠥᠯᠥᠭᠡᠯᠡᠭ᠌ᠴᠢ᠂ ᠪᠦᠬᠦ᠌ ᠤᠯᠤᠰ᠎ᠤᠨ ᠲᠡᠷᠢᠭᠦᠨ᠎ᠦ ᠵᠢᠱ᠌ᠢᠶᠡᠴᠢ ᠬᠥᠮᠦᠰ᠎ᠦᠨ ᠲᠥᠯᠥᠭᠡᠯᠡᠭ᠌ᠴᠢ᠂ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ ᠨᠡᠷ᠎ᠦᠨ ᠲᠥᠯᠥᠭᠡᠯᠡᠭ᠌ᠴᠢ᠂ ᠨᠡᠢᠰᠯᠡᠯ᠎ᠦᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭ᠌ᠴᠢ᠂ ᠪᠡᠭᠡᠵᠢᠩ᠎ᠳᠦ ᠰᠠᠭᠤᠭ᠎ᠠ ᠴᠡᠷᠢᠭ ᠠᠩᠬᠢ᠎ᠶ᠋ᠢᠨ ᠳᠠᠷᠤᠭ᠎ᠠ ᠪᠠᠢᠯᠳᠤᠭ᠍ᠴᠢ᠎ᠶ᠋ᠢᠨ ᠲᠥᠯᠥᠭᠡᠯᠡᠭ᠌ᠴᠢ᠂ ᠳᠤᠮᠳᠠᠳᠤ ᠤᠯᠤᠰ᠎ᠲᠤ ᠰᠠᠭᠤᠭ᠎ᠠ ᠡᠯ᠎ᠡ ᠤᠯᠤᠰ᠎ᠤᠨ ᠡᠯᠴᠢᠨ ᠰᠠᠢᠳ᠂ ᠴᠡᠷᠢᠭ᠎ᠦᠨ ᠡᠯᠴᠢᠨ ᠪᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠳᠤᠮᠳᠠᠳᠤ ᠤᠯᠤᠰ᠎ᠲᠤ ᠰᠠᠭᠤᠭ᠎ᠠ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢᠨ᠎ᠤ ᠢᠯᠠᠯᠲᠠ᠎ᠳᠤ ᠬᠤᠪᠢ ᠨᠡᠮᠡᠷᠢ ᠦᠵᠡᠭᠦᠯᠦᠭ᠌ᠰᠡᠨ ᠭᠠᠳᠠᠭᠠᠳᠤ᠎ᠶ᠋ᠢᠨ ᠨᠠᠢᠵᠠ ᠪᠤᠶᠤ ᠲᠡᠳᠠᠨ᠎ᠦ ᠭᠡᠷ ᠪᠦᠯᠢ᠎ᠶ᠋ᠢᠨ ᠲᠥᠯᠥᠭᠡᠯᠡᠭ᠌ᠴᠢ ᠵᠡᠷᠭᠡ ᠪᠤᠢ᠃

ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 9 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            