ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠱᠢᠨᠵᠢᠶᠠᠩ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠲᠥᠯᠥᠭᠡᠯᠡᠭ᠌ᠴᠢᠳ᠎ᠢ ᠬᠦᠯᠢᠶᠠᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄ 2025-09-28

ᠸᠠᠩ ᠬ᠍ᠤ ᠨᠢᠩ   ᠼᠠᠢ ᠴᠢ ᠬᠦᠯᠢᠶᠡᠨ ᠠᠪᠴᠤ᠌ ᠠᠭᠤᠯᠵᠠᠬᠤ ᠎ᠳᠤ ᠣᠷᠣᠯᠴᠠᠵᠠᠢ

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ 23 ᠎ᠤ᠋ ᠦᠳᠡ᠎ᠶ᠋ᠢᠨ ᠬᠣᠢᠨ᠎ᠠ ᠱᠢᠨᠵᠢᠶᠠᠩ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠲᠥᠯᠥᠭᠡᠯᠡᠭ᠌ᠴᠢᠳ᠎ᠢ᠋ ᠬᠦᠯᠢᠶᠠᠨ ᠠᠪᠴᠤ ᠠᠭᠤᠯᠵᠠᠵᠤ᠂ ᠨᠠᠮ᠎ᠤᠨ ᠲᠥᠪ ᠬᠣᠷᠢᠶ᠎ᠠ᠎ᠶᠢᠨ ᠡᠮᠦᠨ᠎ᠡ᠎ᠡᠴᠡ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠲᠤ ᠴᠢᠩ ᠰᠡᠳᠭᠢᠯ᠎ᠦᠨ ᠮᠡᠨᠳᠦᠴᠢᠯᠡᠯ ᠪᠠ ᠵᠥᠩᠨᠡᠯ ᠳᠡᠪᠱᠢᠭᠦᠯᠵᠦ᠍᠂ ᠣᠯᠠᠨ᠎ᠢᠶᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠪᠦᠯᠬᠦᠮᠳᠡᠨ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠦᠵᠡᠰᠭᠦᠯᠡᠩᠲᠦ ᠰᠠᠢᠬᠠᠨ ᠱᠢᠨᠵᠢᠶᠠᠩ᠎ᠢ ᠨᠠᠩ ᠰᠠᠢᠲᠤᠷ ᠪᠥᠲᠥᠭᠡᠨ ᠪᠠᠢᠭᠤᠯᠬᠤ᠎ᠶ᠋ᠢ ᠬᠦᠰᠡᠪᠡ᠃

9 ᠰᠠᠷ᠎ᠠ᠎ᠶᠢᠨ 23 ᠎ᠤ᠋ ᠦᠳᠡ᠎ᠶ᠋ᠢᠨ ᠬᠣᠢᠨ᠎ᠠ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠦᠷᠤᠮᠴᠢ᠎ᠳᠦ ᠱᠢᠨᠵᠢᠶᠠᠩ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠲᠥᠯᠥᠭᠡᠯᠡᠭ᠌ᠴᠢᠳ᠎ᠢ ᠳᠤᠳᠤᠨᠤ ᠪᠠᠷ ᠬᠦᠯᠢᠶᠠᠨ ᠠᠪᠴᠤ ᠠᠭᠤᠯᠵᠠᠬᠤ᠎ᠶᠢᠨ ᠬᠠᠮᠳᠤ ᠤᠯᠠᠨ ᠎ᠲᠠᠶ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠭᠠᠯ ᠦᠯᠡᠳᠡᠭᠡᠪᠡ᠃

ᠰᠢ᠎ᠵᠢᠨ᠎ᠫᠢᠩ᠎ᠨᠡᠷ ᠠᠭᠤᠯᠵᠠᠯᠳᠠ᠎ᠶᠢᠨ ᠲᠤᠬᠠᠢ᠎ᠶ᠋ᠢᠨ ᠲᠠᠯᠠᠪᠠᠢ᠎ᠳᠤ ᠬᠦᠴᠤ ᠢᠷᠡᠬᠦ᠎ᠳᠦ ᠲᠠᠯᠠᠪᠠᠢ ᠲᠦᠬᠦᠷᠡᠩ ᠬᠠᠯᠠᠭᠤᠨ ᠠᠯᠠᠭ᠎ᠠ ᠲᠠᠰᠢᠯᠳᠠ᠎ᠶᠢᠨ ᠲᠠᠭᠤᠨ ᠤᠳᠠᠳᠠᠯ᠎ᠠ ᠨᠢᠵᠢᠬᠢᠨᠠᠪᠠ᠃ ᠰᠢ᠎ᠵᠢᠨ᠎ᠫᠢᠩ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ᠍᠂ ᠪᠠᠢᠨ ᠪᠠᠢᠨ ᠲᠥᠯᠥᠭᠡᠯᠡᠭ᠌ᠴᠢᠳ᠎ᠲᠡᠶ ᠳᠣᠲᠣᠨᠣ ᠎ᠪᠠᠷ ᠶᠠᠷᠢᠯᠴᠠᠵᠤ᠂ ᠤᠯᠠᠨ᠎ᠲᠠᠶ ᠬᠠᠮᠲᠤ ᠬᠡᠷᠡᠯ ᠵᠢᠷᠤᠬ ᠲᠠᠲᠠᠭᠤᠯᠵᠤ ᠳᠤᠷᠠᠰᠭᠠᠯ ᠦᠯᠡᠳᠡᠭᠡᠪᠡ᠃

ᠰᠢ᠎ᠵᠢᠨ᠎ᠫᠢᠩ ᠪᠠᠰᠠ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠵᠢᠴᠢ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠂ ᠡᠯ᠎ᠡ ᠭᠠᠵᠠᠷ᠎ᠤᠨ ᠵᠧᠦ ᠬᠤᠳᠠ᠎ᠶ᠋ᠢᠨ ᠬᠠᠷᠢᠭᠤᠴᠠᠯᠭᠠᠲᠠᠨ ᠨᠥᠬᠥᠳ ᠪᠣᠯᠤᠨ ᠠᠬᠠᠮᠠᠳ ᠨᠥᠬᠥᠳ᠎ᠦᠨ ᠲᠥᠯᠥᠭᠡᠯᠡᠭ᠌ᠴᠢ᠂ ᠱᠢᠨᠵᠢᠶᠠᠩ᠎ᠤᠨ ᠦᠢᠯᠡᠳᠪᠦᠷᠢᠯᠡᠯ ᠪᠦᠳᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠤᠳᠤᠷᠢᠳᠭᠤ ᠪᠠᠭ᠎ᠤᠨ ᠪᠦᠷᠢᠯᠳᠦᠬᠦᠨ ᠵᠢᠴᠢ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠠᠷᠢᠭᠤᠴᠠᠯᠭᠠᠲᠠᠨ ᠨᠥᠬᠥᠳ᠂ ᠱᠢᠨᠵᠢᠶᠠᠩ᠎ᠢ ᠲᠤᠰᠠᠯᠠᠬᠤ ᠺᠠᠳ᠋ᠷᠴᠤᠳ᠎ᠤᠨ ᠲᠥᠯᠥᠭᠡᠯᠡᠭ᠌ᠴᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠎ᠶ᠋ᠢᠨ ᠲᠥᠯᠥᠭᠡᠯᠡᠭ᠌ᠴᠢ᠂ ᠱᠠᠱᠢᠨ ᠰᠤᠷᠲᠠᠬᠤᠨ᠎ᠤ ᠡᠲᠡᠭᠡᠳ᠎ᠦᠨ ᠡᠭᠡ ᠣᠷᠣᠨᠴᠢ ᠬᠥᠮᠦᠰ ᠪᠣᠯᠤᠨ ᠦᠨᠳᠦᠰᠦᠨ ᠱᠠᠲᠤᠨ᠎ᠤ ᠱᠠᠱᠢᠨ ᠰᠤᠷᠲᠠᠬᠤᠨ᠎ᠤ ᠠᠵᠢᠯ᠎ᠤᠨ ᠺᠠᠳ᠋ᠷᠴᠤᠳ᠎ᠤᠨ ᠲᠥᠯᠥᠭᠡᠯᠡᠭ᠌ᠴᠢ ᠵᠢ ᠲᠤᠰ ᠲᠤᠰ ᠲᠤᠳᠤᠨᠤ᠎ᠪᠠᠷ ᠬᠦᠯᠢᠶᠠᠨ ᠠᠪᠴᠤ ᠠᠭᠤᠯᠵᠠᠪᠠ᠃

9 ᠰᠠᠷ᠎ᠠ᠎ᠶᠢᠨ 23 ᠎ᠤ᠋ ᠦᠳᠡ᠎ᠶᠢᠨ ᠬᠤᠢᠨ᠎ᠠ᠂ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠦᠷᠤᠮᠴᠢ᠎ᠳᠦ ᠱᠢᠨᠵᠢᠶᠠᠩ᠎ᠳᠤ ᠰᠠᠭᠤᠭ᠎ᠠ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭᠴᠢᠳ᠎ᠤᠨ ᠳᠦᠯᠦᠭᠡᠯᠡᠭᠴᠢᠳ᠎ᠢ ᠲᠤᠳᠤᠨᠤ᠎ᠪᠠᠷ ᠬᠦᠯᠢᠶᠠᠨ ᠠᠪᠴᠤ ᠠᠭᠤᠯᠵᠠᠬᠤ᠎ᠶᠢᠨ ᠬᠠᠮᠳᠤ ᠤᠯᠠᠨ᠎ᠲᠠᠶ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠭᠠᠯ ᠦᠯᠡᠳᠡᠭᠡᠪᠡ᠃

ᠲᠤᠰ ᠡᠳᠦᠷ᠎ᠦᠨ ᠦᠳᠡ᠎ᠶ᠋ᠢᠨ ᠬᠣᠢᠨ᠎ᠠ ᠰᠢ᠎ᠵᠢᠨ᠎ᠫᠢᠩ ᠦᠷᠦᠮᠴᠢ᠎ᠳᠦ ᠰᠠᠭᠤᠭ᠎ᠠ ᠴᠡᠷᠢᠭ ᠠᠩᠭᠢ᠎ᠶᠢᠨ ᠬᠤᠷᠠᠩᠳᠠ᠎ᠡᠴᠡ ᠳᠡᠭᠡᠭ᠌ᠰᠢᠬᠢ ᠤᠳᠤᠷᠢᠳᠭᠤ ᠺᠠᠳ᠋ᠷ ᠪᠣᠯᠤᠨ ᠬᠡᠰᠡᠭ ᠦᠨᠳᠦᠰᠦᠨ ᠱᠠᠲᠤᠨ᠎ᠤ ᠲᠡᠷᠢᠭᠦᠨ᠎ᠦ ᠵᠢᠱ᠌ᠢᠶᠡᠴᠢ᠂ ᠪᠢᠴᠢᠭ᠎ᠦᠨ ᠠᠵᠢᠯᠳᠠᠨ᠎ᠢ ᠳᠣᠲᠣᠨᠣ᠎ᠪᠠᠷ ᠬᠦᠯᠢᠶᠠᠨ ᠠᠪᠴᠤ ᠠᠭᠤᠯᠵᠠᠵᠤ᠂ ᠨᠠᠮ᠎ᠤᠨ ᠲᠥᠪ ᠬᠣᠷᠢᠶ᠎ᠠ ᠪᠣᠯᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠡᠮᠦᠨ᠎ᠡ᠎ᠡᠴᠡ ᠱᠢᠨᠵᠢᠶᠠᠩ᠎ᠳᠤ ᠰᠠᠭᠤᠭ᠎ᠠ ᠴᠡᠷᠢᠭ ᠠᠩᠭᠢ᠎ᠶ᠋ᠢᠨ ᠪᠦᠬᠦ᠌ ᠳᠠᠷᠤᠭ᠎ᠠ ᠪᠠᠢᠯᠳᠤᠭ᠍ᠴᠢᠳ᠎ᠲᠤ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠬᠦ᠎ᠶᠢᠨ ᠬᠠᠮᠳᠤ ᠤᠯᠠᠨ᠎ᠲᠠᠶ ᠬᠠᠮᠲᠤ ᠬᠡᠷᠡᠯ ᠵᠢᠷᠤᠬ ᠲᠠᠲᠠᠭᠤᠯᠵᠤ ᠳᠤᠷᠠᠰᠭᠠᠯ ᠦᠯᠡᠳᠡᠭᠡᠪᠡ᠃

ᠸᠠᠩ ᠬ᠍ᠤ ᠨᠢᠩ᠂ ᠼᠠᠢ ᠴᠢ᠂ ᠯᠢ ᠭᠠᠨ ᠵᠢᠶ᠍ᠸ᠂ ᠡᡁᠸ ᠯᠢ ᠹᠸᠩ᠂ ᠸᠠᠩ ᠱᠢᠶᠤᠤ ᠬᠣᠩ᠂ ᠱᠢᠤᠸᠠᠢᠺᠸᠯᠠᠢᠲ · ᠵᠠᠺᠸᠯ᠂ ᠱᠸᠨ ᠢ ᠴᠢᠨ᠂ ᠸᠠᠩ ᠳ᠋ᠦᠩ ᠹᠸᠩ ᠪᠣᠯᠤᠨ ᠯᠢᠦ ᠵᠧᠨ ᠯᠢ᠂ ᠱᠢᠨᠵᠢᠶᠠᠩ᠎ᠳᠤ ᠠᠵᠢᠯᠯᠠᠵᠤ ᠥᠩᠭᠡᠷᠡᠭ᠌ᠰᠡᠨ ᠠᠬᠠᠮᠠᠳ ᠨᠥᠬᠥᠳ᠂ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠬᠣᠯᠪᠣᠭ᠍ᠳᠠᠯ ᠪᠦᠬᠦᠢ ᠠᠭᠤᠯᠵᠠᠯᠳᠠ ᠳ᠋ᠤ ᠣᠷᠣᠯᠴᠠᠵᠠᠢ᠃

ᠱᠢᠨᠬᠤᠸᠠ ᠬᠣᠷᠢᠶ᠎ᠠ᠎ᠶᠢᠨ ᠦᠷᠦᠮᠴᠢ᠎ᠶᠢᠨ 9 ᠰᠠᠷ᠎ᠠ᠎ᠶ᠋ᠢᠨ 23 ᠎ᠤ᠋ ᠴᠠᠬᠢᠯᠭᠠᠨ ᠮᠡᠳᠡᠭᠡ 

 

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            