ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠳᠠᠢᠯᠠᠯᠭ᠎ᠠ ᠪᠡᠭᠡᠵᠢᠩ᠎ᠳᠦ ᠦᠪᠡᠳᠡᠭ᠌ᠰᠢ ᠶᠡᠬᠡ᠎ᠪᠡᠷ ᠶᠠᠪᠤᠭ᠍ᠳᠠᠪᠠ
ᠨᠡᠶᠢᠲᠡᠯᠡᠭᠰᠡᠨ ᠴᠠᠭ᠄ 2025-09-08

ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠵᠤ᠂ ᠱᠢᠳᠤᠷᠭᠤ ᠶᠣᠰᠣᠨ᠎ᠤ ᠢᠲᠡᠭᠡᠯ ᠵᠣᠷᠢᠭ ᠭᠤᠢᠪᠢᠰᠢ ᠦᠭᠡᠢ᠂ ᠡᠩᠬᠡ ᠲᠠᠢᠪᠤᠩ᠎ᠤᠨ ᠬᠦᠰᠡᠯ ᠡᠷᠡᠮᠡᠯᠵᠡᠯ ᠬᠤᠷᠢᠬ᠍ᠯᠠᠭ᠍ᠳᠠᠰᠢ ᠦᠭᠡᠢ᠂ ᠠᠷᠠᠳ ᠲᠦᠮᠡᠨ᠎ᠦ ᠬᠦᠴᠦᠨ ᠴᠢᠳᠠᠯ ᠢᠯᠠᠭ᠍ᠳᠠᠰᠢ ᠦᠭᠡᠢ ᠶᠤᠮ᠃ ᠶᠠᠮᠠᠷᠪᠠ ᠦᠶ᠎ᠡ᠎ᠳᠦ ᠴᠦ᠍ ᠭᠡᠰᠡᠨ᠂ ᠪᠢᠳᠡ ᠪᠦᠭᠦᠳᠡᠭᠡᠷ᠎ᠢᠶᠡᠨ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠷᠳᠡᠭ᠎ᠢ ᠪᠠᠳᠠᠷᠠᠭᠤᠯᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠡᠷᠡᠰ ᠬᠠᠮᠠᠭᠠᠯᠠᠵᠤ᠂ ᠳᠡᠯᠡᠬᠡᠢ ᠳ᠋ᠠᠬᠢᠨ᠎ᠢ ᠲᠥᠪ ᠰᠤᠷᠲᠠᠯ᠎ᠢᠶᠡᠷ ᠪᠢᠯᠬᠠᠮ᠎ᠠ᠂ ᠲᠦᠷᠦ ᠴᠢᠭᠡᠴᠢ ᠨᠡᠢᠭᠡᠮ ᠲᠤᠭᠲᠠᠭᠤᠨ ᠪᠣᠯᠭᠠᠶ᠎ᠠ; ᠪᠦᠭᠦᠳᠡᠭᠡᠷ᠎ᠢᠶᠡᠨ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠳᠡᠯᠡᠬᠡᠢ᠎ᠶ᠋ᠢᠨ ᠡᠩᠬᠡ ᠲᠠᠢᠪᠤᠩ ᠠᠮᠤᠷ ᠲᠣᠭ᠍ᠲᠠᠭᠤᠨ᠎ᠢ ᠡᠷᠡᠰ ᠬᠠᠮᠠᠭᠠᠯᠠᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠶ᠎ᠠ; ᠪᠦᠭᠦᠳᠡᠭᠡᠷ᠎ᠢᠶᠡᠨ ᠠᠷᠠᠳ ᠲᠦᠮᠡᠨ᠎ᠦ ᠪᠤᠳᠤᠯ ᠰᠡᠳᠭᠢᠯ᠎ᠢ ᠦᠪᠡᠷ᠎ᠤᠨ᠎ᠢᠶᠡᠨ ᠪᠤᠳᠤᠯ ᠰᠡᠳᠭᠢᠯ ᠪᠣᠯᠭᠠᠵᠤ᠂ ᠳᠡᠯᠡᠬᠡᠢ ᠳ᠋ᠠᠬᠢᠨ᠎ᠤ ᠠᠱᠢᠭ ᠲᠤᠰᠠ᠎ᠶᠢ ᠦᠪᠡᠷ᠎ᠤᠨ᠎ᠢᠶᠡᠨ ᠠᠰᠢᠭ ᠲᠤᠰᠠ  ᠪᠤᠯᠭᠠᠵᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠵᠠᠭᠠᠶ᠎ᠠ ᠭᠡᠵᠦ ᠴᠢᠬᠤᠯᠠᠴᠢᠯᠠᠪᠠ

ᠯᠢ ᠴᠢᠶᠠᠩ ᠲᠠᠢᠯᠠᠯᠭ᠎ᠠ᠎ᠶᠢ ᠡᠷᠬᠢᠯᠡᠵᠦ᠍  ᠵᠤᠤ ᠯᠸ ᠵᠶ᠋ᠢ   ᠸᠠᠩ ᠬᠣ᠌ ᠨᠢᠩ   ᠼᠠᠢ ᠴᠢ   ᠳ᠋ᠢᠩ ᠰᠢᠤᠸᠠᠢ ᠱᠢᠶᠠᠩ   ᠯᠢ ᠰᠢ   ᠬᠠᠨ ᠵᠧᠩ ᠣᠷᠣᠯᠴᠠᠪᠠ

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠳᠠᠢᠯᠠᠯᠭ᠎ᠠ 3 ᠎ᠤ᠋ ᠡᠳᠦᠷ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃

9 ᠰᠠᠷ᠎ᠠ᠎ᠶᠢᠨ 3 ᠎ᠤ᠋ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠳᠠᠶ᠋ᠢᠯᠠᠯᠭ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠦ ᠦᠪᠡᠳᠡᠭᠰᠢ ᠶᠡᠬᠡ ᠪᠡᠷ ᠶᠠᠪᠤᠭᠳᠠᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ ᠰᠢ᠎ᠵᠢᠨ᠎ᠫᠢᠩ ᠳᠠᠶ᠋ᠢᠯᠠᠯᠭ᠎ᠠ᠎ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠡ᠃ ᠵᠢᠷᠤᠭ ᠪᠣᠯ ᠰᠢ᠎ᠵᠢᠨ᠎ᠫᠢᠩ ᠬᠠᠲᠤᠨ ᠫᠧᠩ ᠯᠢ ᠶᠤᠸᠠᠨ ᠳᠠᠢ᠎ᠪᠠᠨ ᠳᠠᠶ᠋ᠢᠯᠠᠯᠭ᠎ᠠ᠎ᠳᠤ ᠣᠷᠣᠯᠴᠠᠬᠤ ᠭᠠᠳᠠᠭᠠᠳᠤ᠎ᠶᠢᠨ ᠤᠳᠤᠷᠢᠳᠬᠤ ᠬᠥᠮᠥᠰ ᠪᠣᠯᠣᠨ ᠲᠠᠳᠠᠨ᠎ᠦ ᠬᠠᠨᠢ ᠨᠦᠬᠦᠷ ᠲᠠᠢ ᠬᠠᠮᠲᠤ ᠳᠠᠶ᠋ᠢᠯᠠᠯᠭ᠎ᠠ᠎ᠶᠢᠨ ᠲᠢᠩᠬᠢᠮ᠎ᠳᠦ ᠠᠯᠬᠤᠨ ᠤᠷᠤᠵᠤ ᠪᠠᠢᠭ᠎ᠠ ᠨᠢ᠃ 

ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠳᠠᠢᠯᠠᠯᠭ᠎ᠠ᠎ᠳᠤ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠱᠢᠳᠤᠷᠭᠤ ᠶᠣᠰᠣᠨ᠎ᠤ ᠢᠲᠡᠭᠡᠯ ᠵᠣᠷᠢᠭ ᠭᠤᠢᠪᠢᠰᠢ ᠦᠭᠡᠢ᠂ ᠡᠩᠬᠡ ᠲᠠᠢᠪᠤᠩ᠎ᠤᠨ ᠬᠦᠰᠡᠯ ᠡᠷᠡᠮᠡᠯᠵᠡᠯ ᠬᠤᠷᠢᠬ᠍ᠯᠠᠭ᠍ᠳᠠᠰᠢ ᠦᠭᠡᠢ᠂ ᠠᠷᠠᠳ ᠲᠦᠮᠡᠨ᠎ᠦ ᠬᠦᠴᠦᠨ ᠴᠢᠳᠠᠯ ᠢᠯᠠᠭ᠍ᠳᠠᠰᠢ ᠦᠭᠡᠢ ᠶᠤᠮ᠃ ᠶᠠᠮᠠᠷᠪᠠ ᠦᠶ᠎ᠡ᠎ᠳᠦ ᠴᠦ᠍ ᠭᠡᠰᠡᠨ᠂ ᠪᠢᠳᠡ ᠪᠦᠭᠦᠳᠡᠭᠡᠷ᠎ᠢᠶᠡᠨ ᠪᠦᠬᠦ᠌ ᠬᠥᠮᠦᠨ ᠲᠥᠷᠥᠯᠬᠢᠲᠡᠨ᠎ᠦ ᠬᠠᠮᠲᠤ᠎ᠶ᠋ᠢᠨ ᠦᠷᠳᠡᠭ᠎ᠢ ᠪᠠᠳᠠᠷᠠᠭᠤᠯᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠡᠷᠡᠰ ᠬᠠᠮᠠᠭᠠᠯᠠᠵᠤ᠂ ᠳᠡᠯᠡᠬᠡᠢ ᠳ᠋ᠠᠬᠢᠨ᠎ᠢ ᠲᠥᠪ ᠰᠤᠷᠲᠠᠯ᠎ᠢᠶᠡᠷ ᠪᠢᠯᠬᠠᠮ᠎ᠠ᠂ ᠲᠦᠷᠦ ᠴᠢᠭᠡᠴᠢ ᠨᠡᠢᠭᠡᠮ ᠲᠤᠭᠲᠠᠭᠤᠨ ᠪᠣᠯᠭᠠᠶ᠎ᠠ; ᠪᠦᠭᠦᠳᠡᠭᠡᠷ᠎ᠢᠶᠡᠨ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠪᠠᠷᠢᠮᠲᠠᠯᠠᠵᠤ᠂ ᠳᠡᠯᠡᠬᠡᠢ᠎ᠶ᠋ᠢᠨ ᠡᠩᠬᠡ ᠲᠠᠢᠪᠤᠩ ᠠᠮᠤᠷ ᠲᠣᠭ᠍ᠲᠠᠭᠤᠨ᠎ᠢ ᠡᠷᠡᠰ ᠬᠠᠮᠠᠭᠠᠯᠠᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠶ᠎ᠠ; ᠪᠦᠭᠦᠳᠡᠭᠡᠷ᠎ᠢᠶᠡᠨ ᠠᠷᠠᠳ ᠲᠦᠮᠡᠨ᠎ᠦ ᠪᠤᠳᠤᠯ ᠰᠡᠳᠭᠢᠯ᠎ᠢ ᠦᠪᠡᠷ᠎ᠤᠨ᠎ᠢᠶᠡᠨ ᠪᠤᠳᠤᠯ ᠰᠡᠳᠭᠢᠯ ᠪᠣᠯᠭᠠᠵᠤ᠂ ᠳᠡᠯᠡᠬᠡᠢ ᠳ᠋ᠠᠬᠢᠨ᠎ᠤ ᠠᠱᠢᠭ ᠲᠤᠰᠠ᠎ᠶᠢ  ᠦᠪᠡᠷ᠎ᠤᠨ᠎ᠢᠶᠡᠨ ᠠᠰᠢᠭ ᠲᠤᠰᠠ ᠪᠤᠯᠭᠠᠵᠤ᠂ ᠠᠷᠠᠳ ᠲᠦᠮᠡᠨ᠎ᠦ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠴᠢᠷᠮᠠᠢᠵᠠᠭᠠᠶ᠎ᠠ ᠭᠡᠵᠦ ᠴᠢᠬᠤᠯᠠᠴᠢᠯᠠᠪᠠ᠃

ᠯᠢ ᠴᠢᠶᠠᠩ ᠳᠠᠢᠯᠠᠯᠭ᠎ᠠ᠎ᠶ᠋ᠢ ᠡᠷᠭᠢᠯᠡᠵᠦ᠍᠂ ᠵᠣᠣ ᠯᠸ ᠵᠢᠶ᠂ ᠸᠠᠩ ᠬᠣ᠌ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠳᠠᠢᠯᠠᠯᠭ᠎ᠠ᠎ᠳᠤ ᠣᠷᠣᠯᠴᠠᠪᠠ᠃

ᠦᠳᠡ᠎ᠶ᠋ᠢᠨ ᠡᠮᠦᠨᠡᠬᠢ 11 ᠴᠠᠭ 30 ᠮᠢᠨᠦ᠋ᠲ᠎ᠦᠨ ᠦᠶ᠎ᠡ᠎ᠪᠡᠷ᠂ 《ᠡᠩᠬᠡ ᠲᠠᠢᠪᠤᠩ — ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ》 ᠭᠡᠬᠦ᠌ ᠬᠥᠭ᠌ᠵᠢᠮ᠎ᠦᠨ ᠠᠶᠠᠰ᠎ᠤᠨ ᠳᠤᠮᠳᠠ᠂ ᠰᠢ᠎ᠵᠢᠨ᠎ᠫᠢᠩ ᠬᠠᠳᠤᠨ ᠫᠸᠩ ᠯᠢ ᠶᠤᠸᠠᠨ ᠲᠠᠢ᠎ᠪᠠᠨ ᠳᠠᠢᠯᠠᠯᠭ᠎ᠠ᠎ᠳᠤ ᠣᠷᠣᠯᠴᠠᠬᠤ ᠭᠠᠳᠠᠭᠠᠳᠤ᠎ᠶ᠋ᠢᠨ ᠤᠳᠤᠷᠢᠳᠭᠤ ᠬᠥᠮᠦᠰ ᠪᠣᠯᠤᠨ ᠲᠡᠳᠠᠨ᠎ᠤ ᠬᠠᠨᠢ ᠨᠦᠬᠦᠷ ᠲᠠᠢ ᠬᠠᠮᠲᠤ ᠳᠠᠢᠯᠠᠯᠭ᠎ᠠ᠎ᠶ᠋ᠢᠨ ᠲᠢᠩᠬᠢᠮ᠎ᠳᠦ ᠠᠯᠬᠤᠨ ᠣᠷᠣᠪᠠ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠱᠢᠵᠠᠭᠠᠪᠠ᠃

ᠳᠠᠢᠯᠠᠯᠭ᠎ᠠ ᠡᠬᠢᠯᠡᠪᠡ᠃ ᠰᠢ᠎ᠵᠢᠨ᠎ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ ᠲᠡᠷᠢᠭᠦᠨ᠎ᠳᠦ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠎ᠦ ᠡᠮᠦᠨ᠎ᠡ᠎ᠡᠴᠡ ᠪᠦᠭᠦᠳᠡ ᠤᠯᠠᠨ᠎ᠤ ᠬᠦᠷᠴᠦ᠍ ᠢᠷᠡᠭ᠌ᠰᠡᠨ᠎ᠢ ᠴᠢᠩ ᠰᠡᠳᠭᠢᠯ᠎ᠡᠴᠡ᠎ᠪᠡᠨ ᠪᠠᠶᠠᠷᠯᠠᠨ ᠤᠭ᠍ᠲᠤᠵᠤ ᠪᠠᠢᠬᠤ᠎ᠪᠠᠨ ᠢᠯᠡᠳᠭᠡᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠣᠯᠤᠨ ᠳᠡᠯᠡᠬᠡᠢ᠎ᠶ᠋ᠢᠨ ᠡᠯ᠎ᠡ ᠤᠯᠤᠰ᠎ᠤᠨ ᠠᠷᠠᠳ ᠲᠦᠮᠡᠨ᠎ᠳᠦ ᠢᠯᠠᠯᠲᠠ᠎ᠶ᠋ᠢᠨ ᠳᠤᠷᠠᠰᠭᠠᠯ᠎ᠤᠨ ᠡᠳᠦᠷ᠎ᠦᠨ ᠬᠠᠯᠠᠭᠤᠨ ᠪᠠᠶᠠᠷ ᠬᠦᠷᠭᠡᠪᠡ᠃

ᠰᠢ᠎ᠵᠢᠨ᠎ᠫᠢᠩ᠂ 80 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ 14 ᠵᠢᠯ᠎ᠦᠨ ᠴᠢᠰᠤᠲᠤ ᠪᠠᠢᠯᠳᠤᠭᠠᠨ᠎ᠢᠶᠠᠷ ᠳᠠᠮᠵᠢᠨ ᠶᠠᠫᠣᠨ᠎ᠤ ᠴᠡᠷᠢᠭ᠌ᠯᠡᠬᠦ᠌ ᠦᠵᠡᠯ᠎ᠦᠨ ᠲᠦᠷᠢᠮᠡᠬᠡᠢᠯᠡᠭ᠌ᠴᠢᠳ᠎ᠢ ᠲᠤᠢᠯᠪᠤᠷᠢᠲᠠᠢ ᠢᠯᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠪᠦᠷᠢᠨ ᠢᠯᠠᠯᠲᠠ᠎ᠶ᠋ᠢ ᠲᠤᠩᠬᠠᠭ᠍ᠯᠠᠪᠠ᠃ ᠡᠨᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠤᠷᠴᠢᠨ ᠦᠶ᠎ᠡ᠎ᠡᠴᠡ ᠨᠠᠭᠠᠱᠢᠬᠢ ᠬᠦᠨᠳᠦ ᠬᠡᠴᠡᠭᠦᠦ ᠬᠢᠮᠤᠷᠠᠯ᠎ᠳᠤ ᠲᠤᠯᠭᠠᠷᠠᠭᠰᠠᠨ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭᠰᠢᠯᠠᠭᠰᠠᠨ ᠲᠡᠦᠬᠡᠨ ᠡᠷᠭᠢᠯᠲᠡ᠎ᠶ᠋ᠢᠨ ᠴᠡᠭ ᠮᠥᠨ᠂ ᠪᠠᠰᠠ ᠴᠤ᠌ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠨᠢᠭᠡᠨ ᠴᠢᠬᠤᠯᠠ ᠶᠡᠬᠡ ᠡᠷᠭᠢᠯᠲᠡ᠎ᠶ᠋ᠢᠨ ᠴᠡᠭ ᠮᠥᠨ᠃ ᠡᠨᠡ ᠬᠦ᠌ ᠠᠭᠤᠤ ᠶᠡᠬᠡ ᠢᠯᠠᠯᠲᠠ᠎ᠶ᠋ᠢ ᠳᠤᠮᠳᠠᠳᠤ ᠤᠯᠤᠰ᠎ᠤᠨ ᠠᠷᠠᠳ ᠲᠦᠮᠡᠨ ᠹᠠᠱ᠌ᠢᠰ᠎ᠢ ᠡᠰᠡᠷᠭᠦᠴᠡᠬᠦ᠌ ᠬᠣᠯᠪᠣᠭᠠᠲᠠᠨ ᠤᠯᠤᠰ ᠪᠠ ᠡᠯ᠎ᠡ ᠤᠯᠤᠰ᠎ᠤᠨ ᠠᠷᠠᠳ ᠲᠦᠮᠡᠨ᠎ᠲᠡᠶ ᠮᠥᠷᠥ᠍ ᠵᠡᠷᠭᠡᠴᠡᠨ ᠪᠠᠢᠯᠳᠤᠵᠤ  ᠣᠯᠤᠭ᠍ᠰᠠᠨ ᠶᠤᠮ᠃ ᠳᠤᠮᠳᠠᠳᠤ ᠤᠯᠤᠰ᠎ᠤᠨ ᠠᠷᠠᠳ ᠲᠦᠮᠡᠨ᠎ᠦ ᠲᠦᠷᠢᠮᠡᠬᠡᠢᠯᠡᠯ᠎ᠢ ᠡᠰᠡᠷᠭᠦᠴᠡᠬᠦ᠎ᠳᠤ ᠲᠤᠰᠠᠯᠠᠵᠤ ᠲᠡᠮᠵᠢᠯᠭᠡ ᠦᠵᠡᠭᠦᠯᠦᠭ᠌ᠰᠡᠨ ᠭᠠᠳᠠᠭᠠᠳᠤ ᠤᠯᠤᠰ᠎ᠤᠨ ᠵᠠᠰᠠᠭ᠎ᠤᠨ ᠣᠷᠳᠣᠨ ᠪᠠ ᠤᠯᠠᠨ ᠤᠯᠤᠰ᠎ᠤᠨ ᠨᠥᠬᠥᠷᠰᠡᠭ ᠬᠥᠮᠦᠰ᠎ᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠪᠠ ᠳᠤᠮᠳᠠᠳᠤ ᠤᠯᠤᠰ᠎ᠤᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠨᠢᠭᠡ ᠴᠠᠭ᠎ᠤᠨ ᠬᠦᠴᠦᠷᠬᠡᠭ ᠪᠠᠭᠤᠷᠠᠢ ᠨᠢ ᠬᠦᠴᠦᠨ᠎ᠳᠦ ᠪᠤᠢ᠂ ᠮᠢᠩᠭᠠᠨ ᠣᠨ᠎ᠤ ᠢᠯᠠᠵᠤ ᠢᠯᠠᠭ᠍ᠳᠠᠬᠤ ᠨᠢ ᠶᠣᠰᠣᠨ᠎ᠳᠤ ᠪᠤᠢ᠃ ᠱᠢᠳᠤᠷᠭᠤ ᠶᠣᠰᠣ᠂ ᠭᠡᠭᠡᠨ ᠰᠠᠷᠠᠭᠤᠯ᠂ ᠳᠠᠪᠱᠢᠯᠲᠠ ᠯᠠᠪᠲᠠᠶ ᠬᠠᠷᠭᠢᠰ ᠬᠡᠷᠴᠡᠭᠡᠶ᠂ ᠬᠠᠷᠠᠩᠭᠤᠶ᠂ ᠳᠡᠷᠰᠯᠡᠭᠦᠦ᠍᠎ᠶ᠋ᠢ ᠢᠯᠠᠨ᠎ᠠ᠃ ᠬᠥᠮᠦᠨ ᠲᠥᠷᠥᠯᠬᠢᠲᠡᠨ ᠨᠢᠭᠡ ᠪᠥᠮᠪᠥᠷᠴᠡᠭ ᠳᠡᠭᠡᠷ᠎ᠡ ᠠᠮᠢᠳᠤᠷᠠᠵᠤ᠂ ᠬᠠᠲᠠᠭᠤ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠡᠶ᠎ᠡ ᠨᠠᠢᠷᠲᠠᠢ᠎ᠪᠠᠷ ᠬᠠᠮᠲᠤ ᠣᠷᠣᠱᠢᠬᠤ ᠬᠡᠷᠡᠭ᠌ᠲᠡᠢ᠂ ᠶᠠᠭᠠᠬᠢᠭᠰᠠᠨ ᠴᠦ᠍ ᠬᠦᠴᠦᠷᠬᠡᠭ ᠨᠢ ᠪᠠᠭᠤᠷᠠᠢ᠎ᠪᠠᠨ ᠵᠠᠯᠭᠢᠬᠤ ᠪᠠᠯᠠᠷ ᠤᠢ᠎ᠶᠢᠨ ᠵᠢᠮ᠎ᠡ ᠬᠠᠤᠯᠢ᠎ᠳ᠋ᠦ ᠪᠤᠴᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠳᠤᠮᠳᠠᠳᠤ ᠤᠯᠤᠰ᠎ᠤᠨ ᠮᠠᠶᠶ᠋ᠭ᠎ᠤᠨ ᠣᠳᠣᠬᠢᠴᠢᠯᠠᠯᠲᠠ ᠪᠣᠯ ᠡᠩᠭᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ ᠥᠨᠢ ᠡᠭᠦᠷᠢᠳᠡ ᠳᠡᠯᠡᠬᠡᠢ᠎ᠶ᠋ᠢᠨ ᠡᠩᠭᠡ ᠲᠠᠢᠪᠤᠩ᠎ᠤᠨ ᠬᠦᠴᠦᠨ᠂ ᠲᠣᠭ᠍ᠲᠠᠭᠤᠨ ᠬᠦᠴᠦᠨ᠂ ᠳᠠᠪᠱᠢᠩᠭᠤᠢ ᠬᠦᠴᠦᠨ ᠮᠥᠨ᠃ ᠡᠯ᠎ᠡ ᠤᠯᠤᠰ ᠴᠥᠮ ᠲᠡᠦᠬᠡ᠎ᠪᠡᠷ ᠲᠤᠯᠢ ᠪᠣᠯᠭᠠᠵᠤ᠂ ᠡᠶ᠎ᠡ ᠨᠠᠢᠷ᠎ᠢ ᠡᠷᠬᠢᠮᠯᠡᠨ᠂ ᠳᠡᠯᠡᠬᠡᠢ᠎ᠶ᠋ᠢᠨ ᠣᠳᠣᠬᠢᠴᠢᠯᠠᠯᠲᠠ᠎ᠶ᠋ᠢ ᠬᠠᠮᠲᠤ᠎ᠪᠠᠷ ᠠᠬᠢᠭᠤᠯᠵᠤ᠂ ᠬᠥᠮᠦᠨ ᠲᠥᠷᠥᠯᠬᠢᠲᠡᠨ᠎ᠦ ᠨᠡᠩ ᠰᠠᠢ᠌ᠨ ᠰᠠᠢᠬᠠᠨ ᠢᠷᠡᠭᠡᠳᠦᠢ᠎ᠶ᠋ᠢ ᠨᠡᠭᠡᠭᠡᠬᠦ᠌᠎ᠶ᠋ᠢ ᠪᠢᠳᠡ ᠴᠢᠩ ᠰᠡᠳᠭᠢᠯ᠎ᠡᠴᠡ᠎ᠪᠡᠨ ᠬᠦᠰᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃ (ᠶᠠᠷᠢᠶ᠎ᠠ᠎ᠶᠢᠨ ᠪᠦᠬᠦ ᠠᠭᠤᠯᠭ᠎ᠠ᠎ᠶᠢ ᠠᠰ ᠲᠤᠨᠢ ᠨᠡᠢᠲᠡᠯᠡᠪᠠ)

ᠪᠠᠶᠠᠷ ᠪᠠᠶᠠᠰᠤᠯ ᠲᠠᠢ ᠬᠥᠭ᠌ᠵᠢᠮ᠎ᠦᠨ ᠠᠶᠠᠰ ᠳᠤᠮᠳᠠ᠂ ᠰᠢ᠎ᠵᠢᠨ᠎ᠫᠢᠩ ᠳᠤᠮᠳᠠᠳᠤ ᠭᠠᠳᠠᠭᠠᠳᠤ᠎ᠶ᠋ᠢᠨ ᠵᠣᠴᠢᠳ ᠲᠠᠢ ᠬᠠᠮᠲᠤ᠎ᠪᠠᠷ ᠬᠤᠨᠳᠠᠭ᠎ᠠ ᠡᠷᠭᠦᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭᠦ ᠳᠠᠢᠨ ᠪᠤᠯᠤᠨ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠭ᠌ᠦ ᠳᠠᠢᠨ᠎ᠤ ᠠᠭᠤᠤ ᠶᠡᠬᠡ ᠢᠯᠠᠯᠲᠠ ᠶ᠋ᠢ ᠬᠠᠮᠲᠤ᠎ᠪᠠᠷ ᠪᠡᠯᠭᠡᠯᠡᠵᠦ᠍᠂ ᠳᠡᠯᠡᠬᠡᠶ᠎ᠶ᠋ᠢᠨ ᠡᠩᠬᠡ ᠲᠠᠢᠪᠤᠩ᠎ᠢ ᠬᠠᠮᠲᠤ᠎ᠪᠠᠷ ᠵᠥᠩᠨᠡᠪᠡ᠃

ᠳᠠᠢᠯᠠᠯᠭ᠎ᠠ ᠳᠡᠭᠡᠷ᠎ᠡ᠂ ᠰᠢ᠎ᠵᠢᠨ᠎ᠫᠢᠩ ᠪᠣᠯᠤᠨ ᠫᠸᠩ ᠯᠢ ᠶᠤᠸᠠᠨ ᠬᠦᠨᠳᠦᠲᠦ ᠵᠣᠴᠢᠳ ᠲᠠᠢ ᠬᠠᠮᠲᠤ 《ᠲᠡᠦᠬᠡ᠎ᠪᠡᠷ ᠲᠤᠯᠢ ᠪᠣᠯᠭᠠᠵᠤ ᠢᠷᠡᠭᠡᠳᠦᠢ᠎ᠪᠡᠨ ᠬᠠᠮᠲᠤ᠎ᠪᠠᠷ ᠴᠣᠭ᠍ᠴᠠᠯᠠᠶ᠎ᠠ》 ᠭᠡᠬᠦ᠌ ᠭᠣᠣᠯ ᠰᠡᠳᠦᠪᠲᠦ ᠤᠷᠠᠨ ᠰᠠᠢᠬᠠᠨ᠎ᠤ ᠲᠣᠭ᠍ᠯᠠᠯᠲᠠ᠎ᠶ᠋ᠢ ᠰᠣᠨᠢᠷᠬᠠᠪᠠ᠃

ᠳᠤᠮᠳᠠᠳᠤ ᠤᠯᠤᠰ᠎ᠲᠤ ᠢᠷᠡᠵᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠠᠵᠢᠯᠯᠠᠭ᠎ᠠ᠎ᠳᠤ ᠣᠷᠣᠯᠴᠠᠭᠰᠠᠨ ᠭᠠᠳᠠᠭᠠᠳᠤ᠎ᠶ᠋ᠢᠨ ᠤᠳᠤᠷᠢᠳᠭᠤ ᠬᠥᠮᠦᠰ ᠵᠢᠴᠢ ᠬᠣᠯᠪᠣᠭ᠍ᠳᠠᠯ ᠪᠦᠬᠦᠢ ᠤᠯᠤᠰ᠎ᠤᠨ ᠳᠡᠭᠡᠳᠦ ᠲᠡᠰ᠎ᠤᠨ ᠲᠥᠯᠥᠭᠡᠯᠡᠭ᠌ᠴᠢ᠂ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠭᠤᠴᠠᠯᠭᠠᠲᠠᠨ᠂ ᠤᠤᠯ᠎ᠤᠨ ᠤᠯᠤᠰ ᠲᠦᠷᠦ᠍᠎ᠶ᠋ᠢᠨ ᠴᠢᠬᠤᠯᠠ ᠬᠥᠮᠦᠰ᠂ ᠳᠤᠮᠳᠠᠳᠤ ᠤᠯᠤᠰ᠎ᠲᠤ ᠰᠠᠭᠤᠭ᠎ᠠ ᠡᠯ᠎ᠡ ᠤᠯᠤᠰ᠎ᠤᠨ ᠡᠯᠴᠢᠨ ᠰᠠᠢᠳ᠂ ᠴᠡᠷᠢᠭ᠎ᠦᠨ ᠡᠯᠴᠢᠨ ᠪᠠ ᠳᠤᠮᠳᠠᠳᠤ ᠤᠯᠤᠰ᠎ᠲᠤ ᠰᠠᠭᠤᠭ᠎ᠠ ᠤᠯᠠᠨ ᠤᠯᠤᠰ᠎ᠤᠨ ᠵᠣᠬᠢᠶᠠᠨ ᠪᠠᠢᠭᠤᠯᠤᠯᠲᠠ᠎ᠶ᠋ᠢᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ᠎ᠳᠤ ᠬᠤᠪᠢ ᠨᠡᠮᠡᠷᠢ ᠦᠵᠡᠭᠦᠯᠦᠭ᠌ᠰᠡᠨ ᠤᠯᠠᠨ ᠤᠯᠤᠰ᠎ᠤᠨ ᠨᠥᠬᠥᠷᠰᠡᠭ ᠬᠥᠮᠦᠰ ᠪᠤᠶᠤ ᠲᠡᠳᠡᠨ᠎ᠦ ᠭᠡᠷ ᠪᠦᠯᠢ᠎ᠶ᠋ᠢᠨ ᠲᠥᠯᠥᠭᠡᠯᠡᠭ᠌ᠴᠢ ᠳᠠᠢᠯᠠᠯᠭ᠎ᠠ᠎ᠳᠤ ᠣᠷᠣᠯᠴᠠᠪᠠ᠃

ᠳᠠᠢᠯᠠᠯᠭ᠎ᠠ᠎ᠳᠤ ᠣᠷᠣᠯᠴᠠᠭ᠍ᠰᠠᠳ᠎ᠲᠤ ᠪᠠᠰᠠ᠄ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠬᠣᠯᠪᠣᠭ᠍ᠳᠠᠯ ᠪᠦᠬᠦᠢ ᠤᠳᠤᠷᠢᠳᠭᠤ ᠨᠥᠬᠥᠳ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ ᠵᠠᠬᠢᠷᠭᠠᠨ᠎ᠤ ᠳᠠᠷᠤᠭ᠎ᠠ ᠪᠠᠢᠨ᠎ᠠ᠃

ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠣᠯᠤᠨ ᠪᠡᠭᠡᠵᠢᠩ ᠬᠤᠳᠠ᠎ᠶ᠋ᠢᠨ ᠭᠣᠣᠯ ᠬᠠᠷᠢᠭᠤᠴᠠᠯᠭᠠᠲᠠᠨ ᠨᠥᠬᠥᠳ᠂ ᠶᠠᠫᠣᠨ᠎ᠢ ᠡᠰᠡᠷᠭᠦᠴᠡᠬᠦ᠌ ᠲᠠᠢ᠌ᠨ᠎ᠳᠦ ᠣᠷᠣᠯᠴᠠᠵᠤ ᠥᠩᠭᠡᠷᠡᠭ᠌ᠰᠡᠨ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠦᠷᠡᠭ᠌ᠳᠡᠭ᠌ᠰᠡᠨ ᠪᠠᠭᠠᠲᠤᠷᠴᠤᠳ᠎ᠤᠨ ᠲᠦᠷᠦᠯ ᠰᠠᠳᠤᠨ᠎ᠤ ᠲᠥᠯᠥᠭᠡᠯᠡᠭ᠌ᠴᠢ᠂ ᠭᠣᠮᠢᠨᠳᠠᠩ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠦ ᠠᠬᠠᠮᠠᠳ ᠴᠡᠷᠢᠭ᠎ᠦᠨ ᠲᠥᠯᠥᠭᠡᠯᠡᠭ᠌ᠴᠢ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠯᠤᠰ᠎ᠵᠢᠡᠡ ᠬᠠᠢᠷᠠᠯᠠᠭᠴᠢ ᠬᠥᠮᠦᠰ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠵᠠᠩᠵᠤᠨ᠎ᠤ ᠭᠡᠷ ᠪᠦᠯᠢ᠎ᠶ᠋ᠢᠨ ᠲᠥᠯᠥᠭᠡᠯᠡᠭ᠌ᠴᠢ᠂ ᠡᠯ᠎ᠡ ᠠᠷᠠᠳᠴᠢᠯᠠᠭ᠍ᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶ᠋ᠢᠨ ᠭᠣᠣᠯ ᠬᠠᠷᠢᠭᠤᠴᠠᠯᠭᠠᠲᠠᠨ ᠪᠣᠯᠤᠨ ᠨᠠᠮ ᠪᠦᠯᠦᠭ᠎ᠦᠨ ᠪᠤᠰᠤ ᠬᠥᠮᠦᠰ᠎ᠦᠨ ᠲᠥᠯᠥᠭᠡᠯᠡᠭ᠌ᠴᠢ᠂ ᠭᠠᠪᠢᠶᠠᠳᠤ ᠵᠢᠳᠬᠦᠯᠳᠠᠨ᠎ᠦ ᠢᠷᠠᠭᠤ ᠠᠯᠳᠠᠷ ᠬᠦᠷᠳᠡᠭ᠌ᠰᠡᠳ᠎ᠦᠨ ᠲᠥᠯᠥᠭᠡᠯᠡᠭ᠌ᠴᠢ᠂ ᠱᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ᠍᠎ᠨᠡᠷ᠂ ᠭᠠᠳᠠᠭᠠᠳᠤ᠎ᠳᠤ ᠰᠠᠭᠤᠭ᠎ᠠ ᠬᠠᠷᠢᠶᠠᠲᠤ᠎ᠨᠠᠷ᠎ᠤᠨ ᠲᠥᠯᠥᠭᠡᠯᠡᠭ᠌ᠴᠢ ᠪᠠᠰᠠ ᠳᠠᠢᠯᠠᠯᠭ᠎ᠠ᠎ᠳᠤ ᠣᠷᠣᠯᠴᠠᠵᠠᠢ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 3 ᠎ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            