ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠰᠢ᠎ᠵᠢᠨ᠎ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠲᠤᠬᠠᠢ ᠥᠭᠦᠯᠡᠯᠲᠡ᠎ᠶ᠋ᠢᠨ ᠲᠡᠭᠦᠪᠦᠷᠢ》 《ᠰᠢ᠎ᠵᠢᠨ᠎ᠫᠢᠩ᠎ᠦᠨ ᠭᠡᠷ ᠪᠦᠯᠢ ᠭᠡᠷ᠎ᠦᠨ ᠰᠤᠷᠭᠠᠯ ᠭᠡᠷ᠎ᠤᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠢ ᠥᠭᠦᠯᠡᠯᠲᠡ᠎ᠶ᠋ᠢᠨ ᠲᠡᠭᠦᠪᠦᠷᠢ》᠎ᠶᠢᠨ ᠠᠨᠭ᠌ᠭ᠌ᠯᠢ ᠬᠡᠯᠡᠨ᠎ᠦ ᠬᠡᠪᠯᠡᠯ᠎ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄ 2025-09-10

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠦᠨ ᠣᠷᠴᠢᠭᠤᠯᠤᠭ᠍ᠰᠠᠨ 《ᠰᠢ᠎ᠵᠢᠨ᠎ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠲᠤᠬᠠᠶ ᠥᠭᠦᠯᠡᠯᠲᠡ᠎ᠶ᠋ᠢᠨ ᠲᠡᠭᠦᠪᠦᠷᠢ》᠂ 《ᠰᠢ᠎ᠵᠢᠨ᠎ᠫᠢᠩ᠎ᠦᠨ ᠬᠡᠷ ᠪᠦᠯᠢ ᠭᠡᠷ᠎ᠤᠨ ᠰᠤᠷᠭᠠᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠶ ᠥᠭᠦᠯᠡᠯᠲᠡ᠎ᠶ᠋ᠢᠨ ᠲᠡᠭᠦᠪᠦᠷᠢ》᠎ᠶᠢᠨ ᠠᠨᠭ᠌ᠭ᠌ᠯᠢ ᠬᠡᠯᠡᠨ᠎ᠦ ᠬᠡᠪᠯᠡᠯ᠎ᠢ ᠣᠢᠷ᠎ᠠ᠎ᠳᠤ ᠲᠥᠪ᠎ᠦᠨ ᠨᠠᠢᠷᠠᠭᠤᠯᠤᠨ ᠣᠷᠴᠢᠭᠤᠯᠬᠤ ᠬᠡᠪᠯᠡᠯ᠎ᠦᠨ ᠬᠣᠷᠢᠶ᠎ᠠ᠎ᠡᠴᠡ ᠬᠡᠪᠯᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ᠎ᠳᠤ ᠲᠠᠷᠬᠠᠭᠠᠪᠠ᠃

《ᠰᠢ᠎ᠵᠢᠨ᠎ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠲᠤᠬᠠᠢ ᠥᠭᠦᠯᠡᠯᠲᠡ᠎ᠶ᠋ᠢᠨ ᠲᠡᠭᠦᠪᠦᠷᠢ》᠂ 《ᠰᠢ᠎ᠵᠢᠨ᠎ᠫᠢᠩ᠎ᠦᠨ ᠭᠡᠷ ᠪᠦᠯᠢ ᠭᠡᠷ᠎ᠤᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ ᠲᠤᠬᠠᠢ ᠥᠭᠦᠯᠡᠯᠲᠡ᠎ᠶ᠋ᠢᠨ ᠲᠡᠭᠦᠪᠦᠷᠢ》᠎ᠶᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ᠎ᠶᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠦᠨ ᠰᠤᠳᠤᠯᠭᠠᠨ᠎ᠤ ᠬᠦᠷᠢᠶᠡᠯᠡᠩ᠎ᠡᠴᠡ ᠨᠠᠢᠷᠠᠭᠤᠯᠵᠤ᠂ ᠲᠤᠰ ᠲᠤᠰ ᠶᠡᠷᠦᠩᠬᠡᠢ ᠱᠦᠵᠢ ᠰᠢ᠎ᠵᠢᠨ᠎ᠫᠢᠩ᠎ᠦᠨ ᠡᠮᠡᠭ᠌ᠲᠡᠢᠴᠦᠳ ᠬᠡᠦᠬᠡᠳ ᠪᠠ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠠᠵᠢᠯ᠂ ᠭᠡᠷ ᠪᠦᠯᠢ ᠭᠡᠷ᠎ᠤᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ᠎ᠶᠢᠨ ᠲᠤᠭᠤᠷᠢᠨ᠎ᠳᠤ ᠨᠡᠢᠳᠡᠯᠡᠭᠰᠡᠨ ᠠᠯᠢ ᠤᠯᠠᠨ ᠴᠢᠬᠤᠯᠠ ᠥᠭᠦᠯᠡᠯᠲᠡ᠎ᠶ᠋ᠢ ᠴᠤᠭᠯᠠᠭᠤᠯᠤᠨ ᠤᠷᠤᠭᠤᠯᠪᠠ᠃ ᠡᠲᠡᠭᠡᠷ ᠠᠯᠢ ᠣᠯᠠᠨ ᠴᠢᠬᠤᠯᠠ ᠥᠭᠦᠯᠡᠯᠲᠡ ᠪᠣᠯ 《ᠬᠣᠶᠠᠷ᠎ᠢ ᠤᠶᠠᠯᠳᠤᠭᠤᠯᠬᠤ》᠎ᠶᠢ ᠪᠠᠷᠢᠮᠲᠠᠯᠠᠵᠤ᠂ ᠡᠮᠡᠭ᠌ᠲᠡᠢᠴᠦᠳ ᠬᠡᠦᠬᠡᠳ ᠪᠣᠯᠤᠨ ᠬᠡᠷ ᠪᠦᠯᠢ᠎ᠶ᠋ᠢᠨ ᠬᠦᠷᠢᠶᠡᠨ᠎ᠳᠡᠬᠢ ᠣᠨᠣᠯ᠎ᠤᠨ ᠱᠢᠨ᠎ᠡ᠎ᠶᠢ ᠡᠭᠦᠳᠬᠦ᠎ᠶ᠋ᠢ ᠠᠬᠢᠭᠤᠯᠤᠭ᠍ᠰᠠᠨ ᠴᠢᠬᠤᠯᠠ ᠶᠡᠬᠡ ᠦᠷ᠎ᠡ ᠪᠦᠲᠦᠭᠡᠯ ᠪᠠᠢᠵᠤ᠂ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ ᠬᠡᠦᠬᠡᠳ᠎ᠦᠨ ᠦᠶ᠋ᠯᠡᠰ ᠪᠣᠯᠤᠨ ᠬᠡᠷ ᠪᠦᠯᠢ ᠭᠡᠷ᠎ᠤᠨ ᠰᠤᠷᠭᠠᠯ ᠬᠡᠷ᠎ᠦᠨ ᠰᠤᠷᠲᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠣᠯᠤᠨ ᠱᠢᠨᠵᠢᠯᠡᠬᠦ᠌ ᠤᠬᠠᠭᠠᠨᠴᠢ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ ᠬᠤᠷᠠᠯᠳᠤᠬᠤ᠎ᠡᠴᠡ ᠡᠮᠦᠨᠡᠬᠡᠨ᠂ ᠲᠤᠰ ᠬᠣᠶᠠᠷ ᠪᠦᠲᠦᠭᠡᠯ᠎ᠢ ᠠᠨᠭ᠌ᠭ᠌ᠯᠢ ᠬᠡᠯᠡ᠎ᠪᠡᠷ ᠬᠡᠪᠯᠡᠨ ᠲᠠᠷᠬᠠᠭᠠᠭ᠍ᠰᠠᠨ ᠨᠢ ᠭᠠᠳᠠᠭᠠᠳᠤ᠎ᠶ᠋ᠢᠨ ᠤᠩᠱᠢᠭ᠍ᠴᠢᠳ᠎ᠤᠨ ᠶᠡᠷᠦᠩᠬᠡᠢ ᠱᠦᠵᠢ ᠰᠢ᠎ᠵᠢᠨ᠎ᠫᠢᠩ᠎ᠦᠨ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠪᠠᠶᠠᠯᠢᠭ ᠠᠭᠤᠯᠤᠭ᠍ᠳᠠᠬᠤᠨ᠎ᠢ ᠭᠦᠨᠵᠡᠭᠡᠢ ᠣᠢᠯᠠᠭᠠᠵᠤ᠂ ᠪᠦᠬᠦ᠌ ᠪᠥᠮᠪᠥᠷᠴᠡᠭ᠎ᠦᠨ ᠡᠷᠡᠭ᠌ᠲᠡᠢ ᠡᠮᠡᠭ᠌ᠲᠡᠢ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠦᠨ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠵᠣᠷᠢᠯᠲᠠ᠂ ᠳᠤᠮᠳᠠᠳᠤ ᠤᠯᠤᠰ᠎ᠤᠨ ᠲᠥᠰᠦᠯ᠎ᠢ ᠭᠦᠨᠵᠡᠭᠡᠢ ᠣᠢᠯᠠᠭᠠᠬᠤ᠎ᠳᠤ ᠲᠤᠰᠠᠳᠠᠢ ᠪᠠᠢᠵᠤ᠂ ᠳᠡᠯᠡᠬᠡᠢ ᠨᠡᠢᠭᠡᠮ᠎ᠦᠨ ᠬᠢᠨ᠎ᠦ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠦᠨ ᠬᠠᠮᠲᠤᠷᠠᠯᠴᠠᠭ᠎ᠠ᠎ᠶ᠋ᠢ ᠴᠢᠩᠭᠠᠳᠭᠠᠬᠤ᠂ ᠪᠦᠬᠦ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠂ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠬᠤ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 7 ᠎ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            