ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠨᠠᠮ᠎ᠤᠨ ᠰᠤᠷᠭᠠᠭᠤᠯᠢ ᠨᠠᠮ᠎ᠤᠨ ᠬᠢ ᠪᠠᠢᠬᠤ᠎ᠶᠢ ᠪᠠᠷᠢᠮᠲᠠᠯᠠᠵᠤ ᠨᠠᠮ᠎ᠤᠨ ᠰᠤᠷᠭᠠᠭᠤᠯᠢ᠎ᠶᠢᠨ ᠤᠭ ᠰᠠᠨᠠᠭ᠎ᠠ᠎ᠶᠢ ᠪᠠᠲᠤ ᠴᠡᠭᠡᠵᠢᠯᠡᠵᠦ ᠨᠠᠩ ᠰᠠᠢᠳᠤᠷ ᠵᠢᠡᠷ ᠨᠠᠮ᠎ᠤᠨ ᠲᠥᠯᠥᠭᠡ ᠴᠢᠳᠠᠪᠤᠷᠢᠲᠠᠨ ᠬᠥᠮᠥᠵᠢᠭᠦᠯᠵᠦ ᠨᠠᠮ᠎ᠤᠨ ᠲᠥᠯᠥᠭᠡ ᠠᠷᠭ᠎ᠠ ᠪᠤᠳᠤᠯᠭ᠎ᠠ ᠡᠷᠬᠦᠬᠦ ᠬᠡᠷᠡᠭᠳᠡᠢ
ᠨᠡᠶᠢᠲᠡᠯᠡᠭᠰᠡᠨ ᠴᠠᠭ᠄ 2025-09-30

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ᠎ᠶᠢᠨ ᠲᠡᠷᠢᠭᠦᠯᠡᠭᠴᠢ ᠰᠢ᠎ᠵᠢᠨ᠎ᠫᠢᠩ ᠣᠢᠷ᠎ᠠ᠎ᠳᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠳᠦ ᠴᠢᠬᠤᠯᠠ ᠵᠢᠭᠠᠪᠤᠷᠢ ᠦᠭᠴᠦ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠨᠠᠮ᠎ᠤᠨ ᠲᠥᠪ ᠬᠣᠷᠢᠶ᠎ᠡ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠶᠠᠰᠤ ᠴᠢᠨᠠᠷ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ᠎ᠦᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ ᠭᠡᠵᠤ ᠵᠢᠭᠠᠵᠤ ᠭᠠᠷᠭᠠᠪᠠ᠃

ᠰᠢ᠎ᠵᠢᠨ᠎ᠫᠢᠩ᠂ ᠰᠢᠨ᠎ᠡ ᠠᠶᠠᠨ᠎ᠳᠤ᠂ ᠡᠯ᠎ᠡ ᠱᠠᠲᠤᠨ᠎ᠤ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠰᠤᠷᠭᠠᠭᠤᠯᠢ ᠨᠠᠮ᠎ᠤᠨ ᠬᠢ ᠪᠠᠢᠬᠤ᠎ᠶᠢ ᠪᠠᠷᠢᠮᠲᠠᠯᠠᠵᠤ᠂ ᠨᠠᠮ᠎ᠤᠨ ᠰᠤᠷᠭᠠᠭᠤᠯᠢ᠎ᠶᠢᠨ ᠤᠭ ᠰᠠᠨᠠᠭ᠎ᠠ᠎ᠶᠢ ᠪᠠᠲᠤ ᠴᠡᠭᠡᠵᠢᠯᠡᠵᠦ᠂ ᠨᠠᠩ ᠰᠠᠢᠳᠤᠷ ᠨᠠᠮ᠎ᠤᠨ ᠲᠦᠯᠦᠬᠡ ᠴᠢᠳᠠᠪᠤᠷᠢᠲᠠᠨ᠎ᠢ ᠬᠥᠮᠥᠵᠢᠭᠦᠯᠤᠨ᠂ ᠨᠠᠮ᠎ᠤᠨ ᠲᠦᠯᠦᠬᠡ ᠠᠷᠭ᠎ᠠ ᠪᠤᠳᠤᠯᠭ᠎ᠠ ᠡᠷᠬᠦᠬᠦ ᠬᠡᠷᠡᠭᠲᠡᠢ᠃ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠨᠠᠮ᠎ᠤᠨ ᠤᠨᠤᠯ᠎ᠤᠨ ᠰᠤᠷᠭᠠᠨ ᠬᠥᠮᠦᠵᠢᠯ᠂ ᠨᠠᠮᠴᠢ ᠴᠢᠨᠠᠷ᠎ᠤᠨ ᠬᠥᠮᠦᠵᠢᠯ ᠪᠣᠯᠣᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ᠎ᠶᠢᠨ ᠪᠣᠯᠪᠠᠰᠤᠷᠠᠯ᠎ᠢ ᠲᠤᠪᠤᠢ᠍ᠢᠯᠭᠠᠵᠦ᠂ ᠬᠥᠮᠦᠵᠢᠯ ᠪᠣᠯᠪᠠᠰᠤᠷᠠᠯ᠎ᠤᠨ ᠬᠠᠨᠳᠤᠯᠭᠠᠲᠤ ᠴᠢᠨᠠᠷ ᠪᠣᠯᠣᠨ ᠦᠷ᠎ᠡ ᠪᠦᠲᠦᠮᠵᠢᠲᠦ ᠴᠢᠨᠠᠷ᠎ᠢ ᠴᠢᠩᠭᠠᠳᠬᠠᠬᠤ ᠬᠡᠷᠡᠭᠲᠡᠢ᠃ ᠨᠠᠮ᠎ᠤᠨ ᠰᠢᠨ᠎ᠡ ᠡᠭᠦᠳᠦᠯᠳᠡ᠎ᠶᠢᠨ ᠤᠨᠤᠯ᠎ᠤᠨ ᠰᠢᠰᠲ᠋ᠸᠮᠵᠢᠯᠳᠠ ᠡᠷᠳᠡᠮ ᠰᠢᠨᠵᠢᠯᠡᠬᠡᠨ᠎ᠤ ᠤᠨᠤᠯᠵᠢᠯᠳᠠ᠎ᠶᠢᠨ ᠰᠤᠳᠤᠯᠭᠠᠨ᠎ᠤ ᠲᠠᠢᠯᠪᠤᠷᠢᠯᠠᠯᠲᠠ᠎ᠶᠢ ᠴᠢᠩᠭᠠᠳᠬᠠᠵᠤ᠂ ᠤᠶᠤᠨ᠎ᠤ ᠬᠥᠮᠥᠷᠭᠡ᠎ᠶᠢᠨ ᠦᠢᠯᠡᠳᠦᠯ᠎ᠢ ᠰᠠᠢᠲᠤᠷ ᠪᠠᠳᠠᠷᠠᠭᠤᠯᠬᠤ ᠬᠡᠷᠡᠭᠲᠡᠢ᠃ ᠰᠤᠷᠭᠠᠭᠤᠯᠢ᠎ᠶᠢ ᠴᠢᠩᠭ᠎ᠠ ᠵᠠᠰᠠᠬᠤ᠂ ᠶᠠᠰᠤ ᠴᠢᠨᠠᠷ᠎ᠢᠶᠠᠷ ᠰᠤᠷᠭᠠᠭᠤᠯᠢ ᠪᠠᠢᠭᠤᠯᠬᠤ᠎ᠶᠢ ᠪᠠᠷᠢᠮᠲᠠᠯᠠᠵᠤ᠂ ᠺᠠᠳ᠋ᠷ ᠪᠠ ᠪᠠᠭ᠍ᠰᠢ᠎ᠶᠢᠨ ᠡᠩᠨᠡᠭᠡ ᠵᠢᠨ ᠪᠠᠢᠭᠤᠯᠤᠯᠲᠠ᠎ᠶᠢ ᠴᠢᠩᠭᠠᠳᠬᠠᠵᠤ᠂ ᠰᠤᠷᠤᠯᠭᠠᠳᠠᠳ᠎ᠤᠨ ᠬᠠᠮᠢᠶᠠᠷᠤᠯᠲᠠ ᠬᠢᠨᠠᠯᠲᠠ᠎ᠶᠢ ᠴᠢᠩᠭᠠᠳᠬᠠᠵᠤ᠂ ᠰᠤᠷᠭᠠᠭᠤᠯᠢ ᠡᠷᠬᠢᠯᠡᠵᠤ ᠰᠤᠷᠭᠠᠭᠤᠯᠢ᠎ᠶᠢ ᠵᠠᠰᠠᠬᠤ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠣᠷᠢᠶ᠎ᠠ᠎ᠶᠢᠨ ᠬᠢᠨ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠡᠬᠢ ᠪᠠᠶᠠᠯᠢᠭ᠋᠎ᠤᠨ ᠬᠦᠴᠦᠨ᠎ᠢ ᠨᠡᠢᠳᠬᠡᠵᠦ᠂ ᠳᠡᠮᠵᠢᠯᠭᠡ ᠪᠠᠲᠤᠯᠠᠭ᠎ᠠ᠎ᠪᠠᠨ ᠴᠢᠩᠭᠠᠳᠬᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠪᠥᠬᠥ ᠤᠯᠤᠰ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠠᠵᠢᠯ᠎ᠤᠨ ᠬᠤᠷᠠᠯ 9 ᠰᠠᠷ᠎ᠠ᠎ᠶᠢᠨ 28᠎ᠤ᠋ ᠡᠳᠦᠷ ᠪᠡᠭᠡᠵᠢᠩ᠎ᠳᠦ ᠬᠤᠷᠠᠯᠳᠤᠪᠠ᠃ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠵᠠᠬᠢᠷᠤᠯ ᠴᠧᠨ ᠰᠢ ᠬᠤᠷᠠᠯ ᠳᠡᠭᠡᠷ᠎ᠡ ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢ ᠤᠯᠠᠮᠵᠢᠯᠠᠭᠰᠠᠨ ᠪᠦᠭᠡᠳ ᠶᠠᠷᠢᠶ᠎ᠠ ᠲᠠᠯᠪᠢᠵᠤ᠂ ᠶᠡᠷᠦᠩᠬᠡᠢ ᠱᠦᠵᠢ᠎ᠰᠢ᠎ᠵᠢᠨ᠎ᠫᠢᠩ᠎ᠤᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠰᠤᠷᠭᠠᠭᠤᠯᠢ᠎ᠶᠢᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠪᠦᠬᠦ ᠲᠠᠯ᠎ᠠ᠎ᠪᠠᠷ ᠰᠤᠷᠤᠯᠴᠠᠨ ᠣᠢᠯᠠᠭᠠᠵᠤ᠂ ᠨᠠᠮ᠎ᠤᠨ ᠰᠤᠷᠭᠠᠭᠤᠯᠢ ᠨᠠᠮ᠎ᠤᠨ ᠬᠢ ᠪᠠᠢᠬᠤ᠎ᠶᠢ ᠨᠡᠩ ᠤᠬᠠᠮᠰᠠᠷ᠎ᠡᠴᠡ᠎ᠪᠠᠨ ᠪᠠᠷᠢᠮᠲᠠᠯᠠᠵᠤ᠂ ᠨᠠᠮ᠎ᠤᠨ ᠰᠤᠷᠭᠠᠭᠤᠯᠢ᠎ᠶᠢᠨ ᠤᠭ ᠰᠠᠨᠠᠭ᠎ᠠ ᠭᠡᠬᠦ ᠡᠨᠡ ᠬᠦ᠌ ᠶᠡᠷᠦᠩᠬᠡᠢ ᠱᠠᠭᠠᠷᠳᠠᠯᠭ᠎ᠠ᠎ᠶᠢ ᠪᠠᠲᠤ ᠡᠵᠡᠮᠳᠡᠵᠦ᠂ ᠴᠢᠨᠠᠷ ᠰᠠᠢᠲᠠᠢ ᠪᠡᠷ ᠴᠢᠳᠠᠪᠤᠷᠢᠲᠠᠨ᠎ᠢ ᠬᠥᠮᠥᠵᠢᠭᠦᠯᠤᠨ᠂ ᠥᠨᠳᠥᠷ ᠲᠦᠪᠰᠢᠨ ᠪᠦᠬᠦᠢ ᠠᠷᠭ᠎ᠠ ᠪᠤᠳᠤᠯᠭ᠎ᠠ ᠡᠷᠬᠦᠬᠦ᠎ᠶᠢ ᠪᠠᠷᠢᠮᠲᠠᠯᠠᠬᠤ ᠬᠡᠷᠡᠭᠳᠡᠢ᠃ ᠦᠨᠳᠦᠰᠦᠨ ᠪᠣᠯᠪᠠᠰᠤᠷᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠺᠠᠳ᠋ᠷ ᠪᠣᠯᠣᠨ ᠨᠠᠮ᠎ᠤᠨ ᠭᠡᠰᠢᠭᠦᠨ᠎ᠳᠦ ᠪᠣᠯᠪᠠᠰᠤᠷᠠᠯ᠎ᠬᠦᠷᠳᠡᠬᠡᠬᠦ᠎ᠶᠢ ᠰᠠᠢᠲᠤᠷ ᠠᠳᠬᠤᠵᠤ᠂ ᠭᠣᠣᠯ ᠰᠡᠳᠦᠪ ᠭᠣᠣᠯ ᠰᠢᠵᠢᠮ ᠲᠠᠢ ᠨᠢᠭ᠍ᠲᠠ ᠤᠶᠠᠯᠳᠤᠭᠤᠯᠤᠨ ᠨᠠᠮ᠎ᠤᠨ ᠰᠢᠨ᠎ᠡ ᠡᠭᠦᠳᠦᠯᠳᠡ᠎ᠶᠢᠨ ᠤᠨᠤᠯ᠎ᠤᠨ ᠰᠤᠷᠤᠯᠴᠠᠯᠭ᠎ᠠ᠎ᠶᠢ ᠴᠢᠩᠭᠠᠳᠬᠠᠵᠤ᠂ ᠰᠤᠷᠭᠠᠭᠤᠯᠢ᠎ᠶᠢ ᠴᠢᠩᠭ᠎ᠠ ᠵᠠᠰᠠᠬᠤ᠂ ᠶᠠᠰᠤ ᠴᠢᠨᠠᠷ᠎ᠢᠶᠠᠷ ᠰᠤᠷᠭᠠᠭᠤᠯᠢ ᠪᠠᠢᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ᠎ᠶᠢ ᠴᠢᠩᠭᠠᠳᠬᠠᠵᠤ᠂ ᠪᠣᠯᠪᠠᠰᠤᠷᠠᠯ᠎ᠤᠨ ᠰᠢᠨ᠎ᠡ ᠪᠠᠢᠷᠢᠰᠢᠯ᠎ᠢ ᠪᠦᠷᠢᠯᠳᠦᠭᠦᠯᠬᠦ᠎ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃

ᠥᠪᠥᠷ ᠮᠣᠩᠭᠣᠯ᠂ ᠱᠠᠨ ᠰᠢ᠂ ᠵᠧᠵᠢᠶᠠᠩ᠂ ᠹᠦᠵᠢᠶᠠᠨ᠂ ᠭᠦᠢᠵᠧᠦ ᠵᠡᠷᠭᠡ 5 ᠮᠤᠵᠢ᠎ᠶᠢᠨ ᠲᠡᠰ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠂ ᠲᠥᠪ᠎ᠦᠨ ᠨᠠᠮ᠎ᠤᠨ ᠰᠤᠷᠭᠠᠭᠤᠯᠢ᠎ᠶᠢᠨ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠤᠪᠢᠶᠠᠷᠢ ᠰᠤᠷᠭᠠᠭᠤᠯᠢ᠂ ᠲᠦᠷᠦ᠎ᠶᠢᠨ ᠶᠠᠪᠤᠳᠠᠯ᠎ᠤᠨ ᠬᠣᠷᠢᠶ᠎ᠡ᠎ᠶᠢᠨ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠎ᠦᠨ ᠬᠤᠪᠢᠶᠠᠷᠢ ᠰᠤᠷᠭᠠᠭᠤᠯᠢ᠎ᠶᠢᠨ ᠬᠠᠷᠢᠭᠤᠴᠠᠯᠭᠠᠲᠠᠨ ᠨᠥᠬᠥᠳ ᠶᠠᠷᠢᠯᠴᠠᠨ ᠰᠣᠯᠢᠯᠴᠠᠬᠤ ᠦᠭᠡ ᠬᠡᠯᠡᠪᠡ᠃

ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠭᠦᠳ᠂ ᠲᠥᠪ᠎ᠦᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ) ᠪᠣᠯᠣᠨ ᠡᠯ᠎ᠡ ᠮᠤᠵᠢ ᠣᠷᠣᠨ ᠬᠤᠲᠠ ᠵᠢᠴᠢ ᠳᠡᠳ᠋ ᠮᠤᠵᠢ᠎ᠶᠢᠨ ᠳᠡᠰ᠎ᠤᠨ ᠬᠤᠲᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠦᠸᠠᠨ᠎ᠤ ᠨᠠᠮ᠎ᠤᠨ ᠬᠣᠷᠢᠶ᠎ᠡ᠎ᠶᠢᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠬᠠᠷᠢᠭᠤᠴᠠᠯᠭᠠᠲᠠᠨ ᠨᠥᠭᠦᠳ ᠬᠤᠷᠠᠯ᠎ᠳᠤ ᠣᠷᠣᠯᠴᠠᠵᠠᠢ᠃

ᠰᠢᠨᠬᠤᠸᠠ ᠬᠣᠷᠢᠶ᠎ᠡ᠎ᠶᠢᠨ ᠪᠡᠭᠡᠵᠢᠩ᠎ᠦᠨ 9 ᠰᠠᠷ᠎ᠠ᠎ᠶᠢᠨ 28 ᠎ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            