9 ᠰᠠᠷ᠎ᠠ᠎ᠶᠢᠨ 14 ᠤ᠋ ᠡᠳᠦᠷ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠪᠤᠯᠤᠨ ᠯᠢᠺᠲᠸᠨ᠋ᠱᠲ᠋ᠠᠢ᠍ᠢᠨ᠎ᠤ ᠵᠠᠰᠠᠭ ᠣᠷᠣᠯᠠᠭ᠍ᠴᠢ ᠸᠠᠩ᠎ᠤᠨ ᠵᠠᠯᠭᠠᠮᠵᠢᠯᠠᠭ᠍ᠴᠢ ᠠᠯᠦᠶᠢᠰ ᠬᠠᠷᠢᠯᠴᠠᠨ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠬᠣᠶᠠᠷ ᠤᠯᠤᠰ᠎ᠤᠨ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 75 ᠵᠢᠯ᠎ᠦᠨ ᠤᠢ᠎ᠶᠢ ᠪᠡᠯᠭᠡᠯᠡᠪᠡ᠃
ᠰᠢ᠎ᠵᠢᠨ᠎ᠫᠢᠩ᠂ ᠭᠠᠳᠠᠭᠠᠳᠤ ᠬᠠᠷᠢᠯᠴᠠᠭ᠎ᠠ ᠪᠠᠢᠭᠤᠯᠤᠭᠰᠠᠨ 75 ᠵᠢᠯ᠎ᠦᠨ ᠲᠤᠷᠰᠢ᠂ ᠳᠤᠮᠳᠠᠳᠤ ᠯᠢᠺᠲᠸᠨ᠋ᠱᠲ᠋ᠠᠢ᠍ᠢᠨ ᠬᠣᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠵᠦ ᠬᠠᠷᠢᠯᠴᠠᠨ ᠢᠲᠡᠭᠡᠯᠴᠡᠬᠦ᠎ᠶᠢ ᠪᠠᠷᠢᠮᠲᠠᠯᠠᠵᠤ᠂ ᠨᠥᠬᠥᠷᠰᠡᠭ ᠰᠣᠯᠢᠯᠴᠠᠭ᠎ᠠ ᠬᠠᠮᠲᠤᠷᠠᠯᠴᠠᠭ᠎ᠠ᠎ᠶᠢ ᠢᠳᠡᠪᠬᠢᠲᠡᠢ ᠥᠷᠨᠢᠭᠦᠯᠵᠤ᠂ ᠣᠯᠠᠨ ᠲᠠᠯ᠎ᠠ᠎ᠶᠢᠨ ᠬᠦᠷᠢᠶᠡᠨ᠎ᠳᠦ ᠨᠢᠭ᠍ᠲᠠ ᠵᠣᠬᠢᠴᠠᠭᠤᠯᠵᠤ᠂ ᠶᠡᠬᠡ ᠪᠠᠭ᠎ᠠ ᠤᠯᠤᠰ᠎ᠤᠳ᠎ᠤᠨ ᠨᠥᠬᠥᠷᠰᠡᠭ᠎ᠢᠶᠡᠷ ᠬᠠᠷᠢᠯᠴᠠᠬᠤ᠂ ᠬᠠᠷᠢᠯᠴᠠᠨ ᠠᠰᠢᠭᠲᠠᠢ ᠬᠠᠮᠳᠤ᠎ᠪᠠᠷ ᠠᠰᠢᠬ ᠬᠦᠷᠳᠡᠬᠦ ᠥᠯᠢᠭᠡᠷ ᠵᠢᠱ᠌ᠢᠶ᠎ᠡ᠎ᠶᠢ ᠪᠣᠶ ᠪᠣᠯᠭᠠᠪᠠ᠃ ᠪᠢ ᠳᠤᠮᠳᠠᠳᠤ ᠯᠢᠺᠲᠸᠨ᠋ᠱᠲ᠋ᠠᠢ᠍ᠢᠨ᠎ᠤ ᠬᠠᠷᠢᠯᠴᠠᠭᠠᠨ᠎ᠤ ᠬᠥᠭᠵᠢᠯᠲᠡ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠵᠠᠰᠠᠭ ᠣᠷᠣᠯᠠᠭ᠍ᠴᠢ ᠸᠠᠩ᠎ᠤᠨ ᠵᠠᠯᠭᠠᠮᠵᠢᠯᠠᠭ᠍ᠴᠢᠠᠯᠦᠶᠢᠰ ᠲᠠᠢ ᠬᠠᠮᠲᠤ ᠪᠠᠷ ᠴᠢᠷᠮᠠᠢᠵᠤ᠂ ᠬᠣᠶᠠᠷ ᠤᠯᠤᠰ᠎ᠤᠨ ᠨᠥᠬᠥᠷᠯᠡᠯ ᠪᠣᠯᠣᠨ ᠬᠠᠮᠲᠤᠷᠠᠯᠴᠠᠭ᠎ᠠ᠎ᠶᠢ ᠦᠷᠭᠦᠯᠵᠢᠯᠡᠨ ᠭᠦᠨᠵᠡᠭᠡᠢᠷᠡᠭᠦᠯᠦᠨ᠎ᠡ ᠭᠡᠵᠦ ᠵᠢᠭᠠᠵᠤ ᠭᠠᠷᠭᠠᠪᠠ᠃
ᠠᠯᠦᠶᠢᠰ᠂ ᠬᠠᠷᠢᠯᠴᠠᠭ᠎ᠠ ᠪᠠᠢᠭᠤᠯᠤᠭᠰᠠᠨ᠎ᠡᠴᠡ ᠨᠠᠭᠠᠰᠢ᠂ ᠯᠢᠺᠲᠸᠨ᠋ᠱᠲ᠋ᠠᠢ᠍ᠢᠨ ᠳᠤᠮᠳᠠᠳᠤ ᠬᠣᠶᠠᠷ ᠤᠯᠤᠰ ᠨᠥᠬᠥᠷᠰᠡᠭ ᠬᠠᠷᠢᠯᠴᠠᠭ᠎ᠠ᠎ᠪᠠᠨ ᠪᠠᠷᠢᠮᠲᠠᠯᠠᠵᠤ᠂ ᠬᠣᠶᠠᠷ ᠲᠠᠯ᠎ᠠ᠎ᠶᠢᠨ ᠶᠠᠪᠤᠯᠴᠠᠭ᠎ᠠ᠎ᠪᠠᠨ ᠭᠦᠨᠵᠡᠭᠡᠢᠷᠡᠭᠦᠯᠵᠦ᠂ ᠬᠠᠮᠲᠤᠷᠠᠯᠴᠠᠭᠠᠨ᠎ᠤ ᠬᠦᠷᠢᠶ᠎ᠡ᠎ᠪᠡᠨ ᠥᠷᠭᠡᠳᠬᠡᠵᠦ᠂ ᠬᠠᠷᠢᠯᠴᠠᠨ ᠳᠡᠮᠵᠢᠬᠦ᠎ᠪᠡᠨ ᠨᠡᠮᠡᠭᠳᠡᠭᠦᠯᠵᠤ᠂ ᠲᠣᠭᠲᠠᠪᠤᠷᠢᠳᠠᠢ᠂ ᠢᠲᠡᠭᠡᠯᠴᠡᠭᠰᠡᠨ ᠬᠠᠨᠢᠲᠠᠨ᠎ᠤ ᠬᠠᠷᠢᠯᠴᠠᠭ᠎ᠠ᠎ᠪᠠᠨ ᠬᠠᠮᠲᠤ᠎ᠪᠠᠷ ᠬᠥᠭᠵᠢᠭᠦᠯᠪᠡ᠂ ᠡᠨᠡ ᠨᠢ ᠣᠳᠣᠬᠠᠨ᠎ᠤ ᠥᠷᠢᠰᠦᠯᠳᠦᠭᠡᠨ ᠤᠯᠠᠨ ᠭᠠᠷᠴᠤ ᠪᠠᠢᠭ᠎ᠠ ᠴᠠᠭ ᠦᠶ᠎ᠡ᠎ᠳᠦ ᠲᠤᠩ ᠴᠢᠬᠤᠯᠠ ᠶᠤᠮ᠃ ᠯᠢᠺᠲᠸᠨ᠋ᠱᠲ᠋ᠠᠢ᠍ᠢᠨ ᠳᠤᠮᠳᠠᠳᠤ ᠬᠤᠶᠠᠷ ᠤᠯᠤᠰ ᠢᠷᠡᠭᠡᠳᠦᠢ᠎ᠳᠦ ᠰᠣᠯᠢᠯᠴᠠᠭ᠎ᠠ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠨᠡᠮᠡᠭᠳᠡᠭᠦᠯᠵᠦ᠂ ᠬᠥᠭᠵᠢᠯ ᠴᠡᠴᠡᠭᠯᠡᠯ᠎ᠢ ᠬᠠᠮᠲᠤ᠎ᠪᠠᠷ ᠠᠬᠢᠭᠤᠯᠤᠨ᠎ᠠ ᠭᠡᠳᠡᠭ᠎ᠲᠦ ᠪᠢ ᠪᠠᠲᠤ ᠢᠲᠡᠭᠡᠵᠦ ᠪᠠᠢᠨ᠎ᠠ ᠭᠡᠵᠤ ᠢᠯᠡᠳᠬᠡᠵᠡᠢ᠃
ᠰᠢᠨᠬᠤᠸᠠ ᠬᠣᠷᠢᠶ᠎ᠡ ᠵᠢᠨ ᠪᠡᠭᠡᠵᠢᠩ᠎ᠦᠨ 9 ᠰᠠᠷ᠎ᠠ᠎ᠶᠢᠨ 14 ᠤ᠋ ᠴᠠᠬᠢᠯᠭᠠᠨ ᠮᠡᠳᠡᠭᠡ