ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ ᠬᠥᠮᠦᠰ᠎ᠦᠨ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄ 2025-09-11

9 ᠰᠠᠷ᠎ᠠ᠎ᠶ᠋ᠢᠨ 8 ᠤ᠋ ᠤᠷᠤᠢ᠂ ᠤᠯᠤᠰ᠎ᠤᠨ ᠲᠡᠷᠢᠭᠦᠯᠡᠭ᠌ᠴᠢ ᠰᠢ᠎ᠵᠢᠨ᠎ᠫᠢᠩ ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ ᠬᠥᠮᠦᠰ᠎ᠦᠨ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ᠎ᠳᠤ ᠣᠷᠣᠯᠴᠠᠭ᠍ᠰᠠᠨ ᠪᠥᠭᠡᠳ 《ᠪᠦᠯᠬᠦᠮᠳᠡᠨ ᠬᠠᠮᠲᠤᠷᠠᠯᠴᠠᠵᠤ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠰᠡᠳᠦᠪ᠎ᠢᠶᠡᠷ ᠴᠢᠬᠤᠯᠠ ᠶᠠᠷᠢᠶ᠎ᠠ ᠲᠠᠯᠪᠢᠪᠠ᠃

ᠪᠦᠯᠬᠦᠮᠳᠡᠨ ᠬᠠᠮᠲᠤᠷᠠᠯᠴᠠᠵᠤ ᠡᠷᠡᠮᠡᠬᠡᠢᠯᠡᠨ ᠤᠷᠤᠭ᠍ᠰᠢᠯᠠᠶ᠎ᠠ

— ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ  ᠬᠥᠮᠦᠰ᠎ᠦᠨ

ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ ᠳᠡᠭᠡᠷᠡᠬᠢ ᠶᠠᠷᠢᠶ᠎ᠠ

(2025 ᠣᠨ᠎ᠤ 9 ᠰᠠᠷ᠎ᠠ᠎ᠶ᠋ᠢᠨ 8 ᠎ᠤ᠋ ᠡᠳᠦᠷ᠂ ᠪᠡᠭᠡᠵᠢᠩ᠎ᠳᠦ)

ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ  ᠰᠢ᠎ᠵᠢᠨ᠎ᠫᠢᠩ

ᠬᠦᠨᠳᠦᠲᠦ ᠯᠦᠯᠠ ᠶᠡᠷᠦᠩᠬᠡᠢᠯᠡᠭ᠌ᠴᠢ᠂

ᠬᠠᠮᠲᠤ ᠠᠵᠢᠯᠯᠠᠭ᠍ᠰᠠᠳ ᠡ᠄

ᠡᠨᠡ ᠡᠳᠦᠷ᠂ ᠠᠯᠳᠠᠨ ᠲᠣᠭᠣᠰᠭ᠎ᠠ ᠤᠯᠤᠰ᠎ᠤᠳ᠎ᠤᠨ ᠤᠳᠤᠷᠢᠳᠭᠤ ᠬᠥᠮᠦᠰ ᠰᠦᠯᠵᠢᠶᠡᠨ ᠳᠡᠭᠡᠷᠡᠬᠢ ᠲᠦᠷᠦᠭᠦᠴᠦᠳ᠎ᠦᠨ ᠬᠤᠷᠠᠯ ᠬᠤᠷᠠᠯᠳᠤᠭᠤᠯᠵᠤ᠂ ᠣᠳᠣᠬᠠᠨ᠎ᠤ ᠳᠡᠯᠡᠬᠡᠢ᠎ᠶ᠋ᠢᠨ ᠪᠠᠢᠳᠠᠯ ᠪᠣᠯᠤᠨ ᠬᠠᠮᠲᠤ᠎ᠪᠠᠷ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠢ ᠰᠠᠨᠠᠯ᠎ᠢᠶᠠᠨ ᠭᠦᠨᠵᠡᠭᠡᠢ ᠰᠣᠯᠢᠯᠴᠠᠬᠤ ᠨᠢ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠤᠨ ᠤᠯᠠᠷᠢᠵᠤ᠂ ᠡᠵᠡᠷᠬᠡᠬᠦ᠌ ᠦᠵᠡᠯ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠦᠷᠬᠡᠨ᠎ᠢᠶᠡᠷ ᠲᠠᠷᠬᠠᠵᠤ ᠶᠡᠬᠡ᠎ᠭᠠᠵᠠᠷ ᠠᠪᠴᠤ ᠪᠠᠢᠨ᠎ᠠ᠃ ᠣᠨᠴᠠ ᠵᠠᠷᠢᠮ ᠤᠯᠤᠰ ᠠᠷᠠᠯᠵᠢᠶᠠᠨ᠎ᠤ ᠲᠡᠢᠨ᠂ ᠪᠣᠭᠣᠮᠲᠠ᠎ᠶ᠋ᠢᠨ ᠭᠠᠢᠯᠢ ᠎ᠶ᠋ᠢᠨ ᠲᠡᠢᠨ᠎ᠢ ᠵᠠᠯᠭᠠᠭ᠎ᠠ᠎ᠪᠠᠷ ᠡᠭᠦᠰᠭᠡᠵᠦ᠍᠂ ᠳᠡᠯᠡᠬᠡᠶ᠎ᠶ᠋ᠢᠨ ᠠᠵᠤ ᠠᠬᠤᠶ᠎ᠳ᠋ᠤ ᠬᠦᠨᠳᠦ ᠨᠣᠴᠢᠲᠠᠶ ᠴᠤᠬᠢᠯᠳᠠ ᠦᠭᠴᠤ᠂ ᠣᠯᠠᠨ ᠤᠯᠤᠰ᠎ᠤᠨ ᠠᠷᠠᠯᠵᠢᠶᠠᠨ ᠎ᠤ ᠲᠦᠷᠢᠮ᠎ᠢ ᠬᠦᠨᠳᠦ ᠨᠣᠴᠢᠲᠠᠶ ᠬᠣᠬᠢᠷᠠᠭᠤᠯᠵᠤ ᠪᠠᠢᠨ᠎ᠠ᠃ ᠡᠨᠡ ᠬᠦ᠌ ᠵᠠᠩᠭᠢᠯᠠᠭ᠎ᠠ᠎ᠶ᠋ᠢᠨ ᠦᠶ᠎ᠡ᠎ᠳᠦ᠂ ᠠᠯᠳᠠᠨ ᠲᠣᠭᠣᠰᠭ᠎ᠠ ᠤᠯᠤᠰ᠎ᠤᠳ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠨᠢᠭᠡᠳᠦᠭᠡᠷ ᠵᠢᠭ᠍ᠰᠠᠭᠠᠯ ᠪᠣᠯᠤᠭ᠍ᠰᠠᠨ᠎ᠤ ᠬᠤᠪᠢ᠎ᠳᠤ᠂ ᠨᠡᠭᠡᠭᠡᠯᠲᠡ ᠲᠡᠢ ᠪᠠᠭ᠍ᠲᠠᠭᠠᠮᠵᠢᠲᠠᠢ᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌ ᠠᠯᠳᠠᠨ ᠲᠣᠭᠣᠰᠭ᠎ᠠ ᠤᠯᠤᠰ᠎ᠤᠳ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠶ᠋ᠢ ᠪᠠᠷᠢᠮᠲᠠᠯᠠᠵᠤ᠂ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭᠠᠯᠠᠵᠤ᠂ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ 《ᠲᠤᠮᠤ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ》᠎ᠶᠢ ᠠᠬᠢᠭᠤᠯᠵᠤ᠂ ᠭᠠᠷ ᠬᠣᠯᠪᠣᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠤᠶ᠎ᠠ᠃ ᠪᠢ 3 ᠰᠠᠨᠠᠭᠤᠯᠭ᠎ᠠ ᠳᠤᠷᠠᠳᠤᠶ᠎ᠠ᠃

ᠨᠢᠭᠡᠳᠦᠭᠡᠷ᠎ᠲᠦ᠂ ᠤᠯᠠᠨ ᠲᠠᠯᠠᠲᠤ ᠦᠵᠡᠯ᠎ᠢ ᠪᠠᠷᠢᠮᠲᠠᠯᠠᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠶ᠎ᠠ᠃ ᠤᠯᠠᠨ ᠲᠠᠯᠠᠲᠤ ᠦᠵᠡᠯ ᠪᠣᠯ ᠬᠥᠮᠦᠰ᠎ᠦᠨ ᠰᠡᠳᠭᠢᠯ᠎ᠦᠨ ᠬᠠᠨᠳᠤᠰᠢ᠂ ᠶᠡᠷᠦᠩᠬᠡᠢ ᠬᠠᠨᠳᠤᠰᠢ ᠮᠥᠨ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢᠨ ᠴᠢᠬᠤᠯᠠ ᠲᠦᠱᠢᠭ ᠮᠥᠨ᠃ ᠪᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶᠢ ᠳᠤᠷᠠᠳᠤᠭ᠍ᠰᠠᠨ ᠵᠤᠷᠢᠯᠭ᠎ᠠ ᠪᠤᠯ ᠡᠯ᠎ᠡ ᠤᠯᠤᠰ᠎ᠤᠨ ᠭᠠᠷ ᠬᠣᠯᠪᠣᠨ ᠠᠵᠢᠯᠯᠠᠬᠤ᠎ᠶ᠋ᠢ ᠠᠬᠢᠭᠤᠯᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠲᠥᠯᠥᠭᠡ ᠶᠤᠮ᠃ ᠪᠢᠳᠡ ᠬᠠᠮᠲᠤ᠎ᠪᠠᠷ ᠵᠥᠪᠳᠡᠬᠦ᠌ ᠬᠠᠮᠲᠤ᠎ᠪᠠᠷ ᠪᠠᠢᠭᠤᠯᠬᠤ ᠬᠠᠮᠲᠤ᠎ᠪᠠᠷ ᠡᠳ᠋ᠯᠡᠬᠦ᠌᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ ᠪᠣᠯᠤᠨ ᠤᠯᠠᠨ ᠤᠯᠤᠰ᠎ᠤᠨ ᠬᠠᠤᠯᠢ᠎ᠪᠠᠷ ᠰᠠᠭᠤᠷᠢ ᠪᠣᠯᠭᠠᠭ᠍ᠰᠠᠨ ᠤᠯᠠᠨ ᠤᠯᠤᠰ᠎ᠤᠨ ᠡᠮᠬᠢ ᠳᠢᠭ᠌ᠯᠢᠮ᠎ᠢ ᠬᠠᠮᠠᠭᠠᠯᠠᠵᠤ᠂ ᠤᠯᠠᠨ ᠲᠠᠯᠠᠲᠤ ᠦᠵᠡᠯ᠎ᠦᠨ ᠰᠠᠭᠤᠷᠢ᠎ᠶ᠋ᠢ ᠪᠡᠬᠢᠵᠢᠭᠦᠯᠤᠶ᠎ᠠ᠃ ᠡᠭᠦᠨ᠎ᠦ ᠬᠠᠮᠲᠤ᠂ ᠤᠯᠠᠨ ᠤᠯᠤᠰ᠎ᠤᠨ ᠬᠠᠷᠢᠯᠴᠠᠭᠠᠨ᠎ᠤ ᠠᠷᠠᠳᠴᠢᠯᠠᠯᠲᠠ᠎ᠶ᠋ᠢ ᠢᠳᠡᠪᠬᠢᠲᠡᠢ ᠠᠬᠢᠭᠤᠯᠵᠤ᠂ ᠪᠦᠬᠦ᠌ ᠪᠥᠮᠪᠥᠷᠴᠡᠭ᠎ᠦᠨ ᠬᠦᠭᠵᠢᠵᠤ ᠪᠠᠢᠭ᠎ᠠ ᠤᠯᠤᠰ᠎ᠤᠳ᠎ᠤᠨ ᠲᠥᠯᠥᠭᠡᠯᠡᠬᠦ᠌ ᠴᠢᠨᠠᠷ ᠪᠣᠯᠤᠨ ᠦᠭᠡ ᠬᠡᠯᠡᠬᠦ᠌ ᠡᠷᠬᠡ᠎ᠶ᠋ᠢ ᠳᠡᠭᠡᠭ᠌ᠰᠢᠯᠡᠭᠦᠯᠤᠶ᠎ᠠ᠃ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠬᠦ᠌᠎ᠪᠡᠷ ᠳᠠᠮᠵᠢᠨ᠂ ᠡᠯ᠎ᠡ ᠲᠠᠯ᠎ᠠ᠎ᠶ᠋ᠢᠨ ᠡᠬᠢ ᠪᠠᠶᠠᠯᠢᠭ᠎ᠢ ᠭᠦᠢᠴᠡᠳ ᠳᠠᠢ᠌ᠴᠢᠯᠠᠵᠤ᠂ ᠬᠥᠮᠦᠨ ᠲᠥᠷᠥᠯᠬᠢᠲᠡᠨ᠎ᠦ ᠨᠡᠢᠭᠡᠮ᠎ᠳᠦ ᠲᠤᠯᠭᠠᠷᠠᠵᠤ ᠪᠠᠢᠭ᠎ᠠ ᠬᠠᠮᠲᠤ᠎ᠶ᠋ᠢᠨ ᠥᠷᠢᠰᠥᠯᠳᠦᠭᠡᠨ᠎ᠢ ᠨᠡᠩ ᠰᠠᠢᠲᠤᠷ ᠠᠷᠭᠠᠴᠠᠭᠠᠶ᠎ᠠ᠃

ᠬᠣᠶᠠᠳᠤᠭᠠᠷ᠎ᠲᠤ᠂ ᠨᠡᠭᠡᠭᠡᠯᠲᠡ ᠬᠢᠵᠦ᠍ ᠬᠠᠮᠲᠤ᠎ᠪᠠᠷ ᠠᠱᠢᠭ ᠬᠦᠷᠲᠡᠬᠦ᠌᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭ᠌ᠯᠢᠮ᠎ᠢ ᠬᠠᠮᠠᠭᠠᠯᠠᠶ᠎ᠠ᠃ ᠠᠵᠤ ᠠᠬᠤᠢ᠎ᠶ᠋ᠢᠨ ᠳᠡᠯᠡᠬᠡᠢᠵᠢᠯᠲᠡ ᠪᠣᠯ ᠬᠤᠷᠢᠭ᠍ᠯᠠᠭ᠍ᠳᠠᠰᠢ ᠦᠭᠡᠢ ᠲᠡᠦᠬᠡ᠎ᠶ᠋ᠢᠨ ᠤᠷᠤᠰᠭᠠᠯ ᠮᠥᠨ᠃ ᠡᠯ᠎ᠡ ᠤᠯᠤᠰ᠎ᠤᠨ ᠬᠥᠭ᠌ᠵᠢᠯᠲᠡ ᠨᠢ ᠨᠡᠭᠡᠭᠡᠯᠲᠡ ᠬᠢᠵᠦ᠍ ᠬᠠᠮᠲᠤᠷᠠᠯᠴᠠᠬᠤ ᠤᠯᠠᠨ ᠤᠯᠤᠰ᠎ᠤᠨ ᠣᠷᠴᠢᠨ ᠲᠣᠭᠣᠷᠢᠨ᠎ᠡᠴᠡ ᠰᠠᠯᠵᠤ ᠴᠢᠳᠠᠬᠤ ᠦᠭᠡᠢ᠂ ᠬᠡᠨ ᠴᠦ᠍ ᠭᠡᠳ ᠥᠪᠡᠷ᠎ᠢ᠎ᠪᠡᠨ ᠪᠢᠲᠡᠭᠦᠮᠵᠢᠯᠡᠭ᠌ᠰᠡᠨ ᠥᠨᠥᠴᠢᠨ ᠠᠷᠠᠯ᠎ᠳᠠᠭᠠᠨ ᠪᠤᠴᠠᠵᠤ ᠴᠢᠳᠠᠬᠤ ᠦᠭᠡᠢ ᠶᠤᠮ᠃ ᠳᠡᠯᠡᠬᠡᠢ᠎ᠶ᠋ᠢᠨ ᠪᠠᠢᠳᠠᠯ᠎ᠳᠤ ᠶᠠᠮᠠᠷ ᠬᠤᠪᠢᠷᠠᠯᠲᠠ ᠭᠠᠷᠤᠭ᠍ᠰᠠᠨ ᠴᠤ᠌ ᠪᠢᠳᠡ ᠴᠥᠮ ᠨᠡᠭᠡᠭᠡᠯᠲᠡᠲᠦ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠠᠢᠭᠤᠯᠬᠤ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠨᠡᠭᠡᠭᠡᠯᠳᠠ᠎ᠶ᠋ᠢᠨ ᠳᠤᠮᠳᠠ ᠠᠵᠠ ᠲᠣᠬᠢᠶᠠᠯ᠎ᠢ ᠬᠤᠪᠢᠶᠠᠯᠴᠠᠵᠤ᠂ ᠬᠠᠮᠲᠤ᠎ᠪᠠᠷ ᠠᠱᠢᠭ ᠬᠦᠷᠳᠡᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ᠃ ᠳᠡᠯᠡᠬᠡᠢ᠎ᠶ᠋ᠢᠨ ᠠᠷᠠᠯᠵᠢᠶᠠᠨ᠎ᠤ ᠵᠣᠬᠢᠶᠠᠨ ᠪᠠᠢᠭᠤᠯᠤᠯᠲᠠ᠎ᠪᠠᠷ ᠭᠣᠣᠯ ᠪᠣᠯᠭᠠᠭ᠍ᠰᠠᠨ ᠤᠯᠠᠨ ᠲᠠᠯᠠᠲᠤ ᠠᠷᠠᠯᠵᠢᠶᠠᠨ᠎ᠤ ᠪᠠᠢᠭᠤᠯᠤᠯ᠎ᠢ ᠬᠠᠮᠠᠭᠠᠯᠠᠵᠤ᠂ ᠠᠯᠢᠪᠠ ᠬᠡᠯᠪᠡᠷᠢ᠎ᠶ᠋ᠢᠨ ᠬᠠᠮᠠᠭᠠᠯᠠᠬᠤ ᠦᠵᠡᠯ᠎ᠢ ᠡᠰᠡᠷᠭᠦᠴᠡᠬᠦ᠌ ᠬᠡᠷᠡᠭ᠌ᠲᠡᠢ᠃ ᠲᠦᠭᠡᠮᠡᠯ ᠬᠠᠷᠠᠭᠠᠯᠵᠠᠯᠳᠤ᠎ᠪᠠᠭ᠍ᠲᠠᠭᠠᠮᠵᠢᠲᠠᠢ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢ ᠰᠠᠨᠠᠭᠠᠴᠢᠯᠠᠵᠤ᠂ ᠬᠥᠭ᠌ᠵᠢᠯᠲᠡ᠎ᠶ᠋ᠢ ᠤᠯᠠᠨ ᠤᠯᠤᠰ᠎ᠤᠨ ᠵᠥᠪᠯᠡᠬᠦ᠌ ᠵᠦᠢᠯ᠎ᠦᠨ ᠭᠣᠣᠯ ᠪᠠᠢᠷᠢᠨ᠎ᠳᠤ ᠲᠠᠯᠪᠢᠵᠤ᠂ ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ᠎ᠢ ᠤᠯᠠᠨ ᠤᠯᠤᠰ᠎ᠤᠨ ᠬᠠᠮᠲᠤᠷᠠᠯᠴᠠᠭ᠎ᠠ᠎ᠳᠤ ᠡᠷᠬᠡ ᠲᠡᠭ᠌ᠰᠢ᠎ᠪᠡᠷ ᠣᠷᠣᠯᠴᠠᠭᠤᠯᠵᠤ᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠶ᠎ᠡ᠃

ᠭᠤᠷᠪᠠᠳᠤᠭᠠᠷ᠎ᠲᠤ᠂ ᠪᠦᠯᠬᠦᠮᠳᠡᠨ ᠬᠠᠮᠲᠤᠷᠠᠯᠴᠠᠬᠤ᠎ᠶ᠋ᠢ ᠪᠠᠷᠢᠮᠲᠠᠯᠠᠵᠤ᠂ ᠬᠠᠮᠲᠤ᠎ᠪᠠᠷ ᠬᠥᠭ᠌ᠵᠢᠬᠦ᠌ ᠬᠠᠮᠲᠤᠷᠠᠯ ᠬᠦᠴᠦᠨ᠎ᠢ ᠨᠢᠭ᠍ᠲᠠᠷᠠᠭᠤᠯᠤᠶ᠎ᠠ᠃ ᠲᠡᠮᠦᠷ᠎ᠢ ᠳᠠᠪᠲᠠᠬᠤ᠎ᠳᠤ ᠥᠪᠡᠷ᠎ᠢᠶᠡᠨ ᠵᠠᠪᠠᠯ ᠬᠠᠲᠠᠭᠤ ᠪᠠᠢᠬᠤ ᠬᠡᠷᠡᠭ᠌ᠲᠡᠢ᠃ ᠥᠪᠡᠷ᠎ᠦᠨ ᠶᠠᠪᠤᠳᠠᠯ᠎ᠢᠶᠠᠨ ᠰᠠᠢᠲᠤᠷ ᠬᠢᠪᠠᠯ ᠰᠠᠶᠢ ᠭᠠᠳᠠᠭᠠᠳᠤ ᠥᠷᠢᠰᠥᠯᠳᠦᠭᠡᠨ᠎ᠢ ᠨᠠᠩ ᠰᠠᠢᠲᠤᠷ ᠠᠷᠭᠠᠴᠠᠭᠠᠵᠤ ᠴᠢᠳᠠᠨ᠎ᠠ᠃ ᠠᠯᠳᠠᠨ ᠲᠣᠭᠣᠰᠭ᠎ᠠ ᠤᠯᠤᠰ᠎ᠤᠳ᠎ᠤᠨ ᠬᠥᠮᠦᠨ ᠠᠮᠠ  ᠳᠡᠯᠡᠬᠡᠢ᠎ᠶ᠋ᠢᠨ ᠬᠠᠭᠠᠰ ᠱᠢᠬᠠᠮ᠎ᠢ ᠡᠵᠡᠯᠡᠵᠦ᠍᠂ ᠠᠵᠤ ᠠᠬᠤᠢ᠎ᠶ᠋ᠢᠨ ᠶᠡᠷᠦᠩᠬᠡᠢ ᠬᠡᠮᠵᠢᠢ᠎ᠡ ᠳᠡᠯᠡᠬᠡᠢ᠎ᠶ᠋ᠢᠨ 30% ᠎ᠶᠢ ᠡᠵᠡᠯᠡᠵᠦ᠍᠂ ᠠᠷᠠᠯᠵᠢᠶᠠᠨ᠎ᠤ ᠶᠡᠷᠦᠩᠬᠡᠢ ᠬᠡᠮᠵᠢᠢ᠎ᠡ ᠳᠡᠯᠡᠬᠡᠢ᠎ᠶ᠋ᠢᠨ ᠲᠠᠪᠤᠨ᠎ᠤ ᠨᠢᠭᠡ᠎ᠶ᠋ᠢ ᠡᠵᠡᠯᠡᠵᠦ᠍᠂ 《ᠲᠤᠮᠤ ᠪᠠᠶᠠᠨ ᠠᠭᠤᠷᠬᠠᠢ》᠂ 《ᠲᠤᠮᠤ ᠦᠢᠯᠡᠳᠪᠦᠷᠢ》᠂ 《ᠲᠤᠮᠤ ᠵᠠᠬ᠎ᠠ ᠳᠡᠯᠭᠡᠭᠦᠷ》᠎ᠢ ᠲᠦᠪᠯᠡᠷᠡᠬᠦᠯᠦᠭᠰᠡᠨ ᠪᠠᠢᠨ᠎ᠠ᠃ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ ᠤᠯᠠᠮ ᠨᠢᠭ᠍ᠲᠠ ᠪᠣᠯᠬᠤ ᠲᠤᠳᠤᠮ᠂ ᠭᠠᠳᠠᠭᠠᠳᠤ ᠣᠷᠴᠢᠨ᠎ᠤ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠬᠦᠴᠦᠨ ᠴᠢᠳᠠᠯ ᠤᠯᠠᠮ ᠲᠡᠭᠦᠯᠳᠡᠷ᠂ ᠠᠷᠭ᠎ᠠ ᠬᠡᠮᠵᠢᠢ᠎ᠡ ᠨᠡᠩ ᠤᠯᠠᠨ᠂ ᠦᠷ᠎ᠡ ᠪᠦᠲᠦᠮᠵᠢ ᠤᠯᠠᠮ ᠰᠠᠢ᠌ᠨ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠪᠤᠰᠤᠳ ᠠᠯᠲᠠᠨ ᠲᠣᠭᠣᠰᠭ᠎ᠠ ᠤᠯᠤᠰ᠎ᠤᠳ᠎ᠲᠠᠶ ᠬᠠᠮᠲᠤ᠎ᠪᠠᠷ ᠪᠥᠬᠥ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠵᠤ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠶ᠋ᠢ ᠠᠬᠢᠭᠤᠯᠤᠨ᠎ᠠ᠃ ᠪᠢᠳᠡ ᠲᠤᠰ ᠲᠤᠰ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠪᠣᠳᠠᠲᠠᠢ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠠᠵᠤ ᠠᠬᠤᠢ ᠠᠷᠠᠯᠵᠢᠶ᠎ᠠ᠂ ᠮᠥᠩᠭᠥᠨ ᠭᠦᠢᠯᠭᠡᠬᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠬᠦᠷᠢᠶᠡᠨ᠎ᠳᠦ ᠨᠡᠩ ᠤᠯᠠᠨ ᠬᠠᠮᠲᠤᠷᠠᠯᠴᠠᠭᠠᠨ᠎ᠤ ᠦᠷ᠎ᠡ ᠪᠦᠲᠦᠭᠡᠯ᠎ᠢ ᠡᠭᠦᠳᠴᠦ᠍᠂ 《ᠲᠤᠮᠤ ᠠᠯᠳᠠᠨ ᠲᠣᠭᠣᠰᠭ᠎ᠠ ᠤᠯᠤᠰ᠎ᠤᠳ᠎ᠤᠨ ᠬᠠᠮᠲᠤᠷᠠᠯᠴᠠᠭ᠎ᠠ》᠎ᠶᠢᠨ ᠰᠠᠭᠤᠷᠢ᠎ᠶ᠋ᠢ ᠨᠡᠩ ᠪᠠᠲᠤ ᠪᠡᠬᠢ᠂ ᠬᠥᠳᠡᠯᠭᠡᠬᠦ᠌ ᠡᠨᠧᠷᠭᠢ᠎ᠶᠢ ᠨᠡᠩ ᠭᠦᠢᠴᠡᠳ᠂ ᠨᠥᠯᠥᠭᠡ᠎ᠶ᠋ᠢ ᠨᠡᠩ ᠶᠡᠬᠡ᠂ ᠡᠯ᠎ᠡ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠨᠡᠩ ᠰᠠᠢ᠌ᠳᠤᠷ ᠠᠱᠢᠭ ᠬᠦᠷᠲᠡᠭᠡᠶ᠎ᠠ᠃

ᠬᠠᠮᠲᠤ ᠠᠵᠢᠯᠯᠠᠭ᠍ᠰᠠᠳ ᠡ!

ᠵᠤᠷᠢᠭ ᠰᠠᠨᠠᠭ᠎ᠠ ᠡᠷᠡᠰ ᠪᠠᠳᠤ ᠪᠤᠯ ᠵᠠᠨᠭᠭᠢᠯᠠᠭ᠎ᠠ᠎ᠶᠢᠨ ᠮᠦᠴᠡ᠎ᠳᠦ ᠬᠠᠳᠠᠭᠤ ᠰᠢᠯᠭᠠᠯᠲᠠ᠎ᠶᠢ ᠬᠢᠯᠪᠠᠷᠬᠠᠨ ᠲᠤᠭᠤᠯᠵᠤ ᠴᠢᠳᠠᠨ᠎ᠠ᠃ ᠪᠢᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠳᠠᠭ ᠯᠠ ᠶᠤᠮ ᠪᠣᠯ ᠠᠯᠳᠠᠨ ᠲᠣᠭᠣᠰᠭ᠎ᠠ ᠡᠨᠡ ᠬᠦ᠌ ᠲᠤᠮᠤ ᠣᠩᠭᠣᠴᠠ ᠯᠠᠪᠲᠠᠢ ᠳᠡᠯᠡᠬᠡᠢ ᠎ᠶ᠋ᠢᠨ ᠤᠷᠪᠠᠭᠠᠨ ᠬᠥᠷᠪᠡᠭᠡᠨ᠎ᠲᠡᠶ ᠪᠠᠢᠳᠠᠯ᠎ᠤᠨ ᠱᠢᠯᠭᠠᠯᠲᠠ᠎ᠶ᠋ᠢ ᠳᠠᠭᠠᠭᠠᠵᠤ᠂ ᠢᠮᠠᠭ᠍ᠲᠠ ᠯᠠᠪᠳᠠᠭᠤᠨ᠎ᠢᠶᠠᠷ ᠬᠤᠯᠠ ᠠᠶᠠᠯᠠᠵᠤ ᠴᠢᠳᠠᠨ᠎ᠠ᠃

ᠣᠯᠠᠨ᠎ᠳᠤ ᠪᠠᠶᠠᠷᠯᠠᠯ᠎ᠠ᠃

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            