ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 8 ᠤ ᠡᠳᠦᠷ᠎ᠦᠨ ᠴᠠᠬᠢᠯᠭᠠᠨ ᠮᠡᠳᠡᠭᠡ 9 ᠳ᠋ᠦ᠍ᠭᠡᠷ ᠰᠠᠷ᠎ᠠ᠎ᠶᠢᠨ 8 ᠤ ᠡᠳᠦᠷ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠬᠣᠷᠢᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠪᠡᠯᠡ ᠣᠷᠣᠭᠤᠯᠤᠯᠲᠠ ᠪᠠ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ᠎ᠳᠤ ᠪᠠᠶᠠᠷ᠎ᠤᠨ ᠵᠠᠬᠢᠳᠠᠯ ᠢᠯᠡᠭᠡᠪᠡ᠃
ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ ᠳᠤᠮᠳᠠᠳᠤ ᠤᠯᠤᠰ᠎ᠤᠨ ᠣᠯᠠᠨ ᠤᠯᠤᠰ᠎ᠤᠨ ᠪᠡᠯᠡ ᠣᠷᠣᠭᠤᠯᠤᠯᠲᠠ ᠪᠠ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ ᠨᠢ 《ᠬᠣᠣᠰ ᠴᠢᠭᠯᠡᠯ᠎ᠦᠨ ᠪᠡᠯᠡ ᠣᠷᠣᠭᠤᠯᠤᠯᠲᠠ᠎ᠶᠢ ᠥᠷᠭᠡᠳᠬᠡᠵᠦ ᠪᠥᠬᠥ ᠪᠥᠮᠪᠥᠷᠴᠡᠭ᠎ᠦᠨ ᠬᠥᠭᠵᠢᠯᠲᠡ᠎ᠶᠢ ᠠᠬᠢᠭᠤᠯᠵᠠᠭᠠᠶ᠎ᠠ》 ᠭᠡᠳᠡᠭ᠎ᠢᠶᠡᠷ ᠡᠭᠦᠷᠢᠳᠡ᠎ᠶᠢᠨ ᠭᠣᠣᠯ ᠰᠡᠳᠦᠪ ᠪᠣᠯᠭᠠᠵᠤ᠂ ᠨᠡᠭᠡᠭᠡᠯᠲᠡᠲᠤ ᠮᠠᠶᠢᠭ᠋᠎ᠤᠨ ᠳᠡᠯᠡᠬᠡᠢ᠎ᠶᠢᠨ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠢᠳᠡᠪᠬᠢᠲᠡᠢ ᠦᠢᠯᠡᠳᠦᠯ ᠦᠵᠡᠭᠦᠯᠵᠦ᠂ ᠪᠥᠬᠥ ᠪᠥᠮᠪᠥᠷᠴᠡᠭ᠎ᠦᠨ ᠪᠡᠯᠡ ᠣᠷᠣᠭᠤᠯᠤᠭ᠍ᠴᠢᠳ᠎ᠤᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠪᠦᠲᠦᠮᠵᠢᠲᠡᠶ ᠲᠠᠪᠴᠠᠩ ᠪᠣᠯᠤᠭᠰᠠᠨ ᠪᠠᠢᠨ᠎ᠠ ᠭᠡᠪᠡ᠃
ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ ᠳᠡᠯᠡᠬᠡᠢ᠎ᠶᠢᠨ ᠠᠵᠤ ᠠᠬᠤᠢ᠎ᠶᠢᠨ ᠨᠡᠮᠡᠭᠳᠡᠯ᠎ᠦᠨ ᠭᠣᠣᠯ ᠬᠤᠪᠢ ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭ᠍ᠴᠢ ᠪᠣᠯᠤᠭᠰᠠᠨ᠎ᠤ ᠬᠤᠪᠢ᠎ᠳᠤ᠂ ᠳᠤᠮᠳᠠᠳᠤ ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠡᠷᠡᠰ ᠭᠤᠢᠪᠢᠰᠢ ᠦᠭᠡᠢ ᠥᠷᠭᠡᠳᠬᠡᠵᠦ᠂ ᠠᠷᠠᠯᠵᠢᠶ᠎ᠠ ᠪᠠ ᠪᠡᠯᠡ ᠣᠷᠣᠭᠤᠯᠤᠯᠲᠠ᠎ᠶᠢᠨ ᠴᠢᠯᠦᠭᠡᠵᠢᠯᠲᠡ ᠳᠥᠭᠥᠮᠴᠢᠯᠡᠯᠲᠡ᠎ᠶᠢ ᠠᠬᠢᠭᠤᠯᠵᠤ᠂ ᠳᠡᠯᠡᠬᠡᠢ ᠳ᠋ᠠᠬᠢᠨ ᠯᠤᠭ᠎ᠠ ᠲᠤᠰ ᠪᠡᠶ᠎ᠡ᠎ᠶᠢᠨ ᠬᠥᠭᠵᠢᠯᠲᠡ᠎ᠶᠢᠨ ᠠᠵᠠ ᠲᠣᠬᠢᠶᠠᠯ᠎ᠢᠶᠠᠨ ᠦᠷᠭᠦᠯᠵᠢᠯᠡᠨ ᠬᠤᠪᠢᠶᠠᠯᠴᠠᠵᠤ᠂ ᠪᠦᠬᠦ ᠪᠥᠮᠪᠥᠷᠴᠡᠭ᠎ᠦᠨ ᠬᠥᠭᠵᠢᠯᠲᠡ᠎ᠳᠦ ᠨᠡᠩ ᠤᠯᠠᠨ ᠢᠳᠡᠪᠬᠢ ᠬᠦᠴᠦᠨ ᠪᠠ ᠲᠣᠭᠲᠠᠭᠠᠯᠲᠤ ᠴᠢᠨᠠᠷ᠎ᠢ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ᠎ᠶᠢᠨ ᠬᠢᠨ ᠯᠤᠭ᠎ᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ᠎ᠶᠢᠨ ᠳᠡᠯᠡᠬᠡᠢᠵᠢᠯᠲᠡ᠎ᠶᠢ ᠬᠠᠮᠲᠤ᠎ᠪᠠᠷ ᠠᠬᠢᠭᠤᠯᠵᠤ᠂ ᠴᠡᠴᠡᠭᠯᠡᠯ ᠬᠥᠭᠵᠢᠯ ᠲᠡᠢ ᠰᠠᠢᠨ ᠰᠠᠢᠬᠠᠨ ᠢᠷᠡᠭᠡᠳᠦᠢ᠎ᠶᠢ ᠬᠠᠮᠲᠤ᠎ᠪᠠᠷ ᠴᠣᠭᠴᠠᠯᠠᠨ᠎ᠠ ᠭᠡᠪᠡ᠃
ᠬᠣᠷᠢᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠪᠡᠯᠡ ᠣᠷᠣᠭᠤᠯᠤᠯᠲᠠ ᠪᠠ ᠠᠷᠠᠯᠵᠢᠶᠠᠨ᠎ᠤ ᠵᠥᠪᠳᠡᠨ ᠬᠡᠯᠡᠯᠴᠡᠬᠦ ᠬᠤᠷᠠᠯ ᠲᠤᠬᠠᠢ᠎ᠶᠢᠨ ᠡᠳᠦᠷ ᠹᠦᠵᠢᠶᠠᠨ ᠮᠤᠵᠢ᠎ᠶᠢᠨ ᠰᠢᠶᠠᠮᠧᠨ ᠬᠣᠲᠠ᠎ᠳᠤ ᠡᠬᠢᠯᠡᠪᠡ᠂ ᠬᠤᠳᠠᠯᠳᠤᠭᠠᠨ᠎ᠤ ᠶᠠᠪᠤᠳᠠᠯ᠎ᠤᠨ ᠶᠠᠮᠤᠨ ᠭᠣᠣᠯᠴᠢᠯᠠᠨ ᠡᠷᠭᠢᠯᠡᠪᠡ᠃