ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠪᠦᠬᠦ᠌ ᠤᠯᠤᠰ᠎ᠤᠨ ᠣᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ᠎ᠶ᠋ᠢᠨ ᠲᠥᠯᠥᠭᠡᠯᠡᠭ᠌ᠴᠢ᠎ᠳᠦ ᠬᠠᠷᠢᠭᠤ ᠵᠠᠬᠢᠳᠠᠯ ᠢᠯᠡᠭᠡᠵᠤ ᠵᠤᠷᠢᠬᠵᠢᠭᠤᠯᠤᠬᠰᠡᠨ ᠨᠢ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠡᠷᠳᠡᠮ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠤ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠦᠬᠦ᠌ ᠲᠠᠯ᠎ᠠ᠎ᠪᠠᠷ ᠬᠥᠭ᠌ᠵᠢᠭ᠌ᠰᠡᠨ ᠨᠡᠩ ᠣᠯᠠᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ ᠶ᠋ᠢ ᠴᠢᠷᠮᠠᠢᠨ ᠬᠥᠮᠦᠵᠢᠭᠦᠯᠬᠦ᠌ ᠬᠡᠷᠡᠭ᠌ᠲᠡᠶ
ᠨᠡᠶᠢᠲᠡᠯᠡᠭᠰᠡᠨ ᠴᠠᠭ᠄ 2025-09-18

ᠯᠢ ᠴᠢᠶᠠᠩ ᠣᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠢ ᠴᠣᠬᠣᠯᠠᠪᠤᠷᠢ ᠥᠭ᠌ᠴᠠᠢ

ᠳᠥᠴᠢᠨ ᠨᠢᠭᠡᠳᠡᠬᠢ ᠪᠠᠭ᠍ᠰᠢ᠎ᠶ᠋ᠢᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠎ᠶ᠋ᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶ᠋ᠢᠨ ᠲᠡᠷᠢᠭᠦᠯᠡᠭ᠌ᠴᠢ ᠰᠢ᠎ᠵᠢᠨ᠎ᠫᠢᠩ ᠪᠥᠬᠥ᠌ ᠤᠯᠤᠰ᠎ᠤᠨ ᠣᠨᠴᠠᠭᠠᠶ ᠠᠵᠢᠯ᠎ᠤᠨ ᠪᠠᠢᠷᠢ᠎ᠶ᠋ᠢᠨ ᠪᠠᠭ᠍ᠰᠢ᠎ᠨᠠᠷ᠎ᠤᠨ ᠲᠥᠯᠥᠭᠡᠯᠡᠭ᠌ᠴᠢ᠎ᠳᠦ ᠬᠠᠷᠢᠭᠤ ᠵᠠᠬᠢᠳᠠᠯ ᠢᠯᠡᠭᠡᠵᠦ᠍᠂ ᠴᠢᠩ ᠰᠡᠳᠭᠢᠯ᠎ᠦᠨ ᠬᠦᠰᠡᠯ ᠨᠠᠢᠳᠠᠯᠭ᠎ᠠ ᠲᠠᠯᠪᠢᠭ᠍ᠰᠠᠨ ᠪᠥᠭᠡᠳ ᠪᠥᠬᠥ᠌ ᠤᠯᠤᠰ᠎ᠤᠨ ᠥᠷᠭᠡᠨ ᠣᠯᠠᠨ ᠪᠠᠭ᠍ᠰᠢ ᠪᠣᠯᠤᠨ ᠰᠤᠷᠭᠠᠨ ᠬᠥᠮᠦᠵᠢᠯ᠎ᠦᠨ ᠠᠵᠢᠯᠲᠠᠳ᠎ᠲᠤ ᠪᠠᠶᠠᠷ᠎ᠤᠨ ᠡᠳᠦᠷ᠎ᠦᠨ ᠵᠦᠩᠨᠡᠯ ᠪᠠ ᠴᠢᠩ ᠰᠡᠳᠭᠢᠯ᠎ᠦᠨ ᠮᠡᠨᠳᠦᠴᠢᠯᠡᠯ ᠬᠦᠷᠭᠡᠪᠡ᠃

ᠰᠢ᠎ᠵᠢᠨ᠎ᠫᠢᠩ ᠬᠠᠷᠢᠭᠤ ᠵᠠᠬᠢᠳᠠᠯ᠎ᠳᠠᠭᠠᠨ᠂ 《ᠣᠨᠴᠠᠭᠠᠢ ᠠᠵᠢᠯ᠎ᠤᠨ ᠪᠠᠢᠷᠢ᠎ᠶ᠋ᠢᠨ ᠲᠥᠯᠥᠪᠯᠡᠭᠡ》᠎ᠶ᠋ᠢ ᠬᠡᠷᠡᠭ᠌ᠵᠢᠭᠦᠯᠦᠭ᠌ᠰᠡᠨ 20 ᠵᠢᠯ᠎ᠦᠨ ᠲᠤᠷᠰᠢ᠂ ᠥᠷᠭᠡᠨ ᠤᠯᠠᠨ ᠣᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ᠎ᠨᠠᠷ ᠬᠥᠳᠡᠭᠡ ᠲᠣᠰᠭᠣᠨ᠎ᠤ ᠰᠤᠷᠭᠠᠨ ᠬᠥᠮᠦᠵᠢᠯ᠎ᠦᠨ ᠦᠢᠯᠡᠰ᠎ᠲᠦ ᠢᠳᠡᠪᠬᠢᠲᠡᠢ ᠣᠷᠣᠯᠴᠠᠵᠤ᠂ ᠭᠤᠷᠪᠠᠨ ᠲᠤᠬᠤᠢ ᠬᠢᠴᠢᠶᠡᠯ᠎ᠦᠨ ᠲᠡᠢᠰᠠᠨ᠎ᠳᠦ ᠦᠨᠳᠦᠰᠦᠯᠡᠵᠦ᠍᠂ ᠨᠢᠭᠡ ᠰᠡᠳᠭᠢᠯ ᠨᠢᠭᠡ ᠵᠣᠷᠢᠭ᠎ᠢᠶᠠᠷ ᠠᠵᠢᠯᠯᠠᠵᠤ᠂ ᠦᠭᠡ ᠳᠠᠭᠤᠨ ᠦᠭᠡᠢ᠎ᠪᠡᠷ ᠬᠤᠪᠢ ᠨᠡᠮᠡᠷᠢ ᠦᠵᠡᠭᠦᠯᠵᠦ᠍᠂ ᠠᠷᠠᠳ᠎ᠤᠨ ᠪᠠᠭ᠍ᠰᠢ᠎ᠶ᠋ᠢᠨ ᠬᠠᠢᠷ᠎ᠠ ᠰᠡᠳᠭᠢᠯᠭᠡ ᠪᠠ ᠡᠭᠦᠷᠭᠡᠯᠡᠯ᠎ᠢ ᠢᠯᠡᠷᠡᠭᠦᠯᠵᠠᠢ ᠭᠡᠪᠡ᠃

ᠰᠢ᠎ᠵᠢᠨ᠎ᠫᠢᠩ᠂ ᠰᠤᠷᠭᠠᠨ ᠬᠥᠮᠦᠵᠢᠯ᠎ᠦᠨ ᠶᠡᠬᠡ ᠪᠤᠳᠤᠯᠭ᠎ᠠ᠂ ᠪᠠᠭ᠍ᠰᠢ᠎ᠪᠠᠷ ᠦᠨᠳᠦᠰᠦ ᠪᠣᠯᠭᠠᠨ᠎ᠠ᠃ ᠲᠠ ᠨᠠᠷ᠎ᠤᠨ ᠰᠤᠷᠭᠠᠨ ᠬᠥᠮᠦᠵᠢᠯ᠎ᠦᠨ ᠣᠭ ᠰᠠᠨᠠᠭ᠎ᠠ᠎ᠪᠠᠨ ᠦᠷᠭᠦᠯᠵᠢᠯᠡᠨ ᠪᠠᠲᠤ ᠰᠠᠬᠢᠵᠤ᠂ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠡᠦᠬᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶ᠋ᠢ ᠦᠨᠡᠨ ᠰᠡᠳᠭᠢᠯ᠎ᠡᠴᠡ᠎ᠪᠡᠨ ᠬᠠᠢᠷᠠᠯᠠᠨ ᠬᠠᠮᠠᠭᠠᠯᠠᠵᠤ ᠬᠥᠲᠥᠯᠥᠨ ᠵᠢᠯᠣᠭᠣᠳᠴᠤ᠌᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠤ᠎ᠠ ᠰᠠᠢᠬᠠᠨ ᠬᠥᠳᠡᠯᠮᠦᠷᠢ ᠪᠥᠬᠥ᠌ ᠲᠠᠯ᠎ᠠ᠎ᠪᠠᠷ ᠬᠥᠭ᠌ᠵᠢᠭ᠌ᠰᠡᠨ ᠨᠠᠩ ᠣᠯᠠᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠭ᠍ᠴᠢ ᠪᠠ ᠵᠠᠯᠭᠠᠮᠵᠢᠯᠠᠭ᠍ᠴᠢ᠎ᠶ᠋ᠢ ᠴᠢᠷᠮᠠᠢᠨ ᠬᠥᠮᠦᠵᠢᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶ᠋ᠢᠨ ᠤᠯᠤᠰ ᠲᠦᠷᠦ᠍᠎ᠶ᠋ᠢᠨ ᠲᠣᠪᠴᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶ᠋ᠢᠨ ᠶᠡᠷᠦᠩᠬᠡᠢ ᠰᠠᠢᠳ ᠯᠢ ᠴᠢᠶᠠᠩ ᠣᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ᠎ᠶ᠋ᠢᠨ ᠠᠵᠢᠯ᠎ᠢ ᠰᠠᠢᠲᠤᠷ ᠬᠢᠬᠦ᠌ ᠲᠤᠬᠠᠢ ᠴᠣᠬᠣᠯᠠᠪᠤᠷᠢ ᠥᠭ᠌ᠴᠦ᠂ ᠶᠡᠷᠦᠩᠬᠡᠢ ᠱᠦᠵᠢ ᠰᠢ᠎ᠵᠢᠨ᠎ᠫᠢᠩ ᠪᠦᠬᠦ᠌ ᠤᠯᠤᠰ᠎ᠤᠨ ᠣᠨᠴᠠᠭᠠᠢ ᠠᠵᠢᠯ᠎ᠤᠨ ᠪᠠᠢᠷᠢ᠎ᠶ᠋ᠢᠨ ᠪᠠᠭ᠍ᠰᠢ᠎ᠶ᠋ᠢᠨ ᠲᠥᠯᠥᠭᠡᠯᠡᠭ᠌ᠴᠢ᠎ᠳᠦ ᠬᠠᠷᠢᠭᠤ ᠵᠠᠬᠢᠳᠠᠯ ᠢᠯᠡᠭᠡᠭ᠌ᠰᠡᠨ ᠨᠢ ᠨᠠᠮ᠎ᠤᠨ ᠲᠥᠪ ᠬᠣᠷᠢᠶ᠎ᠠ᠎ᠡᠴᠡ ᠪᠠᠭ᠍ᠰᠢ᠎ᠶ᠋ᠢᠨ ᠡᠩᠨᠡᠭᠡ᠎ᠶ᠋ᠢ ᠬᠠᠯᠠᠮᠵᠢᠯᠠᠨ ᠴᠢᠬᠤᠯᠠᠴᠢᠯᠠᠵᠤ ᠪᠠᠢᠬᠤ᠎ᠶ᠋ᠢ ᠭᠦᠢᠴᠡᠳ ᠬᠠᠷᠠᠭᠤᠯᠪᠠ᠃ ᠥᠷᠭᠡᠨ ᠤᠯᠠᠨ ᠪᠠᠭ᠍ᠰᠢ ᠪᠣᠯᠤᠨ ᠰᠤᠷᠭᠠᠨ ᠬᠥᠮᠦᠵᠢᠯ᠎ᠦᠨ ᠠᠵᠢᠯᠳᠠᠳ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠤᠷᠭᠠᠨ ᠬᠥᠮᠦᠵᠢᠯᠲᠡᠨ᠎ᠦ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠬᠡ ᠤᠯᠤᠰ ᠪᠣᠯᠤᠨ ᠠᠷᠠᠳ ᠲᠦᠮᠡᠨ᠎ᠦ ᠬᠠᠮᠤᠭ᠎ᠤᠨ ᠬᠡᠷᠡᠭ᠌ᠴᠡᠭᠡ᠎ᠲᠡᠶ ᠭᠠᠵᠠᠷ᠎ᠲᠤ ᠬᠦᠷᠴᠦ᠍ ᠶᠣᠰᠣ ᠰᠤᠷᠲᠠᠬᠤᠨ᠎ᠢ ᠤᠯᠠᠮᠵᠢᠯᠠᠨ ᠡᠷᠳᠡᠮ ᠪᠢᠴᠢᠭ ᠰᠤᠷᠭᠠᠵᠤ᠂ ᠪᠢᠴᠢᠭ ᠵᠢᠭᠠᠵᠤ ᠬᠥᠮᠦᠨ ᠬᠥᠮᠦᠵᠢᠭᠦᠯᠦᠨ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠬᠥᠳᠡᠭᠡ ᠲᠣᠰᠭᠣᠨ᠎ᠤ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠭᠠᠭᠤᠯᠢ᠎ᠶ᠋ᠢᠨ ᠪᠠᠭ᠍ᠰᠢ᠎ᠶ᠋ᠢᠨ ᠣᠨᠴᠠᠭᠠᠶ ᠲᠣᠬᠢᠷᠠᠭᠤᠯᠤᠭ᠍ᠰᠠᠨ ᠠᠵᠢᠯ᠎ᠤᠨ ᠪᠠᠢᠷᠢ᠎ᠶ᠋ᠢᠨ ᠲᠥᠯᠥᠪᠯᠡᠭᠡ ( 《ᠣᠨᠴᠠᠭᠠᠢ ᠠᠵᠢᠯ᠎ᠤᠨ ᠪᠠᠢᠷᠢ᠎ᠶ᠋ᠢᠨ ᠲᠥᠯᠥᠪᠯᠡᠭᠡ》 ᠭᠡᠵᠦ᠍ ᠲᠦᠬᠦᠮᠴᠢᠯᠡᠨ᠎ᠠ) ᠨᠢ ᠲᠥᠪ᠎ᠦᠨ ᠡᠳ᠋᠎ᠦᠨ ᠵᠠᠰᠠᠭ᠎ᠡᠴᠡ ᠲᠤᠰᠭᠠᠶ ᠪᠡᠯᠡ ᠮᠥᠩᠭᠥ᠌ ᠲᠤᠬᠢᠷᠠᠭᠤᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠢ ᠢᠯᠡ᠎ᠪᠡᠷ ᠤᠷᠢᠵᠤ ᠳᠤᠮᠳᠠ ᠪᠠ ᠪᠠᠷᠠᠭᠤᠨ ᠤᠷᠤᠨ᠎ᠦ ᠬᠥᠳᠡᠭᠡ ᠲᠣᠰᠭᠣᠨ᠎ᠤ ᠰᠤᠷᠭᠠᠭᠤᠯᠢ᠎ᠳᠤ ᠣᠴᠢᠭᠤᠯᠤᠨ ᠪᠠᠭ᠍ᠰᠢᠯᠠᠭᠤᠯᠬᠤ᠎ᠳᠤ ᠲᠤᠰᠭᠠᠶ ᠬᠡᠷᠡᠭ᠌ᠯᠡᠨ᠎ᠡ᠃ 《ᠣᠨᠴᠠᠭᠠᠢ ᠠᠵᠢᠯ᠎ᠤᠨ ᠪᠠᠢᠷᠢ᠎ᠶ᠋ᠢᠨ ᠲᠥᠯᠥᠪᠯᠡᠭᠡ》᠎ᠶ᠋ᠢ 2006 ᠣᠨ᠎ᠳᠤ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠨᠡᠢᠲᠡ 118 ᠲᠦᠮᠡᠨ ᠣᠨᠴᠠᠭᠠᠶ ᠠᠵᠢᠯ᠎ᠤᠨ ᠪᠠᠢᠷᠢ᠎ᠶ᠋ᠢᠨ ᠪᠠᠭ᠍ᠰᠢ᠎ᠶ᠋ᠢ ᠰᠣᠩᠭᠣᠨ ᠤᠷᠢᠨ ᠬᠡᠷᠡᠭᠯᠡᠵᠤ᠂ 22 ᠮᠤᠵᠢ ᠣᠷᠣᠨ᠂ 1000 ᠭᠠᠷᠤᠶ ᠱᠢᠶᠠᠨ᠎ᠤ 3 ᠲᠦᠮᠡ ᠭᠠᠷᠤᠶ ᠬᠥᠳᠡᠭᠡ ᠲᠣᠰᠭᠣᠨ᠎ᠤ ᠰᠤᠷᠭᠠᠭᠤᠯᠢ᠎ᠶ᠋ᠢ ᠬᠠᠮᠤᠷᠴᠠᠶ᠃ ᠣᠢᠷ᠎ᠠ᠎ᠵᠢᠨ ᠡᠳᠤᠷ᠂ ᠪᠥᠬᠥ᠌ ᠤᠯᠤᠰ᠎ᠤᠨ 《ᠬᠠᠮᠤᠭ᠎ᠤᠨ ᠭᠣᠶᠣ ᠪᠠᠭ᠍ᠰᠢ》 ᠵᠡᠷᠭᠡ ᠢᠷᠠᠭᠤ ᠠᠯᠳᠠᠷ᠎ᠢ ᠭᠥᠷᠳᠡᠭ᠌ᠰᠡᠨ ᠪᠥᠬᠥ᠌ ᠤᠯᠤᠰ᠎ᠤᠨ ᠣᠨᠴᠠᠭᠠᠶ ᠠᠵᠢᠯ᠎ᠤᠨ ᠪᠠᠢᠷᠢ᠎ᠶ᠋ᠢᠨ ᠪᠠᠭ᠍ᠰᠢ᠎ᠶ᠋ᠢᠨ 8 ᠲᠥᠯᠥᠭᠡᠯᠡᠭ᠌ᠴᠢ ᠶᠡᠷᠦᠩᠬᠡᠶ ᠱᠦᠵᠢ ᠰᠢ᠎ᠵᠢᠨ᠎ᠫᠢᠩ᠎ᠳᠦ ᠵᠠᠬᠢᠳᠠᠯ ᠪᠢᠴᠢᠵᠦ᠍᠂ ᠬᠥᠳᠡᠭᠡ ᠲᠣᠰᠭᠣᠨ᠎ᠤ ᠰᠤᠷᠭᠠᠨ ᠬᠥᠮᠦᠵᠢᠯ᠎ᠦᠨ ᠡᠮᠦᠨ᠎ᠡ ᠹᠷᠣᠨᠲ᠎ᠲᠤ ᠠᠵᠢᠯᠯᠠᠵᠤ ᠪᠠᠢᠭ᠎ᠠ ᠪᠠᠢᠳᠠᠯ ᠪᠠ ᠲᠥᠷᠥᠭ᠌ᠳᠡᠯ᠎ᠢᠶᠡᠨ ᠬᠠᠷᠢᠭᠤ ᠮᠡᠳᠡᠭᠦᠯᠵᠦ᠍᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠬᠥᠳᠡᠭᠡ ᠲᠣᠰᠭᠣᠨ᠎ᠳᠤ ᠦᠨᠳᠦᠰᠦᠯᠡᠨ ᠪᠢᠴᠢᠭ ᠵᠢᠭᠠᠵᠤ ᠬᠥᠮᠦᠨ ᠬᠥᠮᠦᠵᠢᠭᠦᠯᠬᠦ᠌ ᠡᠷᠡᠰ ᠵᠣᠷᠢᠭ᠎ᠢᠶᠠᠨ ᠢᠯᠡᠳᠭᠡᠪᠡ᠃

ᠱᠢᠨᠬᠤᠸᠠ ᠬᠣᠷᠢᠶ᠎ᠠ᠎ᠶ᠋ᠢᠨ ᠪᠡᠭᠡᠵᠢᠩ᠎ᠦᠨ 9 ᠰᠠᠷ᠎ᠠ᠎ᠶ᠋ᠢᠨ 9 ᠎ᠦ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            