ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 22 ᠤᠨ ᠡᠳᠦᠷ᠎ᠦᠨ ᠴᠠᠬᠢᠯᠭᠠᠨ ᠮᠡᠳᠡᠭᠡ ᠨᠠᠢ᠍ᠮᠠᠳᠠᠭᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ᠎ᠶᠢᠨ ᠪᠠᠶᠠᠷ》 ᠬᠦᠷᠴᠦ ᠢᠷᠡᠬᠦ ᠲᠠᠰᠢᠷᠠᠮ᠎ᠢᠶᠠᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭᠴᠢ ᠰᠢ᠎ᠵᠢᠨ᠎ᠫᠢᠩ ᠨᠠᠮ᠎ᠤᠨ ᠲᠥᠪ ᠬᠣᠷᠢᠶ᠎ᠠ᠎ᠶᠢᠨ ᠡᠮᠦᠨ᠎ᠡ᠎ᠡᠴᠡ ᠪᠥᠬᠥ ᠤᠯᠤᠰ᠎ᠤᠨ ᠥᠷᠭᠡᠨ ᠣᠯᠠᠨ ᠲᠠᠷᠢᠶᠠᠴᠢᠨ ᠪᠠ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠹᠷᠣᠨᠲ᠎ᠲᠤ ᠠᠵᠢᠯᠯᠠᠵᠤ ᠪᠠᠢᠭ᠎ᠠ ᠨᠥᠬᠥᠳ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠰᠢᠭᠦᠯᠦᠨ ᠠᠮᠤᠷ ᠠᠰᠠᠭᠤᠪᠠ᠃
ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ ᠡᠨᠡ ᠵᠢᠯ ᠪᠢᠳᠡ ᠭᠠᠩ ᠬᠠᠭᠰᠠᠷᠠᠭᠠᠨ᠂ ᠦᠶᠡᠷ ᠤᠰᠤᠲᠤᠯ ᠵᠡᠷᠭᠡ ᠪᠠᠢᠭᠠᠯᠢ᠎ᠶᠢᠨ ᠭᠠᠮᠰᠢᠭ᠋᠎ᠤᠨ ᠨᠥᠯᠥᠭᠡ᠎ᠶᠢ ᠢᠯᠠᠨ ᠳᠠᠪᠠᠵᠤ᠂ ᠵᠣᠨ᠎ᠤ ᠠᠮᠤ ᠪᠤᠳᠠᠭᠠᠨ᠎ᠤ ᠤᠨᠠᠯᠲᠠ᠎ᠶᠢ ᠲᠣᠭᠲᠠᠪᠤᠷᠢᠵᠢᠭᠤᠯᠵᠤ᠂ ᠡᠷᠲᠡ᠎ᠶᠢᠨ ᠲᠤᠲᠤᠷᠭ᠎ᠠ᠎ᠶᠢᠨ ᠤᠨᠠᠯᠲᠠ᠎ᠶᠢ ᠨᠡᠮᠡᠭᠳᠡᠭᠦᠯᠦᠭᠰᠡᠨ᠎ᠡᠴᠡ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠪᠣᠯᠣᠮᠵᠢ ᠮᠥᠨ ᠯᠡ ᠶᠡᠬᠡ ᠪᠠᠢᠨ᠎ᠠ ᠭᠡᠪᠡ᠃
ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠨᠢ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ᠎ᠠᠴᠠ ᠰᠠᠯᠵᠤ ᠴᠢᠳᠠᠬᠤ ᠦᠭᠡᠢ ᠶᠤᠮ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳ᠎ᠢᠶᠠᠷ ᠬᠥᠭᠵᠢᠭᠦᠯᠬᠦ᠎ᠶᠢ ᠪᠠᠷᠢᠮᠲᠠᠯᠠᠵᠤ᠂ ᠬᠥᠳᠡᠭᠡ ᠠᠵᠤ ᠠᠬᠤᠢ᠎ᠶᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ᠋ ᠬᠦᠷᠲᠡᠭᠡᠵᠦ ᠲᠠᠷᠢᠶᠠᠴᠢᠳ᠎ᠢ ᠪᠠᠶᠠᠵᠢᠭᠤᠯᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠨᠤᠭ ᠲᠥᠬᠦᠭᠡᠷᠦᠮᠵᠢ᠎ᠶᠢᠨ ᠲᠤᠯᠭᠠᠭᠤᠷᠢᠯᠠᠯ᠎ᠢ ᠴᠢᠩᠭᠠᠷᠠᠭᠤᠯᠵᠤ᠂ ᠬᠥᠳᠡᠭᠡ ᠠᠵᠤ ᠠᠬᠤᠢ᠎ᠶᠢᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠬᠦᠴᠦᠯᠡᠨ ᠳᠡᠭᠡᠭᠰᠢᠯᠡᠭᠦᠯᠵᠦ᠂ ᠤᠯᠠᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠵᠦ ᠪᠠᠢᠭᠠᠳ ᠲᠠᠷᠢᠶᠠᠴᠢᠳ᠎ᠤᠨ ᠠᠵᠢᠯ ᠣᠯᠭᠣᠯᠲᠠ ᠪᠠ ᠣᠷᠣᠯᠭ᠎ᠠ᠎ᠶᠢᠨ ᠨᠡᠮᠡᠭᠳᠡᠯ᠎ᠢ ᠠᠬᠢᠭᠤᠯᠵᠤ᠂ ᠬᠥᠳᠡᠭᠡ ᠲᠣᠰᠬᠣᠨ᠎ᠤ ᠪᠦᠬᠦ ᠲᠠᠯ᠎ᠠ᠎ᠶᠢᠨ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠷᠭᠡᠨ ᠤᠯᠠᠨ ᠲᠠᠷᠢᠶᠠᠴᠢᠨ ᠲᠦᠮᠡᠨ᠎ᠦ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ᠎ᠢ ᠭᠦᠢᠴᠡᠳ ᠪᠠᠳᠠᠷᠠᠭᠤᠯᠵᠤ᠂ ᠨᠡᠢᠭᠡᠮ᠎ᠦᠨ ᠡᠯ᠎ᠡ ᠡᠲᠡᠭᠡᠳ᠎ᠦᠨ ᠬᠢᠨ ᠢᠳᠡᠪᠬᠢᠲᠡᠢ᠎ᠪᠡᠷ ᠲᠡᠮᠵᠢᠨ ᠣᠷᠣᠯᠴᠠᠵᠤ᠂ ᠠᠵᠢᠯᠯᠠᠵᠤ ᠠᠮᠢᠳᠤᠷᠠᠬᠤ᠎ᠳᠤ ᠲᠣᠬᠢᠷᠠᠮᠵᠢᠲᠠᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠢ ᠴᠢᠷᠮᠠᠢᠨ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠰᠠᠢᠨ ᠰᠠᠢᠬᠠᠨ ᠢᠷᠡᠭᠡᠳᠦᠢ ᠲᠡᠢᠰᠢ ᠬᠠᠮᠲᠤ᠎ᠪᠠᠷ ᠤᠷᠤᠭᠰᠢᠯᠠᠬᠤ᠎ᠶᠢ ᠬᠦᠰᠡᠵᠦ ᠪᠠᠢᠨ᠎ᠠ ᠭᠡᠪᠡ᠃