ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠰᠢ᠎ᠵᠢᠨ᠎ᠫᠢᠩ ᠰᠣᠯᠣᠩᠭᠣᠰ᠎ᠤᠨ ᠤᠯᠤᠰ᠎ᠤᠨ ᠪᠠᠶᠠᠷ᠎ᠤᠨ 77 ᠵᠢᠯ᠎ᠦᠨ ᠣᠶ᠎ᠪᠠᠷ ᠰᠣᠯᠣᠩᠭᠣᠰ᠎ᠤᠨ ᠬᠠᠮᠤᠭ᠎ᠤᠨ ᠳᠡᠭᠡᠳᠦ ᠤᠳᠤᠷᠢᠳᠤᠭ᠍ᠴᠢ ᠵᠢᠨ ᠵᠧᠩ ᠧᠨ᠎ᠳᠦ ᠪᠠᠶᠠᠷ᠎ᠤᠨ ᠴᠠᠬᠢᠯᠭᠠᠨ ᠶᠠᠪᠤᠭᠤᠯᠪᠠ
ᠨᠡᠶᠢᠲᠡᠯᠡᠭᠰᠡᠨ ᠴᠠᠭ᠄ 2025-09-17

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠳ᠋ᠦ᠍ᠭᠡᠷ ᠰᠠᠷ᠎ᠠ᠎ᠶᠢᠨ 9 ᠎ᠤ ᠡᠳᠦᠷ᠎ᠦᠨ ᠴᠠᠬᠢᠯᠭᠠᠨ ᠮᠡᠳᠡᠭᠡ   9 ᠳ᠋ᠦ᠍ᠭᠡᠷ ᠰᠠᠷ᠎ᠠ᠎ᠶᠢᠨ 9 ᠎ᠦ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ ᠰᠢ᠎ᠵᠢᠨ᠎ᠫᠢᠩ ᠰᠣᠯᠣᠩᠭᠣᠰ᠎ᠤᠨ ᠤᠯᠤᠰ ᠪᠠᠢᠭᠤᠯᠤᠭᠳᠠᠭᠰᠠᠨ 77 ᠵᠢᠯ᠎ᠦᠨ ᠤᠢ᠎ᠪᠠᠷ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠶᠡᠷᠦᠩᠬᠡᠢ ᠱᠦᠵᠢ᠂ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠬᠣᠷᠢᠶᠠᠨ ᠳᠠᠷᠤᠭ᠎ᠠ ᠵᠢᠨ ᠵᠧᠩ ᠧᠨ᠎ᠳᠦ ᠪᠠᠶᠠᠷ᠎ᠤᠨ ᠴᠠᠬᠢᠯᠭᠠᠨ ᠶᠠᠪᠤᠭᠤᠯᠪᠠ᠃

ᠰᠢ᠎ᠵᠢᠨ᠎ᠫᠢᠩ ᠵᠢᠭᠠᠵᠤ ᠭᠠᠷᠭᠠᠬᠤ᠎ᠳᠤ᠎ᠪᠠᠨ᠂ 77 ᠵᠢᠯ᠎ᠦᠨ ᠲᠤᠷᠰᠢ᠂ ᠰᠣᠯᠣᠩᠭᠣᠰ᠎ᠤᠨ ᠬᠥᠳᠡᠯᠮᠦᠷᠢᠴᠢᠨ ᠨᠠᠮ ᠰᠣᠯᠣᠩᠭᠣᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠤᠭᠠᠳ ᠴᠥᠬᠥᠷᠡᠰᠢ ᠦᠭᠡᠢ ᠡᠷᠡᠯᠬᠡᠭᠯᠡᠨ ᠤᠷᠤᠭᠰᠢᠯᠠᠵᠤ᠂ ᠰᠣᠯᠣᠩᠭᠣᠰ᠎ᠤᠨ ᠨᠡᠢᠭᠡᠮ ᠵᠢᠷᠤᠮᠲᠤ ᠡᠯ᠎ᠡ ᠵᠦᠢᠯ᠎ᠦᠨ ᠠᠵᠢᠯ ᠦᠢᠯᠡᠰ᠎ᠦᠨ ᠲᠠᠰᠤᠷᠠᠯᠲᠠ ᠦᠭᠡᠢ ᠬᠥᠭᠵᠢᠬᠦ᠎ᠶᠢ ᠠᠬᠢᠭᠤᠯᠪᠠ᠃ ᠣᠢᠷ᠎ᠠ᠎ᠶᠢᠨ ᠵᠢᠯ᠎ᠡᠴᠡ ᠨᠠᠭᠠᠰᠢ᠂ ᠶᠡᠷᠦᠩᠬᠡᠢ ᠱᠦᠵᠢ ᠨᠥᠬᠥᠷ᠎ᠢᠶᠡᠷ ᠲᠦᠷᠦᠭᠦᠯᠡᠭᠦᠯᠦᠭᠰᠡᠨ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠤᠳᠤᠷᠢᠳᠤᠯᠭ᠎ᠠ ᠳᠣᠣᠷ᠎ᠠ᠂ ᠰᠣᠯᠣᠩᠭᠣᠰ᠎ᠤᠨ ᠠᠷᠠᠳ ᠲᠦᠮᠡᠨ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠨᠠᠢ᠍ᠮᠠᠳᠤᠭᠠᠷ ᠶᠡᠬᠡ ᠬᠤᠷᠠᠯ᠎ᠢᠶᠠᠷ ᠳᠤᠷᠠᠳᠤᠭᠰᠠᠨ ᠬᠠᠷᠠᠯᠲᠠ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠶᠢᠨ ᠲᠥᠯᠥᠭᠡ ᠡᠷᠡᠯᠬᠡᠭᠯᠡᠨ ᠲᠡᠮᠡᠴᠡᠵᠦ᠂ ᠮᠠᠰᠢ ᠤᠯᠠᠨ ᠪᠠᠶᠠᠷᠯᠠᠭᠤᠰᠢᠲᠠᠢ ᠠᠮᠵᠢᠯᠲᠠ ᠪᠦᠲᠦᠮᠵᠢ ᠣᠯᠵᠠᠢ᠃ ᠰᠣᠯᠣᠩᠭᠣᠰ᠎ᠤᠨ ᠠᠷᠠᠳ ᠲᠦᠮᠡᠨ ᠯᠠᠪᠲᠠᠶ᠎ᠠ ᠴᠤᠭ ᠪᠠᠳᠠᠷᠠᠩᠭᠤᠢ ᠵᠣᠷᠢᠭ᠋ ᠰᠠᠨᠠᠭ᠎ᠠ ᠪᠠ ᠭᠠᠷᠮᠠᠭᠠᠢ ᠠᠮᠵᠢᠯᠲᠠ᠎ᠪᠠᠷ᠎ᠢᠶᠠᠨ ᠰᠣᠯᠣᠩᠭᠣᠰ᠎ᠤᠨ ᠬᠥᠳᠡᠯᠮᠦᠷᠢᠴᠢᠨ ᠨᠠᠮ᠎ᠤᠨ ᠶᠢᠰᠦᠳᠦᠭᠡᠷ ᠶᠡᠬᠡ ᠬᠤᠷᠠᠯ᠎ᠤᠨ ᠬᠤᠷᠠᠯᠳᠤᠬᠤ᠎ᠶᠢ ᠤᠭᠲᠤᠵᠤ᠂ ᠰᠣᠯᠣᠩᠭᠣᠰ ᠮᠠᠶᠢᠭ᠋᠎ᠤᠨ ᠨᠡᠢᠭᠡᠮ ᠵᠢᠷᠤᠮ᠎ᠤᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠲᠦ᠎ᠪᠡᠨ ᠰᠢᠨ᠎ᠡ ᠬᠠᠭᠤᠳᠠᠰᠤ ᠨᠡᠭᠡᠭᠡᠬᠦ᠎ᠶᠢ ᠢᠲᠡᠭᠡᠵᠦ ᠪᠠᠢᠨ᠎ᠠ ᠭᠡᠪᠡ᠃

ᠰᠢ᠎ᠵᠢᠨ᠎ᠫᠢᠩ ᠴᠢᠬᠤᠯᠠᠴᠢᠯᠠᠬᠤ᠎ᠳᠤ᠎ᠪᠠᠨ᠂ ᠳᠤᠮᠳᠠᠳᠤ ᠪᠠ ᠰᠣᠯᠣᠩᠭᠣᠰ ᠬᠣᠶᠠᠷ ᠤᠯᠤᠰ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭᠰᠠᠨ ᠤᠯᠠᠮᠵᠢᠯᠠᠯᠲᠤ ᠨᠥᠬᠥᠷᠰᠡᠭ ᠬᠥᠷᠰᠢ ᠤᠯᠤᠰ ᠮᠥᠨ᠃ ᠳᠤᠮᠳᠠᠳᠤ ᠪᠠ ᠰᠣᠯᠣᠩᠭᠣᠰ᠎ᠤᠨ ᠬᠠᠷᠢᠯᠴᠠᠭ᠎ᠠ᠎ᠶᠢ ᠰᠠᠢᠲᠤᠷ ᠬᠠᠮᠠᠭᠠᠯᠠᠵᠤ᠂ ᠰᠠᠢᠲᠤᠷ ᠪᠡᠬᠢᠵᠢᠭᠦᠯᠵᠦ᠂ ᠰᠠᠢᠲᠤᠷ ᠬᠥᠭᠵᠢᠭᠦᠯᠬᠦ ᠨᠢ ᠬᠡᠵᠢᠶᠡᠳᠡ ᠳᠤᠮᠳᠠᠳᠤ ᠤᠯᠤᠰ᠎ᠤᠨ ᠨᠠᠮ ᠪᠠ ᠵᠠᠰᠠᠭ᠎ᠤᠨ ᠣᠷᠳᠣᠨ᠎ᠤ ᠭᠤᠢᠪᠢᠰᠢ ᠦᠭᠡᠢ ᠪᠠᠷᠢᠮᠲᠠᠯᠠᠬᠤ ᠪᠠᠢᠯᠳᠤᠬᠤ ᠪᠣᠳᠣᠯᠭ᠎ᠠ᠎ᠶᠢᠨ ᠴᠢᠭᠯᠡᠯᠲᠡ ᠮᠥᠨ᠃ ᠲᠦᠷᠦᠭᠦᠬᠡᠨ ᠶᠡᠷᠦᠩᠬᠡᠢ ᠱᠦᠵᠢ ᠨᠥᠬᠥᠷ ᠳᠤᠮᠳᠠᠳᠤ ᠤᠯᠤᠰ᠎ᠲᠤ ᠢᠷᠡᠵᠦ ᠶᠠᠫᠤᠨ᠎ᠢ ᠡᠰᠡᠷᠭᠦᠴᠡᠭᠰᠡᠨ ᠳᠤᠮᠳᠠᠳᠤ ᠤᠯᠤᠰ᠎ᠤᠨ ᠠᠷᠠᠳ ᠲᠦᠮᠡᠨ᠎ᠦ ᠳᠠᠶ᠋ᠢᠨ ᠬᠢᠭᠡᠳ ᠹᠠᠱ᠌ᠢᠰ᠎ᠢ ᠡᠰᠡᠷᠭᠦᠴᠡᠭᠰᠡᠨ ᠳᠡᠯᠡᠬᠡᠢ᠎ᠶᠢᠨ ᠳᠠᠶ᠋ᠢᠨ᠎ᠤ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠳᠤ ᠣᠷᠣᠯᠴᠠᠪᠠ᠂ ᠪᠢ ᠲᠠᠨ ᠲᠠᠢ ᠳᠠᠬᠢᠨᠲᠠ ᠠᠭᠤᠯᠵᠠᠵᠤ᠂ ᠬᠣᠶᠠᠷ ᠨᠠᠮ ᠪᠠ ᠬᠣᠶᠠᠷ ᠤᠯᠤᠰ᠎ᠤᠨ ᠬᠠᠷᠢᠯᠴᠠᠭᠠᠨ᠎ᠤ ᠬᠥᠭᠵᠢᠯᠲᠡ᠎ᠶᠢᠨ ᠵᠢᠷᠤᠭ ᠲᠥᠰᠥᠪ᠎ᠢ ᠬᠠᠮᠲᠤ᠎ᠪᠠᠷ ᠲᠥᠯᠥᠪᠵᠢᠭᠦᠯᠵᠡᠢ᠃ ᠳᠤᠮᠳᠠᠳᠤ᠎ᠶᠢᠨ ᠲᠠᠯ᠎ᠠ ᠳᠤᠷᠠᠲᠠᠶ᠎ᠠ ᠰᠣᠯᠣᠩᠭᠣᠰ᠎ᠤᠨ ᠲᠠᠯ᠎ᠠ ᠯᠤᠭ᠎ᠠ ᠪᠠᠢᠯᠳᠤᠬᠤ ᠪᠣᠳᠣᠯᠭ᠎ᠠ᠎ᠶᠢᠨ ᠣᠯᠣᠯᠴᠠᠭ᠎ᠠ᠎ᠪᠠᠨ ᠴᠢᠩᠭᠠᠳᠬᠠᠵᠤ᠂ ᠶᠠᠪᠤᠯᠴᠠᠭ᠎ᠠ ᠬᠠᠮᠲᠤᠷᠠᠯᠴᠠᠭ᠎ᠠ᠎ᠪᠠᠨ ᠨᠢᠭ᠍ᠲᠠᠷᠠᠭᠤᠯᠵᠤ᠂ ᠳᠤᠮᠳᠠᠳᠤ ᠪᠠ ᠰᠣᠯᠣᠩᠭᠣᠰ᠎ᠤᠨ ᠨᠥᠬᠥᠷᠯᠡᠯ ᠪᠠ ᠬᠣᠶᠠᠷ ᠤᠯᠤᠰ᠎ᠤᠨ ᠨᠡᠢᠭᠡᠮ ᠵᠢᠷᠤᠮᠲᠤ ᠦᠢᠯᠡᠰ᠎ᠢ ᠬᠠᠮᠲᠤ᠎ᠪᠠᠷ ᠠᠬᠢᠭᠤᠯᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ᠎ᠶᠢᠨ ᠡᠩᠬᠡ ᠲᠠᠢᠪᠤᠩ ᠪᠠ ᠬᠥᠭᠵᠢᠯᠲᠡ᠎ᠳᠦ ᠨᠡᠩ ᠶᠡᠬᠡ ᠬᠤᠪᠢ ᠨᠡᠮᠡᠷᠢ ᠦᠵᠡᠭᠦᠯᠦᠨ᠎ᠡ ᠭᠡᠪᠡ᠃

 

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            