ᠦᠷᠡᠭᠳᠡᠭᠰᠡᠨ ᠪᠠᠭᠠᠲᠤᠷᠴᠤᠳ᠎ᠤᠨ ᠭᠠᠪᠢᠶ᠎ᠠ ᠵᠢᠳᠬᠦᠯ᠎ᠢ ᠪᠠᠲᠤ ᠴᠡᠭᠡᠵᠢᠯᠡᠵᠦ᠂ ᠡᠷᠡᠮᠡᠬᠡᠢᠯᠡᠨ ᠲᠡᠮᠡᠴᠡᠬᠦ ᠵᠣᠷᠢᠭ᠋ ᠰᠠᠨᠠᠭ᠎ᠠ᠎ᠪᠠᠨ ᠬᠥᠪᠴᠢᠯᠡᠨ᠎ᠡ᠃ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠡᠳᠦᠷ ᠠᠷᠠᠳ᠎ᠤᠨ ᠪᠠᠭᠠᠲᠤᠷᠴᠤᠳ᠎ᠲᠤ ᠰᠠᠭᠰᠤ᠎ᠲᠤ ᠴᠡᠴᠡᠭ ᠬᠦᠷᠭᠡᠬᠦ ᠶᠣᠰᠣᠯᠠᠯ 30 ᠤ ᠦᠳᠡ᠎ᠶᠢᠨ ᠡᠮᠦᠨ᠎ᠡ ᠪᠡᠭᠡᠵᠢᠩ᠎ᠦᠨ ᠲᠢᠶᠠᠨ ᠠᠨ ᠮᠧᠨ ᠲᠠᠯᠠᠪᠠᠢ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠨᠠᠮ ᠪᠣᠯᠣᠨ ᠲᠥᠷᠥ᠎ᠶᠢᠨ ᠤᠳᠤᠷᠢᠳᠬᠤ ᠬᠥᠮᠥᠨ ᠰᠢ᠎ᠵᠢᠨ᠎ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠡᠯ᠎ᠡ ᠡᠲᠡᠭᠡᠳ᠎ᠦᠨ ᠲᠥᠯᠥᠭᠡᠯᠡᠭᠴᠢᠳ ᠲᠠᠢ ᠬᠠᠮᠲᠤ ᠶᠣᠰᠣᠯᠠᠯ᠎ᠳᠤ ᠣᠷᠣᠯᠴᠠᠵᠠᠢ᠃
ᠲᠥᠪ ᠶᠡᠬᠡᠮᠰᠦᠭ ᠲᠢᠶᠠᠨ ᠠᠨ ᠮᠧᠨ ᠲᠠᠯᠠᠪᠠᠢ᠎ᠳᠤ᠂ ᠲᠠᠪᠤᠨ ᠣᠳᠣᠲᠤ ᠤᠯᠠᠭᠠᠨ ᠲᠤᠭ ᠥᠨᠳᠥᠷ᠎ᠲᠦ ᠨᠠᠮᠢᠷᠠᠵᠤ᠂ ᠠᠷᠠᠳ᠎ᠤᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠰᠡᠬᠦᠢᠨ ᠰᠦᠨᠳᠡᠷᠯᠡᠨ᠎ᠡ᠃ ᠲᠠᠯᠠᠪᠠᠶ᠎ᠶᠢᠨ ᠲᠥᠪ᠎ᠲᠦ 《ᠡᠬᠡ ᠤᠯᠤᠰ᠎ᠲᠠᠭᠠᠨ ᠵᠥᠩᠨᠡᠯ ᠳᠡᠪᠰᠢᠭᠦᠯᠦᠶ᠎ᠡ》 ᠭᠡᠬᠦ ᠲᠣᠮᠣ᠌ ᠬᠡᠯᠪᠡᠷᠢ᠎ᠶᠢᠨ ᠰᠠᠭᠰᠤ᠎ᠲᠤ ᠴᠡᠴᠡᠭ ᠨᠢ ᠡᠬᠡ ᠤᠯᠤᠰ᠎ᠤᠨ ᠴᠡᠴᠡᠭᠯᠡᠨ ᠬᠥᠭᠵᠢᠬᠦ ᠰᠠᠢᠨ ᠰᠠᠢᠬᠠᠨ ᠬᠦᠰᠡᠯ ᠵᠥᠩᠨᠡᠯ᠎ᠢ ᠬᠠᠷᠠᠭᠤᠯᠤᠨ᠎ᠠ᠃ ᠳᠤᠷᠠᠰᠬᠠᠯ᠎ᠤᠨ ᠬᠥᠰᠢᠶᠡᠨᠦ ᠬᠣᠢᠲᠤ ᠲᠠᠯ᠎ᠠ᠎ᠳᠤ᠂ ᠬᠣᠶᠠᠷ ᠪᠦᠯᠦᠭ ᠴᠡᠴᠡᠭᠯᠢᠭᠲᠡᠬᠢ ᠴᠠᠭᠠᠨ ᠤᠳᠪᠠᠯᠠ ᠵᠡᠷᠭᠡ ᠰᠣᠷᠭᠣᠭ ᠴᠡᠴᠡᠭ᠎ᠢᠶᠡᠷ ᠪᠦᠷᠢᠯᠳᠦᠭᠰᠡᠨ 18 ᠴᠠᠭᠠᠷᠢᠭ᠋ ᠴᠡᠴᠡᠭ ᠨᠢ ᠪᠦᠬᠦ ᠳᠤᠮᠳᠠᠳᠤ᠎ᠶᠢᠨ ᠬᠥᠪᠡᠭᠦᠳ ᠥᠬᠢᠳ᠎ᠦᠨ ᠦᠷᠡᠭᠳᠡᠭᠰᠡᠨ ᠪᠠᠭᠠᠲᠤᠷᠴᠤᠳ᠎ᠢᠶᠠᠨ ᠭᠦᠨ ᠰᠡᠳᠬᠢᠯᠭᠡ᠎ᠪᠡᠷ ᠳᠤᠷᠠᠰᠤᠨ ᠰᠠᠨᠠᠭᠠᠯᠵᠠᠵᠤ ᠪᠠᠢᠬᠤ᠎ᠶᠢ ᠢᠯᠡᠳᠬᠡᠨ᠎ᠡ᠃
10 ᠴᠠᠭ ᠣᠢᠷᠠᠳᠬᠤ᠎ᠳᠤ᠂ ᠰᠢ᠎ᠵᠢᠨ᠎ᠫᠢᠩ᠂ ᠯᠢ ᠴᠢᠶᠠᠩ᠂ ᠵᠣᠣ ᠯᠧ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠵᠡᠷᠭᠡ ᠨᠠᠮ ᠪᠣᠯᠣᠨ ᠲᠥᠷᠥ᠎ᠶᠢᠨ ᠤᠳᠤᠷᠢᠳᠬᠤ ᠬᠥᠮᠥᠨ ᠲᠢᠶᠠᠨ ᠠᠨ ᠮᠧᠨ ᠲᠠᠯᠠᠪᠠᠶ᠎ᠳᠤ ᠬᠦᠷᠴᠦ᠂ ᠠᠷᠠᠳ᠎ᠤᠨ ᠪᠠᠭᠠᠲᠤᠷᠴᠤᠳ᠎ᠲᠤ ᠰᠠᠭᠰᠤ᠎ᠲᠤ ᠴᠡᠴᠡᠭ ᠬᠦᠷᠭᠡᠬᠦ ᠶᠣᠰᠣᠯᠠᠯ᠎ᠳᠤ ᠣᠷᠣᠯᠴᠠᠪᠠ᠃
ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠬᠦ ᠴᠡᠷᠢᠭ᠎ᠦᠨ ᠴᠡᠷᠢᠭ᠎ᠦᠨ ᠬᠥᠭᠵᠢᠮ᠎ᠦᠨ ᠠᠩᠭᠢ᠎ᠶᠢᠨ ᠪᠦᠷᠢᠶᠡᠴᠢᠳ 《ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠡᠳᠦᠷ᠎ᠦᠨ ᠪᠦᠷᠢᠶ᠎ᠡ》᠎ᠶᠢ ᠬᠥᠭᠵᠢᠮᠳᠡᠨ ᠬᠠᠩᠭᠢᠨᠠᠭᠤᠯᠪᠠ᠃
《ᠶᠣᠰᠣᠯᠠᠯ᠎ᠤᠨ ᠴᠡᠷᠢᠭ ᠣᠷᠣᠨ᠎ᠳᠠᠭᠠᠨ ᠪᠡᠯᠡᠳᠬᠡ!》 ᠭᠡᠬᠦ ᠵᠠᠷᠯᠢᠭ᠋᠎ᠢᠶᠠᠷ᠂ ᠭᠤᠷᠪᠠᠨ ᠵᠠᠮ᠎ᠤᠨ ᠴᠡᠷᠢᠭ᠎ᠦᠨ ᠶᠣᠰᠣᠯᠠᠯ᠎ᠤᠨ ᠴᠡᠷᠢᠭ ᠢᠳᠡᠷᠡᠭᠦᠨ ᠠᠯᠬᠤᠭ᠎ᠠ᠎ᠪᠠᠷ ᠳᠤᠷᠠᠰᠬᠠᠯ᠎ᠤᠨ ᠬᠥᠰᠢᠶᠡᠨᠦ ᠡᠮᠦᠨ᠎ᠡ ᠬᠦᠷᠴᠦ ᠫᠤᠤ ᠠᠳᠬᠤᠨ ᠵᠣᠭᠰᠣᠪᠠ᠃
10 ᠴᠠᠭ᠎ᠲᠤ᠂ ᠠᠷᠠᠳ᠎ᠤᠨ ᠪᠠᠭᠠᠲᠤᠷᠴᠤᠳ᠎ᠲᠤ ᠰᠠᠭᠰᠤ᠎ᠲᠤ ᠴᠡᠴᠡᠭ ᠬᠦᠷᠭᠡᠬᠦ ᠶᠣᠰᠣᠯᠠᠯ ᠵᠢᠩᠬᠢᠨᠢ᠎ᠪᠡᠷ ᠡᠬᠢᠯᠡᠪᠡ᠃ ᠴᠡᠷᠢᠭ᠎ᠦᠨ ᠬᠥᠭᠵᠢᠮ᠎ᠦᠨ ᠠᠩᠭᠢ 《ᠵᠢᠷᠤᠮ᠎ᠤᠨ ᠴᠡᠷᠢᠭ᠎ᠦᠨ ᠤᠷᠤᠭᠰᠢᠯᠠᠯᠲᠠ᠎ᠶᠢᠨ ᠳᠠᠭᠤᠤ》᠎ᠶᠢ ᠬᠥᠭᠵᠢᠮᠳᠡᠵᠦ᠂ ᠲᠠᠯᠠᠪᠠᠢ ᠳᠠᠶᠠᠭᠠᠷ᠎ᠢᠶᠠᠨ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠯᠳᠡ ᠳᠠᠭᠤᠤ᠎ᠶᠢ ᠬᠠᠩᠭᠢᠨᠠᠲᠠᠯ᠎ᠠ ᠳᠠᠭᠤᠯᠠᠪᠠ᠃
ᠤᠯᠤᠰ᠎ᠤᠨ ᠰᠦᠯᠳᠡ ᠳᠠᠭᠤᠤ᠎ᠶᠢ ᠳᠠᠭᠤᠯᠠᠵᠤ ᠪᠠᠷᠠᠭᠰᠠᠨ᠎ᠤ ᠳᠠᠷᠠᠭ᠎ᠠ᠂ ᠲᠠᠯᠠᠪᠠᠢ ᠳᠠᠶᠠᠭᠠᠷ᠎ᠢᠶᠠᠨ ᠲᠥᠪ ᠵᠣᠭᠰᠣᠵᠤ᠂ ᠳᠤᠮᠳᠠᠳᠤ ᠤᠯᠤᠰ᠎ᠤᠨ ᠠᠷᠠᠳ᠎ᠤᠨ ᠴᠢᠯᠦᠭᠡᠯᠡᠯᠲᠡ᠎ᠶᠢᠨ ᠦᠢᠯᠡᠰ ᠪᠣᠯᠣᠨ ᠪᠦᠬᠦᠳᠡ ᠨᠠᠢᠷᠠᠮᠳᠠᠬᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠦᠢᠯᠡᠰ᠎ᠦᠨ ᠲᠥᠯᠥᠭᠡ ᠡᠷᠡᠯᠬᠡᠭ ᠪᠠᠭᠠᠲᠤᠷᠯᠢᠭ᠋᠎ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ᠎ᠢ ᠨᠠᠮᠠᠨᠴᠢᠯᠠᠨ ᠭᠠᠰᠢᠭᠤᠳᠠᠪᠠ᠃
ᠨᠠᠮᠠᠨᠴᠢᠯᠠᠨ ᠭᠠᠰᠢᠭᠤᠳᠠᠵᠤ ᠪᠠᠷᠠᠭᠰᠠᠨ᠎ᠤ ᠳᠠᠷᠠᠭ᠎ᠠ᠂ ᠰᠣᠷᠭᠣᠭ ᠴᠡᠴᠡᠭ ᠠᠳᠬᠤᠭᠰᠠᠨ ᠪᠠᠭᠠᠴᠤᠳ ᠬᠡᠦᠬᠡᠳ ᠠᠷᠠᠳ᠎ᠤᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠵᠦᠭ ᠬᠠᠨᠳᠤᠨ 《ᠪᠢᠳᠡ ᠪᠣᠯ ᠡᠪ ᠬᠠᠮᠲᠤ ᠶᠣᠰᠣᠨ᠎ᠤ ᠵᠠᠯᠭᠠᠮᠵᠢᠯᠠᠭ᠍ᠴᠢ》 ᠭᠡᠬᠦ ᠳᠠᠭᠤᠤ᠎ᠶᠢ ᠬᠠᠩᠭᠢᠨᠠᠲᠠᠯ᠎ᠠ ᠳᠠᠭᠤᠯᠠᠭᠰᠠᠨ ᠪᠥᠭᠡᠳ ᠪᠠᠭᠠᠴᠤᠳ᠎ᠤᠨ ᠬᠣᠰᠢᠭᠤᠴᠢ ᠠᠩᠭᠢ᠎ᠶᠢᠨ ᠶᠣᠰᠣ᠎ᠶᠢ ᠭᠦᠢᠴᠡᠳᠬᠡᠪᠡ᠃
ᠵᠢᠭ᠍ᠰᠠᠭᠠᠯ᠎ᠤᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠂ ᠲᠦᠷᠦ᠎ᠶᠢᠨ ᠶᠠᠪᠤᠳᠠᠯ᠎ᠤᠨ ᠬᠣᠷᠢᠶ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠣᠨ ᠨᠠᠮ ᠪᠦᠯᠦᠭ᠎ᠦᠨ ᠪᠤᠰᠤ ᠤᠯᠤᠰ᠎ᠢᠶᠠᠨ ᠬᠠᠢᠷᠠᠯᠠᠭ᠍ᠴᠢ ᠬᠥᠮᠥᠰ᠂ ᠡᠯ᠎ᠡ ᠠᠷᠠᠳ᠎ᠤᠨ ᠪᠦᠯᠬᠦᠮ ᠪᠣᠯᠣᠨ ᠡᠯ᠎ᠡ ᠡᠲᠡᠭᠡᠳ᠎ᠦᠨ ᠤᠯᠠᠨ ᠲᠦᠮᠡᠨ᠂ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ ᠪᠣᠯᠣᠨ ᠦᠷᠡᠭᠳᠡᠭᠰᠡᠨ ᠪᠠᠭᠠᠲᠤᠷᠴᠤᠳ᠎ᠤᠨ ᠲᠦᠷᠦᠯ ᠰᠠᠳᠤᠨ᠂ ᠳᠤᠮᠳᠠᠳᠤ ᠤᠯᠤᠰ᠎ᠤᠨ ᠪᠠᠭᠠᠴᠤᠳ᠎ᠤᠨ ᠬᠣᠰᠢᠭᠤᠴᠢ ᠠᠩᠭᠢ᠎ᠶᠢᠨ ᠨᠡᠷ᠎ᠡ᠎ᠪᠡᠷ ᠬᠦᠷᠭᠡᠭᠰᠡᠨ 9 ᠲᠣᠮᠣ᠌ ᠬᠡᠯᠪᠡᠷᠢ᠎ᠶᠢᠨ ᠰᠠᠭᠰᠤ᠎ᠲᠤ ᠴᠡᠴᠡᠭ᠎ᠢ ᠨᠢᠭᠡ ᠮᠥᠷ᠎ᠢᠶᠡᠷ ᠵᠢᠭᠰᠠᠭᠠᠵᠤ᠂ ᠰᠠᠭᠰᠤ᠎ᠲᠤ ᠴᠡᠴᠡᠭ᠎ᠦᠨ ᠤᠯᠠᠭᠠᠨ ᠲᠣᠷᠭᠠᠨ ᠪᠦᠴᠡ ᠳᠡᠭᠡᠷ᠎ᠡ ᠪᠢᠴᠢᠭᠰᠡᠨ 《ᠠᠷᠠᠳ᠎ᠤᠨ ᠪᠠᠭᠠᠲᠤᠷᠴᠤᠳ ᠥᠨᠢᠳᠡ ᠪᠠᠯᠠᠷᠠᠰᠢ ᠦᠭᠡᠢ》 ᠭᠡᠬᠦ ᠦᠰᠦᠭ ᠨᠢ ᠣᠨᠴᠠ᠎ᠶᠢᠨ ᠢᠯᠡᠲᠡᠢ ᠬᠠᠷᠠᠭᠳᠠᠨ᠎ᠠ᠃
ᠴᠡᠷᠢᠭ᠎ᠦᠨ ᠬᠥᠭᠵᠢᠮ᠎ᠦᠨ ᠠᠩᠭᠢ 《ᠴᠡᠴᠡᠭ ᠬᠦᠷᠭᠡᠬᠦ ᠠᠶ᠎ᠠ》᠎ᠶᠢ ᠬᠥᠭᠵᠢᠮᠳᠡᠵᠦ᠂ 18 ᠶᠣᠰᠣᠯᠠᠯ᠎ᠤᠨ ᠴᠡᠷᠢᠭ ᠰᠠᠭᠰᠤ᠎ᠲᠤ ᠴᠡᠴᠡᠭ᠎ᠢ ᠯᠠᠪᠳᠠᠭᠤᠨ ᠡᠷᠭᠦᠵᠦ᠂ ᠠᠷᠠᠳ᠎ᠤᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ ᠵᠦᠭ ᠠᠯᠭᠤᠷᠬᠠᠨ᠎ᠢᠶᠠᠷ ᠠᠯᠬᠤᠵᠤ᠂ ᠰᠠᠭᠰᠤ᠎ᠲᠤ ᠴᠡᠴᠡᠭ᠎ᠢ ᠳᠤᠷᠠᠰᠬᠠᠯ᠎ᠤᠨ ᠬᠥᠰᠢᠶ᠎ᠡ᠎ᠶᠢᠨ ᠰᠠᠭᠤᠷᠢ ᠳᠡᠭᠡᠷ᠎ᠡ ᠥᠷᠥᠵᠦ ᠲᠠᠯᠪᠢᠪᠠ᠃
ᠰᠢ᠎ᠵᠢᠨ᠎ᠫᠢᠩ ᠵᠡᠷᠭᠡ ᠨᠠᠮ ᠪᠣᠯᠣᠨ ᠲᠦᠷᠦ᠎ᠶᠢᠨ ᠤᠳᠤᠷᠢᠳᠬᠤ ᠬᠥᠮᠥᠰ ᠳᠤᠷᠠᠰᠬᠠᠯ᠎ᠤᠨ ᠬᠥᠰᠢᠶ᠎ᠡ᠎ᠶᠢᠨ ᠰᠠᠭᠤᠷᠢ ᠴᠢᠯᠠᠭᠤ ᠳᠡᠭᠡᠷ᠎ᠡ ᠭᠠᠷᠴᠤ᠂ ᠰᠠᠭᠰᠤ᠎ᠲᠤ ᠴᠡᠴᠡᠭ᠎ᠦᠨ ᠡᠮᠦᠨ᠎ᠡ ᠵᠣᠭᠰᠣᠨ ᠰᠢᠷᠲᠡᠬᠦ ᠶᠣᠰᠣ᠌ ᠭᠦᠢᠴᠡᠳᠬᠡᠪᠡ᠃ ᠰᠣᠷᠭᠣᠭ ᠰᠠᠢᠬᠠᠨ ᠤᠯᠠᠭᠠᠨ ᠵᠤᠯᠠ᠂ ᠪᠠᠳᠠᠷᠠᠨ ᠳᠡᠯᠭᠡᠷᠡᠭᠰᠡᠨ ᠬᠡᠯᠡᠭᠡᠢ ᠰᠠᠷᠠᠨ᠎ᠠ᠂ ᠤᠶᠠᠨ ᠵᠥᠭᠡᠯᠡᠨ ᠴᠠᠬᠢᠷᠮ᠎ᠠ ᠨᠢ ᠠᠷᠠᠳ᠎ᠤᠨ ᠪᠠᠭᠠᠲᠤᠷᠴᠤᠳ᠎ᠢ ᠭᠦᠨ᠎ᠡ ᠮᠥᠷᠥᠭᠡᠳᠦᠨ ᠰᠠᠨᠠᠭᠠᠯᠵᠠᠵᠤ ᠪᠠᠢᠬᠤ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠢᠬᠤ ᠰᠡᠳᠬᠢᠯᠭᠡ᠎ᠶᠢ ᠳᠠᠮᠵᠢᠭᠤᠯᠵᠤ ᠪᠣᠢ᠃
ᠰᠢ᠎ᠵᠢᠨ᠎ᠫᠢᠩ ᠤᠷᠤᠭ᠍ᠰᠢ ᠠᠯᠬᠤᠨ ᠬᠦᠷᠴᠦ᠂ ᠰᠠᠭᠰᠤ᠎ᠲᠤ ᠴᠡᠴᠡᠭ᠎ᠦᠨ ᠲᠣᠷᠭᠠᠨ ᠪᠦᠴᠡ᠎ᠶᠢ ᠨᠢᠮᠪᠠᠢ ᠲᠡᠭᠰᠢᠯᠡᠪᠡ᠃ ᠳᠠᠷᠠᠭ᠎ᠠ ᠨᠢ᠂ ᠰᠢ᠎ᠵᠢᠨ᠎ᠫᠢᠩ ᠵᠡᠷᠭᠡ ᠨᠠᠮ ᠪᠣᠯᠣᠨ ᠲᠦᠷᠦ᠎ᠶᠢᠨ ᠤᠳᠤᠷᠢᠳᠬᠤ ᠬᠥᠮᠥᠰ ᠠᠯᠭᠤᠷᠬᠠᠨ ᠳᠤᠭᠤᠢᠯᠠᠨ ᠠᠯᠬᠤᠵᠤ᠂ ᠠᠷᠠᠳ᠎ᠤᠨ ᠪᠠᠭᠠᠲᠤᠷᠴᠤᠳ᠎ᠤᠨ ᠳᠤᠷᠠᠰᠬᠠᠯ᠎ᠤᠨ ᠬᠥᠰᠢᠶ᠎ᠡ᠎ᠶᠢ ᠪᠠᠷᠠᠯᠠᠪᠠ᠃
ᠡᠨᠡ ᠵᠢᠯ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ ᠪᠣᠯᠣᠨ᠎ᠠ᠃ 80 ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ ᠰᠢᠷᠭᠠᠭᠤ ᠬᠠᠲᠠᠭᠤᠵᠢᠯᠲᠠᠢ᠎ᠪᠠᠷ ᠴᠢᠰᠤ ᠤᠷᠤᠰᠬᠠᠨ ᠪᠠᠢᠯᠳᠤᠵᠤ᠂ ᠣᠢᠷ᠎ᠠ ᠦᠶ᠎ᠡ᠎ᠡᠴᠡ ᠨᠠᠭᠠᠰᠢᠬᠢ ᠭᠠᠳᠠᠭᠠᠳᠤ᠎ᠶᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠬᠦ ᠠᠩᠬᠠᠳᠠᠭᠴᠢ ᠪᠦᠷᠢᠨ ᠢᠯᠠᠯᠲᠠ᠎ᠶᠢ ᠣᠯᠵᠤ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢᠨ ᠭᠡᠭᠡᠨ ᠰᠠᠷᠠᠭᠤᠯ ᠢᠷᠡᠭᠡᠳᠦᠢ᠎ᠶᠢ ᠨᠡᠭᠡᠭᠡᠵᠡᠢ᠃ ᠥᠨᠥᠳᠥᠷ᠂ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠠᠭᠤᠤ ᠶᠡᠬᠡ ᠳᠠᠢᠨ᠎ᠤ ᠵᠣᠷᠢᠭ᠋ ᠰᠠᠨᠠᠭ᠎ᠠ᠎ᠶᠢ ᠤᠯᠠᠮᠵᠢᠯᠠᠨ ᠪᠠᠳᠠᠷᠠᠭᠤᠯᠵᠤ᠂ ᠣᠮᠣᠭ ᠵᠣᠷᠢᠭ᠋ ᠪᠠᠳᠠᠷᠠᠩᠭᠤᠢ᠎ᠪᠠᠷ ᠡᠷᠡᠯᠬᠡᠭᠯᠡᠨ ᠴᠢᠷᠮᠠᠢᠵᠤ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠪᠦᠯᠬᠦᠮᠳᠡᠨ ᠲᠡᠮᠡᠴᠡᠵᠦ ᠪᠠᠢᠨ᠎ᠠ᠃
ᠪᠠᠭᠠᠴᠤᠳ ᠬᠡᠦᠬᠡᠳ ᠪᠣᠯᠣᠨ ᠡᠯ᠎ᠡ ᠡᠲᠡᠭᠡᠳ᠎ᠦᠨ ᠲᠥᠯᠥᠭᠡᠯᠡᠭᠴᠢᠳ ᠴᠦ᠍ ᠳᠤᠷᠠᠰᠬᠠᠯ᠎ᠤᠨ ᠬᠥᠰᠢᠶᠡᠨᠦ ᠡᠮᠦᠨ᠎ᠡ ᠬᠦᠷᠴᠦ᠂ ᠭᠠᠷ᠎ᠲᠠᠬᠢ ᠰᠣᠷᠭᠣᠭ ᠴᠡᠴᠡᠭ᠎ᠢᠶᠡᠨ ᠡᠷᠭᠦᠨ ᠳᠤᠷᠠᠰᠬᠠᠯ᠎ᠤᠨ ᠬᠥᠰᠢᠶ᠎ᠡ᠎ᠶᠢ ᠪᠠᠷᠠᠯᠠᠪᠠ᠃
ᠰᠠᠭᠰᠤ᠎ᠲᠤ ᠴᠡᠴᠡᠭ ᠬᠦᠷᠭᠡᠬᠦ ᠶᠣᠰᠣᠯᠠᠯ᠎ᠢ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠪᠡᠭᠡᠵᠢᠩ ᠬᠤᠳᠠ᠎ᠶᠢᠨ ᠨᠠᠮ᠎ᠤᠨ ᠬᠣᠷᠢᠶ᠎ᠠ᠎ᠶᠢᠨ ᠱᠦᠵᠢ ᠶᠢᠨ ᠯᠢ ᠡᠷᠬᠢᠯᠡᠪᠡ᠃
ᠪᠡᠭᠡᠵᠢᠩ᠎ᠳᠦ ᠪᠠᠢᠭ᠎ᠠ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠎ᠶᠢᠨ ᠲᠣᠪᠴᠢᠶᠠᠨ᠎ᠤ ᠭᠡᠰᠢᠭᠦᠨ᠂ ᠲᠥᠪ᠎ᠦᠨ ᠱᠦᠵᠢ ᠨᠠᠷ᠎ᠦᠨ ᠭᠠᠵᠠᠷ᠎ᠤᠨ ᠱᠦᠵᠢ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠬᠡᠰᠡᠭ ᠳᠡᠳ᠋ ᠬᠣᠷᠢᠶᠠᠨ ᠳᠠᠷᠤᠭ᠎ᠠ᠂ ᠲᠦᠷᠦ᠎ᠶᠢᠨ ᠶᠠᠪᠤᠳᠠᠯ᠎ᠤᠨ ᠭᠡᠰᠢᠭᠦᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠎ᠶᠢᠨ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠪᠠᠢᠴᠠᠭᠠᠬᠤ ᠳᠠᠷᠤᠭ᠎ᠠ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠬᠡᠰᠡᠭ ᠳᠡᠳ᠋ ᠲᠡᠷᠢᠭᠦᠯᠡᠭᠴᠢ ᠪᠣᠯᠣᠨ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠭᠡᠰᠢᠭᠦᠨ ᠶᠣᠰᠣᠯᠠᠯ᠎ᠳᠤ ᠣᠷᠣᠯᠴᠠᠵᠠᠢ᠃
ᠲᠥᠪ᠎ᠦᠨ ᠨᠠᠮ ᠵᠠᠰᠠᠭ ᠴᠡᠷᠢᠭ ᠤᠯᠠᠨ ᠲᠦᠮᠡᠨ᠎ᠦ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ ᠬᠤᠳᠠ᠎ᠶᠢᠨ ᠭᠣᠣᠯ ᠬᠠᠷᠢᠭᠤᠴᠠᠯᠭᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ᠎ᠦᠨ ᠪᠤᠰᠤ ᠬᠥᠮᠥᠰ᠎ᠦᠨ ᠲᠥᠯᠥᠭᠡᠯᠡᠭᠴᠢ᠂ ᠪᠡᠭᠡᠵᠢᠩ᠎ᠳᠦ ᠪᠠᠢᠭ᠎ᠠ ᠠᠬᠠᠮᠠᠳ ᠪᠠᠢᠯᠳᠤᠭ᠍ᠴᠢ᠂ ᠠᠬᠠᠮᠠᠳ ᠨᠥᠬᠥᠳ ᠪᠣᠯᠣᠨ ᠦᠷᠡᠭᠳᠡᠭᠰᠡᠨ ᠪᠠᠭᠠᠲᠤᠷᠴᠤᠳ᠎ᠤᠨ ᠲᠦᠷᠦᠯ ᠰᠠᠳᠤᠨ᠎ᠤ ᠲᠥᠯᠥᠭᠡᠯᠡᠭᠴᠢ᠂ ᠭᠠᠪᠢᠶ᠎ᠠ ᠵᠢᠳᠬᠦᠯᠲᠡᠨᠦ ᠢᠷᠠᠭᠤ ᠠᠯᠳᠠᠷ ᠬᠦᠷᠲᠡᠭᠰᠡᠳ᠎ᠦᠨ ᠲᠥᠯᠥᠭᠡᠯᠡᠭᠴᠢ᠂ ᠨᠡᠢᠰᠯᠡᠯ᠎ᠦᠨ ᠡᠯ᠎ᠡ ᠡᠲᠡᠭᠡᠳ᠎ᠦᠨ ᠤᠯᠠᠨ ᠲᠦᠮᠡᠨ᠎ᠦ ᠲᠥᠯᠥᠭᠡᠯᠡᠭᠴᠢ ᠶᠣᠰᠣᠯᠠᠯ᠎ᠳᠤ ᠣᠷᠣᠯᠴᠠᠵᠠᠢ᠃