ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠶᠢᠨ ᠳ᠋ᠦᠩᠨᠡᠯᠲᠡ᠎ᠶᠢᠨ ᠬᠤᠷᠠᠯ ᠪᠡᠭᠡᠵᠢᠩ᠎ᠳᠦ ᠬᠤᠷᠠᠯᠳᠤᠵᠤ ᠰᠢ᠎ᠵᠢᠨ᠎ᠫᠢᠩ ᠳᠤᠷᠠᠰᠬᠠᠬᠤ ᠠᠵᠢᠯᠯᠠᠭ᠎ᠠ᠎ᠶᠢᠨ ᠪᠡᠯᠡᠳᠬᠡᠯ ᠠᠵᠢᠯ᠎ᠳᠤ ᠤᠷᠤᠯᠴᠠᠬᠰᠠᠨ ᠡᠯ᠎ᠡ ᠲᠠᠯ᠎ᠠ᠎ᠶᠢᠨ ᠲᠥᠯᠥᠭᠡᠯᠡᠭᠴᠢᠳ᠎ᠢ ᠳᠣᠲᠣᠨᠣ᠌᠎ᠪᠠᠷ ᠬᠦᠯᠢᠶᠡᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄ 2025-09-22

ᠬᠤᠷᠠᠯ᠎ᠡᠴᠡ ᠰᠢ᠎ᠵᠢᠨ᠎ᠫᠢᠩ᠎ᠦᠨ ᠳᠤᠷᠠᠰᠬᠠᠬᠤ ᠠᠵᠢᠯᠯᠠᠭ᠎ᠠ᠎ᠶᠢᠨ ᠲᠤᠬᠠᠢ ᠴᠢᠬᠤᠯᠠ ᠶᠠᠷᠢᠶ᠎ᠠ᠎ᠶᠢ ᠤᠯᠠᠮᠵᠢᠯᠠᠵᠤ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠱᠢᠯᠠᠭᠤᠯᠬᠤ ᠲᠤᠬᠠᠢ ᠪᠠᠢᠷᠢᠯᠠᠭᠤᠯᠤᠯᠲᠠ ᠬᠢᠪᠡ

ᠼᠠᠢ ᠴᠢ ᠬᠦᠯᠢᠶᠡᠨ ᠠᠪᠴᠤ ᠠᠭᠤᠯᠵᠠᠬᠤ᠎ᠳᠤ ᠣᠷᠣᠯᠴᠠᠭᠰᠠᠨ ᠪᠥᠭᠡᠳ ᠳ᠋ᠦᠩᠨᠡᠯᠲᠡ᠎ᠶᠢᠨ ᠬᠤᠷᠠᠯ ᠳᠡᠭᠡᠷ᠎ᠡ ᠶᠠᠷᠢᠶ᠎ᠠ ᠲᠠᠯᠪᠢᠵᠠᠢ

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠶᠢᠨ ᠳ᠋ᠦᠩᠨᠡᠯᠲᠡ᠎ᠶᠢᠨ ᠬᠤᠷᠠᠯ 17 ᠎ᠤ᠋ ᠦᠳᠡ᠎ᠶᠢᠨ ᠡᠮᠦᠨ᠎ᠡ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭᠴᠢ ᠰᠢ᠎ᠵᠢᠨ᠎ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠷᠠᠰᠬᠠᠬᠤ ᠠᠵᠢᠯᠯᠠᠭ᠎ᠠ᠎ᠶᠢᠨ ᠪᠡᠯᠡᠳᠬᠡᠯ ᠠᠵᠢᠯ᠎ᠳᠤ ᠤᠷᠤᠯᠴᠠᠬᠰᠨᠨ ᠡᠯ᠎ᠡ ᠲᠠᠯ᠎ᠠ᠎ᠶᠢᠨ ᠲᠥᠯᠥᠭᠡᠯᠡᠭᠴᠢᠳ᠎ᠢ ᠳᠣᠲᠣᠨᠣ᠌᠎ᠪᠠᠷ ᠬᠦᠯᠢᠶᠡᠨ ᠠᠪᠴᠤ ᠠᠭᠤᠯᠵᠠᠨ᠂ ᠲᠡᠳᠡᠨ᠎ᠳᠦ ᠲᠠᠯᠠᠷᠬᠠᠯ ᠪᠠ ᠮᠡᠨᠳᠦᠴᠢᠯᠡᠯ ᠳᠡᠪᠰᠢᠭᠦᠯᠵᠦ᠂ ᠲᠡᠳᠡᠨ᠎ᠦ ᠰᠢᠷᠭᠠᠭᠤ ᠴᠢᠷᠮᠠᠢᠯᠭ᠎ᠠ ᠪᠠ ᠭᠠᠷᠮᠠᠭᠠᠢ ᠠᠮᠵᠢᠯᠲᠠ᠎ᠶᠢ ᠭᠦᠢᠴᠡᠳ ᠨᠤᠲᠠᠯᠠᠵᠤ᠂ ᠤᠯᠠᠨ᠎ᠢ ᠡᠷᠡᠮᠡᠬᠡᠢᠯᠡᠨ ᠤᠷᠤᠭᠰᠢᠯᠠᠵᠤ᠂ ᠲᠠᠬᠢᠨ ᠰᠢᠨ᠎ᠡ ᠭᠠᠪᠢᠶ᠎ᠠ ᠪᠠᠢᠭᠤᠯᠰᠤᠭᠠᠢ ᠭᠡᠵᠦ ᠵᠣᠷᠢᠭ᠍ᠵᠢᠭᠤᠯᠪᠠ᠃

9 ᠰᠠᠷ᠎ᠠ᠎ᠶᠢᠨ 17᠎ᠤ᠋ ᠡᠳᠦᠷ᠂ ᠨᠠᠮ ᠪᠠ ᠲᠦᠷᠦ᠎ᠶᠢᠨ ᠤᠳᠤᠷᠢᠳᠬᠤ ᠬᠦᠮᠤᠨ ᠰᠢ᠎ᠵᠢᠨ᠎ᠫᠢᠩ᠂ ᠼᠠᠢ ᠴᠢ ᠨᠠᠷ ᠪᠡᠭᠡᠵᠢᠩ᠎ᠤᠨ ᠠᠷᠠᠳ᠎ᠤᠨ ᠶᠡᠭᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠡᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠡᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠶᠢᠨ ᠪᠡᠯᠡᠳᠬᠡᠯ ᠠᠵᠢᠯ᠎ᠳᠤ ᠤᠷᠤᠯᠴᠠᠬᠰᠨᠨ ᠡᠯ᠎ᠡ ᠲᠠᠯ᠎ᠠ᠎ᠶᠢᠨ ᠲᠥᠯᠥᠭᠡᠯᠡᠭᠴᠢᠳ᠎ᠢ ᠬᠦᠯᠢᠶᠡᠨ ᠠᠪᠴᠤ ᠠᠭᠤᠯᠵᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶ᠎ᠠ᠎ᠶᠢᠨ ᠪᠠᠢᠩᠭᠤ᠎ᠶᠢᠨ ᠭᠡᠰᠢᠭᠦᠨ᠂ ᠳᠤᠷᠠᠰᠬᠠᠬᠤ ᠠᠵᠢᠯᠯᠠᠭ᠎ᠠ᠎ᠶᠢᠨ ᠤᠳᠤᠷᠢᠳᠬᠤ ᠳᠤᠭᠤᠢᠯᠠᠩ᠎ᠤᠨ ᠳᠠᠷᠤᠭ᠎ᠠ ᠼᠠᠢ ᠴᠢ ᠬᠦᠯᠢᠶᠡᠨ ᠠᠪᠴᠤ ᠠᠭᠤᠯᠵᠠᠬᠤ᠎ᠳᠤ ᠣᠷᠣᠯᠴᠠᠭᠰᠠᠨ ᠪᠥᠭᠡᠳ ᠳ᠋ᠦᠩᠨᠡᠯᠲᠡ᠎ᠶᠢᠨ ᠬᠤᠷᠠᠯ ᠳᠡᠭᠡᠷ᠎ᠡ ᠶᠠᠷᠢᠶ᠎ᠠ ᠲᠠᠯᠪᠢᠪᠠ᠃

17 ᠤ᠋ ᠦᠳᠡ᠎ᠶᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠢᠲᠤ ᠶᠡᠬᠡ ᠲᠢᠩᠬᠢᠮ᠎ᠳᠦ ᠬᠦᠷ ᠬᠥᠭᠵᠢᠶᠡᠨ᠎ᠢᠶᠡᠷ ᠪᠢᠯᠬᠠᠵᠦ ᠪᠠᠢᠯ᠎ᠠ᠃ 10 ᠴᠠᠭ᠎ᠤᠨ ᠦᠶ᠎ᠡ᠎ᠪᠡᠷ᠂ ᠰᠢ᠎ᠵᠢᠨ᠎ᠫᠢᠩ ᠨᠠᠷ ᠡᠨᠳᠡ ᠬᠦᠷᠴᠤ ᠢᠷᠡᠬᠦ᠎ᠳᠦ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ᠎ᠵᠢᠨ᠎ᠫᠢᠩ ᠨᠠᠷ ᠤᠯᠠᠨ᠎ᠲᠠᠢ ᠳᠣᠲᠣᠨᠣ᠌᠎ᠪᠠᠷ ᠭᠠᠷ ᠠᠳᠬᠤᠭᠰᠠᠨ ᠪᠥᠭᠡᠳ ᠬᠠᠮᠲᠤ᠎ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃

ᠲᠦᠷᠦᠭᠦᠬᠡᠨ᠂ ᠰᠢ᠎ᠵᠢᠨ᠎ᠫᠢᠩ ᠨᠠᠮ᠎ᠤᠨ ᠲᠥᠪ ᠬᠤᠷᠢᠶ᠎ᠠ᠎ᠵᠢᠨ ᠤᠯᠤᠰ ᠲᠦᠷᠦ᠎ᠶᠢᠨ ᠲᠣᠪᠴᠢᠶ᠎ᠠ᠎ᠶᠢᠨ ᠪᠠᠢᠩᠭᠤ᠎ᠶᠢᠨ ᠬᠤᠷᠢᠶ᠎ᠠ᠎ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠳᠤᠷᠠᠰᠬᠠᠬᠤ ᠠᠵᠢᠯᠯᠠᠭ᠎ᠠ᠎ᠶᠢᠨ ᠳ᠋ᠦᠩᠨᠡᠯᠲᠡ᠎ᠶᠢᠨ ᠮᠡᠳᠡᠭᠦᠯᠦᠯᠲᠡ᠎ᠶᠢ ᠲᠤᠰᠬᠠᠢᠯᠠᠨ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ᠎ᠵᠢᠨ᠎ᠫᠢᠩ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠠᠵᠢᠯᠯᠠᠭ᠎ᠠ ᠨᠢ ᠲᠦᠪ ᠶᠡᠭᠡᠮᠰᠦᠭ᠂ ᠰᠦᠷ ᠳᠠᠯᠠᠢᠴᠠᠲᠠᠢ᠂ ᠬᠥᠮᠥᠰ᠎ᠦᠨ ᠰᠡᠳᠬᠢᠯ᠎ᠢ ᠳᠣᠭᠳᠣᠯᠤᠭᠤᠯᠵᠤ᠂ ᠤᠷᠮᠠᠰᠢᠭᠤᠯᠤᠨ ᠵᠣᠷᠢᠭ᠍ᠵᠢᠭᠤᠯᠤᠬᠰᠠᠨ ᠶᠠᠫᠤᠨ᠎ᠢ ᠡᠰᠡᠷᠭᠦᠴᠡᠬᠦ ᠲᠠᠢ᠍ᠢᠨ᠎ᠢ ᠲᠤᠷᠠᠰᠬᠠᠬᠤ ᠦᠪᠡᠳᠡᠭᠰᠢ ᠶᠣᠰᠣᠯᠠᠯ ᠪᠣᠯᠪᠠ᠂ ᠶᠠᠫᠤᠨ᠎ᠢ ᠡᠰᠡᠷᠭᠦᠴᠡᠬᠦ ᠲᠠᠢ᠍ᠢᠨ᠎ᠦ ᠠᠭᠤᠤ ᠶᠡᠬᠡ ᠵᠣᠷᠢᠭ᠋ ᠰᠠᠨᠠᠭ᠎ᠠ᠎ᠶᠢ ᠤᠯᠠᠮ ᠪᠠᠳᠠᠷᠠᠭᠤᠯᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ ᠢᠲᠡᠭᠡᠯ ᠵᠣᠷᠢᠭ᠋᠎ᠢ ᠤᠯᠠᠮ ᠪᠠᠲᠤᠳᠬᠠᠵᠤ᠂ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠬᠠᠷᠢᠭᠤᠴᠠᠯᠭ᠎ᠠ ᠡᠭᠦᠷᠭᠡᠯᠡᠯ᠎ᠢ ᠤᠯᠠᠮ ᠢᠯᠡᠷᠡᠭᠦᠯᠵᠠᠢ ᠭᠡᠵᠦ ᠴᠢᠬᠤᠯᠠᠴᠢᠯᠠᠪᠠ᠃

ᠰᠢ᠎ᠵᠢᠨ᠎ᠫᠢᠩ᠂ ᠳᠤᠷᠠᠰᠭᠠᠬᠤ ᠠᠵᠢᠯᠯᠠᠭ᠎ᠠ᠎ᠶ᠋ᠢᠨ ᠤᠳᠤᠷᠢᠳᠭᠤ ᠳᠤᠭᠤᠢᠯᠠᠩ ᠵᠢᠴᠢ ᠲᠡᠭᠦᠨ᠎ᠦ ᠡᠯ᠎ᠡ ᠠᠵᠢᠯ᠎ᠤᠨ ᠪᠠᠢᠭᠤᠯᠤᠮᠵᠢ ᠨᠠᠮ᠎ᠤᠨ ᠲᠥᠪ ᠬᠤᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠤᠢᠪᠢᠰᠢ ᠦᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠮᠠᠭ᠍ᠲᠠ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ᠎ᠶ᠋ᠢ ᠪᠠᠷᠢᠮᠲᠠᠯᠠᠵᠤ᠂ ᠪᠣᠳᠠᠲᠠᠢ᠎ᠶ᠋ᠢ ᠡᠷᠬᠢᠮᠯᠡᠬᠦ᠌ ᠪᠠ ᠨᠠᠷᠢᠨ ᠨᠢᠮᠪᠠᠢ ᠰᠤᠷᠲᠠᠯ᠎ᠢᠶᠠᠷ ᠠᠵᠢᠯ᠎ᠢᠶᠠᠨ ᠠᠬᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠲᠤᠱᠢᠶᠠᠭ᠍ᠰᠠᠨ ᠤᠯᠤᠰ ᠲᠦᠷᠦ᠍᠎ᠶ᠋ᠢᠨ ᠡᠭᠦᠷᠭᠡ᠎ᠶ᠋ᠢ ᠭᠠᠷᠮᠠᠭᠠᠢ ᠪᠡᠶᠡᠯᠡᠭᠦᠯᠵᠡᠢ ᠭᠡᠵᠦ ᠵᠢᠭᠠᠵᠤ ᠭᠠᠷᠭᠠᠪᠠ᠃

ᠰᠢ᠎ᠵᠢᠨ᠎ᠫᠢᠩ᠂ ᠳᠤᠷᠠᠰᠭᠠᠬᠤ ᠠᠵᠢᠯᠯᠠᠭ᠎ᠠ᠎ᠶ᠋ᠢᠨ ᠬᠥᠭ᠌ᠵᠢᠭᠡᠭ᠌ᠰᠡᠨ ᠬᠦᠴᠦᠷᠬᠡᠭ ᠶᠡᠬᠡ ᠢᠳᠡᠪᠬᠢ ᠬᠦᠴᠦᠨ᠎ᠢ ᠭᠦᠢᠴᠡᠳ ᠰᠠᠢᠲᠤᠷ ᠠᠱᠢᠭ᠍ᠯᠠᠵᠤ᠂ ᠳᠤᠷᠠᠰᠭᠠᠬᠤ ᠠᠵᠢᠯᠯᠠᠭ᠎ᠠ ᠡᠨᠡ ᠬᠦ᠌ ᠤᠯᠤᠰ᠎ᠢᠶᠠᠨ ᠬᠠᠢᠷᠠᠯᠠᠬᠤ ᠦᠵᠡᠯ᠎ᠦᠨ ᠠᠮᠢᠳᠤᠯᠢᠭ ᠵᠢᠭᠠᠬᠤ ᠮᠠᠲ᠋ᠧᠷᠢᠶᠠᠯ᠎ᠢ ᠦᠷᠭᠦᠯᠵᠢᠯᠡᠨ ᠰᠠᠢᠲᠤᠷ ᠬᠡᠷᠡᠭ᠌ᠯᠡᠵᠦ᠍᠂ ᠠᠵᠢᠯᠯᠠᠭ᠎ᠠ᠎ᠶ᠋ᠢᠨ ᠬᠥᠭ᠌ᠵᠢᠭᠡᠭ᠌ᠰᠡᠨ ᠦᠪᠠᠷ᠎ᠢ᠎ᠪᠡᠨ ᠢᠳᠡᠭᠡᠬᠦ ᠢᠲᠡᠭᠡᠯ᠂ ᠣᠮᠣᠭ ᠪᠠᠬᠠᠳᠤᠯᠳᠤ ᠰᠡᠳᠭᠢᠯᠭᠡ᠂ ᠴᠤᠭ ᠵᠢᠪᠬᠤᠭ᠎ᠠ ᠰᠦᠯᠳᠠ᠎ᠶ᠋ᠢ ᠰᠠᠢᠲᠤᠷ ᠠᠰᠢᠭᠯᠠᠨ ᠰᠠᠢᠲᠤᠷ ᠪᠠᠳᠠᠷᠠᠭᠤᠯᠵᠤ᠂ ᠨᠠᠮ᠎ᠤᠨ ᠲᠥᠪ ᠬᠤᠷᠢᠶ᠎ᠠ᠎ᠶᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠯᠤᠭ᠎ᠠ ᠤᠶᠠᠯᠳᠤᠭᠤᠯᠵᠤ᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠯᠤᠭ᠎ᠠ ᠤᠶᠠᠯᠳᠤᠭᠤᠯᠵᠤ᠂ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠤᠨᠳᠤᠤᠰᠢᠭᠤᠯᠬᠤ ᠬᠡᠷᠡᠭ᠌ᠲᠡᠢ᠃ ᠶᠠᠫᠣᠨ᠎ᠢ ᠡᠰᠡᠷᠭᠦᠴᠡᠬᠦ᠌ ᠲᠡᠢᠨ᠎ᠦ ᠵᠥᠪ ᠲᠡᠦᠬᠡ᠎ᠶ᠋ᠢᠨ ᠦᠵᠡᠯᠲᠡ᠂ ᠳᠡᠯᠡᠬᠡᠶ᠎ᠶ᠋ᠢᠨ ᠬᠣᠶᠠᠳᠤᠭᠠᠷ ᠶᠡᠭᠡ ᠲᠡᠢᠨ᠎ᠦ ᠵᠦᠪ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠲᠡᠦᠬᠡ᠎ᠶ᠋ᠢᠨ ᠢᠲᠡᠭᠡᠯ᠎ᠢᠶᠡᠨ ᠪᠠᠲᠤᠳᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠪᠥᠬᠥ᠌ ᠦᠨᠳᠦᠰᠦᠲᠡᠨ ᠰᠡᠳᠭᠢᠯ ᠨᠢᠭᠡᠳᠦᠨ ᠡᠷᠡᠯᠬᠡᠭ ᠪᠠᠭᠠᠲᠤᠷᠯᠢᠭ᠎ᠢᠶᠠᠷ ᠶᠠᠫᠣᠨ᠎ᠢ ᠡᠰᠡᠷᠭᠦᠴᠡᠭ᠌ᠰᠡᠨ ᠠᠭᠤᠤ ᠶᠡᠬᠡ ᠢᠯᠠᠯᠲᠠ᠎ᠠᠴᠠ ᠣᠶᠤᠨ ᠤᠬᠠᠭᠠᠨ ᠪᠠ ᠬᠦᠴᠦᠨ ᠴᠢᠳᠠᠯ ᠣᠯᠵᠤ᠂ ᠲᠡᠦᠬᠡ᠎ᠶ᠋ᠢᠨ ᠵᠥᠪ ᠲᠠᠯ᠎ᠠ᠎ᠳᠤ ᠭᠤᠢᠪᠢᠯᠳᠠ ᠦᠭᠡᠢ ᠵᠣᠭ᠍ᠰᠣᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠡᠵᠡᠮᠳᠡᠵᠦ᠍᠂ ᠲᠡᠦᠬᠡ᠎ᠪᠡᠷ ᠲᠣᠯᠢ ᠪᠣᠯᠭᠠᠬᠤ ᠳᠤᠮᠳᠠ ᠲᠠᠰᠤᠷᠠᠯᠲᠠ ᠥᠬᠡᠶ ᠢᠷᠡᠭᠡᠳᠦᠶ᠎ᠪᠡᠨ ᠨᠡᠭᠡᠭᠡᠨ ᠡᠬᠦᠳᠬᠦ ᠬᠡᠷᠡᠭ᠌ᠲᠡᠶ᠃ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢ᠌ᠨ᠎ᠦ ᠦᠯᠢᠭᠡᠷ᠂ ᠡᠩᠬᠡ ᠲᠠᠢᠪᠤᠩ ᠬᠥᠭ᠌ᠵᠢᠯᠲᠡ᠎ᠶ᠋ᠢᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠤᠯᠤᠰ ᠪᠣᠯ ᠳᠠᠢ᠌ᠨ᠎ᠦ ᠳᠠᠷᠠᠭᠠᠬᠢ ᠤᠯᠠᠨ ᠤᠯᠤᠰ᠎ᠤᠨ ᠡᠮᠬᠢ ᠳᠢᠭ᠌ᠯᠢᠮ᠎ᠦᠨ ᠡᠷᠡᠰ ᠪᠠᠲᠤ ᠬᠠᠮᠠᠭᠠᠯᠠᠭ᠍ᠴᠢ ᠪᠣᠯᠬᠤ᠎ᠶ᠋ᠢ ᠳᠡᠯᠡᠬᠡᠢ ᠳ᠋ᠠᠬᠢᠨ᠎ᠳᠤ ᠬᠠᠷᠠᠭᠤᠯᠵᠤ᠂ ᠪᠢᠳᠡᠨ᠎ᠦ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠪᠠᠷ ᠴᠢᠷᠮᠠᠢᠵᠤ ᠪᠠᠢᠭ᠎ᠠ ᠬᠠᠷᠢᠭᠤᠴᠠᠯᠭᠠᠲᠤ ᠲᠤᠮᠤ ᠤᠯᠤᠰ᠎ᠤᠨ ᠲᠦᠷᠢ ᠲᠥᠷᠬᠦ᠌᠎ᠶ᠋ᠢ ᠢᠯᠡᠷᠡᠭᠦᠯᠬᠦ᠌ ᠬᠡᠷᠡᠭ᠌ᠲᠡᠢ᠃ ᠳᠤᠷᠠᠰᠭᠠᠬᠤ ᠠᠵᠢᠯᠯᠠᠭ᠎ᠠ᠎ᠶ᠋ᠢ ᠪᠡᠯᠡᠳᠭᠡᠨ ᠡᠷᠬᠢᠯᠡᠬᠰᠡᠨ ᠲᠤᠷᠱᠢᠯᠭ᠎ᠠ ᠬᠢᠳᠡᠯ᠎ᠢ ᠨᠠᠷᠢᠨ ᠬᠢᠨᠠᠮᠠᠭᠠᠢ ᠳ᠋ᠦᠩᠨᠡᠵᠦ᠍᠂ ᠲᠤᠮᠤ ᠨᠠᠮ ᠲᠤᠮᠤ ᠤᠯᠤᠰ᠎ᠤᠨ ᠶᠣᠰᠣᠯᠠᠯ᠎ᠤᠨ ᠳᠦᠷᠢᠮ᠎ᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠲᠡᠭᠦᠯᠳᠡᠷᠵᠢᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ ᠰᠢ᠎ᠵᠢᠨ᠎ᠫᠢᠩ᠎ᠤᠨ ᠨᠠᠮ᠎ᠤᠨ ᠲᠥᠪ ᠬᠣᠷᠢᠶ᠎ᠡ᠎ᠶᠢᠨ ᠤᠯᠤᠰ ᠲᠦᠷᠦ᠎ᠶᠢᠨ ᠲᠣᠪᠴᠢᠶ᠎ᠡ᠎ᠶᠢᠨ ᠪᠠᠢᠩᠭᠤ᠎ᠶᠢᠨ ᠬᠣᠷᠢᠶ᠎ᠡ᠎ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠤᠯᠠᠮᠵᠢᠯᠠᠪᠠ᠃

ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠳᠤ ᠳᠤᠷᠠᠰᠬᠠᠬᠤ ᠠᠵᠢᠯᠯᠠᠭ᠎ᠠ᠎ᠶᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠣᠳᠣᠷᠬᠠᠢᠯᠠᠨ ᠥᠭᠦᠯᠡᠵᠦ᠂ ᠵᠣᠬᠢᠶᠠᠨ ᠪᠠᠢᠭᠤᠯᠵᠤ ᠪᠡᠯᠡᠳᠬᠡᠬᠦ ᠠᠵᠢᠯ᠎ᠢ ᠭᠦᠢᠴᠡᠳ ᠨᠤᠲᠠᠯᠠᠵᠤ᠂ ᠠᠵᠢᠯᠯᠠᠭ᠎ᠠ᠎ᠶᠢᠨ ᠦᠷ᠎ᠡ ᠪᠦᠲᠦᠭᠡᠯ᠎ᠢ ᠰᠠᠢᠲᠤᠷ ᠬᠡᠷᠡᠭᠯᠡᠬᠦ ᠵᠡᠷᠭᠡ ᠲᠠᠯ᠎ᠠ᠎ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠂ ᠪᠢᠳᠡ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠳᠤᠷᠠᠰᠬᠠᠬᠤ ᠠᠵᠢᠯᠯᠠᠭ᠎ᠠ ᠲᠡᠭᠦᠰ ᠠᠮᠵᠢᠯᠲᠠ ᠣᠯᠣᠭᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ᠎ᠶᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ᠂ ᠨᠡᠢᠭᠡᠮ᠎ᠦᠨ ᠡᠯ᠎ᠡ ᠡᠲᠡᠭᠡᠳ ᠪᠣᠯᠣᠨ ᠠᠷᠠᠳ ᠤᠯᠠᠨ᠎ᠤ ᠬᠦᠴᠦᠲᠡᠢ ᠳᠡᠮᠵᠢᠯᠭᠡ᠎ᠳᠦ ᠪᠤᠢ᠃ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠷᠠᠰᠬᠠᠬᠤ ᠠᠵᠢᠯᠯᠠᠭ᠎ᠠ᠎ᠶᠢᠨ ᠴᠢᠬᠤᠯᠠ ᠦᠷ᠎ᠡ ᠪᠦᠲᠦᠭᠡᠯ᠎ᠢ ᠥᠷᠭᠡᠳᠬᠡᠨ ᠭᠦᠨᠵᠡᠭᠡᠢᠷᠡᠭᠦᠯᠵᠤ᠂ ᠬᠤᠢᠨᠠᠬᠢ ᠳᠤᠷᠠᠰᠬᠠᠬᠤ ᠠᠵᠢᠯᠯᠠᠭ᠎ᠠ᠎ᠶᠢ ᠯᠠᠪᠳᠠᠭᠤᠨ ᠪᠠᠲᠤᠲᠠᠢ ᠰᠠᠢᠲᠤᠷ ᠡᠷᠬᠢᠯᠡᠵᠤ᠂ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶᠢ ᠨᠢ ᠨᠠᠮ᠎ᠤᠨ ᠲᠥᠪ ᠬᠣᠷᠢᠶ᠎ᠡ᠎ᠶᠢᠨ ᠵᠣᠷᠢᠭ᠋ ᠰᠠᠨᠠᠭ᠎ᠠ᠎ᠲᠠᠢ ᠤᠯᠠᠮ ᠨᠢᠭᠡᠳᠬᠡᠵᠦ᠂ ᠳᠤᠷᠠᠰᠬᠠᠬᠤ ᠠᠵᠢᠯᠯᠠᠭ᠎ᠠ᠎ᠡᠴᠡ ᠬᠦᠭᠵᠢᠭᠡᠭᠰᠡᠨ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠬᠢᠯᠭᠡ᠎ᠶᠢ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ ᠬᠦᠴᠦᠷᠬᠡᠭ ᠶᠡᠬᠡ ᠬᠥᠳᠡᠯᠭᠡᠭᠴᠢ ᠬᠦᠴᠦᠨ ᠪᠣᠯᠭᠠᠨ ᠤᠨᠳᠤᠤᠰᠢᠭᠤᠯᠬᠤ ᠬᠡᠷᠡᠭᠲᠡᠢ ᠭᠡᠵᠦ ᠬᠤᠷᠠᠯ᠎ᠡᠴᠡ ᠵᠢᠭᠠᠵᠤ ᠭᠠᠷᠭᠠᠪᠠ᠃

ᠳᠤᠷᠠᠰᠬᠠᠬᠤ ᠠᠵᠢᠯᠯᠠᠭ᠎ᠠ᠎ᠶᠢᠨ ᠤᠳᠤᠷᠢᠳᠬᠤ ᠳᠤᠭᠤᠢᠯᠠᠩ᠎ᠤᠨ ᠳᠡᠳ᠋ ᠳᠠᠷᠤᠭ᠎ᠠ ᠸᠠᠩ ᠢ᠂ ᠶᠢᠨ ᠯᠢ᠂ ᠯᠢ ᠱᠦ᠍ ᠯᠧᠢ᠂ ᠵᠠᠩ ᠶᠢᠦ ᠰᠢᠶᠠ᠂ ᠸᠠᠩ ᠰᠢᠶᠣᠣ ᠬᠣᠩ᠂ ᠦ᠋ ᠵᠧᠩ ᠯᠦᠩ ᠪᠣᠯᠣᠨ ᠯᠢᠦ ᠵᠧᠨ ᠯᠢ ᠠᠵᠢᠯᠯᠠᠭ᠎ᠠ᠎ᠳᠤ ᠣᠷᠣᠯᠴᠠᠪᠠ᠃ ᠳᠤᠷᠠᠰᠬᠠᠬᠤ ᠠᠵᠢᠯᠯᠠᠭ᠎ᠠ᠎ᠶᠢᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠡᠯ᠎ᠡ ᠠᠵᠢᠯ᠎ᠤᠨ ᠪᠠᠢᠭᠤᠯᠤᠮᠵᠢ ᠪᠣᠯᠣᠨ ᠬᠣᠯᠪᠣᠭᠳᠠᠯ ᠪᠦᠬᠦᠢ ᠲᠠᠯ᠎ᠠ᠎ᠶᠢᠨ ᠬᠠᠷᠢᠭᠤᠴᠠᠯᠭᠠᠲᠠᠨ ᠨᠥᠬᠥᠳ ᠵᠢᠴᠢ ᠠᠵᠢᠯᠲᠠᠨ᠂ ᠰᠢᠯᠭᠠᠨ ᠦᠵᠡᠬᠦ᠎ᠶᠢ ᠬᠦᠯᠢᠶᠡᠭᠰᠡᠨ ᠴᠡᠷᠢᠭ ᠠᠩᠭᠢ᠎ᠶᠢᠨ ᠳᠠᠷᠤᠭ᠎ᠠ ᠪᠠᠢᠯᠳᠤᠭ᠍ᠴᠢ᠂ ᠠᠮᠤᠷ᠎ᠢ ᠬᠠᠮᠠᠭᠠᠯᠠᠬᠤ ᠡᠮᠦᠨ᠎ᠡ ᠹᠷᠣᠨᠲ᠎ᠤᠨ ᠵᠢᠵᠢᠬᠦᠷᠯᠡᠭᠴᠢ᠂ ᠲᠣᠭᠯᠠᠭ᠍ᠴᠢᠳ ᠪᠠ ᠠᠵᠢᠯᠲᠠᠳ᠂ ᠰᠠᠢᠨ ᠳᠤᠷᠠᠴᠤᠳ᠂ ᠦᠢᠯᠡᠴᠢᠯᠡᠭᠡ ᠪᠠᠲᠤᠯᠠᠭ᠎ᠠ᠎ᠶᠢᠨ ᠠᠵᠢᠯᠲᠠᠨ᠂ ᠵᠠᠭᠤᠴᠢᠯᠠᠭᠤᠷ᠎ᠤᠨ ᠰᠤᠷᠪᠤᠯᠵᠢᠯᠠᠭ᠍ᠴᠢ᠎ᠶᠢᠨ ᠲᠥᠯᠥᠭᠡᠯᠡᠭᠴᠢ ᠨᠠᠷ ᠠᠵᠢᠯᠯᠠᠭ᠎ᠠ᠎ᠳᠤ ᠣᠷᠣᠯᠴᠠᠵᠠᠢ᠃

ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 9 ᠰᠠᠷ᠎ᠠ᠎ᠶᠢᠨ 17᠎ᠤ᠋ ᠴᠠᠬᠢᠯᠭᠠᠨ ᠮᠡᠳᠡᠭᠡ

 

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            