ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠦᠪᠡᠳᠡᠭ᠌ᠰᠢ ᠶᠡᠬᠡ᠎ᠪᠡᠷ ᠶᠠᠪᠤᠭ᠍ᠳᠠᠪᠠ
ᠨᠡᠶᠢᠲᠡᠯᠡᠭᠰᠡᠨ ᠴᠠᠭ᠄ 2025-09-29

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠳᠦᠷᠤ᠎ᠶ᠋ᠢᠨ ᠶᠠᠪᠤᠳᠠᠯ᠎ᠤᠨ ᠬᠣᠷᠢᠢ᠎ᠠ ᠪᠦᠬᠦ ᠤᠯᠤᠰ᠎ᠤᠨ ᠤᠯᠤᠰ ᠲᠦᠷᠦ᠎ᠶᠢᠨ ᠵᠦᠪᠯᠡᠯᠬᠡᠨ ᠲᠥᠪ᠎ᠦᠨ ᠴᠡᠷᠢᠭ᠎ᠤᠨ ᠶᠠᠪᠤᠳᠠᠯ᠎ᠤᠨ ᠬᠣᠷᠢᠢ᠎ᠠ ᠴᠠᠬᠢᠯᠭᠠᠨ ᠴᠢᠮᠡᠭᠡ ᠶᠠᠪᠤᠭᠤᠯᠵᠤ ᠪᠠᠶᠠᠷ ᠬᠦᠷᠭᠡᠪᠡ

ᠰᠢ᠎ᠵᠢᠨ᠎ᠫᠢᠩ ᠶᠡᠬᠡ ᠬᠤᠷᠠᠯ᠎ᠳᠤ ᠣᠷᠣᠯᠴᠠᠪᠠ

ᠸᠠᠩ ᠬᠣ᠌ ᠨᠢᠩ ᠤᠷᠤᠯᠴᠠᠭᠰᠠᠨ ᠪᠦᠭᠡᠳ ᠶᠡᠷᠢᠶ᠎ᠡ ᠲᠠᠯᠪᠢᠵᠠᠢ  ᠼᠠᠢ ᠴᠢ ᠤᠷᠤᠯᠴᠠᠪᠠ

70 ᠵᠢᠯ ᠡᠷᠡᠮᠡᠬᠡᠢᠯᠡᠨ ᠤᠷᠤᠭ᠍ᠰᠢᠯᠠᠵᠤ᠂ ᠲᠩᠷᠢ ᠠᠭᠤᠯᠠ᠎ᠶ᠋ᠢᠨ ᠡᠮᠦᠨ᠎ᠡ ᠤᠮᠠᠷ᠎ᠠ᠎ᠳᠤ ᠱᠢᠨ᠎ᠡ ᠳᠦᠷᠰᠦ ᠪᠠᠢᠳᠠᠯ ᠢᠯᠡᠷᠡᠪᠡ᠃ 25 ᠤ᠋ ᠦᠳᠡ᠎ᠶ᠋ᠢᠨ ᠡᠮᠦᠨ᠎ᠡ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠱᠢᠨᠵᠢᠶᠠᠩ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠪᠠ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠬᠤ᠌ ᠨᠢᠩ ᠬᠤᠷᠠᠯ᠎ᠳᠤ ᠣᠷᠣᠯᠴᠠᠭ᠍ᠰᠠᠨ ᠪᠥᠭᠡᠳ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠨᠠᠮ᠎ᠤᠨ ᠲᠦᠪ ᠬᠤᠷᠢᠶ᠎ᠠ᠎ᠶᠢᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠣᠷᠣᠯᠴᠠᠵᠠᠢ᠃

9 ᠰᠠᠷ᠎ᠠ᠎ᠶᠢᠨ 25 ᠤ᠋ ᠦᠳᠡ᠎ᠶ᠋ᠢᠨ ᠡᠮᠦᠨ᠎ᠡ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠱᠢᠨᠵᠢᠶᠠᠩ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠪᠠ᠃

ᠱᠢᠨᠵᠢᠶᠠᠩ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠳ᠋ᠧᠩ᠎ᠦᠨ ᠬᠡᠷᠡᠯ ᠳᠤᠸᠠᠯᠠᠵᠤ᠂ ᠠᠭᠤᠷ ᠠᠮᠢᠰᠭᠤᠯ ᠦᠪᠡᠳᠡᠭ᠌ᠰᠢ ᠶᠡᠬᠡ ᠪᠥᠭᠡᠳ ᠬᠥᠷ ᠬᠥᠭ᠌ᠵᠢᠶᠡᠨ᠎ᠲᠡᠶ ᠪᠠᠢᠯ᠎ᠠ᠃ ᠲᠡᠷᠢᠭᠦᠯᠡᠭ᠌ᠴᠢ᠎ᠶ᠋ᠢᠨ ᠲᠠᠢᠰᠠᠨ᠎ᠤ ᠳᠡᠭᠡᠷ᠎ᠡ ᠲᠠᠯ᠎ᠠ᠎ᠳᠤ 《ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ》 ᠭᠡᠬᠦ᠌ ᠬᠥᠨᠳᠡᠯᠡᠨ ᠪᠢᠴᠢᠭᠡᠰᠦ᠎ᠶ᠋ᠢ ᠡᠯᠭᠦᠵᠦ᠍᠂ ᠠᠷᠤ ᠬᠥᠱᠢᠭᠡ᠎ᠶ᠋ᠢᠨ ᠭᠣᠣᠯ ᠳᠤᠮᠳᠠᠬᠢ ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ᠎ᠠᠴᠠ ᠭᠡᠷᠡᠯ ᠭᠢᠯᠪᠠᠭ᠎ᠠ ᠰᠠᠴᠤᠷᠠᠵᠤ᠂ ᠬᠣᠶᠠᠷ ᠲᠠᠯ᠎ᠠ ᠳ᠋ᠤᠨᠢ 10 ᠤᠯᠠᠭᠠᠨ ᠲᠤᠭ᠎ᠢ ᠲᠠᠯᠪᠢᠬᠰᠠᠨ ᠪᠠᠢᠪᠠ᠃ ᠬᠤᠷᠠᠯ᠎ᠤᠨ ᠲᠠᠩᠬᠢᠮ᠎ᠤᠨ ᠠᠷᠤ ᠲᠠᠯ᠎ᠠ᠎ᠳᠤ᠄ 《ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠪᠦᠯᠬᠦᠮᠳᠡᠯ᠎ᠲᠡᠶ ᠡᠶ᠎ᠡ ᠵᠣᠬᠢᠴᠠᠩᠭᠤᠢ᠂ ᠴᠡᠴᠡᠭ᠌ᠯᠡᠨ ᠬᠥᠭ᠌ᠵᠢᠭ᠌ᠰᠡᠨ ᠪᠠᠶᠠᠨ ᠴᠢᠨᠡᠭᠡᠯᠢᠭ᠂ ᠪᠣᠯᠪᠠᠰᠤᠨ ᠲᠠᠪᠱᠢᠯᠳᠠ᠎ᠲᠠᠶ᠂ ᠠᠮᠤᠷ ᠲᠠᠢᠪᠤᠩ ᠠᠵᠤ ᠲᠦᠷᠦᠭᠰᠡᠨ᠂ ᠠᠮᠢ ᠠᠬᠤᠢ ᠰᠠᠢ᠌ᠨ ᠰᠠᠢᠬᠠᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠱᠢᠨᠵᠢᠶᠠᠩ᠎ᠢ ᠪᠦᠳᠦᠭᠡᠨ ᠪᠠᠢᠭᠤᠯᠬᠤ᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ! 》 ᠭᠡᠬᠦ ᠤᠷᠢᠶ᠎ᠠ᠎ᠶᠢ ᠡᠯᠭᠦᠵᠠᠢ᠃

ᠦᠳᠡ᠎ᠶ᠋ᠢᠨ ᠡᠮᠦᠨᠡᠬᠢ 10 ᠴᠠᠭ 30 ᠮᠢᠨᠦ᠋ᠲ᠎ᠦᠨ ᠦᠶ᠎ᠡ᠎ᠪᠡᠷ᠂ ᠪᠠᠶᠠᠰᠭᠤᠯᠠᠩᠲᠤ ᠰᠠᠢᠬᠠᠨ ᠬᠥᠭ᠌ᠵᠢᠮ᠎ᠦᠨ ᠠᠶᠠᠰ ᠳᠤᠮᠳᠠ᠂ ᠰᠢ᠎ᠵᠢᠨ᠎ᠫᠢᠩ ᠵᠡᠷᠭᠡ ᠤᠳᠤᠷᠢᠳᠭᠤ ᠨᠥᠬᠥᠳ ᠲᠡᠷᠢᠭᠦᠯᠡᠭ᠌ᠴᠢ᠎ᠶ᠋ᠢᠨ ᠲᠠᠢᠰᠠᠨ᠎ᠳᠤ ᠠᠯᠬᠤᠨ ᠭᠠᠷᠬᠤ᠎ᠳᠤ᠂ ᠲᠠᠯᠠᠪᠠᠢ ᠳᠠᠶᠠᠭᠠᠷ᠎ᠢᠶᠠᠨ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠱᠢᠵᠠᠭᠠᠪᠠ᠃

ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠠᠢ᠌ᠷᠺᠸᠨ·ᠲᠦᠨᠢᠶᠠᠽᠢ ᠶᠡᠬᠡ ᠬᠤᠷᠠᠯ ᠡᠬᠢᠯᠡᠭ᠌ᠰᠡᠨ᠎ᠢ ᠵᠠᠷᠯᠠᠪᠠ᠃ ᠪᠦᠭᠦᠳᠡᠭᠡᠷ᠎ᠢᠶᠡᠨ ᠪᠣᠰᠴᠤ᠌ ᠵᠣᠭ᠍ᠰᠣᠨ ᠤᠯᠤᠰ᠎ᠤᠨ ᠰᠦᠯᠳᠡ ᠳᠠᠭᠤᠤ᠎ᠶ᠋ᠢ ᠬᠠᠩᠭᠢᠨᠠᠳᠠᠯ᠎ᠠ ᠳᠠᠭᠤᠯᠠᠵᠠᠭᠠᠪᠠ᠃

ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶ᠎ᠠ᠎ᠶᠢᠨ ᠭᠡᠱᠢᠭᠦᠨ᠂ ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠳᠡᠳ᠋ ᠳᠠᠷᠤᠭ᠎ᠠ ᠯᠢ ᠭᠠᠨ ᠵᠢᠶ᠍ᠸ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠲᠤᠬᠠᠢ ᠪᠠᠶᠠᠷ᠎ᠤᠨ ᠴᠠᠬᠢᠯᠭᠠᠨ ᠴᠢᠮᠡᠭᠡ᠎ᠶ᠋ᠢ ᠤᠩᠱᠢᠨ ᠨᠡᠢᠲᠡᠯᠡᠪᠡ᠃ ᠸᠠᠩ ᠬ᠍ᠣ ᠨᠢᠩ ᠶᠠᠷᠢᠶ᠎ᠠ ᠲᠠᠯᠪᠢᠪᠠ᠃ ᠲᠡᠷᠡ᠂ 70 ᠵᠢᠯ᠎ᠦᠨ ᠡᠮᠦᠨ᠎ᠡ᠂ ᠨᠠᠮ᠎ᠤᠨ ᠲᠥᠪ ᠬᠣᠷᠢᠶ᠎ᠠ᠎ᠶᠢᠨ ᠳᠣᠲᠣᠨᠣ ᠬᠠᠯᠠᠮᠵᠢᠯᠠᠯ ᠪᠠ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢᠨ ᠲᠤᠶᠠᠭᠠᠯᠠᠯ ᠳᠣᠣᠷ᠎ᠠ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ ᠎ᠢ᠋ ᠲᠤᠩᠬᠠᠭ᠍ᠯᠠᠪᠠ᠃ 70 ᠵᠢᠯ᠎ᠦᠨ ᠲᠤᠷᠰᠢ ᠢᠯᠠᠩᠭᠤᠶ᠎ᠠ ᠱᠢᠨ᠎ᠡ ᠴᠠᠭ ᠦᠶ᠎ᠡ᠎ᠳ᠋ᠤ ᠤᠷᠤᠬᠰᠡᠨ᠎ᠠᠴᠠ ᠨᠠᠭᠠᠰᠢ᠂ ᠨᠠᠮ᠎ᠤᠨ ᠤᠳᠤᠷᠢᠳᠤᠯᠭ᠎ᠠ ᠳᠤᠤᠷ᠎ᠠ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠡᠷᠬᠡ ᠮᠡᠳᠡᠵᠦ᠍ ᠡᠵᠡᠨ ᠰᠠᠭᠤᠵᠤ᠂ ᠨᠡᠢᠭᠡᠮ ᠵᠢᠷᠤᠮᠲᠤ ᠬᠤᠪᠢᠰᠭᠠᠯ᠂ ᠪᠥᠲᠥᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ ᠨᠡᠭᠡᠭᠡᠯᠲᠡ᠎ᠶ᠋ᠢᠨ ᠠᠭᠤᠤ ᠶᠡᠬᠡ ᠢᠯᠠᠯᠲᠠ᠎ᠶ᠋ᠢ ᠲᠠᠰᠤᠷᠠᠯᠲᠠ ᠥᠬᠡᠶ ᠲᠡᠮᠡᠴᠡᠨ ᠤᠯᠪᠠ᠃ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠠᠷ ᠱᠢᠨᠵᠢᠶᠠᠩ᠎ᠤᠨ ᠠᠵᠢᠯ᠎ᠢ ᠬᠢᠨᠠᠨ ᠦᠵᠡᠬᠦ ᠪᠠ ᠤᠬᠠᠭᠠᠯᠠᠨ ᠲᠦᠯᠦᠪᠯᠡᠬᠦ᠎ᠶᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢ ᠲᠣᠭ᠍ᠲᠠᠭᠠᠵᠤ᠂ ᠱᠢᠨᠵᠢᠶᠠᠩ᠎ᠤᠨ ᠡᠯ᠎ᠡ ᠵᠦᠢᠯ᠎ᠦᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠤᠯᠬᠤ᠎ᠶ᠋ᠢ ᠠᠬᠢᠭᠤᠯᠵᠤ᠂ ᠱᠢᠨᠵᠢᠶᠠᠩ ᠪᠦᠬᠦ᠌ ᠤᠯᠤᠰ ᠯᠤᠭ᠎ᠠ ᠬᠠᠮᠲᠤ᠎ᠪᠠᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠵᠦ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ ᠲᠠᠰᠤᠷᠠᠯᠳᠠ ᠦᠭᠡᠢ ᠪᠡᠬᠢᠵᠢᠨ ᠭᠦᠨᠵᠡᠭᠡᠢᠷᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ ᠬᠥᠮᠦᠰ᠎ᠦᠨ ᠰᠡᠳᠭᠢᠯ᠎ᠳᠦ ᠭᠦᠨ ᠬᠠᠳᠠᠩᠱᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠢᠶᠠᠷ ᠣᠮᠣᠭ ᠲᠡᠭᠦᠯᠳᠡᠷ ᠲᠤᠮᠤ ᠠᠯᠬᠤᠮ ᠵᠢᠨᠷ ᠵᠠᠮᠨᠠᠵᠠᠢ ᠭᠡᠵᠤ ᠬᠡᠯᠡᠪᠡ᠃

ᠸᠠᠩ ᠬ᠍ᠣ ᠨᠢᠩ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ 70 ᠵᠢᠯ᠎ᠦᠨ ᠲᠤᠷᠰᠢ ᠣᠯᠤᠭ᠍ᠰᠠᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠨᠢ ᠨᠠᠮ᠎ᠤᠨ ᠤᠳᠤᠷᠢᠳᠤᠯᠭ᠎ᠠ ᠪᠣᠯᠤᠨ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠤᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢᠨ ᠪᠦᠷᠢᠮᠦᠰᠦᠨ ᠵᠥᠪ ᠪᠣᠯᠬᠤ᠎ᠶ᠋ᠢ ᠭᠦᠢᠴᠡᠳ ᠭᠡᠷᠡᠴᠢᠯᠡᠵᠠᠢ ᠭᠡᠵᠤ ᠢᠯᠡᠳᠭᠡᠪᠡ᠃

ᠸᠠᠩ ᠬᠣ᠌ ᠨᠢᠩ᠂ ᠱᠢᠨᠵᠢᠶᠠᠩ᠎ᠤᠨ ᠣᠳᠣᠬᠢᠴᠢᠯᠠᠯᠳᠠ᠎ᠶᠢᠨ ᠪᠦᠲᠦᠭᠡᠨ ᠪᠠᠢᠭᠤᠯᠤᠯᠲᠠ ᠲᠡᠦᠬᠡ᠎ᠶ᠋ᠢᠨ ᠱᠢᠨ᠎ᠡ ᠭᠠᠷᠤᠭ᠎ᠠ ᠳ᠋ᠤ ᠵᠣᠭ᠍ᠰᠣᠵᠤ ᠪᠤᠢ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠎ᠪᠦᠬᠦᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠬᠰᠡᠨ》᠎ᠤ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠤ᠂ ᠱᠢᠨᠵᠢᠶᠠᠩ᠎ᠤᠨ ᠠᠵᠢᠯ᠎ᠤᠨ ᠶᠡᠷᠦᠩᠬᠡᠶ ᠬᠠᠷᠠᠯᠲᠠ᠎ᠶ᠋ᠢ ᠴᠢᠩᠭ᠎ᠠ ᠠᠳᠭᠤᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠠᠲᠤ ᠡᠵᠡᠮᠳᠡᠵᠤ᠂ ᠬᠠᠤᠯᠢ ᠶᠣᠰᠣᠭᠠᠷ ᠱᠢᠨᠵᠢᠶᠠᠩ᠎ᠢ ᠵᠠᠰᠠᠬᠤ᠂ ᠪᠦᠯᠬᠦᠮᠳᠡᠨ ᠰᠢᠨᠵᠢᠶᠠᠩ᠎ᠢ ᠲᠤᠬᠳᠠᠭᠤᠨ ᠪᠠᠢᠯᠭᠠᠬᠤ᠂ ᠰᠣᠶᠣᠯ᠎ᠢᠶᠠᠷ ᠰᠢᠨᠵᠢᠶᠠᠩ᠎ᠢ ᠤᠮᠳᠠᠯᠠᠬᠤ᠂ ᠠᠷᠠᠳ᠎ᠢ ᠪᠠᠶᠠᠵᠢᠭᠤᠯᠵᠤ ᠱᠢᠨᠵᠢᠶᠠᠩ᠎ᠢ ᠬᠦᠭᠵᠢᠬᠦᠯᠤᠨ ᠮᠠᠨᠳᠤᠭᠤᠯᠬᠤ᠂ ᠤᠷᠲᠤ ᠬᠤᠭᠤᠴᠠᠭ᠎ᠠ᠎ᠪᠠᠷ ᠱᠢᠨᠵᠢᠶᠠᠩ᠎ᠢ ᠪᠦᠳᠦᠭᠡᠨ ᠪᠠᠢᠭᠤᠯᠬᠤ᠎ᠶᠢ ᠢᠮᠠᠬᠳᠠ ᠪᠠᠷᠢᠮᠳᠠᠯᠠᠵᠤ᠂ ᠪᠦᠯᠬᠦᠮᠳᠡᠯ ᠲᠠᠢ ᠡᠶ᠎ᠡ ᠵᠤᠬᠢᠴᠠᠨᠭᠭᠤᠢ᠂ ᠴᠡᠴᠡᠭ᠌ᠯᠡᠨ ᠬᠦᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠱᠢᠯᠲᠠ ᠲᠠᠢ᠂ ᠠᠮᠤᠷ ᠲᠠᠢᠪᠤᠩ ᠠᠵᠤ ᠲᠦᠷᠦᠭᠰᠡᠨ᠂ ᠠᠮᠢ ᠠᠬᠤᠶ ᠰᠠᠢᠨ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠱᠢᠨᠵᠢᠶᠠᠩ᠎ᠢ ᠪᠦᠳᠤᠭᠡᠨ ᠪᠠᠢᠭᠤᠯᠬᠤ᠎ᠪᠠᠷ ᠴᠥᠬᠥᠷᠡᠰᠢ ᠦᠭᠡᠢ ᠲᠡᠮᠡᠴᠡᠬᠦ ᠭᠡᠷᠡᠭᠳᠠᠢ ᠭᠡᠵᠤ ᠢᠯᠡᠳᠭᠡᠪᠡ᠃

9 ᠰᠠᠷ᠎ᠠ᠎ᠶᠢᠨ 25 ᠤ᠋ ᠦᠳᠡ᠎ᠶ᠋ᠢᠨ ᠡᠮᠦᠨ᠎ᠡ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠱᠢᠨᠵᠢᠶᠠᠩ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ᠎ᠶᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠪᠠ᠃ ᠸᠠᠩ ᠬᠣ᠌ ᠨᠢᠩ᠂ ᠼᠠᠢ ᠴᠢ ᠶᠡᠭᠡ ᠬᠤᠷᠠᠯ ᠳ᠋ᠤ ᠤᠷᠤᠯᠴᠠᠵᠠᠢ᠃ 

ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠴᠧᠨ ᠱᠢᠶᠤᠤ ᠵᠢᠶᠠᠩ᠂ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠺᠣᠮᠢᠰᠰᠠᠷ ᠾᠧ ᠵᠥᠩ ᠶᠢᠦ᠂ ᠤᠢᠭᠤᠷ ᠦᠨᠳᠦᠰᠦᠲᠡᠨ᠎ᠦ ᠣᠯᠠᠨ ᠲᠦᠮᠡᠨ᠎ᠦ ᠲᠥᠯᠥᠭᠡᠯᠡᠭ᠌ᠴᠢ ᠠᠢᠮᠢᠯᠠᠬᠦ᠋ᠯᠢ·ᠠᠪᠦ᠋ᠳᠦ᠋᠂ ᠬᠢᠲᠠᠳ ᠦᠨᠳᠦᠰᠦᠲᠡᠨ᠎ᠦ ᠣᠯᠠᠨ ᠲᠦᠮᠡᠨ᠎ᠦ ᠲᠥᠯᠥᠭᠡᠯᠡᠭ᠌ᠴᠢ ᠬᠥ᠋ ᠱᠢᠶᠠᠩ ᠹᠸᠩ ᠬᠤᠷᠠᠯ ᠳᠡᠭᠡᠷ᠎ᠡ ᠦᠭᠡ ᠬᠡᠯᠡᠪᠡ᠃

ᠾᠧ ᠯᠢ ᠹᠸᠩ᠂ ᠸᠠᠩ ᠱᠢᠶᠤᠤ ᠬᠣᠩ᠂ ᠱᠢᠤᠸᠠᠢᠺᠸᠯᠠᠢ᠌ᠲ·ᠵᠠᠺᠸᠯ᠂ ᠱᠸᠨ ᠢ ᠴᠢᠨ᠂ ᠸᠠᠩ ᠳ᠋ᠦᠩ ᠹᠸᠩ ᠪᠣᠯᠤᠨ ᠯᠢᠦ ᠵᠧᠨ ᠯᠢ᠂ ᠱᠢᠨᠵᠢᠶᠠᠩ᠎ᠳᠤ ᠠᠵᠢᠯᠯᠠᠵᠤ ᠥᠩᠭᠡᠷᠡᠭ᠌ᠰᠡᠨ ᠠᠬᠠᠮᠠᠳ ᠨᠥᠬᠥᠳ ᠵᠢᠴᠢ ᠲᠥᠪ᠎ᠦᠨ ᠪᠠ ᠲᠦᠷᠦ᠍᠎ᠶ᠋ᠢᠨ ᠪᠠᠢᠭᠤᠯᠭ᠎ᠠ᠎ᠶ᠋ᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ᠂ ᠲᠥᠪ᠎ᠦᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ᠌ ᠪᠦᠷᠢᠯᠳᠦᠬᠦᠨ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ ᠴᠡᠷᠢᠭ᠎ᠦᠨ ᠬᠠᠷᠢᠭᠤᠴᠠᠯᠭᠠᠲᠠᠨ ᠨᠥᠬᠥᠳ ᠶᠡᠬᠡ ᠬᠤᠷᠠᠯ᠎ᠳᠤ ᠣᠷᠣᠯᠴᠠᠵᠠᠢ᠃

ᠱᠢᠨᠬᠤᠸᠠ ᠬᠣᠷᠢᠶ᠎ᠠ᠎ᠶᠢᠨ ᠦᠷᠦᠮᠴᠢ᠎ᠶ᠋ᠢᠨ 9 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            