ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠂ ᠱᠢᠨᠵᠢᠶᠠᠩ᠎ᠤᠨ ᠴᠡᠷᠢᠭ᠎ᠦᠨ ᠲᠣᠭᠣᠷᠢᠭ᠂ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠳᠤ᠄
ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠵᠢᠯ᠎ᠦᠨ ᠣᠶ᠎ᠶ᠋ᠢᠨ ᠲᠠᠱᠢᠷᠠᠮ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ᠎ᠠᠴᠠ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ ᠨᠤᠭᠦᠳ᠎ᠦᠨ ᠺᠠᠳ᠋ᠷ ᠣᠯᠠᠨ ᠲᠦᠮᠡᠨ ᠪᠠ ᠡᠯ᠎ᠡ ᠡᠲᠡᠭᠡᠳ᠎ᠦᠨ ᠬᠥᠮᠦᠰ᠂ ᠱᠢᠨᠵᠢᠶᠠᠩ᠎ᠳᠤ ᠰᠠᠭᠤᠭ᠎ᠠ ᠠᠷᠠᠳ᠎ᠤᠨ ᠴᠢᠯᠥᠭᠡᠯᠡᠬᠦ᠌ ᠴᠡᠷᠢᠭ᠎ᠦᠨ ᠵᠢᠯᠣᠭᠣᠳᠣᠭ᠍ᠴᠢ ᠪᠠᠢᠯᠳᠤᠭ᠍ᠴᠢ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠎ᠶ᠋ᠢᠨ ᠳᠠᠷᠤᠭ᠎ᠠ ᠪᠠᠢᠯᠳᠤᠭ᠍ᠴᠢ ᠪᠠ ᠤᠯᠤᠰ ᠲᠥᠷᠥ᠍ ᠬᠠᠤᠯᠢ ᠴᠠᠭᠠᠵᠠ᠎ᠶ᠋ᠢᠨ ᠺᠠᠳ᠋ᠷ ᠴᠠᠭ᠍ᠳᠠᠭ᠎ᠠ᠂ ᠱᠢᠨᠵᠢᠶᠠᠩ᠎ᠤᠨ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ᠎ᠤ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ᠂ ᠱᠢᠨᠵᠢᠶᠠᠩ᠎ᠳᠤ ᠰᠠᠭᠤᠭ᠎ᠠ ᠲᠥᠪ᠎ᠦᠨ ᠨᠢᠭᠡᠴᠢ᠎ᠶ᠋ᠢᠨ ᠺᠠᠳ᠋ᠷ ᠠᠵᠢᠯᠲᠠᠨ ᠠᠵᠢᠯᠴᠢᠨ ᠪᠠ ᠱᠢᠨᠵᠢᠶᠠᠩ᠎ᠢ ᠲᠤᠰᠠᠯᠠᠬᠤ᠎ᠪᠠᠷ ᠢᠷᠡᠭᠰᠡᠨ ᠪᠥᠬᠥ᠌ ᠺᠠᠳ᠋ᠷ ᠴᠢᠳᠠᠪᠤᠷᠢᠲᠠᠨ᠎ᠳᠤ᠂ ᠱᠢᠨᠵᠢᠶᠠᠩ᠎ᠤᠨ ᠬᠥᠭ᠌ᠵᠢᠯᠲᠡ ᠳᠠᠪᠱᠢᠯᠲᠠ᠎ᠶ᠋ᠢ ᠬᠠᠯᠠᠮᠵᠢᠯᠠᠨ ᠳᠡᠮᠵᠢᠭᠰᠡᠨ ᠪᠥᠬᠥ ᠬᠥᠮᠦᠰ᠎ᠲᠦ ᠬᠠᠯᠠᠭᠤᠨ ᠪᠠᠶᠠᠷ ᠬᠦᠷᠭᠡᠵᠦ᠍ ᠳᠣᠲᠣᠨᠣ ᠲᠣᠬᠣᠨᠢᠭᠤᠯᠵᠤ ᠪᠠᠢᠨ᠎ᠠ!
ᠱᠢᠨᠵᠢᠶᠠᠩ ᠪᠣᠯ ᠡᠷᠲᠡᠨ᠎ᠡᠴᠡ ᠠᠪᠤᠭᠠᠳ ᠮᠠᠨ᠎ᠤ ᠤᠯᠤᠰ᠎ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ᠂ ᠱᠢᠨᠵᠢᠶᠠᠩ᠎ᠤᠨ ᠦᠨᠳᠦᠰᠦᠲᠡᠨ᠎ᠨᠦᠭᠦᠳ ᠪᠣᠯ ᠳᠤᠮᠳᠠᠳᠤ᠎ᠶ᠋ᠢᠨ ᠦᠨᠳᠦᠰᠦᠲᠡᠨ᠎ᠦ ᠴᠢᠰᠤ ᠮᠢᠬᠠᠨ᠎ᠤ ᠪᠠᠷᠢᠯᠳᠤᠯᠭ᠎ᠠ ᠲᠠᠶ ᠭᠡᠷ ᠪᠦᠯᠢ᠎ᠶ᠋ᠢᠨ ᠪᠦᠷᠢᠯᠳᠦᠬᠦᠨ ᠮᠥᠨ᠂ ᠱᠢᠨᠵᠢᠶᠠᠩ᠎ᠤᠨ ᠬᠤᠪᠢ ᠵᠠᠶᠠᠭ᠎ᠠ ᠢᠮᠠᠭ᠍ᠲᠠ ᠠᠭᠤᠤ ᠶᠡᠬᠡ ᠡᠭᠡ ᠤᠯᠤᠰ ᠪᠠ ᠳᠤᠮᠳᠠᠳᠤ ᠶ᠋ᠢᠨ ᠦᠨᠳᠦᠰᠦᠲᠡᠨ᠎ᠦ ᠬᠤᠪᠢ ᠵᠠᠶᠠᠭ᠎ᠠ᠎ᠲᠠᠶ ᠨᠢᠭ᠍ᠲᠠ ᠬᠣᠯᠪᠣᠯᠳᠤᠵᠤ ᠪᠠᠢᠳᠠᠭ᠃ 1955 ᠣᠨ᠎ᠳᠤ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ ᠪᠣᠯ ᠱᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ ᠪᠠ ᠱᠢᠨᠵᠢᠶᠠᠩ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷᠡᠬᠢ ᠨᠢᠭᠡᠨ ᠶᠡᠬᠡ ᠶᠠᠪᠤᠳᠠᠯ ᠮᠥᠨ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠌᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠲᠡᠦᠬᠡᠨ ᠠᠬᠢᠴᠠ᠎ᠶ᠋ᠢ ᠤᠯᠠᠮ ᠨᠢᠭᠡ ᠠᠯᠬᠤᠮ ᠡᠬᠢᠯᠡᠭᠦᠯᠦᠭ᠌ᠰᠡᠨ ᠶᠤᠮ᠃ 70 ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠡᠵᠡᠨ ᠰᠠᠭᠤᠵᠤ ᠡᠷᠬᠡ ᠮᠡᠳᠡᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠠᠮᠵᠢᠯᠲᠠ᠎ᠲᠠᠶ ᠦᠶ᠋ᠯᠡᠳᠦᠯᠭᠡᠵᠢᠭᠦᠯᠵᠦ᠍᠂ ᠨᠡᠢᠭᠡᠮ ᠵᠢᠷᠤᠮ᠎ᠤᠨ ᠬᠤᠪᠢᠰᠭᠠᠯ᠂ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠯᠲᠠ ᠪᠣᠯᠤᠨ ᠥᠭᠡᠷᠡᠴᠢᠯᠡᠯᠲᠡ ᠨᠡᠭᠡᠭᠡᠯᠲᠡ ᠬᠡᠷᠡᠯ ᠰᠠᠴᠤᠷᠠᠩᠭᠤᠶ ᠠᠮᠵᠢᠯᠲᠠ ᠣᠯᠵᠤ᠂ ᠱᠢᠨᠵᠢᠶᠠᠩ᠎ᠤᠨ ᠳᠦᠷᠰᠦ ᠪᠠᠢᠳᠠᠯ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠳᠦᠷᠰᠦ ᠪᠠᠢᠳᠠᠯ᠎ᠳᠤ ᠲᠩᠷᠢ ᠭᠠᠵᠠᠷ᠎ᠢ ᠳᠣᠩᠰᠣᠯᠭᠠᠮ᠎ᠠ ᠲᠡᠦᠬᠡᠲᠦ ᠴᠢᠨᠠᠷᠲᠠᠶ ᠯᠤᠲᠤ ᠶᠡᠬᠡ ᠬᠤᠪᠢᠷᠠᠯᠲᠠ ᠭᠠᠷᠴᠤ᠌᠂ 《ᠨᠠᠮ᠎ᠤᠨ ᠬᠡᠷᠡᠯ ᠭᠢᠯᠪᠠᠭ᠎ᠠ ᠬᠢᠯᠢ ᠬᠢᠵᠠᠭᠠᠷ᠎ᠢ ᠭᠡᠢᠭᠦᠯᠵᠦ᠍᠂ ᠬᠢᠯᠢ ᠬᠢᠵᠠᠭᠠᠷ᠎ᠤᠨ ᠠᠷᠠᠳ ᠲᠦᠮᠡᠨ ᠨᠠᠮ᠎ᠢᠶᠠᠨ ᠬᠦᠷᠢᠶᠡᠯᠡᠬᠦ᠌》 ᠠᠮᠢᠳᠤᠯᠢᠭ ᠬᠠᠭᠤᠳᠠᠰᠤ᠎ᠶ᠋ᠢ ᠪᠢᠴᠢᠭ᠌ᠯᠡᠪᠡ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠱᠢᠨᠵᠢᠶᠠᠩ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢ ᠲᠣᠭ᠍ᠲᠠᠭᠠᠵᠤ᠂ ᠥᠨᠢ ᠤᠳᠠᠭᠠᠨ ᠠᠮᠤᠷ ᠲᠦᠪᠱᠢᠨ ᠳ᠋ᠦ ᠬᠣᠯᠪᠣᠭ᠍ᠳᠠᠬᠤ ᠠᠯᠢ ᠤᠯᠠᠨ ᠦᠨᠳᠦᠰᠦᠨ ᠴᠢᠨᠠᠷᠲᠠᠢ᠂ ᠰᠠᠭᠤᠷᠢ ᠴᠢᠨᠠᠷᠲᠠᠢ᠂ ᠠᠯᠤᠰ ᠬᠡᠳᠤ᠎ᠶ᠋ᠢᠨ ᠴᠢᠨᠠᠷᠲᠠᠢ ᠠᠵᠢᠯ᠎ᠢ ᠪᠠᠢᠷᠢᠯᠠᠭᠤᠯᠤᠨ ᠠᠬᠢᠭᠤᠯᠵᠤ᠂ ᠱᠢᠨᠵᠢᠶᠠᠩ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠤᠯᠬᠤ᠎ᠶᠢ ᠠᠬᠢᠭᠤᠯᠪᠠ᠃ ᠱᠢᠨᠵᠢᠶᠠᠩ ᠪᠦᠬᠦ᠌ ᠤᠯᠤᠰ᠎ᠯᠤᠭ᠎ᠠ ᠬᠠᠮᠲᠤ᠎ᠪᠠᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠵᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠣᠷᠳᠠᠪᠠ᠃ ᠨᠡᠢᠭᠡᠮ᠎ᠦᠨ ᠲᠣᠭ᠍ᠲᠠᠭᠤᠨ ᠪᠠᠢᠳᠠᠯ ᠪᠠ ᠥᠨᠢ ᠤᠳᠠᠭᠠᠨ ᠠᠮᠤᠷ ᠲᠦᠪᠱᠢᠨ ᠪᠠᠢᠯᠭᠠᠬᠤ ᠶᠡᠷᠦᠩᠬᠡᠢ ᠬᠠᠷᠠᠯᠲᠠ᠎ᠶᠢ ᠴᠢᠩᠭ᠎ᠠ ᠠᠳᠭᠤᠵᠤ᠂ ᠨᠡᠢᠭᠡᠮ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠬᠤ ᠶᠠᠪᠤᠳᠠᠯ᠎ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠱᠢᠨᠵᠢᠶᠠᠩ᠎ᠤᠨ ᠨᠡᠢᠭᠡᠮ᠎ᠦᠨ ᠶᠡᠬᠡ ᠲᠠᠯ᠎ᠠ᠎ᠶ᠋ᠢᠨ ᠦᠷᠭᠦᠯᠵᠢᠯᠡᠨ ᠲᠣᠭ᠍ᠲᠠᠭᠤᠨ ᠪᠠᠢᠬᠤ᠎ᠶ᠋ᠢ ᠪᠠᠲᠤᠯᠠᠪᠠ᠃ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠡᠳᠦᠷ᠎ᠡᠴᠡ ᠡᠳᠦᠷ ᠱᠢᠨᠡᠳᠴᠦ᠍᠂ ᠨᠡᠢᠭᠡᠮ᠎ᠦᠨ ᠦᠢᠯᠡᠰ ᠪᠦᠬᠦ᠌ ᠲᠠᠯ᠎ᠠ᠎ᠪᠠᠷ ᠲᠠᠪᠱᠢᠵᠦ᠍᠂ ᠠᠷᠠᠳ᠎ᠤᠨ ᠠᠮᠢᠳᠤᠷᠠᠯ᠎ᠤᠨ ᠲᠦᠪᠱᠢᠨ ᠶᠡᠬᠡᠪᠡᠷ ᠳᠡᠭᠡᠭ᠌ᠰᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠢᠯᠡᠳᠲᠡ ᠨᠡᠮᠡᠭ᠌ᠳᠡᠪᠡ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠢ ᠪᠠᠷᠢᠮᠲᠠᠯᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠱᠠᠱᠢᠨ ᠰᠤᠷᠲᠠᠬᠤᠨ᠎ᠤ ᠠᠵᠢᠯ᠎ᠤᠨ ᠦᠨᠳᠦᠰᠦᠨ ᠴᠢᠭ᠌ᠯᠡᠯᠲᠡ᠎ᠶ᠋ᠢ ᠵᠥᠪ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠥᠷᠭᠡᠨ ᠭᠦᠨᠵᠡᠭᠡᠢ ᠪᠣᠯᠭᠠᠪᠠ᠃ ᠰᠣᠶᠣᠯ᠎ᠢᠶᠠᠷ ᠱᠢᠨᠵᠢᠶᠠᠩ᠎ᠢ ᠤᠮᠳᠠᠯᠠᠬᠤ ᠠᠵᠢᠯ᠎ᠢ ᠭᠦᠨᠵᠡᠭᠡᠢ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠲᠡᠯᠭᠡᠷᠡᠭᠦᠯᠬᠦ ᠬᠡᠮᠵᠢᠶ᠎ᠡ ᠲᠠᠰᠤᠷᠠᠯᠳᠠ ᠦᠭᠡᠢ ᠳᠡᠭᠡᠭ᠌ᠰᠢᠯᠡᠵᠦ᠍᠂ 《ᠲᠠᠪᠤᠨ ᠬᠠᠮᠲᠤ᠎ᠶ᠋ᠢᠨ ᠲᠠᠨᠢᠯᠲᠠ》 ᠲᠠᠰᠤᠷᠠᠯᠳᠠ ᠦᠭᠡᠢ ᠴᠢᠩᠭᠠᠷᠠᠪᠠ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠢᠯᠡᠳᠲᠡ ᠦᠷ᠎ᠡ ᠪᠦᠲᠦᠮᠵᠢ ᠣᠯᠵᠤ᠂ ᠡᠬᠡ ᠤᠯᠤᠰ᠎ᠤᠨ ᠪᠠᠷᠠᠭᠤᠨ ᠬᠣᠢᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠦᠢᠯᠡᠳᠦᠯ ᠡᠳᠦᠷ ᠢᠷᠡᠬᠦᠶ᠎ᠡ ᠢᠯᠡᠷᠬᠡᠶ ᠪᠣᠯᠪᠠ᠃ ᠨᠠᠮ᠎ᠤᠨ ᠤᠳᠤᠷᠢᠳᠤᠯᠭ᠎ᠠ ᠪᠣᠯᠤᠨ ᠨᠠᠮ᠎ᠤᠨ ᠪᠠᠢᠭᠤᠯᠤᠯᠲᠠ ᠪᠦᠬᠦ᠌ ᠲᠠᠯ᠎ᠠ᠎ᠪᠠᠷ ᠴᠢᠩᠭᠠᠷᠠᠵᠤ᠂ ᠨᠠᠮ᠎ᠤᠨ ᠱᠢᠨᠵᠢᠶᠠᠩᠳ᠋ᠡᠬᠢ ᠲᠦᠷᠦ᠍ ᠪᠠᠷᠢᠬᠤ ᠰᠠᠭᠤᠷᠢ ᠨᠡᠩ ᠪᠡᠬᠢᠵᠢᠪᠡ᠃ ᠥᠨᠥᠳᠦᠷ᠎ᠦᠨ ᠱᠢᠨᠵᠢᠶᠠᠩ᠎ᠳᠤ᠂ ᠲᠩᠷᠢ ᠠᠭᠤᠯᠠ᠎ᠶ᠋ᠢᠨ ᠡᠮᠦᠨ᠎ᠡ ᠤᠮᠠᠷᠠᠳᠤ ᠠᠮᠤᠷ ᠲᠣᠭ᠍ᠲᠠᠭᠤᠨ᠂ ᠥᠷᠨᠢᠭᠦᠨ ᠬᠥᠭ᠌ᠵᠢᠭ᠌ᠰᠡᠨ ᠱᠢᠨ᠎ᠡ ᠪᠠᠢᠳᠠᠯ ᠢᠯᠡᠷᠡᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠨᠠᠮ᠎ᠤᠨ ᠤᠳᠤᠷᠢᠳᠤᠯᠭ᠎ᠠ ᠳᠣᠣᠷ᠎ᠠ ᠪᠦᠯᠬᠦᠮᠳᠡᠵᠤ ᠰᠡᠳᠬᠢᠯ ᠨᠢᠭᠡᠳᠤᠨ ᠤᠷᠤᠭ᠍ᠰᠢᠯᠠᠵᠤ ᠪᠠᠢᠨ᠎ᠠ᠃
ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ 70 ᠵᠢᠯ᠎ᠦᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠬᠢᠯᠪᠠᠷ ᠪᠤᠰᠤ᠎ᠪᠠᠷ ᠢᠷᠡᠵᠠᠢ᠂ ᠲᠤᠷᠱᠢᠯᠭ᠎ᠠ ᠲᠤᠢᠯ᠎ᠤᠨ ᠡᠷᠬᠢᠮ ᠨᠠᠨᠳᠢᠨ ᠶᠤᠮ᠃ ᠡᠨᠡ ᠪᠣᠯ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ᠎ᠶ᠋ᠢᠨ ᠦᠷ᠎ᠡ ᠳ᠋ᠦᠩ ᠮᠥᠨ᠂ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠬᠤᠭᠤᠴᠠᠭ᠎ᠠ ᠪᠦᠷᠢ᠎ᠶ᠋ᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠴᠢ ᠡᠨᠡᠷᠢᠯ᠎ᠳᠦ ᠲᠠᠯᠠᠷᠬᠠᠨ ᠡᠷᠡᠮᠡᠬᠡᠢᠯᠡᠨ ᠤᠷᠤᠬᠰᠢᠯᠠᠵᠤ᠂ ᠴᠦᠬᠦᠷᠡᠰᠢ ᠦᠭᠡᠢ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠬᠠᠮᠲᠤ᠎ᠪᠠᠷ ᠲᠡᠮᠡᠴᠡᠵᠦ᠍᠂ ᠶᠡᠬᠡᠪᠡᠷ ᠳᠡᠮᠵᠢᠭ᠌ᠰᠡᠨᠦ ᠦᠷ᠎ᠡ ᠳ᠋ᠦᠩ ᠮᠥᠨ᠃ ᠨᠠᠮ᠎ᠤᠨ ᠲᠥᠪ ᠬᠣᠷᠢᠶ᠎ᠠ᠎ᠶᠢᠨ ᠱᠢᠨᠵᠢᠶᠠᠩ᠎ᠤᠨ ᠠᠵᠢᠯ᠎ᠤᠨ ᠲᠤᠬᠠᠢ ᠦᠨᠳᠦᠰᠦᠨ ᠪᠤᠳᠤᠯᠭ᠎ᠠ ᠴᠢᠭ᠌ᠯᠡᠯᠲᠡ ᠪᠣᠯ ᠪᠦᠷᠢᠮᠦᠰᠦᠨ ᠵᠥᠪ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠠᠮ ᠪᠣᠯ ᠪᠦᠷᠢᠮᠦᠰᠦᠨ ᠵᠥᠪ ᠭᠡᠳᠡᠭ᠎ᠢ ᠦᠢᠯᠡᠳᠦᠯᠭᠡ ᠭᠡᠷᠡᠴᠢᠯᠡᠪᠡ᠃ ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠵᠠᠮ᠎ᠢ ᠪᠠᠷᠢᠮᠲᠠᠯᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠪᠠᠯ ᠰᠠᠶᠢ ᠱᠢᠨᠵᠢᠶᠠᠩ᠎ᠤᠨ ᠥᠨᠢ ᠤᠳᠠᠭᠠᠨ ᠠᠮᠤᠷ ᠲᠦᠪᠱᠢᠨ ᠪᠠᠢᠬᠤ᠂ ᠴᠡᠴᠡᠭ᠌ᠯᠡᠨ ᠬᠥᠭ᠌ᠵᠢᠬᠦ᠌᠎ᠶ᠋ᠢ ᠪᠡᠶᠡᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠵᠤ ᠴᠢᠳᠠᠨ᠎ᠠ᠃
ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠨᠠᠮ᠎ᠤᠨ ᠭᠣᠣᠯ ᠡᠭᠦᠷᠭᠡ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠶᠠᠪᠤᠳᠠᠯ ᠪᠣᠯᠤᠨ᠎ᠠ᠃ ᠲᠡᠦᠬᠡ ᠶ᠋ᠢᠨ ᠱᠢᠨ᠎ᠡ ᠭᠠᠷᠤᠭ᠎ᠠ ᠳᠡᠭᠡᠷ᠎ᠡ ᠵᠣᠭ᠍ᠰᠣᠵᠤ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠢᠮᠠᠭ᠍ᠲᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠬᠤ᠎ᠶ᠋ᠢ ᠬᠦᠰᠡᠵᠦ᠍ ᠪᠠᠢᠨ᠎ᠠ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ᠎ᠶᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》᠎ᠤ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢ ᠴᠢᠩᠭᠠᠳᠭᠠᠵᠤ᠂ 《ᠳᠥᠷᠪᠡᠨ ᠢᠲᠡᠭᠡᠯ》᠎ᠢᠶᠠᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶᠢ ᠪᠡᠶᠡᠯᠡᠭᠦᠯᠵᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠱᠢᠨᠵᠢᠶᠠᠩ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨᠵᠢᠶᠠᠩ᠎ᠤᠨ ᠤᠯᠤᠰ᠎ᠤᠨ ᠪᠦᠬᠦ᠌ ᠲᠠᠯ᠎ᠠ᠎ᠳᠠᠬᠢ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠂ ᠱᠢᠨᠵᠢᠶᠠᠩ᠎ᠤᠨ ᠠᠵᠢᠯ᠎ᠤᠨ ᠶᠡᠷᠦᠩᠬᠡᠶ ᠬᠠᠷᠠᠯᠲᠠ᠎ᠶ᠋ᠢ ᠴᠢᠩᠭ᠎ᠠ ᠠᠳᠭᠤᠵᠤ᠂ ᠬᠠᠤᠯᠢ ᠶᠤᠰᠤᠭᠠᠷ ᠱᠢᠨᠵᠢᠶᠠᠩ᠎ᠢ ᠵᠠᠰᠠᠬᠤ᠂ ᠪᠦᠯᠬᠦᠮᠳᠡᠨ ᠰᠢᠨᠵᠢᠶᠠᠩ᠎ᠢ ᠲᠤᠭᠳᠠᠪᠤᠷᠢᠵᠢᠭᠤᠯᠬᠤ᠂ ᠰᠣᠶᠣᠯ᠎ᠢᠶᠠᠷ ᠰᠢᠨᠵᠢᠶᠠᠩ᠎ᠢ ᠤᠮᠳᠠᠯᠠᠬᠤ᠂ ᠠᠷᠠᠳ᠎ᠢ ᠪᠠᠶᠠᠵᠢᠭᠤᠯᠤᠨ ᠱᠢᠨᠵᠢᠶᠠᠩ᠎ᠢ ᠬᠦᠭᠵᠢᠭᠦᠯᠬᠦ᠂ ᠤᠷᠲᠤ ᠬᠤᠭᠤᠴᠠᠭ᠎ᠠ᠎ᠪᠠᠷ ᠱᠢᠨᠵᠢᠶᠠᠩ᠎ᠢ ᠪᠦᠳᠦᠭᠡᠨ ᠪᠠᠢᠭᠤᠯᠬᠤ᠎ᠶᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠦᠨ᠂ ᠴᠢᠨᠠᠷ ᠰᠠᠢᠲᠠᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠡᠨ ᠬᠦ᠌ ᠪᠠᠲᠤ ᠴᠤᠭᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ ᠪᠦᠯᠬᠦᠮᠳᠡᠯ ᠲᠠᠢ ᠡᠶ᠎ᠡ ᠵᠣᠬᠢᠴᠠᠨᠭᠭᠤᠢ᠂ ᠴᠡᠴᠡᠭ᠌ᠯᠡᠨ ᠬᠦᠭᠵᠢᠭᠰᠡᠨ ᠪᠠᠶᠠᠨ ᠴᠢᠨᠡᠭᠡᠯᠢᠭ᠂ ᠪᠣᠯᠪᠠᠰᠤᠨ ᠳᠠᠪᠱᠢᠯᠲᠠ ᠲᠠᠢ᠂ ᠠᠮᠤᠷ ᠲᠠᠢᠪᠤᠩ ᠠᠵᠤ ᠲᠦᠷᠦᠭᠦ᠌᠂ ᠠᠮᠢ ᠠᠬᠤᠶ ᠰᠠᠢᠨ ᠰᠠᠢᠬᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠱᠢᠨᠵᠢᠶᠠᠩ᠎ᠢ ᠴᠢᠷᠮᠠᠢᠨ ᠪᠠᠢᠭᠤᠯᠤᠶ᠎ᠠ᠃
ᠱᠢᠨᠵᠢᠶᠠᠩ᠎ᠳᠤ ᠰᠠᠭᠤᠭ᠎ᠠ ᠠᠷᠠᠳ᠎ᠤᠨ ᠴᠢᠯᠥᠭᠡᠯᠡᠬᠦ᠌ ᠴᠡᠷᠢᠭ᠂ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠭᠢ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡ ᠪᠣᠯᠤᠨ ᠱᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶ᠋ᠢᠨ ᠪᠢᠩᠲ᠋ᠤᠸᠠᠨ ᠪᠣᠯ ᠡᠬᠡ ᠤᠯᠤᠰ᠎ᠤᠨ ᠨᠢᠭᠡᠳᠦᠯ᠎ᠢ ᠬᠠᠮᠠᠭᠠᠯᠠᠬᠤ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠱᠢᠨᠵᠢᠶᠠᠩ᠎ᠢ ᠲᠣᠭ᠍ᠲᠠᠪᠤᠷᠢᠵᠢᠭᠤᠯᠤᠨ ᠱᠢᠨᠵᠢᠶᠠᠩ᠎ᠢ ᠮᠠᠨᠳᠤᠭᠤᠯᠬᠤ ᠴᠢᠬᠤᠯᠠ ᠬᠦᠴᠦᠨ ᠮᠥᠨ᠃ ᠡᠭᠦᠷᠭᠡ ᠬᠠᠷᠢᠭᠤᠴᠠᠯᠭ᠎ᠠ᠎ᠪᠠᠨ ᠢᠮᠠᠭ᠍ᠲᠠ ᠪᠠᠲᠤ ᠴᠡᠭᠡᠵᠢᠯᠡᠵᠦ᠍᠂ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ᠎ᠪᠡᠷ ᠱᠢᠯᠢᠳᠡᠭ ᠤᠯᠠᠮᠵᠢᠯᠠᠯ ᠪᠠ ᠰᠤᠷᠲᠠᠯ᠎ᠢᠶᠠᠨ ᠦᠷᠭᠦᠯᠵᠢᠯᠡᠨ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠬᠠᠮᠠᠭᠠᠯᠠᠨ ᠠᠬᠢᠭᠤᠯᠵᠤ᠂ ᠴᠡᠷᠢᠭ ᠵᠠᠰᠠᠭ ᠪᠦᠯᠬᠦᠮᠳᠡᠭ᠌ᠰᠡᠨ᠂ ᠴᠡᠷᠢᠭ ᠠᠷᠠᠳ ᠪᠦᠯᠬᠦᠮᠳᠡᠭ᠌ᠰᠡᠨ᠂ ᠴᠠᠭ᠍ᠳᠠᠭ᠎ᠠ ᠠᠷᠠᠳ ᠪᠦᠯᠬᠦᠮᠳᠡᠭ᠌ᠰᠡᠨ᠂ ᠴᠡᠷᠢᠭ ᠠᠨᠭᠭᠢ ᠪᠠ ᠣᠷᠣᠨ ᠨᠤᠲᠤᠭ ᠪᠦᠯᠬᠦᠮᠳᠡᠭ᠌ᠰᠡᠨ ᠪᠠᠢᠳᠠᠯ᠎ᠢ ᠪᠡᠬᠢᠵᠢᠭᠦᠯᠦᠨ ᠴᠢᠩᠭᠠᠳᠭᠠᠵᠤ᠂ ᠱᠢᠨᠵᠢᠶᠠᠩ᠎ᠤᠨ ᠥᠭᠡᠷᠡᠴᠢᠯᠡᠯᠲᠡ ᠬᠦᠭᠵᠢᠯᠲᠡ ᠲᠣᠭ᠍ᠲᠠᠭᠤᠨ᠎ᠳᠤ ᠲᠠᠬᠢᠨ ᠱᠢᠨ᠎ᠡ ᠭᠠᠪᠢᠶ᠎ᠠ ᠪᠠᠢᠭᠤᠯᠬᠤ ᠬᠡᠷᠡᠭ᠌ᠲᠡᠢ᠃
ᠪᠢᠲᠠ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠵᠤᠷᠢᠭᠳᠠᠢ ᠵᠢᠳᠭᠦᠵᠦ᠂ ᠪᠣᠳᠠᠲᠠᠢ ᠠᠵᠢᠯᠯᠠᠨ ᠲᠡᠮᠡᠴᠡᠵᠦ᠍᠂ ᠡᠭᠡ ᠤᠯᠤᠰ᠎ᠤᠨ ᠱᠢᠨᠵᠢᠶᠠᠩ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠡ ᠪᠠᠢᠭᠤᠯᠤᠶ᠎ᠠ!
ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠤ ᠴᠡᠴᠡᠭ᠌ᠯᠡᠨ ᠬᠥᠭ᠌ᠵᠢᠬᠦ᠌᠎ᠶ᠋ᠢ ᠵᠥᠩᠨᠡᠶ᠎ᠡ!
ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠬᠤ᠎ᠶ᠋ᠢ ᠵᠥᠩᠨᠡᠶ᠎ᠡ!
ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ ᠮᠠᠨᠳᠤᠲᠤᠭᠠᠢ!
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ
ᠲᠥᠷᠥ᠎ᠶ᠋ᠢᠨ ᠶᠠᠪᠤᠳᠠᠯ᠎ᠤᠨ ᠬᠣᠷᠢᠶ᠎ᠠ
ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ
ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ
2025 ᠣᠨ᠎ᠤ 9 ᠰᠠᠷ᠎ᠠ᠎ᠶ᠋ᠢᠨ 25 ᠤ᠋ ᠡᠳᠦᠷ
ᠱᠢᠨᠬᠤᠸᠠ ᠬᠣᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 25 ᠤ᠋ ᠴᠠᠬᠢᠯᠭᠠᠨ ᠮᠡᠳᠡᠭᠡ