ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 76 ᠵᠢᠯ᠎ᠦᠨ ᠣᠶ᠎ᠶᠢ ᠪᠡᠯᠭᠡᠯᠡᠬᠦ ᠲᠠᠰᠢᠷᠠᠮ᠎ᠢᠶᠠᠷ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠡᠴᠡ ᠦᠢᠯᠡᠳᠦᠭᠰᠡᠨ ᠲᠤᠰᠬᠠᠢ ᠰᠡᠳᠦᠪᠳᠤ ᠹᠢᠯᠢᠮ 《ᠰᠢ᠎ᠵᠢᠨ᠎ᠫᠢᠩ᠎ᠦᠨ ᠰᠣᠶᠣᠯ᠎ᠤᠨ ᠬᠤᠪᠢ ᠪᠠᠷᠢᠯᠳᠤᠯᠭ᠎ᠠ》 ᠪᠣᠯᠣᠨ ᠲᠣᠮᠣ᠌ ᠬᠡᠯᠪᠡᠷᠢ᠎ᠶᠢᠨ ᠲᠤᠰᠬᠠᠢ ᠰᠡᠳᠦᠪᠲᠦ ᠫᠷᠣᠭ᠌ᠷᠠᠮ 《ᠰᠢ᠎ᠵᠢᠨ᠎ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠶᠢᠨ ᠰᠢᠷᠢᠰ ᠲᠠᠢᠯᠤᠮᠵᠢ》᠎ᠶᠢ 9 ᠰᠠᠷ᠎ᠠ᠎ᠶᠢᠨ 28 ᠤ᠋ ᠡᠳᠦᠷ᠂ 29 ᠤ᠋ ᠡᠳᠦᠷ᠎ᠡᠴᠡ ᠡᠬᠢᠯᠡᠨ ᠲᠣᠰ ᠲᠣᠰ ᠣᠣᠮᠧᠨ᠂ ᠰᠢᠶᠠᠩᠭᠠᠩ ᠭᠠᠵᠠᠷ ᠣᠷᠣᠨ᠎ᠤ ᠣᠯᠠᠨ ᠭᠣᠣᠯ ᠵᠠᠭᠤᠴᠢᠯᠠᠭᠤᠷ᠎ᠲᠤ ᠨᠡᠪᠲᠡᠷᠡᠭᠦᠯᠪᠡ᠃
ᠲᠧᠯᠸᠢᠰ᠎ᠤᠨ ᠲᠤᠰᠬᠠᠢ ᠰᠡᠳᠦᠪᠲᠦ ᠹᠢᠯᠢᠮ 《ᠰᠢ᠎ᠵᠢᠨ᠎ᠫᠢᠩ᠎ᠦᠨ ᠰᠣᠶᠣᠯ᠎ᠤᠨ ᠬᠤᠪᠢ ᠪᠠᠷᠢᠯᠳᠤᠯᠭ᠎ᠠ》᠎ᠳᠤ ᠲᠡᠷᠢᠭᠦᠯᠡᠭᠴᠢ ᠰᠢ᠎ᠵᠢᠨ᠎ᠫᠢᠩ᠎ᠦᠨ ᠰᠣᠶᠣᠯ᠎ᠢ ᠤᠯᠠᠮᠵᠢᠯᠠᠨ ᠬᠥᠭᠵᠢᠭᠦᠯᠬᠦ᠎ᠶᠢ ᠭᠦᠨᠵᠡᠭᠡᠢ ᠰᠡᠳᠬᠢᠨ ᠪᠤᠳᠤᠯᠬᠢᠯᠠᠭᠰᠠᠨ ᠴᠢᠬᠤᠯᠠ ᠶᠡᠬᠡ ᠰᠡᠳᠦᠪ᠂ ᠰᠣᠶᠣᠯ᠎ᠢ ᠬᠠᠮᠠᠭᠠᠯᠠᠬᠤ᠎ᠶᠢ ᠪᠡᠶ᠎ᠡ᠎ᠪᠡᠷ᠎ᠢᠶᠡᠨ ᠵᠢᠷᠤᠭᠯᠠᠨ ᠲᠥᠯᠥᠪᠯᠡᠵᠦ ᠠᠬᠢᠭᠤᠯᠤᠭᠰᠠᠨ ᠠᠮᠢᠳᠤᠯᠢᠭ᠋ ᠦᠯᠢᠭᠡᠷ᠎ᠤᠳ᠎ᠢ ᠰᠤᠨᠭᠭᠤᠵᠤ ᠤᠷᠤᠭᠤᠯᠤᠨ᠂ ᠲᠡᠷᠢᠭᠦᠯᠡᠭᠴᠢ ᠰᠢ᠎ᠵᠢᠨ᠎ᠫᠢᠩ᠎ᠦᠨ ᠭᠦᠨ ᠵᠤᠵᠠᠭᠠᠨ ᠦᠨᠳᠦᠰᠦᠲᠡᠨ᠎ᠦ ᠬᠠᠢᠷ᠎ᠠ ᠰᠡᠳᠬᠢᠯᠭᠡ ᠪᠠ ᠭᠦᠨ ᠵᠤᠵᠠᠭᠠᠨ ᠰᠣᠶᠣᠯ᠎ᠤᠨ ᠬᠠᠢᠷ᠎ᠠ ᠰᠡᠳᠬᠢᠯᠭᠡ᠎ᠶᠢ ᠢᠯᠡᠷᠡᠭᠦᠯᠪᠡ᠃ ᠫᠷᠣᠭ᠌ᠷᠠᠮ ᠨᠢ ᠰᠢ᠎ᠵᠢᠨ᠎ᠫᠢᠩ᠎ᠦᠨ ᠠᠵᠢᠯᠯᠠᠵᠤ ᠪᠠᠢᠭᠰᠠᠨ ᠪᠤᠶᠤ ᠪᠠᠢᠴᠠᠭᠠᠨ ᠰᠤᠳᠤᠯᠤᠯᠲᠠ ᠬᠢᠵᠦ ᠥᠩᠭᠡᠷᠡᠭᠰᠡᠨ ᠭᠠᠵᠠᠷ ᠣᠷᠣᠨ᠎ᠢᠶᠠᠷ ᠲᠤᠬᠠᠢ᠎ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠬᠣᠪᠣᠷ ᠨᠠᠨᠳᠢᠨ ᠳᠦᠷᠰᠦ ᠰᠢᠩᠭᠡᠭᠡᠯᠲᠡ᠎ᠶᠢᠨ ᠮᠠᠲᠧᠷᠢᠶᠠᠯ ᠪᠣᠯᠣᠨ ᠡᠭᠡᠯ ᠪᠣᠷᠣᠭᠵᠢᠭᠤᠨ ᠬᠦᠦᠷᠨᠢᠯ᠎ᠦᠨ ᠬᠡᠪ ᠨᠠᠮᠪᠠ᠎ᠪᠠᠷ ᠳᠠᠮᠵᠢᠨ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠪᠣᠯᠪᠠᠰᠤᠨ᠎ᠤ ᠡᠬᠢ ᠰᠤᠷᠪᠤᠯᠵᠢ᠎ᠶᠢ ᠬᠠᠢᠬᠤ᠂ ᠰᠣᠶᠣᠯ᠎ᠤᠨ ᠥᠪ᠎ᠢ ᠬᠠᠮᠠᠭᠠᠯᠠᠬᠤ ᠵᠡᠷᠭᠡ ᠲᠠᠯ᠎ᠠ᠎ᠪᠠᠷ ᠬᠢ ᠦᠢᠯᠡᠳᠦᠯᠭᠡ᠎ᠶᠢᠨ ᠴᠢᠷᠮᠠᠢᠯᠭ᠎ᠠ᠎ᠶᠢ ᠪᠣᠰᠣᠭ᠎ᠠ ᠴᠣᠭᠴᠠ᠎ᠪᠠᠷ ᠢᠯᠡᠷᠡᠭᠦᠯᠵᠦ᠂ 《ᠰᠣᠶᠣᠯ ᠮᠠᠨᠳᠤᠪᠠᠯ ᠤᠯᠤᠰ ᠮᠠᠨᠳᠤᠵᠤ᠂ ᠰᠣᠶᠣᠯ ᠬᠦᠴᠦᠷᠬᠡᠭᠵᠢᠪᠡᠯ ᠦᠨᠳᠦᠰᠦᠲᠡᠨ ᠬᠦᠴᠦᠷᠬᠡᠭᠵᠢᠬᠦ》 ᠥᠷᠲᠡᠭ᠎ᠦᠨ ᠣᠢᠯᠠᠭᠠᠭᠳᠠᠬᠤᠨ᠎ᠢ ᠠᠮᠢᠳᠤᠯᠢᠭ᠋᠎ᠢᠶᠠᠷ ᠲᠠᠢᠯᠪᠤᠷᠢᠯᠠᠪᠠ᠃
ᠰᠢ᠎ᠵᠢᠨ᠎ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠶᠢ ᠰᠢᠰᠲᠧᠮ᠎ᠲᠠᠢ ᠲᠠᠢᠯᠪᠤᠷᠢᠯᠠᠭᠰᠠᠨ ᠲᠤᠰᠬᠠᠢ ᠰᠡᠳᠦᠪᠲᠦ ᠲᠧᠯᠸᠢᠰ ᠫᠷᠣᠭ᠌ᠷᠠᠮ ᠪᠣᠯᠤᠭᠰᠠᠨ᠎ᠤ ᠬᠤᠪᠢ᠎ᠳᠤ᠂ 《ᠰᠢ᠎ᠵᠢᠨ᠎ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠶᠢᠨ ᠰᠢᠷᠢᠰ ᠲᠠᠢᠯᠤᠮᠵᠢ》 ᠨᠢ 《ᠴᠢᠨᠠᠷ ᠰᠠᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ᠎ᠶᠢᠨ ᠬᠠᠲᠠᠭᠤ ᠶᠣᠰᠣ᠌》᠂ 《ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠯ ᠪᠢᠳᠡᠨ᠎ᠦ ᠲᠡᠮᠡᠴᠡᠬᠦ ᠬᠠᠷᠠᠯᠲᠠ ᠮᠥᠨ》 ᠭᠡᠬᠦ ᠵᠡᠷᠭᠡ ᠲᠡᠷᠢᠭᠦᠯᠡᠭᠴᠢ ᠰᠢ᠎ᠵᠢᠨ᠎ᠫᠢᠩ᠎ᠦᠨ ᠴᠢᠬᠤᠯᠠ ᠥᠭᠦᠯᠡᠯᠲᠡ᠎ᠶᠢ ᠨᠠᠷᠢᠨ ᠬᠢᠨᠠᠮᠠᠭᠠᠢ ᠰᠣᠩᠭᠣᠵᠦ᠂ 100 ᠭᠠᠷᠤᠢ ᠦᠨᠳᠦᠰᠦᠨ ᠱᠠᠲᠤᠨ᠎ᠤ ᠦᠢᠯᠡᠳᠦᠯᠭᠡ᠎ᠶᠢᠨ ᠬᠡᠷᠡᠭ᠎ᠦᠨ ᠵᠢᠱ᠌ᠢᠶ᠎ᠡ ᠪᠠ 40 ᠭᠠᠷᠤᠢ ᠠᠵᠢᠭ᠍ᠯᠠᠭ᠍ᠴᠢ᠎ᠶᠢᠨ ᠲᠠᠢᠯᠪᠤᠷᠢᠯᠠᠯᠳᠠ᠎ᠲᠠᠢ ᠤᠶᠠᠯᠳᠤᠭᠤᠯᠵᠤ᠂ ᠰᠢ᠎ᠵᠢᠨ᠎ᠫᠢᠩ᠎ᠦᠨ ᠠᠵᠤ ᠠᠬᠤᠢ᠎ᠶᠢᠨ ᠦᠵᠡᠯ ᠰᠠᠨᠠᠭ᠎ᠠ᠎ᠶᠢᠨ ᠴᠠᠭ ᠦᠶ᠎ᠡ᠎ᠶᠢᠨ ᠣᠨᠴᠠᠯᠢᠭ᠂ ᠣᠨᠣᠯ᠎ᠤᠨ ᠥᠷᠲᠡᠭ ᠪᠠ ᠦᠢᠯᠡᠳᠦᠯᠭᠡ᠎ᠶᠢᠨ ᠠᠭᠤᠤ ᠬᠦᠴᠦᠨ᠎ᠢ ᠠᠮᠢᠳᠤᠯᠢᠭ᠋᠎ᠢᠶᠠᠷ ᠲᠣᠳᠣᠷᠬᠠᠢᠯᠠᠨ ᠥᠭᠦᠯᠡᠵᠦ᠂ ᠲᠡᠷᠢᠭᠦᠯᠡᠭᠴᠢ ᠰᠢ᠎ᠵᠢᠨ᠎ᠫᠢᠩ᠎ᠦᠨ ᠲᠤᠮᠤ ᠨᠠᠮ ᠲᠤᠮᠤ ᠤᠯᠤᠰ᠎ᠤᠨ ᠤᠳᠤᠷᠢᠳᠤᠭ᠍ᠴᠢ ᠪᠤᠯᠤᠭᠰᠠᠨ᠎ᠤ ᠭᠠᠷᠮᠠᠭᠠᠢ ᠤᠯᠤᠰ ᠲᠦᠷᠦ᠎ᠶᠢᠨ ᠤᠶᠤᠨ ᠤᠬᠠᠭᠠᠨ᠂ ᠦᠷᠬᠡᠨ ᠲᠡᠯᠬᠡᠷ ᠲᠡᠦᠬᠡ᠎ᠶᠢᠨ ᠬᠠᠷᠠᠭ᠎ᠠ᠂ ᠢᠯᠡ ᠲᠣᠳᠣ᠌ ᠠᠷᠠᠳ ᠲᠦᠮᠡᠨ᠎ᠦ ᠵᠣᠭᠰᠣᠯᠲᠠ᠎ᠶᠢ ᠬᠦᠴᠦᠲᠡᠢ ᠢᠯᠡᠷᠡᠭᠦᠯᠪᠡ᠃
ᠲᠧᠯᠸᠢᠰ᠎ᠦᠨ ᠲᠤᠰᠭᠠᠶ ᠰᠡᠳᠦᠪᠲᠦ ᠹᠢᠯᠢᠮ 《ᠰᠢ᠎ᠵᠢᠨ᠎ᠫᠢᠩ᠎ᠦᠨ ᠰᠣᠶᠣᠯ᠎ᠤᠨ ᠬᠤᠪᠢ ᠪᠠᠷᠢᠯᠳᠤᠯᠭ᠎ᠠ》᠎ᠶᠢ 9 ᠰᠠᠷ᠎ᠠ᠎ᠶ᠋ᠢᠨ 28 ᠡᠴᠡ ᠡᠬᠢᠯᠡᠨ ᠣᠣᠮᠧᠨ᠎ᠦ ᠷᠠᠳᠢᠣ᠋ ᠲᠧᠯᠸᠢᠰ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠣᠣᠮᠧᠨ᠎ᠤ ᠲᠧᠯᠸᠢᠰ ᠬᠤᠷᠢᠶ᠎ᠠ᠎ᠶᠢᠨ ᠣᠣᠮᠧᠨ ᠰᠤᠪᠠᠭ᠂ ᠣᠣᠮᠧᠨ᠎ᠦ ᠤᠲᠠᠰᠤᠲᠤ ᠲᠧᠯᠸᠢᠰ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠬᠠᠷᠢᠯᠴᠠᠨ ᠬᠦᠳᠡᠯᠦᠯᠴᠡᠬᠦ ᠰᠣᠨᠢᠨ ᠮᠡᠳᠡᠭᠡᠨ᠎ᠦ ᠬᠣᠷᠢᠶ᠎ᠠ᠎ᠳᠤ ᠨᠡᠪᠲᠡᠷᠡᠭᠦᠯᠵᠦ᠍᠂ 《ᠣᠣᠮᠧᠨ᠎ᠦ ᠡᠳᠦᠷ᠎ᠦᠨ ᠰᠣᠨᠢᠨ》᠂ 《ᠣᠯᠠᠨ ᠲᠦᠮᠡᠨ ᠰᠣᠨᠢᠨ》᠂ 《ᠬᠣᠲᠠ᠎ᠶ᠋ᠢᠨ ᠠᠷᠠᠳ᠎ᠤᠨ ᠡᠳᠦᠷ᠎ᠦᠨ ᠰᠣᠨᠢᠨ》᠂ 《ᠬᠤᠤᠵᠢᠶᠠᠩᠤᠨ ᠡᠳᠦᠷ᠎ᠦᠨ ᠰᠣᠨᠢᠨ》᠂ 《ᠯᠢᠩᠬᠤ᠎ᠠ ᠴᠠᠭ᠎ᠤᠨ ᠰᠣᠨᠢᠨ》 ᠵᠡᠷᠭᠡ ᠵᠠᠭᠤᠴᠢᠯᠠᠭᠤᠷ᠎ᠤᠨ ᠱᠢᠨ᠎ᠡ ᠵᠠᠭᠤᠴᠢᠯᠠᠭᠤᠷ᠎ᠤᠨ ᠲᠠᠪᠴᠠᠩ᠎ᠳᠦ ᠵᠠᠯᠭᠠᠭ᠎ᠠ᠎ᠪᠠᠷ ᠨᠡᠪᠳᠡᠷᠡᠭᠦᠯᠪᠡ; 9 ᠰᠠᠷ᠎ᠠ᠎ᠶ᠋ᠢᠨ 29 ᠤ ᠡᠳᠤᠷ ᠡᠴᠡ ᠡᠬᠢᠯᠡᠨ ᠱᠢᠶᠠᠩᠭᠠᠩ᠎ᠤᠨ ᠷᠠᠳᠢᠣ᠋ ᠲᠧᠯᠸᠢᠰ᠎ᠦᠨ ᠰᠤᠪᠠᠭ ᠪᠠ ᠱᠢᠨ᠎ᠡ ᠵᠠᠭᠤᠴᠢᠯᠠᠭᠤᠷ᠎ᠤᠨ ᠲᠠᠪᠴᠠᠩ᠂ ᠳ᠋ᠠᠬᠦ᠋ᠩ ᠸᠸᠨ ᠬᠣᠶ ᠰᠦᠯᠵᠢᠶ᠎ᠡ ᠪᠠ ᠴᠡᠭ ᠰᠣᠨᠢᠨ ᠮᠡᠳᠡᠭᠡ ᠵᠡᠷᠭᠡ ᠲᠠᠪᠴᠠᠩ ᠳᠡᠭᠡᠷ᠎ᠡ ᠨᠡᠪᠲᠡᠷᠡᠭᠦᠯᠪᠡ᠃ ᠲᠣᠮᠣ ᠬᠡᠯᠪᠡᠷᠢ ᠶ᠋ᠢᠨ ᠲᠤᠰᠭᠠᠶ ᠰᠡᠳᠦᠪᠲᠦ ᠫᠷᠤᠭ᠌ᠷᠠᠮ 《ᠰᠢ᠎ᠵᠢᠨ᠎ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭ᠎ᠠ᠎ᠶᠢᠨ ᠱᠢᠷᠢᠰ ᠲᠠᠢᠯᠤᠮᠵᠢ》᠎ᠶᠢ 9 ᠰᠠᠷ᠎ᠠ᠎ᠶ᠋ᠢᠨ 28 ᠤ ᠡᠳᠤᠷ ᠡᠴᠡ ᠡᠬᠢᠯᠡᠨ ᠣᠣᠮᠧᠨ᠎ᠦ ᠷᠠᠳᠢᠣ᠋ ᠲᠧᠯᠸᠢᠰ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠳᠤᠤᠷᠠᠬᠢ ᠲᠧᠯᠸᠢᠰ᠎ᠦᠨ ᠰᠤᠪᠠᠭ ᠵᠢᠴᠢ ᠱᠢᠨ᠎ᠡ ᠵᠠᠭᠤᠴᠢᠯᠠᠭᠤᠷ᠎ᠤᠨ ᠲᠠᠪᠴᠠᠩ᠎ᠳᠤ ᠨᠡᠪᠲᠡᠷᠡᠭᠦᠯᠪᠡ; 10 ᠰᠠᠷ᠎ᠠ᠎ᠶ᠋ᠢᠨ 17 ᠤ ᠡᠳᠤᠷ ᠡᠴᠡ ᠡᠬᠢᠯᠡᠨ ᠱᠢᠶᠠᠩᠭᠠᠩ᠎ᠤᠨ ᠷᠠᠳᠢᠣ᠋ ᠲᠧᠯᠸᠢᠰ᠎ᠦᠨ ᠰᠤᠪᠠᠭ ᠪᠣᠯᠤᠨ ᠱᠢᠨ᠎ᠡ ᠵᠠᠭᠤᠴᠢᠯᠠᠭᠤᠷ᠎ᠤᠨ ᠲᠠᠪᠴᠠᠩ᠎ᠳᠤ ᠨᠡᠪᠲᠡᠷᠡᠭᠦᠯᠬᠦ᠌ ᠪᠣᠯᠤᠨ᠎ᠠ᠃ ᠱᠢᠶᠠᠩᠭᠠᠩ ᠣᠣᠮᠧᠨ᠎ᠦ ᠲᠤᠬᠠᠢ᠎ᠶᠢᠨ ᠭᠠᠵᠠᠷ᠎ᠤᠨ 20 ᠭᠠᠷᠤᠶ ᠭᠤᠤᠯ ᠵᠠᠭᠤᠴᠢᠯᠠᠭᠤᠷ ᠫᠷᠤᠭ᠌ᠷᠠᠮ᠎ᠢ ᠨᠡᠪᠲᠡᠷᠡᠭᠦᠯᠵᠤᠡᠬᠢᠯᠡᠭᠰᠡᠨ ᠲᠤᠬᠠᠢ ᠮᠡᠳᠡᠭᠡᠯᠡᠪᠡ᠃
ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠶ ᠬᠣᠷᠢᠶ᠎ᠠ᠎ᠠᠴᠠ ᠦᠢᠯᠡᠳᠦᠭᠰᠡᠨ ᠶᠠᠫᠣᠨ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠪᠡᠯᠭᠡᠯᠡᠬᠦ᠌ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠤᠰᠤᠯᠠᠯ᠎ᠢ ᠪᠥᠬᠥ᠌ ᠦᠵᠡᠮᠵᠢ᠎ᠪᠡᠷ ᠳᠡᠯᠭᠡᠨ ᠦᠵᠡᠭᠦᠯᠦᠭ᠌ᠰᠡᠨ ᠪᠠᠷᠢᠮᠲᠠᠲᠤ ᠺᠢᠨᠣ᠋ 《ᠢᠯᠠᠯᠲᠠ ᠣᠯᠤᠭ᠍ᠰᠠᠨ ᠡᠳᠦᠷ᠎ᠦᠨ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ》 ᠵᠢᠴᠢ《ᠠᠭᠤᠯᠠ ᠤᠰᠤᠨ ᠭᠡᠷᠡᠴᠢᠯᠡᠨ᠎ᠡ》᠂ 《ᠲᠠᠨ᠎ᠤ ᠲᠠᠭᠤᠨ》 ᠵᠡᠷᠭᠡ 9 ᠰᠣᠳᠣᠨ ᠫᠷᠤᠭ᠌ᠷᠠᠮ᠎ᠢ ᠥᠨᠥᠳᠦᠷ᠎ᠡᠴᠡ ᠡᠬᠢᠯᠡᠨ ᠱᠢᠶᠠᠩᠭᠠᠩ ᠣᠣᠮᠧᠨ᠎ᠳᠦ ᠲᠣᠰ ᠲᠣᠰ ᠳᠡᠯᠭᠡᠨ ᠦᠵᠡᠭᠦᠯᠵᠦ᠍᠂ ᠱᠢᠶᠠᠩᠭᠠᠩ ᠣᠣᠮᠧᠨ᠎ᠦ ᠥᠷᠭᠡᠨ ᠣᠯᠠᠨ ᠠᠬ᠎ᠠ ᠳᠡᠭᠦᠦ᠍ ᠨᠡᠷ ᠯᠤᠭᠡ ᠡᠬᠡ ᠣᠯᠤᠰ᠎ᠤᠨ᠎ᠢᠶᠡᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠬᠤᠪᠢᠶᠠᠯᠴᠠᠵᠤ᠂ ᠤᠯᠤᠰ᠎ᠢᠶᠠᠨ ᠬᠠᠢᠷᠠᠯᠠᠬᠤ ᠱᠢᠶᠠᠩᠭᠠᠩ᠎ᠢᠶᠠᠨ ᠬᠠᠢᠷᠠᠯᠠᠬᠤ ᠣᠣᠮᠧᠨ᠎ᠢᠶᠡᠨ ᠬᠠᠢᠷᠠᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠤᠯᠠᠮ ᠨᠢᠭᠡ ᠠᠯᠬᠤᠮ ᠨᠢᠭ᠍ᠲᠠᠷᠠᠭᠤᠯᠬᠤ ᠪᠣᠯᠤᠨ᠎ᠠ᠃
ᠰᠢᠨᠬᠤᠸᠠ ᠬᠤᠷᠢᠶ᠎ᠠ᠎ᠵᠢᠨ ᠰᠢᠶᠠᠩᠭᠠᠩ᠎ᠤᠨ 9 ᠰᠠᠷ᠎ᠠ᠎ᠶᠢᠨ 29 ᠤ᠋ ᠴᠠᠬᠢᠯᠭᠠᠨ ᠮᠡᠳᠡᠭᠡ