ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠥᠷᠥ᠎ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠪᠠᠢᠭ᠎ᠠ ᠪᠢᠴᠢᠭ ᠮᠠᠲ᠋ᠧᠷᠢᠶᠠᠯ᠎ᠢ ᠶᠠᠷᠢᠯᠴᠠᠪᠠ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠵᠡᠢ
ᠨᠡᠶᠢᠲᠡᠯᠡᠭᠰᠡᠨ ᠴᠠᠭ᠄ 2025-09-30

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠦᠷᠦ᠎ᠶ᠋ᠢᠨ ᠲᠣᠪᠴᠢᠢ᠎ᠠ 9 ᠰᠠᠷ᠎ᠠ᠎ᠶ᠋ᠢᠨ 29 ᠤ᠋ ᠡᠳᠦᠷ ᠬᠤᠷᠠᠯ ᠬᠤᠷᠠᠯᠳᠤᠭᠤᠯᠵᠤ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠦᠭ᠌ᠵᠢᠯᠲᠠ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶᠢ ᠲᠤᠬᠳᠠᠭᠠᠬᠤ ᠴᠢᠬᠤᠯᠠ ᠶᠡᠬᠡ ᠠᠰᠠᠭᠤᠳᠠᠯ᠎ᠢ ᠰᠤᠳᠤᠯᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠶᠡᠷᠦᠩᠬᠡᠢ ᠱᠦᠵᠢ ᠰᠢ᠎ᠵᠢᠨ᠎ᠫᠢᠩ ᠬᠤᠷᠠᠯ᠎ᠢ ᠡᠷᠬᠢᠯᠡᠪᠡ᠃

ᠬᠤᠷᠠᠯ᠎ᠡᠴᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠢ 10 ᠰᠠᠷ᠎ᠠ᠎ᠶ᠋ᠢᠨ 20 ᠎ᠡᠴᠡ 23 ᠎ᠤ᠋ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠭᠤᠯᠬᠤ᠎ᠪᠠᠷ ᠲᠣᠭ᠍ᠲᠠᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠲᠥᠷᠥ᠎ᠶ᠋ᠢᠨ ᠲᠣᠪᠴᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶᠢᠨ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠰᠠᠨᠠᠭᠤᠯᠭ᠎ᠠ》᠎ᠶᠢᠨ ᠨᠤᠤᠷᠠᠭ᠎ᠤᠨ ᠨᠠᠮ᠎ᠤᠨ ᠳᠣᠲᠣᠨ᠎ᠠ ᠭᠠᠳᠠᠨᠠᠬᠢ ᠵᠣᠬᠢᠬᠤ ᠬᠡᠪᠴᠢᠶᠡᠨ᠎ᠳᠦ ᠰᠠᠨᠠᠯ ᠬᠤᠷᠢᠶᠠᠭ᠍ᠰᠠᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌᠂ ᠡᠨᠡ ᠤᠳᠠᠭ᠎ᠠ᠎ᠶ᠋ᠢᠨ ᠬᠤᠷᠠᠯ᠎ᠳ᠋ᠤ ᠶᠠᠷᠢᠯᠴᠠᠭ᠍ᠰᠠᠨ ᠰᠠᠨᠠᠯ᠎ᠢ ᠦᠨᠳᠦᠰᠦᠯᠡᠨ ᠵᠠᠰᠠᠪᠤᠷᠢ ᠣᠷᠣᠭᠤᠯᠤᠭ᠍ᠰᠠᠨ᠎ᠤ ᠳᠠᠷᠠᠭ᠎ᠠ ᠪᠢᠴᠢᠭ ᠮᠠᠲ᠋ᠧᠷᠢᠶᠠᠯ᠎ᠤᠨ ᠨᠤᠤᠷᠠᠭ᠎ᠢ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠬᠤᠷᠠᠯ᠎ᠡᠴᠡ᠂ ᠡᠨᠡ ᠤᠳᠠᠭ᠎ᠠ ᠰᠠᠨᠠᠯ ᠬᠤᠷᠢᠶᠠᠬᠤ᠎ᠳᠠᠭᠠᠨ ᠠᠷᠠᠳᠴᠢᠯᠠᠯ᠎ᠢ ᠭᠦᠶ᠋ᠴᠡᠳ ᠪᠠᠳᠠᠷᠠᠭᠤᠯᠵᠤ᠂ ᠦᠷᠬᠡᠨ᠎ᠢᠶᠡᠷ ᠰᠠᠨᠠᠯ ᠬᠤᠷᠢᠶᠠᠵᠤ ᠤᠯᠡᠠ᠎ᠤ ᠤᠬᠠᠭᠠᠨ᠎ᠢ ᠲᠥᠪᠯᠡᠷᠡᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠲᠠᠯ᠎ᠠ᠎ᠶ᠋ᠢᠨ ᠬᠢᠨ ᠰᠠᠨᠠᠭᠤᠯᠭ᠎ᠠ᠎ᠶ᠋ᠢᠨ ᠨᠤᠤᠷᠠᠭ᠎ᠢ ᠭᠦᠢᠴᠡᠳ ᠨᠤᠲᠠᠯᠠᠵᠤ᠂ ᠰᠠᠨᠠᠭᠤᠯᠭ᠎ᠠ᠎ᠶ᠋ᠢᠨ ᠨᠣᠣᠷᠠᠭ ᠨᠢ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠶ᠋ᠢ ᠣᠨᠣᠪᠴᠢᠲᠠᠶ ᠡᠵᠡᠮᠳᠠᠵᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠦᠬᠦᠴᠡᠯ᠎ᠳᠤ ᠲᠤᠯᠭᠠᠷᠠᠵᠤ ᠪᠠᠢᠭ᠎ᠠ ᠭᠦᠨᠵᠡᠭᠡᠶ ᠪᠤᠳᠤᠯᠢᠶᠠᠨᠲᠠᠶ ᠬᠤᠪᠢᠷᠠᠯᠲᠠ᠎ᠶ᠋ᠢ ᠭᠦᠨᠵᠡᠭᠡᠶ ᠵᠠᠳᠠᠯᠵᠤ᠂ ᠢᠷᠡᠭᠡᠳᠦᠶ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶᠢᠨ ᠲᠤᠬᠠᠢ ᠦᠵᠦ᠍ ᠲᠥᠯᠥᠪᠯᠡᠭᠡ ᠪᠠ ᠪᠠᠢᠯᠳᠤᠬᠤ ᠪᠣᠳᠣᠯᠭ᠎ᠠ᠎ᠶ᠋ᠢᠨ ᠵᠢᠷᠤᠭ ᠲᠥᠯᠥᠪᠯᠡᠭᠡ ᠬᠢᠵᠦ᠂ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠭᠰᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠤᠭᠰᠠᠨ ᠪᠠᠰᠠ ᠨᠢᠭᠡ ᠤᠳᠠᠭᠠᠨ᠎ᠤ ᠶᠡᠷᠦᠩᠬᠡᠶ ᠳᠠᠢᠴᠢᠯᠠᠯᠲᠠ᠂ ᠶᠡᠷᠦᠩᠬᠡᠶ ᠪᠠᠢᠷᠢᠯᠠᠭᠤᠯᠤᠯᠲᠠ ᠪᠠᠢᠵᠤ᠂ ᠰᠢ᠎ᠵᠢᠨ᠎ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠵᠤ ᠠᠬᠤᠶ᠎ᠶ᠋ᠢᠨ ᠲᠦᠷᠭᠡᠨ ᠬᠥᠭ᠌ᠵᠢᠯᠲᠡ ᠪᠠ ᠨᠡᠢᠭᠡᠮ᠎ᠦᠨ ᠣᠷᠳᠣ ᠬᠤᠭᠤᠴᠠᠭᠠᠨ᠎ᠤ ᠲᠣᠭ᠍ᠲᠠᠭᠤᠨ᠎ᠢ ᠪᠠᠳᠤᠯᠠᠬᠤ ᠬᠣᠶᠠᠷ ᠶᠡᠬᠡ ᠭᠠᠢᠬᠠᠮᠱᠢᠭ᠎ᠤᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭ᠌ᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠲᠡᠦᠬᠡᠨ ᠰᠠᠨᠠᠭᠠᠴᠢᠯᠠᠭᠠᠲᠤ ᠴᠢᠨᠠᠷ᠎ᠢ ᠢᠯᠡᠷᠡᠭᠦᠯᠵᠦ᠂ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠴᠢᠬᠤᠯᠠ ᠶᠡᠬᠡ ᠪᠥᠭᠡᠳ ᠠᠯᠤᠰ ᠬᠡᠲᠦ᠍᠎ᠶ᠋ᠢᠨ ᠨᠥᠯᠥᠭᠡ ᠦᠵᠡᠭᠦᠯᠬᠦ᠌ ᠨᠢ ᠯᠠᠪᠲᠠᠶ ᠶᠤᠮ ᠭᠡᠵᠦ ᠦᠵᠡᠭᠰᠡᠨ ᠪᠠᠢᠨ᠎ᠠ ᠭᠡᠵᠦ ᠵᠢᠭᠠᠵᠤ ᠭᠠᠷᠭᠠᠪᠠ᠃

ᠬᠤᠷᠠᠯ᠎ᠠᠴᠠ᠂ 《ᠠᠷᠪᠠᠨ ᠳᠠᠪᠤᠳᠤᠭᠠᠷ ᠳᠠᠪᠤᠨ ᠵᠢᠯ》᠎ᠦᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠦᠭ᠌ᠵᠢᠯᠲᠠ ᠨᠢ ᠡᠷᠬᠡᠪᠰᠢ ᠨᠠᠮ᠎ᠤᠨ ᠪᠦᠬᠦ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠨᠠᠮ᠎ᠤᠨ ᠲᠥᠪ ᠬᠤᠷᠢᠶ᠎ᠠ᠎ᠶᠢᠨ ᠨᠡᠷ᠎ᠠ ᠬᠦᠨᠳᠤ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠦᠭ᠌ᠵᠢᠯᠲᠠ᠎ᠶ᠋ᠢᠨ ᠡᠯ᠎ᠡ ᠲᠠᠯ᠎ᠠ ᠪᠥᠭᠦ᠌ ᠶᠠᠪᠤᠴᠠ᠎ᠳᠤ ᠲᠤᠭᠤᠰᠢᠯᠠᠭᠤᠯᠬᠤ ᠬᠡᠷᠡᠭᠳᠡᠢ; ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠬᠦᠨᠳᠦᠳᠭᠡᠵᠦ᠍᠂ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠨᠡᠩ ᠤᠯᠠᠨ ᠨᠡᠩ ᠡᠷᠬᠡ ᠲᠡᠭ᠌ᠰᠢ᠎ᠪᠡᠷ ᠪᠦᠬᠦ᠌ ᠠᠷᠠᠳ ᠲᠦᠮᠡᠨ᠎ᠳᠦ ᠬᠦᠷᠲᠡᠭᠡᠬᠦ᠌ ᠬᠡᠷᠡᠭ᠌ᠲᠡᠢ; ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠬᠥᠭ᠌ᠵᠢᠯᠲᠡ᠎ᠶ᠋ᠢ ᠬᠦᠳᠦᠯᠥᠨ ᠳᠠᠭᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠠᠵᠤ ᠠᠬᠤᠢ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌ ᠪᠠ ᠨᠡᠢᠭᠡᠮ᠎ᠦᠨ ᠪᠦᠬᠦ᠌ ᠲᠠᠯ᠎ᠠ᠎ᠶ᠋ᠢᠨ ᠲᠠᠪᠱᠢᠯᠳᠠ᠎ᠶ᠋ᠢ ᠠᠬᠢᠭᠤᠯᠬᠤ ᠬᠡᠷᠡᠭ᠌ᠲᠡᠢ;ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠨ᠂ ᠥᠨᠳᠥᠷ ᠲᠦᠪᠱᠢᠨ ᠪᠥᠬᠥᠶ ᠨᠡᠭᠡᠭᠡᠯᠲᠡ᠎ᠶ᠋ᠢ ᠥᠷᠭᠡᠳᠭᠡᠵᠦ᠍᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠪᠠ ᠨᠡᠢᠭᠡᠮ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭᠠᠷᠠᠭᠤᠯᠬᠤ ᠬᠡᠷᠡᠭᠳᠡᠢ; ᠪᠦᠲᠦᠮᠵᠢᠲᠡᠢ ᠵᠠᠬ᠎ᠠ ᠳᠡᠯᠭᠡᠭᠦᠷ ᠪᠠ ᠵᠤᠬᠢᠰᠳᠠᠢ ᠬᠢᠬᠦ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠡᠬᠢ ᠪᠠᠶᠠᠯᠢᠭ᠎ᠢ ᠲᠤᠬᠢᠷᠠᠭᠤᠯᠬᠤ ᠶᠠᠪᠤᠴᠠ᠎ᠳᠠᠬᠢ ᠵᠠᠬ᠎ᠠ ᠳᠡᠯᠭᠡᠭᠦᠷ᠎ᠦᠨ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠠᠰᠠᠭ᠎ᠤᠨ ᠣᠷᠳᠣᠨ᠎ᠤ ᠦᠢᠯᠡᠳᠦᠯ᠎ᠢ ᠨᠡᠩ ᠰᠠᠢ᠌ᠳᠤᠷ ᠪᠠᠳᠠᠷᠠᠭᠤᠯᠬᠤ ᠬᠡᠷᠡᠭᠳᠡᠢ; ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠴᠢᠩᠭᠠᠳᠭᠠᠵᠤ᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ ᠠᠷᠢᠯᠭᠠᠵᠤ᠂ ᠱᠢᠨ᠎ᠡ ᠠᠮᠤᠷ ᠲᠦᠪᠱᠢᠨ᠎ᠦ ᠪᠠᠢᠷᠢᠱᠢᠯ᠎ᠢᠶᠠᠷ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠲᠤᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠡᠷᠬᠡᠪᠰᠢ ᠨᠠᠮ᠎ᠤᠨ ᠥᠪᠡᠷ ᠪᠡᠶ᠎ᠡ᠎ᠶ᠋ᠢᠨ ᠬᠤᠪᠢᠰᠭᠠᠯ᠎ᠢᠶᠠᠷ ᠨᠡᠢᠭᠡᠮ᠎ᠦᠨ ᠬᠤᠪᠢᠰᠭᠠᠯ᠎ᠢ ᠬᠦᠳᠦᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠴᠥᠬᠥᠷᠡᠰᠢ ᠦᠭᠡᠢ ᠪᠠᠷᠢᠮᠳᠠᠯᠠᠨ ᠠᠬᠢᠭᠤᠯᠵᠤ᠂ ᠨᠠᠮ᠎ᠤᠨ ᠤᠯᠤᠰ ᠲᠦᠷᠦ᠍᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠦᠳᠦᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠴᠢᠩᠭᠠᠳᠭᠠᠵᠤ᠂ ᠨᠠᠮ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠤᠳᠤᠷᠢᠳᠭᠤ ᠴᠢᠳᠠᠪᠤᠷᠢ ᠪᠣᠯᠤᠨ ᠲᠦᠪᠱᠢᠨ᠎ᠢ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠪᠠᠰᠠ ᠪᠤᠰᠤᠳ ᠵᠦᠢᠯᠡᠰ᠎ᠢ ᠰᠤᠳᠤᠯᠵᠠᠢ᠃

ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 29 ᠤ᠋ ᠴᠠᠬᠢᠯᠭᠠᠨ ᠮᠡᠳᠡᠭᠡ

 

ᠢᠷᠡᠯᠲᠡ᠄ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            