ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢ ᠠᠬᠢᠭᠤᠯᠬᠤ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2025-11-09

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ (ᠲᠦᠷ ᠲᠤᠭᠳᠠᠭᠰᠠᠨ ᠨᠡᠷ᠎ᠡ)》 ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠲᠥᠯᠦᠪᠵᠢᠭᠦᠯᠭᠡ ᠵᠢᠨ ᠰᠢᠨᠵᠢᠯᠡᠬᠦ ᠤᠬᠠᠭ᠋ᠠᠨᠴᠢ ᠪᠥᠭᠡᠳ ᠣᠨᠣᠪᠴᠢᠲᠠᠶ ᠪᠠᠢ᠌ᠬᠤ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠪᠣᠳᠠᠲᠠᠢ᠎ᠳᠤ ᠨᠡᠢ᠌ᠴᠡᠬᠦ ᠵᠢ ᠪᠠᠲᠤᠯᠠᠬᠤ ᠵᠢᠨ ᠲᠤᠰᠠᠳᠠ᠂ 11 ᠳ᠋ᠦ᠍ᠭᠡᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢ ᠠᠬᠢᠭᠤᠯᠬᠤ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠳᠠᠷᠤᠭ᠎ᠠ ᠼᠤᠤ ᠵᠢᠶᠠᠨ ᠧᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃

ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠡᠳᠡᠭᠡᠳ᠎ᠨᠢ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠭᠰᠠᠨ ᠠᠬᠤᠢ ᠪᠠᠢ᠌ᠳᠠᠯ ᠬᠢᠭᠡᠳ ᠪᠠᠢ᠌ᠯᠳᠤᠬᠤ ᠪᠣᠳᠣᠯᠭ᠎ᠠ ᠵᠢᠨ ᠠᠴᠢ ᠬᠣᠯᠪᠣᠭᠳᠠᠯ᠂ ᠪᠣᠷᠣ ᠲᠥᠯᠥᠪ ᠬᠢᠭᠡᠳ ᠭᠣᠣᠯ ᠠᠭᠤᠯᠭ᠎ᠠ᠂ ᠬᠢᠵᠠᠭ᠋ᠠᠷᠯᠠᠬᠤ ᠴᠢᠨᠠᠷᠲᠠᠢ ᠵᠦᠢ᠍ᠯ ᠵᠤᠷᠪᠤᠰ ᠬᠢᠭᠡᠳ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠬᠢᠭᠡᠳ ᠥᠪᠡᠷᠮᠢᠴᠡ ᠣᠨᠴᠠᠯᠢᠭ ᠪᠦᠬᠦᠢ ᠭᠢᠯᠠᠰ ᠴᠡᠭ᠂ ᠳ᠋ᠦᠩᠨᠡᠯᠲᠡ ᠪᠠ ᠪᠠᠷᠠᠯᠠᠯ ᠵᠡᠷᠭᠡ ᠲᠠᠪᠤᠨ ᠲᠠᠯ᠎ᠠ᠎ᠠᠴᠠ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠠᠵᠢᠯ᠎ᠤᠨ ᠰᠡᠳᠬᠢᠮᠵᠢ᠎ᠪᠠᠨ ᠬᠠᠷᠢᠭᠤ ᠮᠡᠳᠡᠭᠦᠯᠪᠡ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠡᠯ᠎ᠡ ᠭᠠᠵᠠᠷ ᠲᠠᠰᠤᠭ᠂ ᠥᠪᠥᠷ ᠮᠣᠩᠭᠣᠯ᠎ᠤᠨ ᠮᠦᠽᠧᠢ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠲᠤᠯᠭ᠋ᠠᠨ᠎ᠤ ᠬᠦᠷᠢᠶᠡᠯᠡᠩ᠎ᠤᠨ ᠬᠠᠷᠢᠭᠤᠴᠠᠯᠭ᠋ᠠᠲᠠᠨ ᠲᠤᠬᠠᠢ᠌ᠯᠠᠭᠰᠠᠨ ᠠᠵᠢᠯ᠎ᠳᠤ᠎ᠪᠠᠨ ᠰᠠᠭᠤᠷᠢᠯᠠᠨ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠭᠣᠣᠯ ᠲᠤᠬᠠᠢ᠌ᠯᠠᠭᠰᠠᠨ ᠠᠵᠢᠯ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠢ᠌ᠭᠤᠯᠤᠯ ᠲᠣᠭᠲᠠᠴᠠ ᠵᠢᠨ ᠪᠠᠢ᠌ᠭᠤᠯᠤᠯᠲᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠭᠦᠢ᠍ᠴᠡᠳᠬᠡᠯ ᠲᠣᠭ᠎ᠠ᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠵᠡᠷᠭᠡ ᠵᠠᠩᠭᠢᠯᠠᠭ᠎ᠠ ᠵᠢᠨ ᠠᠰᠠᠭᠤᠳᠠᠯ᠎ᠤᠨ ᠲᠣᠭᠣᠷᠢᠨ᠎ᠳᠤ ᠭᠦᠨᠵᠡᠭᠡᠢ ᠰᠣᠯᠢᠯᠴᠠᠵᠤ᠂ ᠡᠯ᠎ᠡ ᠰᠠᠯᠠᠭ᠎ᠠ ᠮᠥᠴᠢᠷ᠎ᠤᠨ ᠠᠵᠢᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠲᠥᠯᠦᠪᠵᠢᠭᠦᠯᠭᠡ ᠵᠢᠨ ᠶᠠᠷᠢᠯᠴᠠᠬᠤ ᠡᠬᠡ ᠨᠣᠣᠷᠠᠭ᠎ᠲᠤ᠎ᠬᠢ ᠲᠥᠷᠥᠯ ᠵᠦᠢ᠍ᠯ᠎ᠤᠨ ᠪᠠᠢ᠌ᠷᠢᠯᠠᠭᠤᠯᠤᠯᠲᠠ᠂ ᠬᠡᠷᠡᠭᠵᠢᠭᠦᠯᠬᠦ ᠠᠷᠭ᠎ᠠ ᠵᠠᠮ᠂ ᠨᠠᠢ᠌ᠳᠠᠪᠤᠷᠢᠵᠢᠭᠤᠯᠬᠤ ᠨᠥᠬᠥᠴᠡᠯ ᠵᠡᠷᠭᠡ᠎ᠳᠤ ᠪᠣᠳᠠᠲᠠᠢ ᠰᠠᠨᠠᠯ ᠳᠤᠷᠠᠳᠪᠠ᠃ ᠲᠣᠰ ᠤᠳᠠᠭ᠋ᠠᠨ᠎ᠤ ᠬᠤᠷᠠᠯ᠎ᠨᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠭᠰᠠᠨ ᠠᠬᠢᠴᠠ ᠵᠢ ᠵᠠᠷᠯᠠᠨ ᠮᠡᠳᠡᠭᠳᠡᠵᠦ᠂ ᠲᠠᠷᠠᠭ᠋ᠠᠴᠢ ᠵᠢᠨ ᠠᠵᠢᠯ᠎ᠤᠨ ᠴᠢᠭᠯᠡᠯ᠎ᠢ ᠲᠣᠳᠣᠷᠬᠠᠢ᠌ᠯᠠᠨ᠂ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠵᠢ ᠰᠢᠯᠢᠳᠡᠭᠵᠢᠭᠦᠯᠬᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ᠎ᠬᠢ ᠥᠪᠥᠷ ᠮᠣᠩᠭᠣᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ᠎ᠳᠤ ᠰᠠᠭᠤᠷᠢ ᠲᠠᠯᠪᠢᠬᠤ ᠵᠢᠨ ᠲᠥᠯᠥᠭᠡ ᠶᠤᠮ᠃ 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠭᠠᠵᠠᠷ
          
ᠬᠠᠮᠢᠶ᠎ᠡ ᠪᠦᠬᠦᠢ ᠰᠣᠨᠢᠨ
 
            