ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠣᠨ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠭᠡᠰᠢᠭᠦᠨ ᠺᠠᠳ᠋ᠷ ᠠᠵᠢᠯᠲᠠᠨ᠎ᠤ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠪᠣᠯᠣᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠬᠡᠪ ᠴᠢᠨᠠᠷ ᠪᠦᠬᠦᠢ ᠰᠤᠶᠤᠯ ᠦᠵᠡᠰᠬᠦᠯᠡᠩ᠎ᠤᠨ ᠡᠩᠨᠡᠭᠡ ᠵᠢ ᠬᠥᠮᠥᠵᠢᠭᠦᠯᠵᠦ᠂ ᠮᠦᠽᠧᠢ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ 11 ᠳ᠋ᠤᠭᠡᠷ ᠰᠠᠷ᠎ᠠ ᠵᠢᠨ 3᠎ᠠᠴᠠ 6᠎ᠤ ᠡᠳᠦᠷ ᠪᠣᠯᠲᠠᠯ᠎ᠠ᠂ ᠥᠪᠥᠷ ᠮᠣᠩᠭᠤᠯ᠎ᠤᠨ ᠮᠦᠽᠧᠢ ᠤᠯᠠᠭ᠋ᠠᠨᠴᠠᠪ ᠬᠤᠳᠠ ᠵᠢᠨ ᠨᠠᠮ᠎ᠤᠨ ᠬᠤᠷᠢᠶᠠᠨ᠎ᠤ ᠨᠠᠮ᠎ᠤᠨ ᠰᠤᠷᠭ᠋ᠠᠭᠤᠯᠢ᠎ᠳᠤ ᠨᠠᠮ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠺᠠᠳ᠋ᠷ ᠵᠢᠴᠢ ᠰᠢᠨ᠎ᠡ᠎ᠪᠠᠷ ᠳᠡᠪᠰᠢᠭᠦᠯᠦᠭᠰᠡᠨ ᠰᠢᠨ᠎ᠡ᠎ᠪᠠᠷ ᠠᠵᠢᠯᠯᠠᠭᠰᠠᠨ ᠺᠠᠳ᠋ᠷ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ᠃

ᠲᠣᠰ ᠤᠳᠠᠭ᠋ᠠᠨ᠎ᠤ ᠪᠤᠯᠪᠠᠰᠤᠷᠠᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠂ ᠦᠨᠳᠦᠰᠦᠨ ᠱᠠᠲᠤᠨ᠎ᠤ ᠨᠠᠮ᠎ᠤᠨ ᠡᠭᠦᠷ᠎ᠤᠨ ᠪᠠᠶ᠋ᠢᠭᠤᠯᠤᠯᠲᠠ ᠵᠢᠨ ᠪᠣᠳᠠᠲᠤ ᠶᠠᠪᠤᠳᠠᠯ᠂ ᠵᠠᠯᠠᠭᠤ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠡᠷᠭᠡ ᠠᠭᠤᠯᠭ᠎ᠠ ᠵᠢᠨ ᠲᠣᠭᠤᠷᠢᠨ᠎ᠳᠤ ᠲᠤᠰᠬᠠᠶ ᠰᠡᠳᠦᠪᠲᠦ ᠣᠨᠣᠯ᠎ᠤᠨ ᠲᠠᠶ᠋ᠢᠯᠤᠮᠵᠢ ᠵᠢ ᠥᠷᠨᠢᠭᠦᠯᠪᠡ᠃
ᠲᠣᠰ ᠤᠳᠠᠭ᠋ᠠᠨ᠎ᠤ ᠪᠤᠯᠪᠠᠰᠤᠷᠠᠯ ᠵᠶ᠋ᠠᠷ ᠳᠠᠮᠵᠢᠭᠤᠯᠤᠨ᠂ ᠰᠤᠷᠤᠯᠭ᠋ᠠᠲᠠᠳ᠎ᠤᠨ ᠤᠯᠤᠰ ᠲᠥᠷᠥ ᠵᠢᠨ ᠬᠡᠪ ᠪᠣᠯᠪᠠᠰᠤᠷᠠᠯ᠂ ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠬᠦ ᠵᠢᠨ ᠬᠠᠮᠲᠤ ᠦᠵᠡᠯ ᠰᠠᠨᠠᠭ᠎ᠠ ᠵᠢ ᠨᠢᠭᠡᠳᠬᠡᠵᠦ ᠂ ᠬᠠᠮᠲᠤ ᠵᠢᠨ ᠲᠠᠨᠢᠯᠲᠠ ᠵᠢ ᠨᠢᠭᠲᠠᠷᠠᠭᠤᠯᠤᠨ᠂ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠪᠠ᠃ ᠲᠣᠰ ᠤᠳᠠᠭ᠋ᠠᠨ᠎ᠤ ᠪᠤᠯᠪᠠᠰᠤᠷᠠᠯ᠎ᠨᠢ ᠣᠨᠣᠯ᠎ᠤᠨ ᠦᠨᠳᠦᠷᠴᠡ᠎ᠲᠠᠢ ᠪᠥᠭᠡᠳ ᠦᠢ᠍ᠯᠡᠳᠦᠯᠭᠡ ᠵᠢᠨ ᠭᠦᠨᠴᠡ᠎ᠲᠠᠢ ᠪᠠᠶ᠋ᠢᠵᠤ᠂ ᠨᠢᠭᠡ ᠤᠳᠠᠭ᠋ᠠᠨ᠎ᠤ ᠪᠥᠬᠦ ᠲᠠᠯ᠎ᠠ ᠵᠢᠨ 《ᠴᠠᠬᠢᠯᠭ᠋ᠠᠨ ᠴᠡᠨᠡᠭᠯᠡᠯᠲᠡ》 ᠪᠣᠯᠤᠨ᠎ᠠ᠃ ᠪᠣᠯᠪᠠᠰᠤᠷᠠᠯ᠎ᠳᠤ ᠣᠷᠣᠯᠴᠠᠭᠰᠠᠨ ᠺᠠᠳ᠋ᠷᠴᠤᠳ᠂ ᠲᠠᠷᠠᠭ᠋ᠠᠴᠢ ᠵᠢᠨ ᠠᠯᠬᠤᠮ᠎ᠳᠤ ᠰᠣᠷᠣᠯᠴᠠᠭᠰᠠᠨ ᠵᠶ᠋ᠠᠨ ᠰᠣᠶᠣᠯ ᠦᠵᠡᠰᠬᠦᠯᠡᠩ᠎ᠤᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ᠎ᠤᠨ ᠵᠣᠷᠢᠭ ᠵᠶ᠋ᠠᠷ ᠠᠵᠢᠯ᠎ᠳᠤ ᠣᠷᠣᠯᠴᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠳᠡᠯᠡᠬᠡᠶ ᠵᠢᠨ ᠲᠡᠷᠢᠭᠦᠨ ᠵᠡᠷᠭᠡ ᠵᠢᠨ ᠮᠦᠽᠧᠶ ᠵᠢ ᠡᠭᠦᠳᠦᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃