ᠳᠤᠮᠳᠠᠳᠤ ᠵᠢᠨ ᠦᠨᠳᠦᠰᠦᠲᠡᠨ᠎ᠤ ᠨᠠᠰᠤᠲᠠᠨ ᠵᠶ᠋ᠠᠨ ᠬᠦᠨᠳᠦᠯᠡᠬᠦ ᠤᠯᠠᠮᠵᠢᠯᠠᠯᠲᠤ ᠪᠠᠶᠠᠷ᠎ᠤᠨ ᠡᠳᠦᠷ— ᠶᠢᠰᠦᠨ ᠰᠠᠷ᠎ᠠ ᠵᠢᠨ ᠶᠢᠰᠦᠨ᠎ᠤ ᠪᠠᠶᠠᠷ᠎ᠤᠨ ᠡᠳᠦᠷ ᠬᠦᠷᠴᠦ ᠢᠷᠡᠬᠦ ᠲᠠᠰᠢᠷᠠᠮ᠎ᠳᠤ ᠨᠠᠰᠤᠲᠠᠨ ᠵᠶ᠋ᠠᠨ ᠬᠦᠨᠳᠦᠯᠡᠬᠦ᠂ ᠨᠠᠰᠤᠲᠠᠨ ᠵᠶ᠋ᠠᠨ ᠠᠰᠠᠷᠠᠬᠤ᠂ ᠨᠠᠰᠤᠲᠠᠨ ᠵᠶ᠋ᠠᠨ ᠬᠠᠢ᠌ᠷᠠᠯᠠᠬᠤ᠂ ᠨᠠᠰᠤᠲᠠᠨ ᠵᠶ᠋ᠠᠨ ᠲᠤᠰᠠᠯᠠᠬᠤ ᠰᠢᠯᠢᠳᠡᠭ ᠤᠯᠠᠮᠵᠢᠯᠠᠯ ᠵᠶ᠋ᠠᠨ ᠪᠠᠳᠠᠷᠠᠭᠤᠯᠵᠤ᠂ ᠰᠣᠶᠣᠯ ᠦᠵᠡᠰᠬᠦᠯᠡᠩ᠎ᠤᠨ ᠦᠢ᠍ᠯᠡᠰ᠎ᠲᠤ ᠵᠠᠯᠠᠭᠤ ᠨᠠᠰᠤ ᠪᠠ ᠣᠶᠤᠨ ᠤᠬᠠᠭ᠋ᠠᠨ ᠵᠶ᠋ᠠᠨ ᠵᠣᠷᠢᠭᠤᠯᠤᠭᠰᠠᠨ ᠠᠵᠢᠯ᠎ᠤᠨ ᠠᠮᠠᠷᠠᠯᠲᠠ᠎ᠪᠠᠨ ᠠᠪᠤᠭᠰᠠᠨ ᠠᠬᠠᠮᠠᠳ ᠨᠥᠬᠥᠳ᠎ᠲᠤ ᠳᠣᠲᠣᠨᠣ ᠬᠠᠯᠠᠮᠵᠢᠯᠠᠯ ᠪᠠ ᠡᠷᠬᠢᠮ ᠳᠡᠭᠡᠳᠦ ᠬᠦᠨᠳᠦᠳᠬᠡᠯ ᠵᠶ᠋ᠡᠨ ᠢᠯᠡᠳᠬᠡᠬᠦ ᠵᠢᠨ ᠲᠥᠯᠥᠭᠡ ᠥᠪᠥᠷ ᠮᠣᠩᠭᠣᠯ᠎ᠤᠨ ᠮᠦᠽᠧᠢ ᠵᠢᠨ᠎ᠬᠢᠨ 10 ᠳ᠋ᠤᠭ᠋ᠠᠷ ᠰᠠᠷ᠎ᠠ ᠵᠢᠨ 29᠎ᠤ ᠡᠳᠦᠷ 《ᠶᠢᠰᠦᠨ ᠰᠠᠷ᠎ᠠ ᠵᠢᠨ ᠶᠢᠰᠦᠨ᠎ᠤ ᠬᠠᠯᠠᠭᠤᠨ ᠮᠡᠨᠳᠦᠴᠢᠯᠡᠯ ᠰᠣᠶᠣᠯ᠎ᠤᠨ ᠰᠤᠳᠠᠰᠤ ᠵᠢ ᠤᠯᠠᠮᠵᠢᠯᠠᠨ ᠵᠠᠯᠭ᠋ᠠᠮᠵᠢᠯᠠᠬᠤ》 ᠠᠵᠢᠯ᠎ᠠᠴᠠ᠎ᠪᠠᠨ ᠠᠮᠠᠷᠠᠭᠰᠠᠳ᠎ᠤᠨ ᠶᠢᠰᠦᠨ ᠰᠠᠷ᠎ᠠ ᠵᠢᠨ ᠶᠢᠰᠦᠨ᠎ᠤ ᠪᠠᠶᠠᠷ᠎ᠤᠨ ᠭᠣᠣᠯ ᠰᠡᠳᠦᠪᠲᠦ ᠠᠵᠢᠯᠯᠠᠭ᠎ᠠ ᠵᠢ ᠡᠷᠭᠢᠯᠡᠪᠡ᠃ ᠥᠪᠥᠷ ᠮᠣᠩᠭᠣᠯ᠎ᠤᠨ ᠮᠦᠽᠧᠢ ᠵᠢᠨ 20 ᠭᠠᠷᠤᠢ ᠠᠵᠢᠯ᠎ᠠᠴᠠ᠎ᠪᠠᠨ ᠠᠮᠠᠷᠠᠭᠰᠠᠨ ᠠᠬᠠᠮᠠᠳ ᠤᠳᠤᠷᠢᠳᠤᠯᠭ᠎ᠠ᠂ ᠠᠬᠠᠮᠠᠳ ᠨᠥᠬᠥᠳ ᠬᠦᠷᠦᠯᠴᠡᠨ ᠢᠷᠡᠵᠦ ᠪᠠᠶᠠᠷ᠎ᠤᠨ ᠡᠳᠦᠷ᠎ᠢ ᠬᠠᠮᠲᠤ᠎ᠪᠠᠷ ᠥᠩᠭᠡᠷᠡᠭᠦᠯᠪᠡ᠃
ᠲᠣᠰ ᠤᠳᠠᠭ᠋ᠠᠨ᠎ᠤ ᠶᠢᠰᠦᠨ ᠰᠠᠷ᠎ᠠ ᠵᠢᠨ ᠶᠢᠰᠦᠨ᠎ᠤ ᠪᠠᠶᠠᠷ᠎ᠤᠨ ᠡᠳᠦᠷ᠎ᠤᠨ ᠠᠵᠢᠯᠯᠠᠭ᠎ᠠ᠎ᠨᠢ ᠠᠵᠢᠯ᠎ᠤᠨ ᠠᠮᠠᠷᠠᠯᠲᠠ᠎ᠪᠠᠨ ᠠᠪᠤᠭᠰᠠᠨ ᠠᠬᠠᠮᠠᠳ ᠨᠥᠬᠥᠳ᠎ᠲᠤ ᠵᠣᠬᠢᠶᠠᠨ ᠪᠠᠢ᠌ᠭᠤᠯᠤᠯᠲᠠ ᠵᠢᠨ ᠬᠠᠯᠠᠭᠤᠨ ᠳᠤᠯᠠᠭ᠋ᠠᠨ ᠪᠠ ᠬᠠᠢ᠌ᠷ᠎ᠠ ᠬᠠᠯᠠᠮᠵᠢ ᠵᠢ ᠬᠦᠷᠲᠡᠭᠡᠵᠦ᠂ ᠲᠡᠳᠡ ᠨᠡᠷ᠎ᠢ ᠪᠠᠶᠠᠷ ᠬᠥᠷ᠎ᠲᠠᠢ ᠪᠥᠭᠡᠳ ᠤᠳᠬ᠎ᠠ ᠠᠭᠤᠯᠭ᠎ᠠ᠎ᠲᠠᠢ ᠪᠠᠶᠠᠷ᠎ᠤᠨ ᠡᠳᠦᠷ᠎ᠢ᠎ᠨᠢ ᠥᠩᠭᠡᠷᠡᠭᠦᠯᠦᠭᠰᠡᠨ ᠵᠶ᠋ᠡᠷ ᠪᠠᠷᠠᠬᠤ ᠦᠭᠡᠢ ᠪᠠᠰᠠ ᠥᠪᠥᠷ ᠮᠣᠩᠭᠣᠯ᠎ᠤᠨ ᠮᠦᠽᠧᠢ ᠵᠢᠨ ᠨᠢᠭᠲᠠᠷᠠᠯ᠎ᠤᠨ ᠬᠦᠴᠦᠨ ᠪᠠ ᠲᠥᠪᠯᠡᠩᠭᠦᠶ ᠬᠦᠴᠦᠨ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠨᠠᠰᠤᠲᠠᠨ ᠵᠶ᠋ᠠᠨ ᠬᠦᠨᠳᠦᠯᠡᠵᠦ ᠮᠡᠷᠭᠡᠳ ᠵᠶ᠋ᠡᠨ ᠬᠦᠨᠳᠦᠯᠡᠬᠦ ᠰᠢᠯᠢᠳᠡᠭ ᠰᠠᠢ᠌ᠨ ᠰᠤᠷᠲᠠᠯ᠎ᠢ ᠤᠯᠠᠮᠵᠢᠯᠠᠨ ᠪᠠᠳᠠᠷᠠᠭᠤᠯᠤᠭᠰᠠᠨ ᠪᠠᠢ᠌ᠨ᠎ᠠ᠃ ᠥᠪᠥᠷ ᠮᠣᠩᠭᠣᠯ᠎ᠤᠨ ᠮᠦᠽᠧᠢ ᠵᠢᠨ᠎ᠬᠢᠨ ᠠᠵᠢᠯ᠎ᠠᠴᠠ᠎ᠪᠠᠨ ᠠᠮᠠᠷᠠᠭᠰᠠᠳ᠎ᠤᠨ ᠦᠢ᠍ᠯᠡᠴᠢᠯᠡᠭᠡ ᠪᠠᠲᠤᠯᠠᠪᠤᠷᠢ ᠵᠢᠨ ᠠᠵᠢᠯ᠎ᠢ ᠦᠷᠭᠦᠯᠵᠢᠯᠡᠨ ᠰᠡᠳᠬᠢᠯ ᠲᠠᠯᠪᠢᠨ ᠰᠠᠢ᠌ᠲᠤᠷ ᠬᠢᠵᠦ᠂ ᠠᠬᠠᠮᠠᠳ ᠨᠥᠬᠥᠳ᠎ᠤᠨ ᠥᠲᠡᠯᠦᠭᠡ ᠨᠠᠰᠤᠨ᠎ᠤ ᠠᠮᠢᠳᠤᠷᠠᠯ᠎ᠢ ᠨᠡᠩ ᠵᠣᠯ ᠵᠢᠷᠭ᠋ᠠᠯ᠎ᠲᠠᠢ ᠠᠮᠤᠷ ᠠᠮᠤᠭᠤᠯᠠᠩ ᠪᠣᠯᠭ᠋ᠠᠬᠤ ᠵᠢᠨ ᠬᠠᠮᠲᠤ ᠰᠢᠨ᠎ᠡ ᠨᠢᠭᠡ ᠦᠶ᠎ᠡ ᠵᠢᠨ ᠰᠣᠶᠣᠯ ᠦᠵᠡᠰᠬᠦᠯᠡᠩ᠎ᠤᠨ ᠬᠥᠮᠥᠰ᠎ᠤᠨ ᠲᠡᠦᠬᠡ ᠵᠢᠨ ᠪᠤᠤᠬᠢᠶ᠎ᠠ ᠮᠣᠳᠣ ᠵᠢ ᠲᠤᠰᠴᠤ᠂ ᠤᠷᠢᠳᠤᠬᠢ ᠵᠢ ᠵᠠᠯᠭ᠋ᠠᠮᠵᠢᠯᠠᠨ ᠬᠣᠢ᠌ᠰᠢᠬᠢ᠎ᠳᠤ ᠵᠠᠮ ᠨᠡᠭᠡᠭᠡᠵᠦ᠂ ᠥᠪᠥᠷ ᠮᠣᠩᠭᠣᠯ᠎ᠤᠨ ᠮᠦᠽᠧᠢ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠵᠢ ᠵᠣᠷᠢᠭᠵᠢᠭᠤᠯᠤᠨ᠎ᠠ᠃