11 ᠳ᠋ᠦ᠍ᠭᠡᠷ ᠰᠠᠷ᠎ᠠ ᠵᠢᠨ 6᠎ᠤ ᠡᠳᠦᠷ᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ ᠮᠥᠰᠥ ᠴᠠᠰᠤᠨ᠎ᠤ ᠪᠠᠶᠠᠰᠤᠯᠲᠤ ᠱᠧᠨ ᠴᠧᠩ》 2025 ᠣᠨ᠎ᠤ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠳᠡᠯᠭᠡᠷᠡᠭᠦᠯᠬᠦ ᠠᠵᠢᠯᠯᠠᠭ᠎ᠠ ᠵᠢᠴᠢ ᠠᠵᠤ ᠦᠢ᠍ᠯᠡᠰ᠎ᠤᠨ ᠬᠤᠳᠠᠯᠳᠤᠭ᠋ᠠᠴᠢᠨ ᠤᠷᠢᠬᠤ ᠵᠥᠪᠳᠡᠯᠴᠡᠭᠡᠷ᠎ᠤᠨ ᠬᠤᠷᠠᠯ ᠱᠠᠩᠬᠠᠢ ᠬᠤᠲᠠ᠎ᠳᠤ ᠶᠠᠪᠤᠭᠳᠠᠪᠠ᠃ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠠᠩᠬᠠᠢ᠎ᠳᠤ ᠰᠠᠭᠤᠭ᠎ᠠ ᠬᠡᠷᠡᠭ ᠡᠷᠭᠢᠯᠡᠭᠦ ᠭᠠᠵᠠᠷ᠎ᠠᠴᠠ ᠭᠣᠣᠯᠯᠠᠨ ᠡᠷᠭᠢᠯᠡᠵᠦ᠂ ᠱᠠᠩᠬᠠᠢ ᠬᠤᠲᠠ ᠵᠢᠨ ᠥᠪᠥᠷ ᠮᠣᠩᠭᠣᠯ᠎ᠤᠨ ᠬᠤᠳᠠᠯᠳᠤᠭ᠋ᠠᠴᠢᠳ᠎ᠤᠨ ᠨᠡᠢ᠌ᠭᠡᠮᠯᠢᠭ ᠳᠠᠭ᠋ᠠᠭ᠋ᠠᠴᠢᠯᠠᠨ ᠡᠷᠭᠢᠯᠡᠵᠦ᠂ 《ᠭᠤᠤᠯᠳᠠᠯᠭ᠋ᠠᠲᠤ ᠲᠠᠨᠢᠯᠴᠠᠭᠤᠯᠭ᠎ᠠ + ᠢᠵᠢ ᠪᠦᠷᠢᠯᠳᠦᠭᠦᠯᠦᠨ ᠬᠣᠯᠪᠤᠭ᠋ᠠᠯᠠᠨ ᠬᠦᠳᠡᠯᠦᠯᠴᠡᠬᠦ+ ᠪᠤᠲᠠᠲᠠᠢ᠌ᠵᠢᠭᠤᠯᠤᠭᠰᠠᠨ ᠭᠡᠷ᠎ᠡ ᠲᠤᠭᠳᠠᠭ᠋ᠠᠯ+ ᠳᠠᠭᠤᠤ ᠪᠥᠵᠢᠭ᠎ᠤᠨ ᠦᠵᠡᠭᠦᠯᠭᠡ ᠵᠢᠨ ᠲᠣᠬᠯᠠᠯᠲᠠ》 ᠵᠢᠨ ᠪᠣᠰᠣᠭ᠎ᠠ ᠴᠣᠭᠴᠠᠲᠤ ᠠᠷᠭ᠎ᠠ ᠬᠡᠮᠵᠢᠶ᠎ᠡ᠎ᠪᠠᠷ ᠱᠠᠩᠬᠠᠢ ᠦᠪᠦᠷ ᠮᠤᠩᠭᠤᠯ᠎ᠤᠨ ᠰᠤᠶᠤᠯ ᠵᠢᠭᠤᠯᠴᠢᠯᠠᠯ᠎ᠤᠨ ᠡᠬᠢ ᠪᠠᠶᠠᠯᠢᠭ᠎ᠤᠨ ᠬᠠᠷᠢᠯᠴᠠᠨ ᠨᠥᠬᠥᠪᠦᠷᠢᠯᠡᠬᠦ ᠪᠠ ᠵᠠᠬ᠎ᠠ ᠳᠡᠯᠭᠡᠭᠦᠷ᠎ᠤᠨ ᠬᠣᠯᠪᠤᠭ᠋ᠠᠯᠠᠨ ᠬᠥᠳᠡᠯᠦᠯᠴᠡᠬᠦ ᠵᠢ ᠭᠦᠨᠵᠡᠭᠡᠢ᠌ᠷᠡᠭᠦᠯᠵᠦ᠂ ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ ᠲᠤᠰ ᠠᠵᠢᠯᠯᠠᠭ᠎ᠠ᠎ᠳᠤ ᠱᠠᠩᠬᠠᠢ ᠬᠤᠲᠠ ᠵᠢᠨ ᠵᠠᠭᠤ ᠭᠠᠷᠤᠢ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠂ ᠵᠢᠭᠤᠯᠴᠢᠯᠠᠯ᠎ᠤᠨ ᠬᠤᠳᠠᠯᠳᠤᠭ᠋ᠠᠴᠢᠨ ᠪᠠ ᠵᠠᠭᠤᠴᠢᠯᠠᠭᠤᠷ ᠤᠷᠤᠯᠴᠠᠪᠠ᠃
ᠲᠣᠰ ᠤᠳᠠᠭ᠋ᠠᠨ᠎ᠤ ᠰᠢᠷᠢᠰ ᠠᠵᠢᠯᠯᠠᠭ᠎ᠠ᠎ᠨᠢ ᠭᠠᠳᠠᠭ᠋ᠠᠳᠤ ᠣᠷᠣᠭᠤᠯᠤᠯᠲᠠ ᠵᠢᠨ ᠦᠵᠡᠰᠭᠦᠯᠡᠩ᠎ᠤᠨ ᠴᠤᠭᠯᠠᠭ᠋ᠠᠨ ᠵᠶ᠋ᠠᠷ ᠲᠣᠭᠢᠶᠠᠯ ᠪᠤᠯᠭ᠋ᠠᠵᠤ᠂ ᠥᠪᠥᠷ ᠮᠣᠩᠭᠣᠯ᠎ᠤᠨ ᠡᠪᠦᠯ᠎ᠤᠨ ᠤᠯᠠᠷᠢᠯ᠎ᠤᠨ ᠰᠣᠶᠣᠯ ᠵᠢᠭᠤᠯᠴᠢᠯᠠᠯ᠎ᠤᠨ ᠳᠠᠪᠠᠭᠤᠯᠢᠭ᠎ᠢ ᠪᠦᠭᠦ ᠲᠠᠯ᠎ᠠ᠎ᠪᠠᠷ ᠳᠡᠯᠭᠡᠨ ᠦᠵᠡᠭᠦᠯᠦᠭᠰᠡᠨ ᠵᠶ᠋ᠠᠷ ᠪᠠᠷᠠᠬᠤ ᠦᠭᠡᠢ᠂ ᠬᠣᠶᠠᠷ ᠭᠠᠵᠠᠷ᠎ᠤᠨ ᠬᠠᠮᠵᠢᠯᠴᠠᠭ᠋ᠠᠨ᠎ᠤ ᠪᠠᠢ᠌ᠩᠭᠤᠵᠢᠭᠰᠠᠨ ᠲᠠᠪᠴᠠᠩ᠎ᠢ ᠨᠠᠩ ᠪᠠᠲᠤᠳᠬᠠᠵᠠᠢ᠃ ᠢᠷᠡᠭᠡᠳᠦᠢ᠎ᠳᠤ᠂ ᠱᠠᠩᠬᠠᠢ ᠥᠪᠥᠷ ᠮᠣᠩᠭᠣᠯ᠎ᠤᠨ᠎ᠬᠢ ᠰᠣᠶᠣᠯ ᠵᠢᠭᠤᠯᠴᠢᠯᠠᠯ᠎ᠤᠨ ᠬᠦᠷᠢᠶᠡᠨ᠎ᠤ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠲᠠᠯ᠎ᠠ ᠨᠤᠲᠤᠭ᠎ᠤᠨ ᠮᠥᠰᠥ ᠴᠠᠰᠤᠨ᠎ᠤ ᠷᠢᠳᠢ ᠰᠢᠳᠢ ᠵᠢ ᠱᠠᠩᠬᠠᠢ ᠬᠤᠳᠠ ᠵᠢᠨ ᠠᠮᠢᠵᠢᠷᠠᠯ᠎ᠤᠨ ᠬᠦᠴᠦᠨ᠎ᠲᠠᠢ ᠦᠷᠭᠦᠯᠵᠢᠯᠡᠨ ᠤᠶᠠᠯᠳᠤᠵᠤ᠂ ᠣᠷᠣᠨ ᠪᠦᠰᠡ ᠵᠢᠨ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠨ᠎ᠡ᠃