ᠪᠦᠬᠦ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠠᠯᠪᠠᠨ ᠭᠡᠷ᠎ᠤᠨ ᠠᠵᠢᠯ᠎ᠤᠨ ᠰᠢᠨᠵᠢᠯᠡᠬᠦ ᠤᠬᠠᠭ᠋ᠠᠨᠴᠢᠯᠠᠯᠲᠠ᠂ ᠵᠢᠷᠤᠮᠵᠢᠭᠤᠯᠤᠯᠲᠠ ᠵᠢᠨ ᠬᠢᠷᠢ ᠲᠦᠪᠰᠢᠨ᠎ᠢ ᠪᠦᠭᠦ ᠲᠠᠯ᠎ᠠ᠎ᠪᠠᠷ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ᠂ ᠲᠤᠰᠬᠠᠢ᠌ᠵᠢᠭᠰᠠᠨ ᠭᠤᠤᠯᠯᠠᠭᠴᠢ ᠬᠦᠴᠦᠨ᠎ᠢ ᠳᠠᠪᠲᠠᠨ ᠪᠤᠯᠪᠠᠰᠤᠷᠠᠭᠤᠯᠬᠤ ᠵᠢᠨ ᠲᠥᠯᠥᠭᠡ᠂ 11 ᠳ᠋ᠦ᠍ᠭᠡᠷ ᠰᠠᠷ᠎ᠠ ᠵᠢᠨ 4᠎ᠤ ᠡᠳᠦᠷ᠎ᠠᠴᠠ 6᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠭᠦᠭᠡᠬᠤᠲᠠ᠎ᠳᠤ ᠭᠤᠷᠪᠠᠨ ᠡᠳᠦᠷ᠎ᠤᠨ ᠬᠤᠭᠤᠴᠠᠭ᠎ᠠ᠎ᠲᠠᠢ ᠪᠦᠭᠦ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠠᠯᠪᠠᠨ ᠭᠡᠷ᠎ᠤᠨ ᠡᠷᠭᠢᠯᠡᠭᠴᠢ ᠵᠢᠴᠢ ᠮᠡᠳᠡᠭᠡ ᠵᠠᠩᠭᠢᠴᠢ ᠵᠢᠨ ᠪᠣᠯᠪᠠᠰᠤᠷᠠᠯ᠎ᠤᠨ ᠠᠩᠭᠢ ᠵᠢ ᠡᠷᠭᠢᠯᠡᠪᠡ᠃ ᠡᠯ᠎ᠡ ᠠᠢ᠌ᠮᠠᠭ ᠬᠤᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠵᠢᠨ ᠠᠯᠪᠠᠨ ᠭᠡᠷ᠎ᠤᠨ ᠡᠷᠭᠢᠯᠡᠭᠴᠢ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠴᠢ᠂ ᠠᠯᠪᠠᠨ ᠪᠢᠴᠢᠭ ᠵᠣᠬᠢᠶᠠᠨ ᠪᠢᠴᠢᠬᠦ ᠵᠢᠴᠢ ᠰᠣᠨᠢᠨ ᠮᠡᠳᠡᠭᠡ ᠤᠬᠠᠭᠤᠯᠭ᠎ᠠ ᠵᠢᠨ ᠭᠣᠣᠯᠯᠠᠭᠴᠢ ᠬᠦᠴᠦᠨ ᠵᠡᠷᠭᠡ ᠰᠤᠷᠤᠯᠭ᠋ᠠᠳᠠᠳ ᠬᠠᠮᠲᠤ᠎ᠪᠠᠷ ᠴᠤᠭᠯᠠᠷᠠᠵᠤ᠂ ᠨᠢᠭᠡ ᠤᠳᠠᠭ᠋ᠠᠨ᠎ᠤ ᠥᠨᠳᠥᠷ ᠨᠢᠭᠲᠠᠴᠠ᠂ ᠥᠨᠳᠥᠷ ᠦᠷ᠎ᠡ ᠪᠦᠲᠦᠮᠵᠢᠲᠡᠶ 《ᠬᠠᠮᠲᠤ᠎ᠪᠠᠷ ᠦᠪᠡᠷ᠎ᠢ᠎ᠪᠠᠨ ᠴᠡᠨᠡᠭᠯᠡᠬᠦ》 ᠵᠢ ᠪᠡᠶᠡᠯᠡᠭᠦᠯᠵᠦ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠦᠢ᠍ᠯᠡᠳᠦᠯᠭᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃

ᠭᠤᠷᠪᠠᠨ ᠡᠳᠦᠷ᠎ᠤᠨ ᠬᠤᠭᠤᠴᠠᠭ᠎ᠠ᠎ᠲᠠᠢ ᠪᠣᠯᠪᠠᠰᠤᠷᠠᠯ᠎ᠨᠢ ᠬᠢᠴᠢᠶᠡᠯ᠎ᠤᠨ ᠪᠠᠢ᠌ᠷᠢᠯᠠᠭᠤᠯᠤᠯᠲᠠ ᠰᠢᠨᠵᠢᠯᠡᠬᠦ ᠤᠬᠠᠭ᠋ᠠᠨᠴᠢ ᠠᠪᠰᠠᠷᠬᠠᠨ᠂ ᠵᠢᠭ᠋ᠠᠨ ᠰᠤᠷᠭ᠋ᠠᠯᠲᠠ ᠵᠢᠨ ᠠᠭᠤᠯᠭ᠎ᠠ ᠪᠠᠶᠠᠯᠢᠭ ᠪᠣᠳᠠᠲᠤ ᠬᠡᠷᠡᠭᠴᠡᠭᠡ᠎ᠲᠠᠢ ᠪᠠᠢ᠌ᠵᠤ᠂ 《ᠨᠠᠷᠢᠯᠢᠭ ᠣᠨᠣᠴᠠᠲᠠᠢ᠎ᠪᠠᠷ ᠬᠦᠴᠦᠨ ᠨᠡᠮᠡᠷᠢᠯᠡᠬᠦ》 ᠢᠯᠡ ᠲᠣᠳᠣ ᠤᠳᠤᠷᠢᠳᠤᠮᠵᠢ ᠵᠢ ᠭᠦᠢ᠍ᠴᠡᠳ ᠢᠯᠡᠷᠡᠭᠦᠯᠪᠡ᠃ ᠪᠣᠯᠪᠠᠰᠤᠷᠠᠭᠤᠯᠤᠯ᠎ᠨᠢ ᠠᠯᠪᠠᠨ ᠭᠡᠷ᠎ᠤᠨ ᠭᠣᠣᠯ ᠲᠤᠬᠠᠢ᠌ᠯᠠᠭᠰᠠᠨ ᠠᠵᠢᠯ᠎ᠤᠨ ᠲᠣᠭᠣᠷᠢᠨ᠎ᠳᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ ᠨᠠᠢ᠌ᠷᠠᠭᠤᠯᠤᠨ ᠮᠡᠳᠡᠭᠦᠯᠬᠦ᠂ ᠠᠯᠪᠠᠨ ᠪᠢᠴᠢᠭ ᠪᠢᠴᠢᠬᠦ ᠵᠢᠷᠤᠮᠵᠢᠯ ᠪᠠ ᠤᠷ᠎ᠠ ᠮᠡᠷᠭᠡᠵᠢᠯ᠂ ᠬᠠᠮ ᠵᠠᠭᠤᠴᠢᠯᠠᠭᠤᠷ᠎ᠤᠨ ᠴᠠᠭ ᠦᠶ᠎ᠡ ᠵᠢᠨ ᠰᠣᠶᠣᠯ ᠵᠢᠭᠤᠯᠴᠢᠯᠠᠯ᠎ᠤᠨ ᠤᠬᠠᠭᠤᠯᠭ᠎ᠠ ᠵᠢᠨ ᠠᠷᠭ᠎ᠠ ᠪᠣᠳᠣᠯᠭ᠎ᠠ᠂ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠠᠶᠤᠯᠭᠦᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠪᠣᠳᠠᠲᠤ ᠶᠠᠪᠤᠳᠠᠯ ᠵᠡᠷᠭᠡ ᠭᠣᠣᠯᠯᠠᠬᠤ ᠬᠢᠴᠢᠶᠡᠯ᠎ᠢ ᠨᠠᠷᠢᠨ ᠨᠢᠮᠪᠠᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠢ᠌ᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠂ ᠰᠢᠭᠤᠳ ᠬᠠᠷᠢᠶ᠎ᠠ ᠨᠢᠭᠡᠴᠢ᠂ ᠠᠢ᠌ᠮᠠᠭ ᠬᠤᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ ᠪᠠ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠢᠰᠲ᠋ᠧᠮ ᠵᠡᠷᠭᠡ ᠨᠢᠭᠡᠴᠢ ᠵᠢᠨ ᠨᠡᠶ᠋ᠢᠲᠡ 140 ᠭᠠᠷᠤᠢ ᠬᠥᠮᠥᠨ ᠲᠣᠰ ᠤᠳᠠᠭ᠋ᠠᠨ᠎ᠤ ᠪᠣᠯᠪᠠᠰᠤᠷᠠᠭᠤᠯᠤᠯ᠎ᠤᠨ ᠠᠩᠭᠢ᠎ᠳᠤ ᠣᠷᠣᠯᠴᠠᠪᠠ᠃