ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
ᠰᠢᠯᠢ ᠵᠢᠨ ᠭᠣᠣᠯ ᠠᠢ᠌ᠮᠠᠭ 《ᠬᠣᠲᠠ ᠵᠢᠨ ᠨᠠᠷᠠᠲᠤ ᠲᠡᠮᠳᠡᠭᠲᠦ ᠵᠢᠨ ᠰᠢᠨ᠎ᠡ ᠵᠢ ᠡᠭᠦᠳᠦᠭᠰᠡᠨ ᠡᠵᠡᠩᠨᠡᠨ ᠪᠤᠷᠤᠯᠠᠭᠤᠯᠤᠭᠴᠢ ᠵᠢᠨ ᠱᠠᠩᠨᠠᠯ》᠎ᠢ ᠭᠥᠷᠳᠡᠪᠡ
ᠨᠡᠶᠢᠲᠡᠯᠡᠭᠰᠡᠨ ᠴᠠᠭ᠄ 2025-11-21

11 ᠳ᠋ᠤᠭᠡᠷ ᠰᠠᠷ᠎ᠠ ᠵᠢᠨ 8᠎ᠤ ᠡᠳᠦᠷ᠎ᠠᠴᠠ 11᠎ᠤ ᠡᠳᠦᠷ ᠪᠣᠯᠲᠠᠯ᠎ᠠ᠂ 2025 ᠰᠢᠢᠸ ᠴᠧᠩ ᠪᠥᠬᠥ ᠪᠥᠮᠪᠥᠷᠴᠡᠭ᠎ᠤᠨ ᠬᠠᠮᠲᠤᠷᠠᠯᠴᠠᠭ᠋ᠠᠨ᠎ᠤ ᠬᠠᠨᠢᠲᠠᠨ᠎ᠤ ᠲᠦᠷᠦᠭᠦᠴᠦᠳ᠎ᠤᠨ ᠬᠤᠷᠠᠯ ᠲᠦᠷᠺ᠎ᠲᠤ ᠬᠤᠷᠠᠯᠳᠤᠪᠠ᠃ ᠡᠨᠡ ᠤᠳᠠᠭ᠎ᠠ ᠵᠢᠨ ᠵᠢᠭᠤᠯᠴᠢᠯᠠᠯ᠎ᠤᠨ ᠦᠢ᠍ᠯᠡᠰ᠎ᠤᠨ ᠡᠲᠡᠭᠡᠳ᠎ᠤᠨ ᠤᠯᠠᠨ ᠤᠯᠤᠰ᠎ᠤᠨ ᠲᠡᠰ᠎ᠤᠨ ᠦᠪᠡᠳᠡᠭᠰᠢ ᠴᠤᠭᠯᠠᠭ᠋ᠠᠨ᠎ᠨᠢ ᠪᠦᠬᠦ ᠪᠥᠮᠪᠥᠷᠴᠡᠭ᠎ᠤᠨ ᠠᠵᠢᠯ ᠲᠦᠷᠦᠯ᠎ᠤᠨ ᠤᠳᠤᠷᠢᠳᠤᠭᠴᠢ ᠵᠢ ᠴᠤᠭᠯᠠᠷᠠᠭᠤᠯᠤᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠵᠣᠬᠢᠶᠠᠮᠠᠯ ᠤᠶᠤᠨ ᠴᠢᠳᠠᠪᠤᠷᠢ᠂ ᠵᠢᠪᠦᠭᠰᠡᠨ ᠮᠠᠶᠢᠭ᠎ᠤᠨ ᠣᠢ᠌ᠯᠠᠭ᠋ᠠᠯᠲᠠ ᠪᠣᠯᠣᠨ ᠰᠣᠶᠣᠯ᠂ ᠮᠡᠷᠭᠡᠵᠢᠯ ᠪᠣᠯᠣᠨ ᠠᠭᠤᠯᠭ᠎ᠠ ᠵᠢᠨ ᠴᠢᠳᠠᠪᠬᠢ ᠵᠡᠷᠭᠡ ᠵᠢ ᠪᠠᠭᠲᠠᠭ᠋ᠠᠭᠰᠠᠨ ᠰᠢᠨ᠎ᠡ ᠵᠢ ᠡᠭᠦᠳᠦᠭᠰᠡᠨ ᠬᠤᠰᠢᠭᠤᠴᠢ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ ᠬᠤᠷᠠᠯ ᠳᠡᠭᠡᠷ᠎ᠡ ᠰᠢᠯᠢ ᠵᠢᠨ ᠭᠣᠣᠯ ᠠᠢ᠌ᠮᠠᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠣᠲᠠ ᠵᠢᠨ ᠨᠠᠷᠠᠲᠤ ᠲᠥᠷᠥᠯ ᠲᠡᠮᠳᠡᠭᠲᠦ ᠵᠢᠨ ᠰᠢᠨ᠎ᠡ ᠵᠢ ᠡᠭᠦᠳᠴᠦ ᠡᠵᠡᠩᠨᠡᠨ ᠪᠣᠷᠣᠯᠠᠭᠤᠯᠬᠤ ᠲᠠᠯ᠎ᠠ᠎ᠪᠠᠷ᠎ᠬᠢ ᠭᠠᠷᠮᠠᠭ᠋ᠠᠢ ᠢᠯᠡᠷᠡᠯ ᠵᠶ᠋ᠡᠷ ᠵᠶ᠋ᠡᠨ 《ᠬᠣᠲᠠ ᠵᠢᠨ ᠨᠠᠷᠠᠲᠤ ᠲᠡᠮᠳᠡᠭᠲᠦ ᠵᠢᠨ ᠰᠢᠨ᠎ᠡ ᠵᠢ ᠡᠭᠦᠳᠦᠭᠰᠡᠨ ᠡᠵᠡᠩᠨᠡᠨ ᠪᠤᠷᠤᠯᠠᠭᠤᠯᠤᠭᠴᠢ ᠵᠢᠨ ᠱᠠᠩᠨᠠᠯ》᠎ᠢ ᠠᠮᠵᠢᠯᠲᠠᠲᠠᠢ ᠭᠥᠷᠳᠡᠪᠡ᠃

ᠰᠢᠯᠢ ᠵᠢᠨ ᠭᠣᠣᠯ ᠠᠢ᠌ᠮᠠᠭ᠎ᠤᠨ᠎ᠬᠢᠨ ᠤᠯᠤᠰ᠎ᠤᠨ ᠳᠣᠲᠣᠭ᠋ᠠᠳᠤ ᠵᠢᠨ ᠲᠤᠯᠤᠭ᠋ᠠᠢ᠌ᠯᠠᠭᠴᠢ OTA ᠠᠵᠤ ᠠᠬᠤᠢ᠌ᠯᠠᠯ᠎ᠯᠤᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢ᠌ᠷᠡᠭᠦᠯᠵᠦ᠂ ᠠᠵᠤ ᠦᠢ᠍ᠯᠡᠰ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ IP ᠵᠢᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ᠂ ᠰᠣᠳᠣᠨ ᠵᠢᠭᠤᠯᠴᠢᠯᠠᠯ᠎ᠤᠨ ᠪᠦᠲᠦᠭᠡᠭᠳᠡᠬᠦᠨ᠎ᠢ ᠡᠭᠦᠳᠬᠦ᠂ ᠵᠢᠭᠤᠯᠴᠢᠯᠠᠭᠴᠢᠳ᠎ᠢ ᠰᠢᠯᠢ ᠵᠢᠨ ᠭᠣᠣᠯ᠎ᠳᠤ ᠣᠷᠣᠭᠤᠯᠬᠤ ᠵᠢᠴᠢ ᠪᠦᠬᠦ ᠪᠥᠮᠪᠥᠷᠴᠡᠭ᠎ᠲᠤ ᠳᠡᠯᠭᠡᠷᠡᠭᠦᠯᠬᠦ ᠲᠥᠯᠥᠪᠯᠡᠭᠡ ᠵᠢ ᠬᠡᠷᠡᠭᠵᠢᠭᠦᠯᠬᠦ ᠵᠡᠷᠭᠡ ᠭᠣᠣᠯᠳᠠᠯᠭ᠎ᠠ᠎ᠲᠠᠢ ᠴᠢᠭᠯᠡᠯ᠎ᠤᠨ ᠲᠣᠭᠣᠷᠢᠨ᠎ᠳᠤ ᠬᠠᠮᠵᠢᠯᠴᠠᠨ ᠬᠦᠴᠦᠯᠡᠵᠦ᠂ ᠰᠢᠯᠢ ᠵᠢᠨ ᠭᠣᠣᠯ ᠠᠢ᠌ᠮᠠᠭ᠎ᠢ ᠲᠠᠯ᠎ᠠ ᠨᠤᠲᠤᠭ᠎ᠤᠨ ᠠᠮᠢ ᠠᠬᠤᠢ ᠵᠢᠨ ᠵᠢᠭᠤᠯᠴᠢᠯᠠᠯ᠎ᠤᠨ ᠨᠡᠷᠡᠳᠦ ᠬᠠᠷᠠᠯᠲᠠᠲᠤ ᠭᠠᠵᠠᠷ ᠪᠣᠯᠭ᠋ᠠᠨ ᠲᠣᠭᠲᠠᠭᠤᠨ ᠵᠶ᠋ᠠᠷ ᠪᠦᠲᠦᠭᠡᠨ ᠪᠠᠶ᠋ᠢᠭᠤᠯᠬᠤ ᠵᠢ ᠠᠬᠢᠭᠤᠯᠤᠨ᠎ᠠ᠃ ᠡᠨᠡ ᠬᠦ᠌ ᠭᠦᠨ ᠵᠤᠵᠠᠭ᠋ᠠᠨ ᠰᠣᠶᠣᠯ᠎ᠤᠨ ᠠᠭᠤᠯᠬᠤᠨ᠎ᠲᠠᠢ ᠥᠷᠭᠡᠨ ᠠᠭᠤᠳᠠᠮ ᠲᠠᠯ᠎ᠠ ᠨᠤᠲᠤᠭ᠎ᠨᠢ ᠨᠡᠭᠡᠭᠡᠯᠲᠡᠲᠡᠢ ᠣᠪᠣᠷ ᠪᠠᠢ᠌ᠳᠠᠯ ᠵᠶ᠋ᠠᠷ ᠨᠠᠢ᠍ᠮᠠᠨ ᠵᠣᠪᠬᠢᠰ᠎ᠠᠴᠠ ᠢᠷᠡᠭᠰᠡᠨ ᠵᠣᠴᠢᠳ᠎ᠢ ᠤᠭᠲᠤᠵᠤ᠂ 《ᠰᠠᠷᠠᠭᠤᠯ ᠠᠭᠤᠳᠠᠮ ᠲᠠᠯ᠎ᠠ ᠨᠤᠲᠤᠭ》 ᠎ᠢ ᠦᠨᠡᠨ ᠬᠦ᠌ ᠪᠦᠬᠦ ᠪᠥᠮᠪᠥᠷᠴᠡᠭ᠎ᠤᠨ ᠵᠢᠭᠤᠯᠴᠢᠯᠠᠭᠴᠢᠳ᠎ᠤᠨ ᠬᠦᠰᠡᠨ ᠮᠥᠷᠥᠭᠡᠳᠴᠦ ᠪᠠᠢ᠌ᠭ᠎ᠠ 《ᠰᠢᠯᠦᠭ ᠪᠠ ᠠᠯᠤᠰ᠎ᠤᠨ ᠵᠤᠷᠢᠯᠲᠠ》 ᠪᠣᠯᠭ᠋ᠠᠵᠤ ᠪᠤᠢ᠃

 

ᠢᠷᠡᠯᠲᠡ᠄ 《ᠰᠢᠢᠸ ᠴᠧᠩ ᠰᠤᠳᠤᠯᠭ᠋ᠠᠨ᠎ᠤ ᠬᠦᠷᠢᠶᠡᠯᠡᠩ》᠎ᠤᠨ ᠠᠯᠪᠠᠨ᠎ᠤ ᠸᠢᠴᠠᠲ
          
ᠬᠠᠮᠢᠶ᠎ᠡ ᠪᠦᠬᠦᠢ ᠰᠣᠨᠢᠨ
 
            