ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ 《ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ》᠎ᠤᠨ ᠲᠥᠷᠥᠯ ᠵᠦᠢ᠍ᠯ᠎ᠤᠨ ᠬᠢᠨᠠᠨ ᠲᠣᠭᠲᠠᠭ᠋ᠠᠬᠤ ᠬᠤᠷᠠᠯ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠬᠤᠷᠠᠯᠳᠤᠪᠠ
ᠨᠡᠶᠢᠲᠡᠯᠡᠭᠰᠡᠨ ᠴᠠᠭ᠄ 2025-11-01

 《ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠶ ᠎ᠪᠠᠷ ᠭᠣᠣᠯ ᠰᠡᠳᠦᠪ ᠪᠣᠯᠭ᠋ᠠᠭᠰᠠᠨ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ 〈ᠶᠡᠬᠡ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ〉᠎ᠤᠨ ᠡᠬᠢ ᠪᠠᠶᠠᠯᠢᠭ᠎ᠢ ᠪᠦᠲᠦᠭᠡᠨ ᠪᠠᠢ᠌ᠭᠤᠯᠵᠤ ᠳᠡᠯᠭᠡᠷᠡᠭᠦᠯᠬᠦ ᠠᠵᠢᠯ᠎ᠢ ᠥᠷᠨᠢᠭᠦᠯᠬᠦ ᠲᠤᠬᠠᠢ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠎ᠤ ᠮᠡᠳᠡᠭᠳᠡᠯ》᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠢ ᠦᠨᠡᠨ ᠬᠦ᠌ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠤᠨ ᠰᠢᠯᠢᠳᠡᠭ ᠪᠣᠷᠣ ᠮᠠᠲ᠋ᠧᠷᠢᠶᠠᠯ ᠪᠣᠯᠭ᠋ᠠᠨ ᠬᠤᠪᠢᠷᠠᠭᠤᠯᠬᠤ ᠵᠢᠨ ᠲᠦᠯᠦᠭᠡ᠂ 10 ᠳ᠋ᠤᠭ᠋ᠠᠷ ᠰᠠᠷ᠎ᠠ ᠵᠢᠨ 11 ᠎ᠤ ᠡᠳᠦᠷ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠢ᠍ᠢ᠍ᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠢ᠍ᠢ᠍ᠨ ᠢᠯᠠᠯᠲᠠ ᠣᠯᠣᠭᠰᠠᠨ 80 ᠵᠢᠯ᠎ᠤᠨ ᠤᠢ᠎ᠪᠠᠷ ᠭᠣᠣᠯ ᠰᠡᠳᠦᠪ ᠪᠣᠯᠭ᠋ᠠᠭᠰᠠᠨ《ᠶᠡᠬᠡ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ》 ᠎ᠤᠨ ᠲᠦᠷᠦᠯ ᠵᠦᠢ᠍ᠯ᠎ᠤᠨ ᠬᠢᠨᠠᠨ ᠲᠣᠭᠲᠠᠭ᠋ᠠᠬᠤ ᠬᠤᠷᠠᠯ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ᠎ᠳᠤ ᠤᠷᠤᠭᠰᠢᠲᠠᠢ ᠬᠤᠷᠠᠯᠳᠤᠪᠠ᠃

ᠲᠤᠰ ᠤᠳᠠᠭ᠋ᠠᠨ᠎ᠤ ᠬᠢᠨᠠᠨ ᠲᠣᠭᠲᠠᠭ᠋ᠠᠬᠤ ᠬᠤᠷᠠᠯ᠎ᠨᠢ ᠴᠢᠩᠭ᠎ᠠ ᠨᠢᠮᠪᠠᠢ᠂ ᠲᠤᠰᠬᠠᠢ ᠮᠡᠷᠭᠡᠵᠢᠯ᠎ᠤᠨ ᠰᠢᠯᠢᠯᠲᠡ᠎ᠪᠠᠷ ᠳᠡᠮᠵᠢᠨ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠢ᠍ᠢ᠍ᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠲᠠᠢ᠍ᠢ᠍ᠨ ᠢᠯᠠᠯᠲᠠ ᠣᠯᠣᠭᠰᠠᠨ 80 ᠵᠢᠯ᠎ᠤᠨ ᠤᠢ ᠵᠢᠨ ᠭᠣᠣᠯ ᠰᠡᠳᠦᠪ᠎ᠲᠠᠢ ᠨᠢᠭᠲᠠ ᠬᠣᠯᠪᠣᠭᠳᠠᠭᠰᠠᠨ᠂ ᠰᠤᠷᠤᠭᠴᠢᠳ᠎ᠤᠨ ᠲᠠᠨᠢᠨ ᠮᠡᠳᠡᠷᠡᠬᠦ᠎ᠳᠤ ᠨᠡᠢ᠌ᠴᠡᠭᠰᠡᠨ᠂ ᠰᠤᠷᠭ᠋ᠠᠨ ᠬᠥᠮᠦᠵᠢᠯ᠎ᠤᠨ ᠨᠥᠯᠥᠭᠡᠯᠡᠬᠦ ᠬᠦᠴᠦᠨ᠎ᠲᠠᠢ 《ᠶᠡᠬᠡ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ》 ᠎ᠤᠨ ᠡᠬᠢ ᠪᠠᠶᠠᠯᠢᠭ᠎ᠢ ᠡᠭᠦᠳᠴᠦ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯ ᠢᠯᠠᠩᠭᠤᠶ᠎ᠠ ᠶᠠᠫᠤᠨ᠎ᠢ ᠡᠰᠡᠷᠭᠦᠴᠡᠬᠦ ᠲᠠᠢ᠍ᠢ᠍ᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠠᠴᠠ ᠡᠨᠧᠷᠭᠢ ᠣᠯᠭᠣᠬᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ᠎ᠤᠨ ᠪᠠᠢ᠌ᠭᠤᠯᠤᠯᠲᠠ ᠵᠢ ᠠᠬᠢᠭᠤᠯᠵᠤ᠂ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠳᠤ ᠬᠤᠪᠢᠰᠬᠠᠯ᠎ᠤᠨ ᠬᠥᠳᠡᠯᠭᠡᠬᠦ ᠬᠦᠴᠦᠨ ᠨᠡᠮᠡᠷᠢᠯᠡᠬᠦ᠎ᠪᠠᠷ ᠵᠣᠷᠢᠯᠭ᠎ᠠ ᠪᠣᠯᠭ᠋ᠠᠭᠰᠠᠨ ᠶᠤᠮ᠃ ᠬᠤᠷᠠᠯ ᠳᠡᠭᠡᠷ᠎ᠡ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠮᠦᠽᠧᠢ᠂ ᠨᠠᠮ᠎ᠤᠨ ᠲᠡᠦᠬᠡ ᠵᠢᠨ ᠰᠤᠳᠤᠯᠤᠯ᠂ ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ ᠵᠡᠷᠭᠡ ᠬᠦᠷᠢᠶᠡᠨ᠎ᠤ ᠲᠤᠰᠬᠠᠢ ᠮᠡᠷᠭᠡᠵᠢᠯᠲᠡᠳ ᠨᠢᠭᠡ ᠲᠠᠩᠬᠢᠮ᠎ᠳᠤ ᠴᠤᠭᠯᠠᠷᠠᠵᠤ᠂ 《ᠲᠡᠦᠬᠡ ᠵᠢᠨ ᠪᠣᠳᠠᠲᠤ ᠶᠠᠪᠤᠳᠠᠯ᠎ᠢ ᠬᠦᠨᠳᠦᠳᠬᠡᠵᠦ᠂ ᠬᠥᠮᠥᠨ᠎ᠢ ᠬᠥᠮᠥᠵᠢᠭᠦᠯᠬᠦ ᠤᠳᠤᠷᠢᠳᠤᠮᠵᠢ ᠵᠢ ᠲᠣᠪᠤᠢ᠌ᠯᠭ᠋ᠠᠨ᠂ ᠵᠢᠭ᠋ᠠᠨ ᠰᠤᠷᠭ᠋ᠠᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠵᠣᠬᠢᠴᠠᠭᠤᠯᠬᠤ》᠎ᠪᠠᠷ ᠪᠠᠷᠢᠮᠵᠢᠶ᠎ᠠ ᠪᠣᠯᠭ᠋ᠠᠵᠤ᠂ ᠡᠯ᠎ᠡ ᠭᠠᠵᠠᠷ᠎ᠤᠨ ᠮᠡᠳᠡᠭᠦᠯᠦᠭᠰᠡᠨ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ᠂ ᠵᠢᠭ᠋ᠠᠨ ᠰᠤᠷᠭ᠋ᠠᠯᠲᠠ ᠵᠢᠨ ᠵᠢᠷᠤᠭ ᠲᠥᠯᠥᠪᠯᠡᠭᠡ᠂ ᠲᠤᠭ᠋ᠠᠵᠢᠭᠤᠯᠤᠯᠲᠠ ᠵᠢᠨ ᠳᠠᠮᠵᠢᠭᠤᠯᠭ᠎ᠠ᠂ ᠤᠩᠰᠢᠬᠤ ᠪᠢᠴᠢᠭ ᠵᠡᠷᠭᠡ ᠣᠯᠠᠨ ᠲᠥᠷᠥᠯ ᠵᠦᠢ᠍ᠯ᠎ᠤᠨ 80 ᠭᠠᠷᠤᠢ ᠲᠥᠷᠥᠯ ᠵᠦᠢ᠍ᠯ᠎ᠢ ᠠᠭᠤᠯᠭ᠎ᠠ ᠵᠢᠨ ᠣᠨᠣᠪᠴᠢᠲᠤ ᠴᠢᠨᠠᠷ᠂ ᠬᠡᠯᠪᠡᠷᠢ ᠵᠢᠨ ᠰᠢᠨ᠎ᠡ ᠵᠢ ᠡᠭᠦᠳᠬᠦ ᠴᠢᠨᠠᠷ᠂ ᠰᠤᠷᠭ᠋ᠠᠨ ᠬᠥᠮᠦᠵᠢᠯ᠎ᠤᠨ ᠬᠡᠷᠡᠭᠯᠡᠭᠡᠨ᠎ᠤ ᠴᠢᠨᠠᠷ ᠵᠡᠷᠭᠡ ᠲᠠᠯ᠎ᠠ᠎ᠠᠴᠠ ᠪᠥᠬᠥ ᠲᠠᠯ᠎ᠠ᠎ᠪᠠᠷ ᠰᠤᠳᠤᠯᠪᠠ᠃ 

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            