ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
ᠬᠥᠬᠡᠬᠣᠲᠠ ᠵᠢᠨ 《ᠴᠡᠯᠡᠭᠡᠷ ᠲᠠᠯ᠎ᠠ ᠵᠢᠨ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭᠲᠦ》᠎ᠨᠢ 《ᠰᠣᠶᠣᠯ ᠵᠢᠭᠤᠯᠴᠢᠯᠠᠯ᠎ᠤᠨ ᠰᠠᠢ᠌ᠨ ᠨᠠᠷᠠᠲᠤ ᠲᠡᠮᠳᠡᠭᠲᠦ》 ᠵᠢᠨ ᠣᠨ᠎ᠤ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠢᠷᠠᠭᠤ ᠠᠯᠳᠠᠷ᠎ᠢ ᠬᠦᠷᠲᠡᠪᠡ
ᠨᠡᠶᠢᠲᠡᠯᠡᠭᠰᠡᠨ ᠴᠠᠭ᠄ 2025-11-08

10 ᠳ᠋ᠤᠭ᠋ᠠᠷ ᠰᠠᠷ᠎ᠠ ᠵᠢᠨ 24᠎ᠤ ᠡᠳᠦᠷ᠂ 2025 ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭ᠎ᠤᠨ ᠦᠪᠡᠳᠡᠭᠰᠢ ᠶᠣᠰᠣᠯᠠᠯ ᠵᠢᠴᠢ 《ᠰᠣᠶᠣᠯ ᠵᠢᠭᠤᠯᠴᠢᠯᠠᠯ᠎ᠤᠨ ᠰᠠᠢ᠌ᠨ ᠨᠠᠷᠠᠲᠤ ᠲᠡᠮᠳᠡᠭᠲᠦ》 ᠵᠢᠨ ᠣᠨ᠎ᠤ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠬᠦ ᠬᠤᠷᠠᠯ ᠪᠡᠭᠡᠵᠢᠩ᠎ᠳᠤ ᠶᠠᠪᠤᠭᠳᠠᠪᠠ᠃ ᠬᠥᠬᠡᠬᠣᠲᠠ ᠵᠢᠨ 《ᠴᠡᠯᠡᠭᠡᠷ ᠲᠠᠯ᠎ᠠ ᠵᠢᠨ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭᠲᠦ》᠎ᠨᠢ ᠲᠡᠭᠦᠨ᠎ᠤ ᠰᠢᠰᠲ᠋ᠧᠮ᠎ᠤᠨ ᠴᠢᠨᠠᠷᠲᠠᠢ ᠨᠠᠷᠠᠲᠤ ᠲᠡᠮᠳᠡᠭᠲᠦ ᠵᠢ ᠳᠠᠬᠢᠨ ᠱᠤᠭᠤᠵᠤ᠂ ᠰᠢᠨ᠎ᠡ ᠵᠢ ᠡᠭᠦᠳᠦᠭᠰᠡᠨ ᠬᠠᠷᠠᠭ᠋ᠠᠨ ᠰᠡᠷᠡᠯ᠎ᠤᠨ ᠰᠢᠰᠲ᠋ᠧᠮ ᠪᠠ ᠣᠯᠠᠨ ᠲᠠᠯ᠎ᠠ ᠵᠢᠨ ᠤᠯᠠᠮᠵᠢᠯᠠᠨ ᠳᠠᠮᠵᠢᠭᠤᠯᠬᠤ ᠦᠢ᠍ᠯᠡᠳᠦᠯᠭᠡ᠎ᠪᠠᠷ ᠵᠶ᠋ᠡᠨ 《ᠰᠣᠶᠣᠯ ᠵᠢᠭᠤᠯᠴᠢᠯᠠᠯ᠎ᠤᠨ ᠰᠠᠢ᠌ᠨ ᠨᠠᠷᠠᠲᠤ ᠲᠡᠮᠳᠡᠭᠲᠦ》 ᠵᠢᠨ ᠣᠨ᠎ᠤ ᠦᠵᠡᠮᠵᠢ ᠵᠢᠨ ᠣᠷᠣᠨ ᠵᠢᠴᠢ ᠮᠦᠽᠧᠢ ᠵᠢᠨ ᠨᠠᠷᠠᠲᠤ ᠲᠡᠮᠳᠡᠭᠲᠦ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠢᠷᠠᠭᠤ ᠠᠯᠳᠠᠷᠲᠠᠢ᠎ᠪᠠᠷ ᠭᠥᠷᠳᠡᠪᠡ᠂ ᠲᠣᠰ ᠬᠡᠷᠡᠭ᠎ᠤᠨ ᠵᠢᠱ᠌ᠢᠶ᠎ᠡ᠎ᠨᠢ ᠮᠥᠨ ᠴᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭᠴᠠ ᠰᠣᠩᠭᠣᠭᠳᠠᠭᠰᠠᠨ ᠬᠡᠷᠡᠭ᠎ᠤᠨ ᠵᠢᠱ᠌ᠢᠶ᠎ᠡ ᠪᠣᠯᠣᠨ᠎ᠠ᠃

《ᠰᠣᠶᠣᠯ᠎ᠤᠨ ᠵᠢᠭᠤᠯᠴᠢᠯᠠᠯ᠎ᠤᠨ ᠰᠠᠢ᠌ᠨ ᠨᠠᠷᠠᠲᠤ ᠲᠡᠮᠳᠡᠭᠲᠦ》 2025 ᠣᠨ᠎ᠤ ᠬᠡᠷᠡᠭ᠎ᠤᠨ ᠵᠢᠱ᠌ᠢᠶ᠎ᠡ ᠵᠢ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠬᠡ ᠰᠤᠷᠭ᠋ᠠᠭᠤᠯᠢ ᠵᠢᠨ ᠣᠷᠣᠨ ᠪᠦᠰᠡ ᠵᠢᠨ ᠨᠠᠷᠠᠲᠤ ᠲᠡᠮᠳᠡᠭᠲᠦ ᠬᠢᠭᠡᠳ ᠳᠠᠮᠵᠢᠭᠤᠯᠭ᠎ᠠ ᠵᠢᠨ ᠰᠤᠳᠤᠯᠭ᠋ᠠᠨ᠎ᠤ ᠬᠦᠷᠢᠶᠡᠯᠡᠩ᠂ ᠹᠧᠩ ᠬᠤᠸᠠᠩ ᠰᠦᠯᠵᠢᠶᠡᠨ᠎ᠤ ᠵᠢᠭᠤᠯᠴᠢᠯᠠᠯ᠎ᠲᠠᠢ ᠬᠠᠮᠲᠤᠷᠠᠨ ᠰᠡᠳᠦᠵᠦ᠂ ᠥᠩᠭᠡᠷᠡᠭᠰᠡᠨ ᠨᠢᠭᠡ ᠵᠢᠯ᠎ᠳᠤ ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭᠲᠦ ᠵᠢ ᠪᠣᠶ ᠪᠣᠯᠭ᠋ᠠᠬᠤ ᠲᠠᠯ᠎ᠠ᠎ᠪᠠᠷ ᠭᠠᠷᠮᠠᠭ᠋ᠠᠢ ᠦᠷ᠎ᠡ ᠪᠦᠲᠦᠮᠵᠢ ᠣᠯᠣᠭᠰᠠᠨ ᠦᠢ᠍ᠯᠡᠳᠦᠯᠭᠡ ᠵᠢᠨ ᠦᠷ᠎ᠡ ᠪᠦᠲᠦᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠡᠢ᠃ 《ᠨᠠᠷᠠᠲᠤ ᠲᠡᠮᠳᠡᠭᠲᠦ — ᠡᠵᠡᠩᠨᠡᠨ ᠪᠣᠷᠣᠯᠠᠭᠤᠯᠬᠤ — ᠤᠯᠠᠮᠵᠢᠯᠠᠬᠤ》 ᠭᠤᠷᠮᠤᠰᠤᠨ ᠴᠣᠭᠴᠠ ᠵᠢᠨ ᠰᠢᠰᠲ᠋ᠧᠮᠵᠢ᠎ᠪᠠᠷ ᠭᠣᠣᠯ ᠪᠠᠷᠢᠮᠵᠢᠶ᠎ᠠ ᠪᠣᠯᠭ᠋ᠠᠵᠤ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ᠎ᠬᠢᠨ᠎ᠤ ᠣᠨᠣᠯᠵᠢᠬᠤᠨ᠎ᠤ ᠰᠢᠨ᠎ᠡ ᠵᠢ ᠡᠭᠦᠳᠬᠦ᠂ ᠠᠷᠭ᠎ᠠ ᠪᠣᠳᠣᠯᠭ᠎ᠠ ᠵᠢ ᠡᠮᠬᠢᠯᠡᠨ ᠨᠡᠢ᠌ᠯᠡᠭᠦᠯᠬᠦ ᠪᠠ ᠪᠣᠳᠠᠲᠤ ᠦᠷ᠎ᠡ ᠪᠦᠲᠦᠮᠵᠢ ᠵᠢ ᠬᠤᠪᠢᠷᠠᠭᠤᠯᠬᠤ ᠳᠤᠮᠳᠠᠬᠢ ᠰᠢᠪᠲᠤᠯᠤᠯᠲᠠ ᠵᠢᠨ ᠴᠢᠨᠠᠷᠲᠠᠢ ᠦᠷ᠎ᠡ ᠪᠦᠲᠦᠭᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠲᠥᠷᠥᠯ᠎ᠳᠤ ᠬᠠᠭᠤᠯᠪᠤᠷᠢᠯᠠᠵᠤ ᠪᠣᠯᠬᠤ ᠲᠤᠷᠰᠢᠯᠭ᠎ᠠ ᠵᠢᠨ ᠬᠡᠪ ᠵᠠᠭᠪᠤᠷ᠎ᠢ ᠬᠠᠩᠭ᠋ᠠᠨ᠎ᠠ᠃

ᠴᠡᠯᠡᠭᠡᠷ ᠲᠠᠯ᠎ᠠ ᠵᠢᠨ ᠨᠠᠷᠠᠲᠤ ᠲᠡᠮᠳᠡᠭ᠎ᠤᠨ IP ᠵᠢᠨ ᠳᠠᠮᠵᠢᠭᠤᠯᠭ᠎ᠠ ᠵᠢᠨ ᠦᠷ᠎ᠡ ᠪᠦᠲᠦᠮᠵᠢ ᠢᠯᠡᠳᠲᠡ ᠪᠠᠢ᠌ᠵᠤ᠂ ᠲᠥᠪ ᠲᠧᠯᠸᠢᠰ᠎ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠠᠷᠠᠳ᠎ᠤᠨ ᠰᠦᠯᠵᠢᠶ᠎ᠡ᠂ ᠰᠤᠶᠤᠯ ᠵᠢᠭᠤᠯᠴᠢᠯᠠᠯ᠎ᠤᠨ ᠳᠤᠮᠳᠠᠳᠤ ᠤᠯᠤᠰ᠂ ᠲᠧᠩ ᠰᠢᠶᠦ᠋ᠨ᠂ ᠰᠧᠦ ᠬᠤ᠌᠂ ᠰᠢᠨ ᠯᠠᠩ ᠵᠡᠷᠭᠡ ᠵᠠᠭᠤᠴᠢᠯᠠᠭᠤᠷ᠎ᠤᠨ ᠪᠥᠬᠥ ᠰᠦᠯᠵᠢᠶ᠎ᠡ᠎ᠪᠠᠷ ᠬᠣᠯᠪᠣᠭᠳᠠᠯ ᠪᠦᠬᠦᠢ ᠡᠬᠡ ᠪᠢᠴᠢᠭ᠎ᠢ 100 ᠭᠠᠷᠤᠢ ᠬᠤᠪᠢ ᠨᠡᠢ᠌ᠲᠡᠯᠡᠪᠡ; ᠨᠠᠢ᠌ᠵᠠ ᠵᠢᠨ ᠲᠣᠭᠣᠷᠢᠭ᠎ᠤᠨ ᠨᠡᠢ᠌ᠳᠡᠯᠡᠯ᠎ᠢ ᠪᠡᠭᠡᠵᠢᠩ ᠲᠢᠶᠠᠨᠵᠢᠨ ᠾᠸᠪᠸᠢ ᠵᠢᠨ 1000 ᠲᠦᠮᠡᠨ ᠬᠥᠮᠥᠨ᠎ᠳᠤ ᠨᠠᠷᠢᠯᠢᠭ ᠣᠨᠣᠴᠠᠲᠠᠢ᠎ᠪᠠᠷ ᠬᠦᠷᠭᠡᠵᠡᠢ; ᠪᠥᠬᠥ ᠰᠦᠯᠵᠢᠶᠡᠨ᠎ᠤ ᠢᠯᠡᠷᠡᠭᠦᠯᠦᠭᠰᠡᠨ ᠶᠡᠷᠦᠩᠬᠡᠢ ᠬᠡᠮᠵᠢᠶ᠎ᠡ 3000 ᠲᠦᠮᠡ ᠵᠢ ᠳᠠᠪᠠᠵᠤ᠂ 1 ᠳ᠋ᠦᠩᠰᠢᠭᠤᠷ ᠰᠢᠬᠠᠮ ᠬᠥᠮᠥᠨ᠎ᠳᠤ ᠬᠦᠷᠴᠦ᠂ ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ ᠦᠷᠭᠦᠯᠵᠢᠯᠡᠨ ᠥᠷᠭᠡᠳᠴᠡᠢ᠃

ᠢᠷᠡᠯᠲᠡ᠄ ᠰᠤᠶᠤᠯ ᠵᠢᠭᠤᠯᠴᠢᠯᠠᠯ᠎ᠤᠨ ᠬᠦᠬᠡᠬᠤᠲᠠ
          
ᠬᠠᠮᠢᠶ᠎ᠡ ᠪᠦᠬᠦᠢ ᠰᠣᠨᠢᠨ
 
            