10 ᠳ᠋ᠤᠭ᠋ᠠᠷ ᠰᠠᠷ᠎ᠠ ᠵᠢᠨ 26᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠪᠡᠭᠡᠵᠢᠩ ᠬᠤᠲᠠ ᠵᠢᠨ ᠰᠣᠶᠣᠯ ᠪᠠ ᠵᠢᠭᠤᠯᠴᠢᠯᠠᠯ᠎ᠤᠨ ᠲᠤᠪᠴᠢᠶᠠᠨ᠎ᠤ ᠬᠠᠮᠲᠤᠷᠠᠨ ᠡᠷᠭᠢᠯᠡᠭᠰᠡᠨ 《ᠠᠶᠠᠯᠭᠤᠲᠤ ᠵᠢᠭᠤᠯᠴᠢᠯᠠᠯ ᠥᠪᠥᠷ ᠮᠤᠩᠭᠤᠯ 》 ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠭᠤᠤᠯ ᠰᠡᠳᠦᠪᠲᠦ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠵᠣᠯᠭ᠋ᠠᠭᠤᠯᠬᠤ ᠬᠤᠷᠠᠯ ᠪᠡᠭᠡᠵᠢᠩ ᠬᠤᠲᠠ ᠵᠢᠨ ᠨᠢᠭᠡ ᠲᠡᠭ ᠨᠢᠭᠡ ᠳᠤᠮᠳᠠᠳᠤ ᠰᠤᠷᠭ᠋ᠠᠭᠤᠯᠢ᠎ᠳᠤ ᠠᠮᠵᠢᠯᠲᠠ᠎ᠲᠠᠢ ᠶᠠᠪᠤᠭᠳᠠᠪᠠ᠃
ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠬᠥᠬᠡᠬᠤᠲᠠ ᠵᠢᠨ ᠲᠠᠯ᠎ᠠ ᠨᠤᠲᠤᠭ᠎ᠢ ᠬᠠᠶ᠋ᠢᠵᠤ᠂ ᠰᠦ ᠵᠢᠨ ᠬᠤᠳᠠ ᠵᠢᠨ ᠰᠢᠨᠵᠢᠯᠡᠬᠦ ᠤᠬᠠᠭ᠋ᠠᠨ ᠮᠡᠷᠭᠡᠵᠢᠯ ᠢ ᠰᠥᠪᠡᠭᠴᠢᠯᠡᠬᠦ》᠎ᠪᠠᠷ ᠲᠥᠯᠥᠭᠡᠯᠡᠭᠴᠢ ᠪᠣᠯᠭ᠋ᠠᠭᠰᠠᠨ 4 ᠶᠡᠭᠡ ᠭᠤᠣᠯ ᠰᠡᠳᠦᠪᠲᠦ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠢᠨ᠎ᠡ ᠪᠦᠲᠦᠭᠡᠭᠳᠡᠬᠦᠨ ᠂ ᠨᠡᠶ᠋ᠢᠳᠡ 20 ᠵᠤᠷᠪᠤᠰ ᠨᠠᠷᠢᠯᠢᠭᠵᠢᠭᠤᠯᠤᠭᠰᠠᠨ ᠣᠨᠴᠠᠯᠢᠭ᠎ᠲᠠᠢ ᠰᠠᠯᠪᠤᠷᠢ ᠱᠤᠭᠤᠮ᠎ᠢ ᠨᠡᠶ᠋ᠢᠲᠡᠯᠡᠪᠡ᠃ ᠡᠨᠡ ᠬᠦ᠌ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠴᠤᠯ ᠰᠢᠨ᠎ᠡ ᠰᠢᠰᠲ᠋ᠧᠮ᠎ᠨᠢ ᠥᠪᠥᠷ ᠮᠣᠩᠭᠤᠯ᠎ᠤᠨ ᠥᠷᠭᠡᠨ ᠠᠭᠤᠳᠠᠮ ᠬᠢᠯᠢ ᠬᠢᠵᠠᠭ᠋ᠠᠷ᠎ᠤᠨ ᠪᠠᠶ᠋ᠢᠭ᠋ᠠᠯᠢ ᠤᠷᠴᠢᠨ ᠪᠠ ᠬᠥᠮᠦᠨ ᠰᠣᠶᠣᠯ᠎ᠤᠨ ᠡᠬᠢ ᠪᠠᠶᠠᠯᠢᠭ᠎ᠢ ᠰᠢᠰᠲ᠋ᠧᠮᠵᠢᠭᠰᠡᠨ᠂ ᠴᠢᠨᠠᠷ ᠰᠠᠶ᠋ᠢᠲᠠᠶ ᠬᠡᠪ ᠴᠢᠨᠠᠷ᠎ᠤᠨ ᠰᠤᠷᠭ᠋ᠠᠨ ᠬᠥᠮᠦᠵᠢᠯ᠎ᠤᠨ ᠠᠭᠤᠯᠭ᠎ᠠ ᠪᠣᠯᠭ᠋ᠠᠨ ᠬᠤᠪᠢᠷᠠᠭᠤᠯᠬᠤ ᠵᠢᠨ ᠲᠥᠯᠥᠭᠡ ᠶᠤᠮ᠃
ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠰᠢᠨ᠎ᠡ ᠪᠦᠲᠦᠭᠡᠭᠳᠡᠬᠦᠨ᠎ᠢ ᠨᠡᠢ᠌ᠳᠡᠯᠡᠭᠰᠡᠨ᠎ᠨᠢ ᠪᠦᠬᠦ ᠤᠯᠤᠰ᠎ᠤᠨ ᠡᠯ᠎ᠡ ᠭᠠᠵᠠᠷ᠎ᠤᠨ ᠵᠠᠯᠠᠭᠤᠴᠤᠳ ᠪᠠᠭ᠋ᠠᠴᠤᠳ᠎ᠢ ᠲᠠᠲᠠᠵᠤ᠂ ᠥᠪᠥᠷ ᠮᠣᠩᠭᠤᠯ᠎ᠤᠨ ᠭᠠᠶ᠋ᠢᠬᠠᠮᠰᠢᠭᠲᠤ ᠨᠤᠲᠤᠭ ᠳᠡᠪᠢᠰᠭᠡᠷ᠎ᠲᠤ ᠢᠷᠡᠬᠦᠯᠵᠦ᠂ ᠲᠡᠭᠦᠨ᠎ᠤ ᠥᠪᠡᠷᠮᠢᠴᠡ ᠷᠢᠳᠢ ᠰᠢᠳᠢ ᠪᠣᠯᠤᠨ ᠥᠪᠡᠷᠮᠢᠴᠡ ᠬᠡᠪ ᠨᠠᠮᠪᠠ ᠵᠢ ᠮᠡᠳᠡᠷᠡᠭᠦᠯᠵᠦ᠂ ᠲᠠᠯ᠎ᠠ ᠨᠤᠲᠤᠭ ᠪᠣᠯᠤᠨ ᠬᠤᠳᠠ᠂ ᠤᠳᠤ ᠪᠤᠯᠤᠨ ᠥᠩᠭᠡᠷᠡᠭᠰᠡᠨ᠎ᠤ ᠠᠭᠤᠯᠵᠠᠷ᠎ᠲᠤ ᠥᠪᠥᠷ ᠮᠣᠩᠭᠤᠯ᠎ᠢ ᠮᠡᠳᠡᠷᠡᠵᠦ᠂ ᠲᠠᠯ᠎ᠠ ᠨᠤᠲᠤᠭ᠎ᠤᠨ ᠠᠷᠠᠳ ᠲᠦᠮᠡᠨ᠎ᠤ ᠬᠠᠯᠠᠭᠤᠨ ᠰᠡᠳᠬᠢᠯᠭᠡ ᠪᠣᠯᠤᠨ ᠣᠮᠤᠭ ᠵᠣᠷᠢᠭ᠎ᠢ ᠤᠢ᠌ᠯᠠᠭ᠋ᠠᠭᠤᠯᠤᠨ ᠮᠡᠳᠡᠷᠡᠬᠦᠯᠬᠦ᠎ᠨᠢ ᠯᠠᠪᠲᠠᠢ᠃