ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠲᠦᠷᠦᠬᠦᠭᠡᠨ ᠪᠡᠭᠡᠵᠢᠩ ᠬᠤᠳᠠ ᠳ᠋ᠦ ᠶᠠᠪᠤᠭᠳᠠᠭᠰᠠᠨ 2025 ᠣᠨ ᠤ᠋ ᠣᠯᠠᠨ ᠤᠯᠤᠰ ᠤ᠋ᠨ ᠡᠪᠦᠯ ᠤ᠋ᠨ ᠤᠯᠠᠷᠢᠯ ᠤ᠋ᠨ ᠦᠵᠡᠰᠭᠦᠯᠡᠩ ᠤ᠋ᠨ ᠴᠤᠭ᠍ᠯᠠᠭᠠᠨ ᠳᠡᠭᠡᠷ᠎ᠡ ᠬᠦᠬᠡᠬᠤᠳᠠ ᠶ᠋ᠢᠨ ᠮᠠ ᠽᠦᠩ ᠱᠠᠨ ᠴᠠᠨᠠᠯᠠᠯᠳᠠ ᠶ᠋ᠢᠨ ᠳᠠᠯᠠᠪᠠᠢ 《ᠳᠤᠮᠳᠠᠳᠤ ᠤᠯᠤᠰ ᠤ᠋ᠨ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠵᠣᠷᠢᠯᠳᠠᠳᠦ ᠭᠠᠵᠠᠷ》 ᠢ᠋ᠶ᠋ᠡᠷ ᠦᠨᠡᠯᠡᠭᠳᠡᠪᠡ᠃
ᠣᠯᠠᠨ ᠤᠯᠤᠰ ᠤ᠋ᠨ ᠡᠪᠦᠯ ᠤ᠋ᠨ ᠤᠯᠠᠷᠢᠯ ᠤ᠋ᠨ ᠦᠵᠡᠰᠭᠦᠯᠡᠩ ᠪᠤᠯ ᠪᠥᠬᠥ᠌ ᠪᠥᠮᠪᠥᠷᠴᠡᠭ ᠤ᠋ᠨ ᠮᠥᠰᠥ᠍ ᠴᠠᠰᠤᠨ ᠤ᠋ ᠠᠵᠤ ᠦᠶ᠋ᠯᠡᠰ ᠤ᠋ᠨ ᠬᠠᠮᠤᠭ ᠤ᠋ᠨ ᠨᠥᠯᠥᠭᠡᠯᠡᠬᠦ᠌ ᠬᠦᠴᠦᠨ ᠲᠡᠶ ᠦᠵᠡᠰᠭᠦᠯᠡᠩ ᠤ᠋ᠨ ᠨᠢᠭᠡ ᠪᠠᠢᠵᠦ᠂ ᠵᠢᠯ ᠪᠤᠯᠭᠠᠨ ᠳᠡᠯᠡᠬᠡᠶ ᠶ᠋ᠢᠨ ᠡᠯ᠎ᠡ ᠭᠠᠵᠠᠷ ᠡᠴᠡ ᠮᠥᠰᠥ᠍ ᠴᠠᠰᠤᠨ ᠤ᠋ ᠰᠢᠯᠢᠳᠡᠭ ᠠᠵᠤ ᠠᠬᠤᠢᠯᠠᠯ ᠪᠣᠯᠤᠨ ᠴᠠᠨᠠᠯᠠᠯᠳᠠ ᠶ᠋ᠢᠨ ᠲᠠᠯᠠᠪᠠᠶ ᠶ᠋ᠢᠨ ᠬᠢᠨ ᠬᠦᠷᠦᠯᠴᠡᠨ ᠢᠷᠡᠳᠡᠭ ᠶᠤᠮ᠃ ᠮᠠ ᠽᠦᠩ ᠱᠠᠨ ᠴᠠᠨᠠᠯᠠᠯᠳᠠ ᠶ᠋ᠢᠨ ᠳᠠᠯᠠᠪᠠᠢ ᠣᠯᠠᠨ ᠤᠯᠤᠰ ᠤ᠋ᠨ ᠲᠠᠪᠴᠠᠩᠳᠤ ᠮᠡᠳᠡᠷᠡᠭ᠌ᠳᠡᠵᠦ᠍᠂ ᠡᠨᠡ ᠬᠦ᠌ ᠢᠷᠠᠭᠤ ᠠᠯᠳᠠᠷ ᠢ᠋ ᠲᠤᠰᠤᠭᠰᠠᠨ ᠨᠢ ᠲᠤᠢᠯ ᠤ᠋ᠨ ᠶᠡᠬᠡ ᠵᠣᠷᠢᠭ᠍ᠵᠢᠭᠤᠯᠤᠯ ᠪᠣᠯᠬᠤ ᠪᠥᠭᠡᠳ ᠪᠠᠰᠠ ᠴᠤ᠌ ᠨᠢᠭᠡᠨ ᠴᠣ ᠱᠢᠨ᠎ᠡ ᠡᠬᠢᠯᠡᠯᠲᠡ ᠪᠤᠯᠵᠦ᠂ ᠮᠠ ᠽᠦᠩ ᠱᠠᠨ ᠴᠠᠨᠠᠯᠠᠯᠳᠠ ᠶ᠋ᠢᠨ ᠳᠠᠯᠠᠪᠠᠢ ᠨᠢ ᠨᠡᠩ ᠥᠨᠳᠥᠷ ᠪᠠᠷᠢᠮᠵᠢᠶ᠎ᠠ ᠂ ᠨᠡᠩ ᠪᠦᠷᠢᠨ ᠳᠤᠳᠤᠨᠤᠰᠤᠭ ᠦᠢᠯᠡᠴᠢᠯᠡᠭᠡ ᠪᠤᠯᠤᠨ ᠨᠡᠩ ᠴᠢᠨᠠᠷ ᠰᠠᠢᠳᠠᠢ ᠲᠤᠨᠤᠭ ᠲᠥᠬᠥᠭᠡᠷᠦᠮᠵᠢ ᠪᠡᠷ ᠦᠷᠬᠡᠨ ᠤᠯᠠᠨ ᠳ᠋ᠤ ᠦᠢᠯᠡᠴᠢᠯᠡᠬᠦ ᠪᠡᠷ ᠪᠤᠢ᠃
ᠤᠢᠯᠠᠭᠠᠭᠰᠠᠨ ᠵᠢᠡᠷ᠂ 2025 — 2026 ᠣᠨ ᠤ᠋ ᠴᠠᠨᠠᠯᠠᠯᠳᠠ ᠶ᠋ᠢᠨ ᠤᠯᠠᠷᠢᠯ ᠳ᠋ᠤ ᠮᠠ ᠽᠦᠩ ᠱᠠᠨ ᠴᠠᠨᠠᠯᠠᠯᠳᠠ ᠶ᠋ᠢᠨ ᠲᠠᠯᠠᠪᠠᠶ ᠨᠢ 《ᠮᠣᠷᠢᠨ ᠵᠢᠯ ᠤ᠋ᠨ ᠡᠪᠦᠯ ᠤ᠋ᠨ ᠤᠯᠠᠷᠢᠯ ᠤ᠋ᠨ ᠮᠥᠰᠥ᠍ ᠴᠠᠰᠤᠨ ᠤ᠋ ᠪᠠᠶᠠᠷ ᠪᠠᠬᠠᠳᠤᠯ》 ᠭᠡᠬᠦ᠌ ᠤᠷᠢᠶ᠎ᠠ ᠪᠡᠷ ᠦᠶ᠋ᠯᠡᠴᠢᠯᠡᠭᠡ ᠪᠡᠨ ᠪᠥᠬᠥ᠌ ᠲᠠᠯ᠎ᠠ ᠪᠠᠷ ᠲᠠᠰ ᠳᠡᠪᠱᠢᠭᠦᠯᠵᠦ᠍᠂ ᠡᠪᠦᠯ ᠤ᠋ᠨ ᠤᠯᠠᠷᠢᠯ ᠤ᠋ᠨ ᠴᠠᠨᠠᠯᠠᠯᠳᠠ ᠵᠢᠭᠤᠯᠴᠢᠯᠠᠯ ᠠᠮᠠᠷᠠᠯᠳᠠ ᠶ᠋ᠢᠨ ᠳᠠᠷᠬᠠᠨ ᠤᠷᠤᠨ ᠢ᠋ ᠴᠤᠭᠴᠠᠯᠠᠬᠤ ᠪᠡᠷ ᠮᠤᠩᠭᠠᠨᠢᠵᠤ ᠪᠠᠢᠨ᠎ᠠ᠃ ᠳᠡᠳᠡ ᠰᠤᠷᠭᠠᠭ᠍ᠴᠢ ᠶ᠋ᠢᠨ ᠪᠦᠯᠬᠦᠮ ᠤ᠋ᠨ ᠲᠤᠰᠭᠠᠶ ᠮᠡᠷᠭᠡᠵᠢᠯ ᠤ᠋ᠨ ᠲᠦᠪᠱᠢᠨ ᠢ᠋ ᠳᠡᠭᠡᠭ᠌ᠰᠢᠯᠡᠭᠦᠯᠵᠦ᠍᠂ ᠴᠠᠨᠠᠯᠠᠬᠤ ᠵᠢᠭᠠᠨ ᠰᠤᠷᠭᠠᠯᠲᠠ ᠶ᠋ᠢᠨ ᠱᠢᠰᠲ᠋ᠧᠮ ᠢ᠋ ᠱᠢᠯᠢᠳᠡᠭ᠌ᠵᠢᠭᠦᠯᠦᠨ᠂ ᠴᠠᠨᠠᠯᠠᠯᠳᠠ ᠶ᠋ᠢᠨ ᠬᠡᠷᠡᠭ᠌ᠰᠡᠯ ᠤ᠋ᠨ ᠲᠦᠷᠢᠶᠡᠰᠦᠯᠡᠬᠦ᠌ ᠶᠠᠪᠤᠴᠠ ᠵᠢ ᠱᠢᠯᠢᠳᠡᠭ᠌ᠵᠢᠭᠦᠯᠵᠦ᠍᠂ ᠣᠯᠠᠨ ᠶᠠᠩᠵᠤ ᠶ᠋ᠢᠨ ᠰᠣᠩᠭᠣᠯᠲᠠ ᠭᠠᠷᠭᠠᠨ᠂ ᠠᠭᠤᠯᠠᠨ ᠳᠡᠭᠡᠷ᠎ᠡ ᠠᠭᠤᠯᠠᠨ ᠳᠤᠤᠷᠡᠬᠢ ᠦᠶ᠋ᠯᠡᠴᠢᠯᠡᠬᠦ᠌ ᠵᠢ ᠵᠣᠯᠭᠠᠭᠤᠯᠬᠤ ᠵᠢ ᠲᠡᠭᠦᠯᠳᠡᠷᠵᠢᠭᠦᠯᠵᠦ᠍᠂ ᠪᠥᠬᠥ᠌ ᠴᠤᠪᠤᠷᠠᠯ ᠤ᠋ᠨ ᠳᠣᠲᠣᠨᠣ ᠦᠶ᠋ᠯᠡᠴᠢᠯᠡᠭᠡ ᠬᠠᠩᠭᠠᠵᠦ ᠪᠠᠢᠨ᠎ᠠ᠃ ᠪᠠᠰᠠ ᠣᠶᠤᠨᠴᠢ ᠦᠶ᠋ᠯᠡᠴᠢᠯᠡᠭᠡᠨ ᠤ᠋ ᠱᠢᠰᠲ᠋ᠧᠮ ᠪᠤᠯᠤᠨ ᠲᠥᠬᠥᠭᠡᠷᠦᠮᠵᠢ ᠵᠢ ᠱᠢᠯᠢᠳᠡᠭ᠌ᠵᠢᠭᠦᠯᠵᠦ᠍᠂ ᠵᠢᠭᠤᠯᠴᠢᠯᠠᠭᠰᠠᠳ ᠲᠦ᠍ ᠲᠥᠬᠥᠮ ᠲᠦᠳᠡ ᠨᠦᠬᠦᠴᠡᠯ ᠪᠦᠷᠢᠯᠳᠦᠬᠦᠯᠵᠦ᠂ ᠱᠢᠨ᠎ᠡ ᠡᠵᠡᠩᠨᠡᠯᠲᠡ ᠶ᠋ᠢᠨ ᠬᠡᠯᠪᠡᠷᠢ ᠵᠢ ᠲᠠᠰᠤᠷᠠᠯᠲᠠ ᠥᠬᠡᠶ ᠨᠡᠮᠡᠭ᠌ᠳᠡᠭᠦᠯᠤᠨ᠂ ᠲᠤᠬᠠᠶ ᠶ᠋ᠢᠨ ᠭᠠᠵᠠᠷ ᠤ᠋ᠨ ᠠᠷᠠᠳ ᠤ᠋ᠨ ᠵᠠᠩ ᠦᠶ᠋ᠯᠡ ᠶ᠋ᠢᠨ ᠡᠯᠧᠮᠧᠨ᠋ᠲ ᠲᠠᠢ ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠪᠥᠬᠥᠶ ᠮᠥᠰᠥ᠍ ᠴᠠᠰᠤᠨ ᠤ᠋ ᠰᠣᠶᠣᠯ ᠤ᠋ᠨ ᠪᠡᠶᠡᠴᠢ ᠣᠢᠯᠠᠭᠠᠯᠲᠠ ᠵᠢ ᠪᠣᠶ ᠪᠣᠯᠭᠠᠵᠦ ᠪᠠᠢᠨ᠎ᠠ᠃