ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
《ᠴᠡᠯᠡᠭᠡᠷ ᠲᠠᠯ᠎ᠠ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ》 ᠤᠯᠤᠰ ᠤ᠋ᠨ ᠢᠷᠠᠭᠤ ᠠᠯᠳᠠᠷ ᠢ᠋ ᠭᠥᠷᠳᠡᠵᠡᠢ
ᠨᠡᠶᠢᠲᠡᠯᠡᠭᠰᠡᠨ ᠴᠠᠭ᠄ 2025-11-05

ᠰᠤᠷᠪᠤᠯᠵᠢᠯᠠᠭᠴᠢ ᠬᠥᠬᠡᠬᠣᠲᠠ ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶ᠎ᠠ ᠡᠴᠡ ᠣᠢᠯᠠᠭᠠᠭ᠍ᠰᠠᠨ ᠢ᠋ᠶ᠋ᠠᠷ᠂ ᠬᠥᠬᠡᠬᠣᠲᠠ ᠶ᠋ᠢᠨ《ᠴᠡᠯᠡᠭᠡᠷ ᠲᠠᠯ᠎ᠠ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ᠌》 ᠨᠢ ᠤᠯᠤᠰ ᠤ᠋ᠨ ᠰᠣᠶᠣᠯ ᠵᠢᠭᠤᠯᠴᠢᠯᠠᠯ ᠤ᠋ᠨ ᠰᠤᠳᠤᠨ ᠲᠦᠷᠦᠯ ᠲᠡᠮᠳᠡᠭ᠌ ᠎ᠤᠨ ᠣᠨ ᠤ᠋ ᠰᠢᠯᠢᠳᠡᠭ ᠦᠵᠡᠮᠵᠢ ᠶ᠋ᠢᠨ ᠣᠷᠣᠨ ᠵᠢᠴᠢ ᠮᠦᠽᠧᠶ ᠶ᠋ᠢᠨ ᠲᠥᠷᠥᠯ ᠲᠡᠮᠳᠡᠭ᠌ ᠤ᠋ᠨ ᠱᠢᠯᠢᠳᠡᠭ ᠵᠢᠱ᠌ᠢᠶ᠎ᠡ ᠪᠡᠷ ᠦᠨᠡᠯᠡᠭᠳᠡᠵᠦ᠂ ᠡᠨᠡ ᠬᠦ᠌ ᠢᠷᠠᠭᠤ ᠠᠯᠳᠠᠷ ᠢ᠋ ᠬᠦᠷᠳᠡᠭᠰᠡᠨ ᠦᠪᠤᠷ ᠮᠤᠩᠭᠤᠯ ᠤ᠋ᠨ ᠴᠣᠷ ᠤ᠋ᠨ ᠭᠠᠭ᠍ᠴᠠ ᠵᠢᠱ᠌ᠢᠶ᠎ᠡ ᠪᠣᠯᠵᠠᠶ᠃

《ᠴᠡᠯᠡᠭᠡᠷ ᠲᠠᠯ᠎ᠠ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ᠌》 ᠨᠢ ᠱᠢᠰᠲ᠋ᠧᠮᠳᠦ ᠴᠢᠨᠠᠷᠲᠠᠶ ᠲᠥᠷᠥᠯ ᠲᠡᠮᠳᠡᠭ᠌ ᠤ᠋ᠨ᠎ᠪᠠᠢᠭᠤᠯᠤᠯᠳᠠ᠂ ᠱᠢᠨ᠎ᠡ ᠵᠢ ᠡᠭᠦᠳᠦᠭ᠌ᠰᠡᠨ ᠦᠵᠡᠬᠦᠯᠬᠡ ᠶ᠋ᠢᠨ ᠱᠢᠰᠲ᠋ᠧᠮ ᠬᠢᠭᠡᠳ ᠣᠯᠠᠨ ᠲᠠᠯᠠᠲᠤ ᠳᠠᠮᠵᠢᠭᠤᠯᠭ᠎ᠠ ᠶ᠋ᠢᠨ ᠦᠶ᠋ᠯᠡᠳᠦᠯᠭᠡ ᠪᠡᠷ ᠢ᠋ᠶ᠋ᠡᠨ ᠤᠨᠴᠠᠯᠢᠭᠳᠠᠵᠠᠢ᠃ 2025 ᠣᠨ ᠳ᠋ᠦ ᠴᠡᠯᠡᠬᠡᠷ ᠳᠠᠯ᠎ᠠ ᠦᠵᠡᠮᠵᠢ ᠶ᠋ᠢᠨ ᠤᠷᠤᠨ ᠨᠢ 100 ᠲᠦᠮᠡ ᠭᠠᠷᠤᠢ ᠵᠢᠭᠤᠯᠴᠢᠯᠠᠭᠴᠢ ᠵᠢ ᠬᠦᠯᠢᠶᠡᠨ ᠠᠪᠴᠤ᠂ ᠬᠥᠮᠦᠰ ᠢ᠋ ᠬᠣᠲᠠ ᠶ᠋ᠢᠨ ᠱᠤᠤᠭᠢᠶᠠᠨ ᠡᠴᠡ ᠠᠮᠤᠷᠵᠢᠭᠤᠯᠬᠤ ᠲᠠᠭᠠᠳᠠᠢ ᠤᠷᠤᠨ ᠪᠤᠯᠵᠠᠢ᠃ 《ᠴᠡᠯᠡᠭᠡᠷ ᠲᠠᠯ᠎ᠠ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ᠌》 ᠤ᠋ᠨ IP ᠳᠠᠮᠵᠢᠭᠤᠯᠭ᠎ᠠ ᠶ᠋ᠢᠨ ᠦᠷ᠎ᠡ ᠪᠦᠲᠦᠮᠵᠢ ᠢᠯᠡᠳᠲᠡ ᠪᠠᠢᠵᠤ᠂ ᠲᠥᠪ ᠲᠧᠯᠸᠢᠰ ᠤ᠋ᠨ ᠰᠦᠯᠵᠢᠶ᠎ᠡ᠂ ᠱᠢᠨᠬᠤᠸᠠ ᠰᠦᠯᠵᠢᠶ᠎ᠡ᠂ ᠠᠷᠠᠳ ᠤ᠋ᠨ ᠰᠦᠯᠵᠢᠶ᠎ᠡ᠂ ᠲᠸᠩ ᠱᠢᠶᠦ᠋ᠨ ᠰᠦᠯᠵᠢᠶ᠎ᠡ᠂ ᠰᠸᠦ ᠬᠣ᠌ ᠰᠦᠯᠵᠢᠶ᠎ᠠ᠂ ᠱᠢᠨ ᠯᠠᠩ ᠵᠡᠷᠭᠡ ᠵᠠᠭᠤᠴᠢᠯᠠᠭᠤᠷ ᠤ᠋ᠨ ᠬᠢᠨ ᠤᠷᠢᠳ ᠬᠤᠵᠢᠳ 100 ᠭᠠᠷᠤᠶ ᠤᠳᠠᠭ᠎ᠠ ᠮᠡᠳᠡᠭᠡᠯᠡᠯ ᠬᠢᠵᠦ᠂ ᠨᠠᠢᠵᠠ ᠶ᠋ᠢᠨ ᠲᠣᠭᠣᠷᠢᠭ ᠤ᠋ᠨ ᠵᠠᠷ ᠨᠡᠢᠳᠡᠯᠡᠯ ᠢ᠋ ᠪᠡᠭᠡᠵᠢᠩ ᠲᠢᠶᠠᠨᠵᠢᠨ ᠾᠸᠪᠸᠢ ᠵᠢᠨ 1000 ᠲᠦᠮᠡᠨ ᠬᠥᠮᠦᠨ ᠳ᠋ᠤ ᠬᠦᠷᠭᠡᠵᠦ᠂ ᠲᠦᠷᠦᠯ ᠲᠡᠮᠳᠡᠭ ᠤ᠋ᠨ ᠨᠥᠯᠥᠭᠡᠯᠡᠬᠦ᠌ ᠬᠦᠴᠦᠨ ᠨᠢ ᠲᠠᠰᠤᠷᠠᠯᠳᠠ ᠦᠬᠡᠢ ᠦᠷᠬᠡᠵᠢᠵᠤ ᠪᠤᠢ᠃

ᠤᠢᠯᠠᠭᠠᠭᠰᠠᠨ ᠵᠢᠡᠷ᠂ ᠤᠯᠤᠰ ᠤ᠋ᠨ ᠰᠣᠶᠣᠯ ᠵᠢᠭᠤᠯᠴᠢᠯᠠᠯ ᠤ᠋ᠨ ᠰᠤᠳᠤᠨ ᠲᠦᠷᠦᠯ ᠲᠡᠮᠳᠡᠭ᠌ ᠤ᠋ᠨ 2025 ᠣᠨ ᠤ᠋ ᠵᠢᠱ᠌ᠢᠶ᠎ᠡ ᠵᠢ ᠰᠢᠯᠭᠠᠷᠠᠭᠤᠯᠬᠤ ᠠᠵᠢᠯ ᠢ᠋ ᠳᠤᠮᠳᠠᠳᠤ ᠤᠯᠤᠰ ᠤ᠋ᠨ ᠵᠠᠭᠤᠴᠢᠯᠠᠭᠤᠷ ᠤ᠋ᠨ ᠶᠡᠬᠡ ᠰᠤᠷᠭᠠᠭᠤᠯᠢ ᠶ᠋ᠢᠨ ᠣᠷᠣᠨ ᠪᠦᠰᠡ ᠶ᠋ᠢᠨ ᠲᠦᠷᠦᠯ ᠲᠡᠮᠳᠡᠭ᠌ ᠪᠣᠯᠤᠨ ᠳᠠᠮᠵᠢᠭᠤᠯᠭ᠎ᠠ ᠶ᠋ᠢᠨ ᠰᠤᠳᠤᠯᠭᠠᠨ ᠤ᠋ ᠬᠦᠷᠢᠶᠡᠯᠡᠩ᠂ ᠹᠸᠩ ᠬᠤᠸᠠᠩ ᠰᠦᠯᠵᠢᠶᠡᠨ ᠤ᠋ ᠵᠢᠭᠤᠯᠴᠢᠯᠠᠯ ᠡᠴᠡ ᠬᠠᠮᠲᠤᠷᠠᠨ ᠥᠷᠨᠢᠭᠦᠯᠵᠦ᠍᠂ ᠥᠩᠭᠡᠷᠡᠭ᠌ᠰᠡᠨ ᠨᠢᠭᠡ ᠵᠢᠯ ᠤ᠋ᠨ ᠰᠣᠶᠣᠯ ᠵᠢᠭᠤᠯᠴᠢᠯᠠᠯ ᠤ᠋ᠨ ᠲᠦᠷᠦᠯ ᠲᠡᠮᠳᠡᠭ᠌ ᠢ᠋ ᠱᠤᠭᠤᠬᠤ ᠲᠠᠯ᠎ᠠ ᠪᠠᠷ ᠭᠠᠷᠮᠠᠭᠠᠶ ᠦᠷ᠎ᠡ ᠪᠦᠲᠦᠮᠵᠢ ᠣᠯᠤᠭ᠍ᠰᠠᠨ ᠦᠶ᠋ᠯᠡᠳᠦᠯᠭᠡ ᠶ᠋ᠢᠨ ᠦᠷ᠎ᠡ ᠪᠦᠲᠦᠭᠡᠯ ᠢ᠋ ᠭᠤᠤᠯᠴᠢᠯᠠᠨ ᠰᠢᠯᠭᠠᠷᠠᠭᠤᠯᠵᠠᠢ᠃ ᠲᠡᠷᠡ ᠨᠢ 《ᠲᠦᠷᠦᠯ ᠲᠡᠮᠳᠡᠭ᠌᠂ ᠡᠵᠡᠩᠨᠡᠨ ᠪᠣᠷᠣᠯᠠᠭᠤᠯᠬᠤ᠂ ᠤᠯᠠᠮᠵᠢᠯᠠᠨ ᠲᠠᠷᠬᠠᠭᠠᠬᠤ》 ᠭᠤᠷᠪᠠ ᠵᠢ ᠨᠢᠭᠡ ᠴᠣᠭ᠍ᠴᠠᠵᠢᠭᠤᠯᠤᠭ᠍ᠰᠠᠨ ᠱᠢᠰᠲ᠋ᠧᠮ ᠢ᠋ᠶ᠋ᠡᠷ ᠭᠤᠤᠯ ᠪᠠᠷᠢᠮᠵᠢᠶ᠎ᠠ ᠪᠣᠯᠭᠠᠵᠤ᠂ ᠰᠣᠶᠣᠯ ᠵᠢᠭᠤᠯᠴᠢᠯᠠᠯ ᠤ᠋ᠨ ᠦᠶ᠋ᠯᠡᠰ ᠤ᠋ᠨ ᠣᠢᠯᠠᠭᠠᠭ᠍ᠳᠠᠬᠤᠨ ᠤ᠋ ᠱᠢᠨ᠎ᠡ ᠵᠢ ᠡᠭᠦᠳᠬᠦ᠌᠂ ᠠᠷᠭ᠎ᠠ ᠪᠣᠳᠣᠯᠭ᠎ᠠ ᠵᠢ ᠡᠮᠬᠢᠯᠡᠨ ᠨᠡᠢᠯᠡᠭᠦᠯᠬᠦ᠌ ᠪᠠ ᠪᠣᠳᠠᠲᠤ ᠦᠷ᠎ᠡ ᠪᠦᠲᠦᠮᠵᠢ ᠵᠢ ᠬᠤᠪᠢᠷᠠᠭᠤᠯᠬᠤ ᠳᠤᠮᠳᠠᠬᠢ ᠱᠢᠪᠲᠤᠯᠤᠯᠲᠠ ᠶ᠋ᠢᠨ ᠴᠢᠨᠠᠷᠲᠠᠶ ᠦᠷ᠎ᠡ ᠪᠦᠲᠦᠭᠡᠯ ᠢ᠋ᠶ᠋ᠡᠷ ᠪᠠᠷᠢᠮᠵᠢᠶᠠᠯᠠᠨ᠂ ᠠᠵᠢᠯ ᠲᠥᠷᠥᠯ ᠤ᠋ᠨ ᠬᠢᠨ ᠳ᠋ᠤ ᠯᠠᠪᠯᠠᠯᠳᠠ ᠪᠤᠯᠬᠤᠢᠴᠠ ᠲᠤᠷᠱᠢᠯᠭ᠎ᠠ᠎ᠬᠠᠩᠭᠠᠪᠠ᠃

ᠢᠷᠡᠯᠲᠡ᠄ ᠳᠣᠮᠳᠠᠳᠤ ᠤᠯᠣᠰ᠎ᠤᠨ ᠮᠤᠩᠭᠤᠯ ᠬᠡᠯᠡᠨ᠎ᠦ ᠰᠣᠨᠢᠨ ᠮᠡᠳᠡᠭᠡ ᠶ᠋ᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            