ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
《ᠤᠮᠠᠷᠠᠲᠤ ᠬᠢᠵᠠᠭ᠋ᠠᠷ ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠬᠤ᠎ᠨᠢ — 2025 ᠣᠷᠳᠣᠰ᠎ᠤᠨ ᠤᠯᠠᠭ᠋ᠠᠨᠮᠥ᠋ᠴᠢᠷ᠎ᠤᠨ ᠰᠢᠯᠢᠳᠡᠭ ᠲᠣᠭᠯᠠᠯᠲᠠ ᠵᠢᠨ ᠪᠥᠬᠥ ᠤᠯᠤᠰ᠎ᠤᠨ ᠲᠣᠭᠣᠷᠢᠨ ᠲᠣᠭᠯᠠᠯᠲᠠ》 ᠪᠡᠭᠡᠵᠢᠩ᠎ᠳᠤ ᠡᠬᠢᠯᠡᠪᠡ
ᠨᠡᠶᠢᠲᠡᠯᠡᠭᠰᠡᠨ ᠴᠠᠭ᠄ 2025-05-18

5 ᠳ᠋ᠤᠭ᠋ᠠᠷ ᠰᠠᠷ᠎ᠠ ᠵᠢᠨ 13᠎ᠤ ᠡᠳᠦᠷ᠂ ᠣᠷᠳᠣᠰ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠭᠣᠤᠯᠯᠠᠨ ᠡᠷᠭᠢᠯᠡᠵᠦ᠂ ᠣᠷᠳᠣᠰ ᠬᠣᠲᠠ ᠵᠢᠨ ᠨᠠᠮ᠎ᠤᠨ ᠬᠤᠷᠢᠶᠠᠨ ᠎ᠤ ᠤᠬᠠᠭᠤᠯᠬᠤ ᠬᠡᠯᠲᠡᠰ᠂ ᠡᠯ᠎ᠡ ᠬᠣᠰᠢᠭᠤ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠴᠢ ᠪᠡᠭᠡᠵᠢᠩ᠎ᠤᠨ ᠪᠦᠦ ᠯᠢ ᠵᠦᠴᠦᠭᠡ ᠵᠢᠨ ᠬᠦᠷᠢᠶᠡᠯᠡᠩ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠢᠨ ᠬᠠᠮᠲᠤᠷᠠᠨ ᠡᠷᠭᠢᠯᠡᠭᠰᠡᠨ 《ᠤᠮᠠᠷᠠᠲᠤ ᠬᠢᠵᠠᠭ᠋ᠠᠷ ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠬᠤ᠎ᠨᠢ — 2025 ᠣᠷᠳᠣᠰ᠎ᠤᠨ ᠤᠯᠠᠭ᠋ᠠᠨᠮᠥ᠋ᠴᠢᠷ᠎ᠤᠨ ᠰᠢᠯᠢᠳᠡᠭ ᠲᠣᠭᠯᠠᠯᠲᠠ ᠵᠢᠨ ᠪᠥᠬᠥ ᠤᠯᠤᠰ᠎ᠤᠨ ᠲᠣᠭᠣᠷᠢᠨ ᠲᠣᠭᠯᠠᠯᠲᠠ》 ᠪᠡᠭᠡᠵᠢᠩ᠎ᠤᠨ ᠪᠦᠦ ᠯᠢ ᠵᠦᠴᠦᠭᠡ ᠵᠢᠨ ᠬᠦᠷᠢᠶᠡᠯᠡᠩ᠎ᠳᠤ ᠵᠢᠩᠬᠢᠨᠢ᠎ᠪᠠᠷ ᠡᠬᠢᠯᠡᠪᠡ᠃ ᠲᠤᠰ ᠤᠳᠠᠭ᠋ᠠᠨ᠎ᠤ ᠲᠣᠭᠣᠷᠢᠨ ᠲᠣᠭᠯᠠᠯᠲᠠ᠎ᠨᠢ ᠤᠷᠳᠤᠰ ᠬᠤᠳᠠ ᠵᠢᠨ 6 ᠤᠯᠠᠭ᠋ᠠᠨᠮᠥ᠋ᠴᠢᠷ᠎ᠤᠨ 12 ᠰᠢᠯᠢᠳᠡᠭ ᠲᠣᠭᠯᠠᠯᠲᠠ ᠵᠢ ᠨᠠᠷᠢᠨ ᠰᠣᠩᠭᠣᠵᠤ᠂ 《ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠰᠡᠳᠬᠢᠯ ᠵᠢᠷᠦᠬᠡ᠎ᠪᠠᠨ ᠬᠣᠯᠪᠣᠬᠤ》᠎ᠪᠠᠷ ᠭᠣᠣᠯ ᠰᠢᠵᠢᠮ ᠪᠣᠯᠭ᠋ᠠᠵᠤ᠂ ᠳᠠᠭᠤᠤ ᠪᠥᠵᠢᠭ ᠵᠶ᠋ᠠᠷ ᠦᠨᠳᠦᠰᠦᠲᠡᠨ᠎ᠤ ᠪᠦᠯᠬᠦᠮᠳᠡᠯ᠎ᠤᠨ ᠵᠣᠯ ᠵᠢᠷᠭ᠋ᠠᠯᠲᠤ ᠵᠢᠷᠤᠭ᠎ᠢ ᠵᠢᠷᠤᠭᠯᠠᠵᠠᠢ᠃ 

《ᠤᠮᠠᠷᠠᠲᠤ ᠬᠢᠵᠠᠭ᠋ᠠᠷ᠎ᠤᠨ ᠰᠣᠶᠣᠯ》᠎ᠤᠨ ᠪᠠᠶ᠋ᠢᠭᠤᠯᠤᠯᠲᠠ ᠵᠢᠨ ᠴᠢᠬᠤᠯᠠ ᠦᠢ᠍ᠯᠡᠳᠦᠯᠭᠡ ᠪᠣᠯᠤᠭᠰᠠᠨ᠎ᠤ ᠬᠤᠪᠢ᠎ᠳᠤ᠂ ᠲᠤᠰ ᠤᠳᠠᠭ᠋ᠠᠨ᠎ᠤ ᠲᠣᠭᠣᠷᠢᠨ ᠲᠣᠭᠯᠠᠯᠲᠠ᠎ᠨᠢ ᠤᠯᠠᠭ᠋ᠠᠨᠮᠥ᠋ᠴᠢᠷ᠎ᠤᠨ 《ᠬᠤᠪᠢᠰᠬᠠᠯᠲᠤ ᠤᠳᠬ᠎ᠠ ᠤᠷᠠᠯᠢᠭ᠎ᠤᠨ ᠬᠦᠩᠭᠡᠨ ᠮᠣᠷᠢᠲᠤ ᠴᠡᠷᠢᠭ》 ᠵᠶ᠋ᠠᠷ ᠠᠴᠢᠶᠠᠯᠠᠪᠤᠷᠢ ᠪᠣᠯᠭ᠋ᠠᠵᠤ᠂ ᠤᠷᠳᠤᠰ᠎ᠤᠨ ᠥᠪᠡᠷᠮᠢᠴᠡ ᠰᠣᠶᠣᠯ᠎ᠤᠨ ᠭ᠋ᠸᠨ᠎ᠢ ᠰᠢᠨ᠎ᠡ᠎ᠪᠠᠷ ᠡᠭᠦᠳᠴᠦ ᠳᠡᠯᠭᠡᠷᠡᠭᠦᠯᠵᠡᠢ᠃ ᠲᠤᠭᠯᠠᠭᠴᠢ ᠵᠢᠨ ᠡᠩᠨᠡᠭᠡ᠎ᠨᠢ ᠤᠷᠳᠤᠰ ᠬᠤᠳᠠ ᠵᠢᠴᠢ ᠲᠠᠪᠤᠨ ᠬᠣᠰᠢᠭᠤ ᠰᠢᠶᠠᠨ᠎ᠤ ᠲᠡᠰ᠎ᠤᠨ ᠤᠯᠠᠭ᠋ᠠᠨᠮᠥ᠋ᠴᠢᠷ᠎ᠤᠨ ᠵᠠᠭᠤ ᠭᠠᠷᠤᠢ ᠲᠤᠭᠯᠠᠭᠴᠢ᠎ᠪᠠᠷ ᠪᠦᠷᠢᠯᠳᠦᠵᠦ᠂ ᠳᠠᠭᠤᠤ ᠪᠥᠵᠢᠭ᠂ ᠬᠥᠭᠵᠢᠮ᠎ᠤᠨ ᠲᠣᠭᠯᠠᠯᠲᠠ ᠵᠡᠷᠭᠡ ᠤᠯᠠᠨ ᠡᠰᠢᠲᠦ ᠬᠡᠯᠪᠡᠷᠢ᠎ᠪᠠᠷ ᠲᠠᠯ᠎ᠠ ᠨᠤᠲᠤᠭ᠎ᠤᠨ ᠬᠥᠪᠡᠭᠦᠳ ᠥᠬᠢᠳ᠎ᠤᠨ ᠤᠯᠤᠰ ᠭᠡᠷ᠎ᠤᠨ ᠬᠠᠶ᠋ᠢᠷ᠎ᠠ ᠰᠡᠳᠬᠢᠯᠭᠡ ᠵᠢ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠰᠤᠳᠠᠰᠤ᠎ᠲᠠᠢ ᠭᠦᠨᠵᠡᠭᠡᠢ ᠠᠭᠤᠰᠤᠯᠴᠠᠭᠤᠯᠵᠠᠢ᠃

ᠤᠷᠳᠤᠰ᠎ᠤᠨ ᠤᠯᠠᠭ᠋ᠠᠨᠮᠥ᠋ᠴᠢᠷ ᠵᠠᠯᠭ᠋ᠠᠭ᠋ᠠᠳ ᠪᠠᠰᠠ ᠱᠠᠩᠬᠠᠢ᠂ ᠵᠧᠩᠵᠧᠦ᠂ ᠵᠢᠨᠠᠨ ᠵᠡᠷᠭᠡ ᠬᠤᠳᠠ᠎ᠳᠤ ᠬᠦᠷᠴᠦ ᠰᠣᠶᠣᠯ᠎ᠤᠨ ᠰᠣᠯᠢᠯᠴᠠᠭ᠋ᠠᠨ᠎ᠤ ᠠᠶᠠᠯᠠᠯ ᠵᠶ᠋ᠠᠨ ᠡᠬᠢᠯᠡᠭᠦᠯᠬᠦ ᠪᠣᠯᠤᠨ᠎ᠠ᠃ ᠬᠠᠲᠤᠨ ᠭᠣᠣᠯ᠎ᠤᠨ几 ᠦᠰᠦᠭ᠎ᠠᠴᠠ ᠬᠤᠸᠠᠩ ᠫᠦ᠋ ᠵᠢᠶᠠᠩ ᠮᠥᠷᠡᠨ᠎ᠤ ᠬᠥᠪᠡᠭᠡᠨ᠎ᠳᠤ ᠬᠦᠷᠴᠦ᠂ ᠨᠡᠶ᠋ᠢᠰᠯᠡᠯ ᠪᠡᠭᠡᠵᠢᠩ᠎ᠠᠴᠠ ᠴᠢ ᠯᠦ᠍ ᠡᠬᠡ ᠭᠠᠵᠠᠷ᠎ᠲᠤ ᠬᠦᠷᠴᠦ᠂ ᠲᠣᠭᠣᠷᠢᠨ ᠲᠣᠭᠯᠠᠬᠤ ᠵᠠᠮ᠎ᠨᠢ ᠤᠮᠠᠷᠠᠲᠤ ᠣᠷᠣᠨ᠂ ᠳᠣᠷᠣᠨᠠᠲᠤ ᠣᠷᠣᠨ᠂ ᠳᠤᠮᠳᠠᠳᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠳᠥᠷᠪᠡᠨ ᠶᠡᠬᠡ ᠣᠷᠣᠨ᠎ᠢ ᠬᠠᠮᠤᠷᠴᠠᠶ᠃ ᠲᠠᠪᠤᠨ ᠮᠢᠩᠭ᠋ᠠᠨ ᠭᠠᠵᠠᠷ᠎ᠢ ᠰᠤᠨᠳᠠᠯᠠᠭᠰᠠᠨ ᠡᠨᠡ ᠬᠦ᠌ ᠰᠣᠶᠣᠯ᠎ᠤᠨ ᠠᠶᠠᠨ᠎ᠳᠤ᠂ ᠤᠯᠠᠭ᠋ᠠᠨᠮᠥ᠋ᠴᠢᠷ᠎ᠤᠨ ᠲᠩᠷᠢ᠎ᠪᠠᠷ ᠬᠥᠰᠢᠭᠡ᠎ᠪᠠᠨ ᠪᠣᠯᠭ᠋ᠠᠵᠤ᠂ ᠭᠠᠵᠠᠷ ᠵᠶ᠋ᠠᠷ ᠲᠠᠶ᠋ᠢᠰᠠ᠎ᠪᠠᠨ ᠪᠣᠯᠭ᠋ᠠᠵᠤ᠂ ᠤᠳᠬ᠎ᠠ ᠤᠷᠠᠯᠢᠭ᠎ᠤᠨ ᠭᠡᠷᠡᠯ ᠵᠶ᠋ᠠᠷ ᠤᠮᠠᠷᠠᠲᠤ ᠬᠢᠵᠠᠭ᠋ᠠᠷ ᠎ᠤᠨ ᠡᠬᠡ ᠭᠠᠵᠠᠷ᠎ᠢ ᠬᠡᠷᠡᠯᠳᠦᠬᠦᠯᠬᠦ ᠬᠤᠪᠢᠰᠬᠠᠯᠲᠤ ᠭ᠋ᠸᠨ ᠰᠢᠩᠬᠡᠵᠦ ᠪᠠᠶ᠋ᠢᠨ᠎ᠠ᠃ ᠲᠩᠷᠢ ᠵᠢᠨ ᠬᠠᠶᠠᠭ᠋ᠠᠨ᠎ᠤ ᠲᠠᠯ᠎ᠠ ᠨᠤᠲᠤᠭ᠎ᠠᠴᠠ ᠴᠤᠭᠯᠠᠭᠤᠯᠤᠭᠰᠠᠨ ᠤᠷᠠᠯᠢᠭ᠎ᠤᠨ ᠠᠪᠢᠶᠠᠰ ᠪᠢᠯᠢᠭ᠂ ᠳᠣᠯᠭᠢᠶᠠᠯᠠᠨ ᠤᠷᠤᠰᠬᠤ ᠬᠠᠲᠤᠨ ᠭᠣᠣᠯ᠎ᠳᠤ ᠳᠠᠪᠲᠠᠭᠳᠠᠨ ᠪᠣᠯᠪᠠᠰᠤᠷᠠᠭᠳᠠᠭᠰᠠᠨ ᠰᠣᠶᠣᠯ᠎ᠤᠨ ᠤᠬᠢ ᠰᠣᠳᠣ᠎ᠨᠢ ᠡᠬᠡ ᠤᠯᠤᠰ᠎ᠤᠨ ᠬᠠᠮᠤᠭ᠎ᠤᠨ ᠬᠠᠯᠠᠭᠤᠨ ᠳᠤᠯᠠᠭ᠋ᠠᠨ ᠰᠡᠳᠬᠢᠯ ᠬᠥᠳᠡᠯᠭᠡᠮ᠎ᠡ 《ᠳᠤᠮᠳᠠᠳᠤ ᠤᠯᠤᠰ᠎ᠤᠨ ᠦᠯᠢᠭᠡᠷ》᠎ᠢ ᠢᠮᠠᠭᠲᠠ ᠶᠠᠷᠢᠭᠰᠠᠭ᠋ᠠᠷ ᠢᠷᠡᠵᠠᠢ᠃

ᠢᠷᠡᠯᠲᠡ᠄ ᠣᠷᠳᠣᠰ᠎ᠤᠨ ᠰᠣᠶᠣᠯ ᠵᠢᠭᠤᠯᠴᠢᠯᠠᠯ
          
ᠬᠠᠮᠢᠶ᠎ᠡ ᠪᠦᠬᠦᠢ ᠰᠣᠨᠢᠨ
 
            