ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠰᠣᠨᠢᠨ ᠮᠡᠳᠡᠭᠡ
ᠠᠶᠠᠯᠭᠤᠳᠤ ᠵᠢᠭᠤᠯᠴᠢᠯᠠᠯ ᠥᠪᠥᠷ ᠮᠣᠩᠭᠣᠯ
ᠨᠡᠶᠢᠲᠡᠯᠡᠭᠰᠡᠨ ᠴᠠᠭ᠄ 2025-11-26

《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠰᠤᠶᠤᠯ ᠵᠢᠭᠤᠯᠴᠢᠯᠠᠯ ᠠᠭᠤᠰᠤᠯᠴᠠᠯ᠎ᠤᠨ ᠲᠦᠷᠦᠯ ᠵᠦᠢᠯ 2025 ᠣᠨ᠎ᠤ ᠪᠦᠬᠦ᠌ ᠤᠯᠤᠰ᠎ᠤᠨ ᠤᠯᠠᠨ ᠲᠦᠮᠡᠨᠴᠢ ᠰᠣᠶᠣᠯ᠎ᠤᠨ ᠲᠦᠷᠦᠯ ᠲᠡᠮᠳᠡᠭ᠎ᠦᠨ ᠨᠡᠢᠲᠡᠯᠢᠭ ᠵᠢᠱ᠌ᠢᠢ᠎ᠡ ᠪᠡᠷ ᠰᠣᠩᠭᠣᠭ᠍ᠳᠠᠵᠤ᠂ ᠥᠪᠡᠷᠮᠢᠴᠡ ᠱᠢᠨ᠎ᠡ ᠡᠭᠦᠳᠦᠯᠲᠡ᠎ᠶ᠋ᠢᠨ ᠵᠠᠭ᠍ᠪᠤᠷ᠎ᠢᠶᠠᠷ᠎ᠢᠶᠠᠨ ᠪᠥᠬᠥ᠌ ᠤᠯᠤᠰ᠎ᠲᠤ ᠥᠪᠥᠷ ᠮᠣᠩᠭᠣᠯ᠎ᠤᠨ ᠰᠣᠶᠣᠯ᠎ᠤᠨ ᠷᠢᠳᠢ ᠱᠢᠳᠢ᠎ᠶ᠋ᠢ ᠠᠯᠳᠠᠷᠰᠢᠭᠤᠯᠵᠠᠢ᠃

《ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠪᠣᠯ ᠳᠠᠭᠤᠤ ᠬᠥᠭ᠌ᠵᠢᠮ᠎ᠢᠶᠡᠷ ᠬᠣᠯᠪᠣᠭᠠᠰᠤ ᠪᠣᠯᠭᠠᠵᠤ᠂ ᠥᠪᠥᠷ ᠮᠣᠩᠭᠣᠯ᠎ᠤᠨ ᠰᠦᠷᠯᠢᠭ ᠰᠠᠢᠬᠠᠨ ᠪᠠᠢᠭᠠᠯᠢ᠎ᠶᠢᠨ ᠦᠵᠡᠮᠵᠢ᠎ᠶ᠋ᠢ ᠣᠷᠭᠠᠨᠢᠭ᠎ᠢᠶᠠᠷ ᠬᠣᠯᠪᠣᠵᠤ᠂ ᠰᠣᠶᠣᠯ ᠢᠷᠭᠡᠨᠱᠢᠯ ᠪᠠ ᠭᠦᠨᠴᠡ᠎ᠲᠡᠶ ᠵᠢᠭᠤᠯᠴᠢᠯᠠᠯ᠎ᠢ ᠪᠡᠶᠡᠴᠢᠯᠡᠨ ᠣᠢᠯᠠᠭᠠᠭᠤᠯᠬᠤ ᠱᠢᠨ᠎ᠡ ᠰᠣᠶᠣᠯ ᠵᠢᠭᠤᠯᠴᠢᠯᠠᠯ᠎ᠤᠨ IP ᠪᠣᠯᠤᠨ᠎ᠠ᠃ ᠲᠥᠷᠥᠯ ᠵᠦᠶ᠋ᠯ᠎ᠨᠢ 《ᠠᠶ᠎ᠠ ᠳᠠᠭᠤᠤ᠎ᠰᠤᠨᠤᠰᠴᠤ᠂ ᠪᠠᠶᠠᠷ ᠬᠥᠷ᠎ᠲᠡᠶ ᠵᠢᠭᠤᠯᠴᠢᠯᠠᠬᠤ》 ᠪᠠᠷ ᠭᠤᠤᠯ ᠣᠢᠯᠠᠭᠠᠭ᠍ᠳᠠᠬᠤᠨ ᠪᠣᠯᠭᠠᠵᠤ᠂ ᠥᠪᠥᠷ ᠮᠣᠩᠭᠣᠯ᠎ᠤᠨ 《ᠳᠠᠭᠤᠤ᠎ᠶ᠋ᠢᠨ ᠲᠡᠯᠡᠶ᠂ ᠪᠥᠵᠢᠭ᠎ᠦᠨ ᠨᠤᠲᠤᠭ》 ᠥᠪᠡᠷᠮᠢᠴᠡ ᠷᠢᠳᠢ ᠱᠢᠳᠢ᠎ᠶ᠋ᠢ ᠠᠮᠢᠳᠤᠯᠢᠭ᠎ᠢᠶᠠᠷ ᠲᠠᠢᠯᠪᠤᠷᠢᠯᠠᠪᠠ᠃ ᠣᠳᠣᠬᠠᠨ᠎ᠳᠤ᠂ ᠲᠥᠷᠥᠯ ᠵᠦᠶ᠋ᠯ᠎ᠢ ᠨᠢᠭᠡᠨᠲᠡ ᠬᠥᠯᠥᠨ ᠪᠣᠢᠷ᠂ ᠱᠢᠯᠢ᠎ᠶ᠋ᠢᠨ ᠭᠤᠤᠯ᠂ ᠣᠷᠳᠣᠰ ᠵᠡᠷᠭᠡ ᠭᠤᠤᠯ ᠪᠣᠯᠬᠤ ᠰᠣᠶᠣᠯ ᠵᠢᠭᠤᠯᠴᠢᠯᠠᠯ᠎ᠤᠨ ᠣᠷᠣᠨ ᠪᠦᠰᠡ᠎ᠳᠦ ᠠᠮᠵᠢᠯᠲᠠ᠎ᠲᠠᠶ ᠳᠡᠯᠭᠡᠷᠡᠭᠦᠯᠵᠦ᠍᠂ ᠨᠢᠭᠡᠳᠦᠯᠲᠡᠶ ᠲᠡᠮᠳᠡᠭ᠂ ᠰᠣᠩᠭᠣᠳᠠᠭ ᠳᠠᠭᠤᠤ ᠪᠣᠯᠤᠨ ᠱᠢᠷᠢᠰ ᠰᠣᠶᠣᠯ᠎ᠤᠨ ᠡᠭᠦᠳᠦᠨ ᠪᠦᠲᠦᠭᠡᠯᠲᠡ᠎ᠶ᠋ᠢᠨ ᠪᠦᠲᠦᠭᠡᠭ᠌ᠳᠡᠬᠦᠨ᠎ᠢᠶᠡᠷ ᠳᠠᠮᠵᠢᠭᠤᠯᠤᠨ᠂ ᠣᠯᠠᠨ ᠲᠠᠯᠠᠲᠤ᠂ ᠦᠨᠳᠦᠰᠦᠨ ᠱᠠᠳᠤᠨ᠎ᠳᠤ ᠬᠦᠨᠵᠡᠭᠡᠢᠷᠡᠬᠦ ᠮᠠᠶᠢᠭ᠎ᠤᠨ ᠰᠣᠶᠣᠯ᠎ᠤᠨ ᠪᠡᠶᠡᠴᠢᠯᠡᠨ ᠣᠢᠯᠠᠭᠠᠬᠤ ᠪᠠᠢᠳᠠᠯ᠎ᠢ ᠪᠣᠶ ᠪᠣᠯᠭᠠᠵᠤ᠂ ᠵᠢᠭᠤᠯᠴᠢᠯᠠᠭᠴᠢ ᠨᠢᠭᠡ ᠪᠦᠷᠢ᠎ᠳᠦ 《ᠰᠣᠨᠣᠰᠴᠤ᠌ ᠪᠣᠯᠬᠤ᠂ ᠦᠵᠡᠵᠦ᠍ ᠪᠣᠯᠬᠤ᠂ ᠰᠣᠨᠢᠷᠬᠠᠵᠤ ᠪᠣᠯᠬᠤ》 ᠠᠶᠠᠨ ᠵᠠᠮ᠎ᠢ ᠪᠣᠶ ᠪᠣᠯᠭᠠᠵᠤ ᠥᠭ᠌ᠴᠠᠢ᠃

ᠲᠤᠰ ᠲᠦᠷᠦᠯ ᠵᠦᠢᠯ ᠨᠢ ᠪᠦᠷᠢᠨ ᠠᠭᠤᠰᠤᠯᠴᠠᠯ᠂ ᠪᠦᠬᠦ ᠤᠷᠤᠨ ᠪᠦᠰᠡ᠎ᠵᠢ ᠬᠠᠮᠤᠷᠤᠭᠰᠠᠨ᠂ ᠠᠮᠢᠳᠤᠯᠢᠭ ᠠᠰᠢᠭᠯᠠᠭᠰᠠᠨ᠂ ᠤᠶᠤᠨᠴᠢ ᠵᠢᠭᠤᠯᠴᠢᠯᠠᠯ ᠵᠡᠷᠭᠡ ᠲᠦᠷᠪᠡᠨ ᠰᠢᠨᠡᠴᠢᠯᠠᠯᠳᠡ ᠲᠠᠢ ᠪᠠᠢᠵᠦ᠂ ᠦᠪᠦᠷ ᠮᠤᠨᠭᠭᠤᠯ᠎ᠤᠨ ᠲᠦᠷᠦᠯ ᠲᠡᠮᠳᠡᠭ᠎ᠦᠨ ᠥᠷᠲᠡᠭ᠎ᠢ ᠢᠯᠡᠷᠡᠭᠦᠯᠵᠦ᠍᠂ ᠣᠷᠣᠨ ᠪᠦᠰᠡ᠎ᠶ᠋ᠢᠨ ᠬᠥᠭ᠌ᠵᠢᠯᠲᠡ᠎ᠳᠦ ᠬᠦᠴᠦᠨ ᠨᠡᠮᠡᠷᠢᠯᠡᠵᠠᠢ ᠃

ᠢᠷᠡᠯᠲᠡ᠄ ᠳᠣᠮᠳᠠᠳᠤ ᠤᠯᠣᠰ᠎ᠤᠨ ᠮᠤᠩᠭᠤᠯ ᠬᠡᠯᠡᠨ᠎ᠦ ᠰᠣᠨᠢᠨ ᠮᠡᠳᠡᠭᠡ ᠶ᠋ᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            