10 ᠰᠠᠷ᠎ᠠ᠎ᠶ᠋ᠢᠨ 22 ᠤ᠋ᠨ ᠡᠳᠦᠷ᠂ ᠬᠥᠬᠡᠬᠣᠲᠠ᠎ᠶ᠋ᠢᠨ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠣᠪᠴᠢᠢ᠎ᠠ᠂ ᠥᠪᠥᠷ ᠮᠣᠩᠭᠣᠯ᠎ᠤᠨ ᠤᠳᠭ᠎ᠠ ᠤᠷᠠᠯᠢᠭ᠎ᠤᠨ ᠰᠠᠢ᠌ᠨ ᠳᠤᠷᠠᠴᠤᠤᠯ᠎ᠤᠨ ᠨᠡᠢᠭᠡᠮᠯᠢᠭ᠂ ᠬᠥᠬᠡᠬᠣᠲᠠ᠎ᠶ᠋ᠢᠨ ᠴᠡᠷᠢᠭ ᠠᠩᠬᠢ᠎ᠶ᠋ᠢᠨ ᠠᠵᠢᠯ᠎ᠠᠴᠠ᠎ᠪᠠᠨ ᠠᠮᠠᠷᠠᠭ᠍ᠰᠠᠨ ᠺᠠᠳ᠋ᠷᠴᠤᠳ ᠤᠨ ᠦᠢᠯᠡᠴᠢᠯᠡᠭᠡᠨ᠎ᠦ ᠲᠥᠪ ᠡᠴᠡ ᠬᠠᠮᠲᠤᠷᠠᠨ ᠡᠷᠬᠢᠯᠡᠭ᠌ᠰᠡᠨ ᠥᠪᠥᠷ ᠮᠣᠩᠭᠣᠯ᠎ᠤᠨ《ᠰᠠᠭᠤᠷᠢ᠎ᠶ᠋ᠢ ᠪᠡᠬᠢᠵᠢᠭᠦᠯᠬᠦ᠌ ᠢᠨᠵᠧᠨᠧᠷᠢᠩ 》 ᠤ᠋ᠨ ᠤᠳᠭ᠎ᠠ ᠤᠷᠠᠯᠢᠭ᠎ᠠᠴᠠ ᠦᠨᠳᠦᠰᠦᠨ ᠱᠠᠲᠤᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠳᠤ ᠬᠦᠴᠦᠨ ᠨᠡᠮᠡᠷᠢᠯᠡᠬᠦ᠌ ᠠᠵᠢᠯᠯᠠᠭ᠎ᠠ 《ᠶᠢᠰᠦᠨ ᠰᠠᠷ᠎ᠠ᠎ᠶ᠋ᠢᠨ ᠶᠢᠰᠦᠨ᠎ᠦ ᠪᠠᠶᠠᠷ》 ᠭᠡᠬᠦ᠌ ᠤᠳᠭ᠎ᠠ ᠤᠷᠠᠯᠢᠭ᠎ᠤᠨ ᠦᠳᠡᠰᠢᠯᠡᠭᠡ ᠬᠥᠬᠡᠬᠣᠲᠠ᠎ᠶ᠋ᠢᠨ ᠦᠯᠢᠭᠡᠷ ᠤᠷᠠᠯᠢᠭ᠎ᠤᠨ ᠣᠷᠳᠣᠨ᠎ᠳᠤ ᠶᠠᠪᠤᠭ᠍ᠳᠠᠪᠠ᠃
ᠦᠳᠡᠰᠢᠯᠡᠭᠡ᠎ᠳᠤ᠂ ᠠᠵᠢᠯ᠎ᠡᠴᠡ ᠪᠠᠨ ᠠᠮᠠᠷᠠᠭᠰᠠᠨ ᠴᠡᠷᠢᠭ᠎ᠤᠨ ᠺᠠᠳ᠋ᠷ᠎ᠤᠨ ᠲᠥᠯᠥᠭᠡᠯᠡᠭ᠌ᠴᠢ᠂ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠨᠡᠷᠡᠳᠤ ᠬᠥᠮᠦᠰ ᠵᠢᠴᠢ ᠨᠡᠢᠭᠡᠮ᠎ᠦᠨ ᠡᠯ᠎ᠡ ᠡᠲᠡᠭᠡᠳ᠎ᠦᠨ 200 ᠭᠠᠷᠤᠢ ᠬᠥᠮᠦᠰ ᠨᠢᠭᠡ ᠲᠠᠩᠬᠢᠮ᠎ᠳᠤ ᠴᠤᠭ᠍ᠯᠠᠷᠠᠵᠤ᠂ ᠶᠢᠰᠦᠨ ᠰᠠᠷ᠎ᠠ᠎ᠶ᠋ᠢᠨ ᠶᠢᠰᠦᠨ᠎ᠦ ᠪᠠᠶᠠᠷ ᠵᠢᠡᠨ ᠬᠠᠮᠳᠤ ᠪᠡᠷ ᠪᠠᠯᠭᠡᠯᠡᠪᠡ᠃ ᠦᠳᠡᠰᠢᠯᠡᠭᠡ᠎ᠨᠢ 《ᠲᠤᠷᠠᠳᠬᠠᠯ ᠬᠦᠪᠤᠷᠡᠬᠦᠯᠦᠭᠰᠡᠨ ᠣᠨ ᠰᠠᠷ᠎ᠠ 》 ᠂ 《ᠢᠯᠠᠯᠲᠠ᠎ᠶ᠋ᠢᠨ ᠪᠦᠷᠢᠶ᠎ᠡ 》 ᠂ 《ᠶᠢᠰᠦᠨ ᠰᠠᠷ᠎ᠠ᠎ᠶ᠋ᠢᠨ ᠶᠢᠰᠦᠨ᠎ᠦ ᠬᠠᠢᠷ᠎ᠠ ᠬᠠᠯᠠᠮᠵᠢ 》 ᠭᠤᠷᠪᠠᠨ ᠪᠦᠯᠦᠭ᠎ᠢᠶᠡᠷ ᠭᠤᠤᠯ ᠱᠢᠵᠢᠮ ᠪᠣᠯᠭᠠᠵᠤ᠂ ᠬᠤᠪᠢᠰᠭᠠᠯᠲᠤ ᠴᠡᠷᠢᠭ᠎ᠦᠨ ᠬᠠᠢᠷ᠎ᠠ ᠰᠡᠳᠭᠢᠯᠭᠡ ᠪᠣᠯᠤᠨ ᠤᠮᠠᠷᠠᠲᠤ ᠬᠢᠯᠢ᠎ᠶ᠋ᠢᠨ ᠰᠣᠶᠣᠯ᠎ᠤᠨ ᠣᠨᠴᠠᠯᠢᠭ᠎ᠢ ᠭᠦᠨᠵᠡᠭᠡᠶ ᠠᠭᠤᠰᠤᠯᠴᠠᠭᠤᠯᠪᠠ ᠃ ᠲᠣᠭ᠍ᠯᠠᠯᠲᠠ ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠳᠭ᠎ᠠ ᠤᠷᠠᠯᠢᠭ᠎ᠤᠨ ᠡᠲᠡᠭᠡᠳ᠎ᠦᠨ ᠰᠣᠳᠣᠨ ᠱᠢᠨ᠎ᠡ᠎ᠵᠢ ᠴᠤᠭ᠍ᠯᠠᠭᠤᠯᠵᠤ᠂ ᠳᠠᠭᠤᠤ᠂ ᠪᠥᠵᠢᠭ᠂ ᠪᠤᠳᠠᠳᠤ ᠦᠵᠡᠭ᠌ᠳᠡᠯᠲᠦ ᠵᠦᠴᠦᠭᠡ ᠵᠡᠷᠭᠡ ᠤᠯᠠᠨ ᠵᠦᠢᠯ᠎ᠦᠨ ᠤᠷᠠᠯᠢᠭ᠎ᠤᠨ ᠬᠡᠯᠪᠡᠷᠢ᠎ᠪᠡᠷ《ᠲᠤᠷᠤᠨ᠎ᠠ ᠵᠦᠭ ᠲᠦ᠍ ᠲᠤᠶᠠᠭᠠᠷᠠᠯ᠎ᠠ 》᠂ 《ᠰᠤᠩᠭᠠᠷᠢ ᠮᠥᠷᠡᠨ》 ᠵᠡᠷᠭᠡ ᠰᠣᠩᠭᠣᠳᠠᠭ ᠪᠦᠲᠦᠭᠡᠯ᠎ᠢ ᠳᠡᠯᠭᠡᠨ ᠦᠵᠡᠬᠦᠯᠪᠡ; ᠪᠠᠰᠠ《ᠪᠢ ᠡᠬᠡ ᠤᠯᠤᠰ᠎ᠲᠠᠶ᠎ᠪᠠᠨ》 ᠵᠡᠷᠭᠡ ᠴᠠᠭ ᠦᠶ᠎ᠡ᠎ᠶ᠋ᠢᠨ ᠳᠦᠷᠰᠦ ᠪᠠᠢᠳᠠᠯ᠎ᠢ ᠲᠤᠰᠭᠠᠭ᠍ᠰᠠᠨ ᠲᠣᠭ᠍ᠯᠠᠯᠲᠠ᠎ᠶ᠋ᠢ ᠰᠣᠨᠢᠷᠬᠠᠭᠤᠯᠵᠤ᠂ ᠠᠬᠤᠶ ᠲᠠᠯᠠᠪᠠᠶ᠎ᠶ᠋ᠢᠨ ᠦᠵᠡᠭ᠌ᠴᠢᠳ᠎ᠲᠦ ᠭᠦᠨ ᠵᠤᠵᠠᠭᠠᠨ ᠬᠠᠢᠷ᠎ᠠ ᠰᠡᠳᠭᠢᠯᠭᠡ ᠪᠢᠯᠬᠠᠭ᠍ᠰᠠᠨ ᠰᠣᠶᠣᠯ᠎ᠤᠨ ᠦᠪᠡᠳᠡᠭ᠌ᠰᠢ ᠨᠠᠢᠷ᠎ᠢ ᠰᠣᠨᠢᠷᠬᠠᠭᠤᠯᠪᠠ᠃
ᠲᠤᠰ ᠠᠵᠢᠯᠯᠠᠭ᠎ᠠ ᠨᠢ ᠠᠵᠢᠯ᠎ᠡᠴᠡ ᠪᠠᠨ ᠠᠮᠠᠷᠠᠭᠰᠠᠨ ᠴᠡᠷᠢᠭ᠎ᠦᠨ ᠺᠠᠳ᠋ᠷᠴᠤᠳ᠎ᠲᠤ ᠪᠠᠶᠠᠷ᠎ᠤᠨ ᠡᠳᠦᠷ᠎ᠦᠨ ᠵᠥᠩᠨᠡᠯ ᠳᠡᠪᠱᠢᠭᠦᠯᠦᠭ᠌ᠰᠡᠨ᠎ᠢᠶᠡᠷ ᠪᠠᠷᠠᠬᠤ ᠦᠭᠡᠢ ᠨᠡᠩ ᠴᠤ᠌ ᠶᠢᠰᠦᠨ ᠰᠠᠷ᠎ᠠ᠎ᠶ᠋ᠢᠨ ᠶᠢᠰᠦᠨ᠎ᠦ ᠪᠠᠶᠠᠷ᠎ᠢ 《ᠰᠠᠭᠤᠷᠢ ᠶ᠋ᠢ ᠪᠡᠬᠢᠵᠢᠭᠦᠯᠬᠦ᠌ ᠢᠨᠵᠧᠨᠧᠷᠢᠩ 》 ᠤ᠋ᠨ ᠪᠠᠷᠢᠮᠵᠢᠶᠠᠵᠢᠭ᠍ᠰᠠᠨ ᠦᠯᠢᠭᠡᠷ ᠳᠠᠭᠤᠷᠢᠶᠠᠯ ᠪᠣᠯᠭᠠᠵᠤ᠂ ᠨᠠᠮ ᠪᠣᠯᠤᠨ ᠵᠠᠰᠠᠭ᠎ᠤᠨ ᠣᠷᠳᠣᠨ᠎ᠤ ᠥᠷᠭᠡᠨ ᠤᠯᠠᠨ ᠴᠡᠷᠢᠭ᠎ᠡᠴᠡ ᠬᠠᠯᠠᠭ᠍ᠳᠠᠭ᠍ᠰᠠᠳ᠎ᠢ ᠳᠣᠲᠣᠨᠣ᠎ᠪᠠᠷ ᠬᠠᠯᠠᠮᠵᠢᠯᠠᠵᠤ ᠪᠠᠢᠬᠤ᠎ᠶ᠋ᠢ ᠠᠮᠢᠳᠤᠯᠢᠭ᠎ᠢᠶᠠᠷ ᠲᠠᠢᠯᠪᠤᠷᠢᠯᠠᠵᠠᠢ ᠃