6 ᠳ᠋ᠤᠭ᠋ᠠᠷ ᠰᠠᠷ᠎ᠠ ᠵᠢᠨ 22᠎ᠤᠨ ᠣᠷᠣᠢ᠂ ᠪᠤᠭᠤᠲᠤ ᠬᠣᠲᠠ ᠵᠢᠨ《ᠬᠠᠲᠤᠨ ᠭᠣᠣᠯ᠎ᠤᠨ ᠨᠢᠭᠡᠳᠦᠭᠡᠷ ᠲᠤᠰᠬᠤᠨ》᠎ᠳᠤ ᠶᠠᠪᠤᠭᠳᠠᠭᠰᠠᠨ 2025 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠭᠣᠣᠯ ᠰᠡᠳᠦᠪᠲᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠪᠦᠯᠦᠭ᠎ᠤᠨ 13 ᠵᠢᠭᠤᠯᠴᠢᠯᠠᠯ᠎ᠤᠨ ᠨᠡᠷᠡᠲᠦ ᠰᠢᠶᠠᠨ᠎ᠢ ᠵᠢᠩᠬᠢᠨᠢ᠎ᠪᠠᠷ ᠨᠡᠢ᠌ᠲᠡᠯᠡᠪᠡ᠃
ᠲᠦᠷᠦᠭᠦᠦ ᠪᠦᠯᠦᠭ᠎ᠤᠨ 13 ᠵᠢᠭᠤᠯᠴᠢᠯᠠᠯ᠎ᠤᠨ ᠨᠡᠷᠡᠲᠦ ᠬᠤᠰᠢᠭᠤ ᠰᠢᠶᠠᠨ ᠲᠤᠭᠤᠷᠢᠭ ᠪᠤᠯ᠂ ᠣᠷᠳᠣᠰ ᠬᠤᠲᠠ ᠵᠢᠨ ᠬᠢᠶ᠎ᠠ ᠪᠠᠭᠰᠢ ᠲᠣᠭᠣᠷᠢᠭ᠂ ᠬᠢᠩᠭ᠋ᠠᠨ ᠠᠢ᠌ᠮᠠᠭ᠎ᠤᠨ ᠷᠠᠰᠢᠶᠠᠨ ᠬᠤᠲᠠ᠂ ᠤᠯᠠᠭ᠋ᠠᠨᠬᠠᠳᠠ ᠬᠤᠲᠠ ᠵᠢᠨ ᠬᠡᠰᠢᠭᠲᠡᠨ ᠬᠣᠰᠢᠭᠤ᠂ ᠬᠥᠯᠥᠨ ᠪᠤᠶ᠋ᠢᠷ ᠬᠤᠲᠠ ᠵᠢᠨ ᠡᠷᠭᠦᠨ᠎ᠡ ᠬᠤᠲᠠ᠂ ᠮᠠᠨᠵᠤᠤᠷ ᠬᠤᠲᠠ᠂ ᠪᠤᠭᠤᠲᠤ ᠬᠤᠲᠠ ᠵᠢᠨ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤ᠂ ᠠᠯᠠᠱ᠌ᠠ ᠠᠢ᠌ᠮᠠᠭ᠎ᠤᠨ ᠡᠵᠡᠨ᠎ᠡ ᠬᠣᠰᠢᠭᠤ᠂ ᠬᠥᠬᠡᠬᠤᠲᠠ ᠵᠢᠨ ᠴᠢᠩ ᠱᠦᠢ ᠾᠧ ᠰᠢᠶᠠᠨ᠂ ᠤᠯᠠᠭ᠋ᠠᠨᠴᠠᠪ ᠬᠤᠲᠠ ᠵᠢᠨ ᠴᠠᠬᠠᠷ ᠪᠠᠷᠠᠭᠤᠨ ᠭᠠᠷᠤᠨ ᠬᠣᠢ᠌ᠲᠤ ᠬᠣᠰᠢᠭᠤ᠂ ᠲᠦᠩᠯᠢᠶᠣᠣ ᠬᠤᠲᠠ ᠵᠢᠨ ᠨᠠᠢ᠍ᠮᠠᠨ ᠬᠣᠰᠢᠭᠤ᠂ ᠰᠢᠯᠢ ᠵᠢᠨ ᠭᠣᠣᠯ ᠠᠢ᠌ᠮᠠᠭ᠎ᠤᠨ ᠳᠣᠯᠣᠨ ᠨᠤᠤᠷ ᠰᠢᠶᠠᠨ᠂ ᠪᠠᠶᠠᠨᠨᠠᠭᠤᠷ ᠬᠤᠲᠠ ᠵᠢᠨ ᠦᠶᠤᠸᠠᠨ ᠰᠢᠶᠠᠨ᠂ ᠦᠬᠠᠢ ᠬᠤᠲᠠ ᠵᠢᠨ ᠬᠠᠢ᠌ᠷᠤᠪ᠎ᠤᠨ ᠲᠣᠬᠣᠢ ᠲᠣᠭᠣᠷᠢᠭ ᠪᠣᠯᠣᠨ᠎ᠠ᠃
ᠲᠣᠰ ᠤᠳᠠᠭ᠋ᠠᠨ᠎ᠤ ᠰᠢᠯᠭ᠋ᠠᠷᠠᠭᠤᠯᠤᠯᠲᠠ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠨᠢᠭᠡ ᠠᠯᠬᠤᠮ ᠪᠣᠯᠤᠭᠰᠠᠨ᠎ᠤ ᠬᠤᠪᠢ᠎ᠳᠤ᠂ ᠴᠡᠭ ᠵᠶ᠋ᠠᠷ ᠨᠡᠢ᠌ᠳᠡᠮ᠎ᠢ ᠳᠠᠢ᠌ᠴᠢᠯᠠᠬᠤ ᠠᠷᠭ᠎ᠠ ᠮᠠᠶᠢᠭ ᠵᠶ᠋ᠠᠷ ᠪᠥᠬᠦ ᠣᠷᠣᠨ᠎ᠤ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠤᠨ᠎ᠠ᠃