(2017 ᠣᠨ᠎ᠤ 5 ᠳ᠋ᠤᠭ᠋ᠠᠷ ᠰᠠᠷ᠎ᠠ ᠵᠢᠨ 26᠎ᠤ ᠡᠳᠦᠷ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠠᠯ᠎ᠤᠨ ᠭᠤᠴᠢᠨ ᠭᠤᠷᠪᠠᠳᠤᠭ᠋ᠠᠷ ᠬᠤᠭᠤᠴᠠᠭ᠋ᠠᠨ᠎ᠤ ᠬᠤᠷᠠᠯ᠎ᠠᠴᠠ ᠪᠠᠲᠤᠯᠠᠪᠠ)
ᠨᠢᠭᠡᠳᠦᠭᠡᠷ ᠪᠦᠯᠦᠭ ᠶᠡᠷᠦᠩᠬᠡᠢ ᠵᠠᠷᠴᠢᠮ
ᠨᠢᠭᠡᠳᠦᠭᠡᠷ ᠵᠣᠷᠪᠤᠰ ᠳᠤᠮᠳᠠᠲᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠦᠭᠵᠢᠭᠦᠯᠵᠦ᠂ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠢ ᠴᠢᠩᠭ᠋ᠠᠳᠬᠠᠬᠤ ᠵᠢᠨ ᠲᠦᠯᠦᠭᠡ 《ᠪᠦᠬᠦᠳᠡ ᠨᠠᠢ᠌ᠷᠠᠮᠳᠠᠬᠤ ᠳᠤᠮᠳᠠᠲᠤ ᠠᠷᠠᠳ ᠤᠯᠤᠰ᠎ᠤᠨ ᠪᠤᠳᠠᠰ᠎ᠤᠨ ᠪᠣᠰᠤ ᠰᠣᠶᠣᠯ᠎ᠤᠨ ᠦᠪ᠎ᠤᠨ ᠬᠠᠤᠯᠢ》 ᠪᠠ ᠤᠯᠤᠰ᠎ᠤᠨ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠤᠭᠲᠠᠭ᠋ᠠᠯ᠎ᠢ ᠦᠨᠳᠦᠰᠦᠯᠡᠵᠦ᠂ ᠦᠪᠡᠷᠲᠡᠭᠡᠨ ᠵᠠᠰᠠᠬᠤ ᠣᠷᠤᠨ᠎ᠤ ᠪᠣᠳᠠᠲᠠᠢ ᠪᠠᠢ᠌ᠳᠠᠯ᠎ᠲᠠᠢ ᠤᠶᠠᠯᠳᠤᠭᠤᠯᠵᠤ ᠲᠤᠰ ᠲᠦᠷᠢᠮ᠎ᠢ ᠲᠤᠭᠲᠠᠭ᠋ᠠᠪᠠ᠃
ᠬᠣᠶᠠᠳᠤᠭ᠋ᠠᠷ ᠵᠣᠷᠪᠣᠰ ᠦᠪᠡᠷᠲᠡᠭᠡᠨ ᠵᠠᠰᠠᠬᠤ ᠣᠷᠤᠨ᠎ᠤ ᠵᠠᠰᠠᠭ ᠵᠠᠬᠢᠷᠭ᠋ᠠᠨ᠎ᠤ ᠣᠷᠤᠨ ᠲᠤᠳᠤᠷᠠᠬᠢ ᠪᠤᠳᠠᠰ᠎ᠤᠨ ᠪᠣᠰᠤ ᠰᠣᠶᠣᠯ᠎ᠤᠨ ᠦᠪ᠎ᠢ ᠪᠠᠢ᠌ᠴᠠᠭ᠋ᠠᠬᠤ᠂ ᠬᠠᠳᠠᠭ᠋ᠠᠯᠠᠬᠤ᠂ ᠤᠯᠠᠮᠵᠢᠯᠠᠬᠤ᠂ ᠳᠡᠯᠭᠡᠷᠡᠭᠦᠯᠬᠦ᠂ ᠠᠰᠢᠭᠯᠠᠬᠤ ᠵᠡᠷᠭᠡ ᠬᠠᠮᠠᠭ᠋ᠠᠯᠠᠬᠤ ᠠᠵᠢᠯᠯᠠᠭ᠎ᠠ ᠵᠢᠴᠢ ᠬᠠᠮᠢᠶ᠎ᠠ ᠪᠦᠬᠦᠢ ᠬᠠᠮᠢᠶᠠᠷᠤᠯᠲᠠ ᠵᠢᠨ ᠠᠵᠢᠯ᠎ᠳᠤ ᠲᠤᠰ ᠳᠦᠷᠢᠮ᠎ᠢ ᠬᠡᠷᠡᠭᠵᠢᠭᠦᠯᠦᠨ᠎ᠡ᠃
ᠭᠤᠷᠪᠠᠳᠤᠭ᠋ᠠᠷ ᠵᠤᠷᠪᠤᠰ ᠲᠤᠰ ᠳᠦᠷᠢᠮ᠎ᠳᠤ ᠬᠡᠯᠡᠵᠦ ᠪᠠᠢ᠌ᠭ᠎ᠠ ᠪᠣᠳᠠᠰ᠎ᠤᠨ ᠪᠣᠰᠤ ᠰᠣᠶᠣᠯ᠎ᠤᠨ ᠦᠪ ᠭᠡᠳᠡᠭ᠎ᠨᠢ ᠡᠯ᠎ᠡ ᠦᠨᠳᠦᠰᠦᠲᠡᠨ᠎ᠤ ᠠᠷᠠᠳ ᠲᠦᠮᠡᠨ ᠦᠶ᠎ᠡ ᠵᠠᠯᠭ᠋ᠠᠮᠵᠢᠯᠠᠨ ᠤᠯᠠᠮᠵᠢᠯᠠᠭᠰᠠᠨ ᠮᠦᠷᠲᠡᠭᠡᠨ ᠦᠪᠡᠷ᠎ᠤᠨ ᠰᠣᠶᠣᠯ᠎ᠤᠨ ᠦᠪ᠎ᠤᠨ ᠪᠦᠷᠢᠯᠳᠦᠭᠦᠨ ᠭᠡᠵᠦ ᠦᠵᠡᠵᠦ ᠪᠠᠢ᠌ᠭ᠎ᠠ ᠡᠯ᠎ᠡ ᠵᠦᠢ᠍ᠯ᠎ᠤᠨ ᠤᠯᠠᠮᠵᠢᠯᠠᠯᠲᠤ ᠰᠣᠶᠣᠯ᠎ᠢ ᠬᠠᠷᠠᠭᠤᠯᠬᠤ ᠬᠡᠯᠪᠡᠷᠢ ᠵᠢᠴᠢ ᠤᠯᠠᠮᠵᠢᠯᠠᠯᠲᠤ ᠰᠣᠶᠣᠯ᠎ᠢ ᠬᠠᠷᠠᠭᠤᠯᠬᠤ ᠬᠡᠯᠪᠡᠷᠢ ᠵᠢᠨ ᠬᠠᠮᠢᠶ᠎ᠠ ᠪᠦᠬᠦᠢ ᠪᠣᠳᠠᠲᠤ ᠶᠠᠭᠤᠮ᠎ᠠ ᠪᠠ ᠣᠷᠤᠨ ᠭᠠᠵᠠᠷ᠎ᠢ ᠭᠡᠯᠡᠨ᠎ᠡ᠃ ᠡᠭᠦᠨ᠎ᠳᠤ᠄
⑴ ᠤᠯᠠᠮᠵᠢᠯᠠᠯᠲᠤ ᠠᠮᠠᠨ ᠵᠤᠬᠢᠶᠠᠯ ᠵᠢᠴᠢ ᠲᠡᠭᠦᠨ᠎ᠤ ᠠᠴᠢᠶᠠᠯᠠᠭᠴᠢ ᠪᠤᠯᠤᠭᠰᠠᠨ ᠦᠭᠡ ᠬᠡᠯᠡ᠃
⑵ ᠤᠯᠠᠮᠵᠢᠯᠠᠯᠲᠤ ᠤᠷᠠᠨ ᠵᠢᠷᠤᠭ᠂ ᠤᠷᠠᠨ ᠪᠢᠴᠢᠯᠭᠡ᠂ ᠳᠠᠭᠤᠤ ᠬᠦᠭᠵᠢᠮ᠂ ᠪᠦᠵᠢᠭ᠂ ᠰᠢ ᠵᠦᠴᠦᠭᠡ᠂ ᠳᠠᠭᠤᠤᠷᠢᠯᠢᠭ ᠪᠠ ᠼᠢᠷᠺ᠃
⑶ ᠤᠯᠠᠮᠵᠢᠯᠠᠯᠲᠤ ᠤᠷ᠎ᠠ ᠮᠡᠷᠭᠡᠵᠢᠯ᠂ ᠡᠮ ᠡᠮᠨᠡᠯᠭᠡ ᠪᠠ ᠵᠢᠷᠤᠬᠠᠢ᠃
⑷ ᠤᠯᠠᠮᠵᠢᠯᠠᠯᠲᠤ ᠶᠣᠰᠤᠯᠠᠯ᠂ ᠪᠠᠶᠠᠷ ᠳᠤᠷᠠᠰᠬᠠᠯ ᠵᠡᠷᠭᠡ ᠵᠠᠩ ᠦᠢ᠍ᠯᠡ᠃
⑸ ᠤᠯᠠᠮᠵᠢᠯᠠᠯᠲᠤ ᠪᠡᠶ᠎ᠡ ᠵᠢᠨ ᠲᠠᠮᠢᠷ ᠪᠠ ᠨᠠᠢ᠌ᠷ ᠨᠠᠭ᠋ᠠᠳᠤᠮ᠃
⑹ ᠪᠣᠰᠤᠳ ᠪᠣᠳᠠᠰ᠎ᠤᠨ ᠪᠣᠰᠤ ᠰᠣᠶᠣᠯ᠎ᠤᠨ ᠦᠪ᠃
ᠪᠣᠳᠠᠰ᠎ᠤᠨ ᠪᠣᠰᠤ ᠰᠣᠶᠣᠯ᠎ᠤᠨ ᠦᠪ᠎ᠤᠨ ᠪᠦᠷᠢᠯᠳᠦᠬᠦᠨ ᠬᠡᠰᠡᠭ᠎ᠲᠤ ᠬᠠᠷᠢᠶᠠᠯᠠᠭᠳᠠᠬᠤ ᠪᠣᠳᠠᠲᠠᠢ ᠶᠠᠭᠤᠮ᠎ᠠ ᠪᠠ ᠣᠷᠤᠨ ᠲᠠᠯᠠᠪᠤᠷ᠎ᠨᠢ ᠲᠡᠦᠬᠡ ᠵᠢᠨ ᠳᠤᠷᠠᠰᠬᠠᠯᠲᠤ ᠵᠦᠢ᠍ᠯ᠎ᠳᠤ ᠬᠠᠷᠢᠶᠠᠯᠠᠭᠳᠠᠬᠤ ᠪᠣᠯ ᠳᠠᠷᠤᠢ 《ᠪᠦᠬᠦᠳᠡ ᠨᠠᠢ᠌ᠷᠠᠮᠳᠠᠬᠤ ᠳᠤᠮᠳᠠᠲᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠬᠠᠤᠯᠢ》 ᠪᠠ 《ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠤᠨ᠎ᠤ ᠲᠡᠦᠬᠡ ᠵᠢᠨ ᠳᠤᠷᠠᠰᠬᠠᠯᠲᠤ ᠵᠦᠢ᠍ᠯ᠎ᠢ ᠬᠠᠮᠠᠭ᠋ᠠᠯᠠᠬᠤ ᠲᠦᠷᠢᠮ》᠎ᠤᠨ ᠬᠠᠮᠢᠶ᠎ᠠ ᠪᠦᠬᠦᠢ ᠲᠦᠷᠢᠮ ᠲᠤᠭᠲᠠᠭ᠋ᠠᠯ᠎ᠢ ᠬᠡᠷᠡᠭᠯᠡᠨ᠎ᠡ᠃
ᠳᠦᠷᠪᠡᠳᠦᠭᠡᠷ ᠵᠣᠷᠪᠤᠰ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ᠎ᠳᠤ ᠬᠠᠮᠠᠭ᠋ᠠᠯᠠᠬᠤ᠎ᠪᠠᠷ ᠭᠤᠤᠯ ᠪᠣᠯᠭ᠋ᠠᠵᠤ᠂ ᠵᠠᠪᠲᠤᠨ ᠠᠪᠤᠷᠠᠬᠤ ᠵᠢ ᠲᠡᠷᠢᠬᠦᠨ᠎ᠳᠤ ᠲᠠᠯᠪᠢᠵᠤ᠂ ᠵᠣᠬᠢᠰᠲᠠᠢ ᠠᠰᠢᠭᠯᠠᠵᠤ ᠤᠯᠠᠮᠵᠢᠯᠠᠨ ᠬᠦᠭᠵᠢᠭᠦᠯᠬᠦ ᠴᠢᠭᠯᠡᠯᠲᠡ ᠵᠢ ᠲᠤᠭᠤᠰᠢᠯᠠᠭᠤᠯᠵᠤ᠂ ᠦᠨᠡᠨ ᠪᠤᠳᠠᠲᠤ ᠴᠢᠨᠠᠷ᠂ ᠪᠦᠬᠦᠯᠢ ᠴᠤᠭᠴᠠᠲᠤ ᠴᠢᠨᠠᠷ ᠪᠠ ᠦᠪᠯᠡᠨ ᠤᠯᠠᠮᠵᠢᠯᠠᠬᠤ ᠴᠢᠨᠠᠷ᠎ᠤᠨ ᠵᠠᠷᠴᠢᠮ᠎ᠢ ᠪᠠᠷᠢᠮᠲᠠᠯᠠᠨ᠎ᠠ᠃
ᠲᠠᠪᠤᠳᠤᠭ᠋ᠠᠷ ᠵᠣᠷᠪᠤᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠠᠴᠠ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠦᠭᠵᠢᠯᠲᠡ ᠵᠢᠨ ᠲᠦᠯᠦᠪᠵᠢᠭᠦᠯᠭᠡ ᠵᠢᠴᠢ ᠬᠤᠲᠠ ᠵᠢᠨ ᠲᠦᠯᠦᠪᠵᠢᠭᠦᠯᠭᠡ᠎ᠳᠤ᠎ᠪᠠᠨ ᠣᠷᠤᠭᠤᠯᠬᠤ ᠵᠢᠨ ᠬᠠᠮᠲᠤ ᠬᠠᠮᠠᠭ᠋ᠠᠯᠠᠬᠤ ᠵᠠᠷᠤᠳᠠᠯ᠎ᠢ ᠲᠤᠰ ᠱᠠᠲᠤᠨ᠎ᠤ ᠡᠳ᠋᠎ᠤᠨ ᠵᠠᠰᠠᠭ᠎ᠤᠨ ᠲᠦᠰᠦᠪ᠎ᠲᠤ᠎ᠪᠠᠨ ᠣᠷᠤᠭᠤᠯᠬᠤ ᠬᠡᠷᠡᠭᠲᠡᠢ᠃
ᠵᠢᠷᠭᠤᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠤ ᠰᠣᠶᠣᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠣᠷᠤᠨ ᠳᠤᠲᠤᠷᠠᠬᠢ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠤ ᠰᠣᠶᠣᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠤ ᠬᠠᠷᠢᠶᠠᠯᠠᠭᠳᠠᠵᠤ ᠪᠠᠢ᠌ᠭ᠎ᠠ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠤᠨ ᠪᠠᠢ᠌ᠭᠤᠯᠤᠮᠵᠢ᠎ᠠᠴᠠ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠪᠣᠳᠠᠲᠠᠢ ᠠᠵᠢᠯ᠎ᠢ ᠬᠠᠷᠢᠭᠤᠴᠠᠨ᠎ᠠ᠃
ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠤ ᠪᠣᠰᠤᠳ ᠬᠠᠮᠢᠶ᠎ᠠ ᠪᠦᠬᠦᠢ ᠰᠠᠯᠠᠭ᠎ᠠ ᠮᠦᠴᠢᠷ᠎ᠠᠴᠠ ᠦᠪᠡᠷ᠎ᠤᠨ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠡᠪᠴᠢᠶᠡᠨ ᠳᠤᠲᠤᠷ᠎ᠠ ᠪᠤᠳᠠᠰ᠎ᠤᠨ ᠪᠤᠰᠤ ᠰᠣᠶᠣᠯ᠎ᠤᠨ ᠦᠪ᠎ᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
ᠰᠣᠮᠣ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠤᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠨᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠤᠨ ᠵᠢᠴᠢ ᠲᠡᠭᠦᠨ᠎ᠤ ᠰᠣᠶᠣᠯ᠎ᠤᠨ ᠭᠤᠤᠯᠴᠢᠯᠠᠨ ᠬᠠᠮᠢᠶᠠᠷᠴᠤ ᠪᠠᠢ᠌ᠭ᠎ᠠ ᠰᠠᠯᠠᠭ᠎ᠠ ᠮᠦᠴᠢᠷ᠎ᠤᠨ ᠤᠳᠤᠷᠢᠳᠤᠯᠭ᠎ᠠ ᠪᠠ ᠵᠢᠯᠤᠭᠤᠳᠤᠯᠭ᠎ᠠ ᠳᠣᠣᠷ᠎ᠠ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠬᠠᠮᠢᠶ᠎ᠠ ᠪᠦᠬᠦᠢ ᠠᠵᠢᠯᠯᠠᠭ᠋ᠠᠨ᠎ᠢ ᠦᠷᠨᠢᠭᠦᠯᠬᠦ ᠬᠡᠷᠡᠭᠲᠡᠢ᠃
ᠳᠤᠯᠤᠳᠤᠭ᠋ᠠᠷ ᠵᠣᠷᠪᠤᠰ ᠬᠤᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠤᠨ᠎ᠠᠴᠠ ᠴᠦᠭᠡᠨ ᠲᠤᠭ᠋ᠠᠲᠤ ᠦᠨᠳᠦᠰᠦᠲᠡᠨ᠎ᠤ ᠪᠤᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠢ ᠴᠢᠬᠤᠯᠠᠴᠢᠯᠠᠨ ᠦᠵᠡᠵᠦ᠂ ᠬᠦᠮᠦᠨ ᠠᠮᠠ ᠵᠢᠨ ᠲᠤᠭ᠎ᠠ ᠪᠠᠭ᠎ᠠ ᠴᠦᠭᠡᠨ ᠲᠤᠭ᠋ᠠᠲᠤ ᠦᠨᠳᠦᠰᠦᠲᠡᠨ ᠵᠢᠴᠢ ᠶᠠᠳᠠᠭᠤ ᠬᠦᠴᠢᠷᠳᠡᠯ᠎ᠲᠠᠢ ᠭᠠᠵᠠᠷ ᠣᠷᠤᠨ᠎ᠤ ᠪᠣᠳᠠᠰ᠎ᠤᠨ ᠪᠣᠰᠣ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠢ ᠭᠤᠤᠯᠳᠠᠯᠭ᠎ᠠ᠎ᠲᠠᠢ ᠳᠡᠮᠵᠢᠪᠡᠯ ᠲᠠᠭ᠋ᠠᠷᠠᠨ᠎ᠠ᠃
ᠨᠠᠢ᠍ᠮᠠᠳᠤᠭ᠋ᠠᠷ ᠵᠤᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠢ᠌ᠭᠤᠯᠤᠯᠲᠠ᠎ᠠᠴᠠ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠳᠤ ᠣᠷᠤᠯᠴᠠᠬᠤ ᠵᠢ ᠵᠣᠷᠢᠭᠵᠢᠭᠤᠯᠤᠨ᠎ᠠ᠃
ᠶᠢᠰᠦᠳᠦᠭᠡᠷ ᠵᠣᠷᠪᠤᠰ ᠬᠤᠰᠢᠭᠤ ᠰᠢᠶᠠᠨ ᠵᠢᠴᠢ ᠲᠡᠭᠦᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠤᠨ ᠵᠢᠴᠢ ᠬᠠᠮᠢᠶ᠎ᠠ ᠪᠦᠬᠦᠢ ᠬᠡᠯᠲᠡᠰ᠎ᠠᠴᠠ ᠪᠣᠳᠠᠰ᠎ᠤᠨ ᠪᠣᠰᠤ ᠰᠣᠶᠣᠯ᠎ᠤᠨ ᠦᠪ᠎ᠢ ᠬᠠᠮᠠᠭ᠋ᠠᠯᠠᠬᠤ ᠠᠵᠢᠯ᠎ᠳᠤ ᠳᠣᠪᠤᠢ᠌ᠮ᠎ᠠ ᠵᠢᠳᠬᠦᠯ ᠦᠵᠡᠭᠦᠯᠦᠭᠰᠡᠨ ᠵᠤᠬᠢᠶᠠᠨ ᠪᠠᠢ᠌ᠭᠤᠯᠤᠯᠲᠠ ᠪᠠ ᠬᠤᠪᠢ ᠬᠦᠮᠦᠨ᠎ᠳᠤ ᠤᠯᠤᠰ ᠪᠠ ᠦᠪᠡᠷᠲᠡᠭᠡᠨ ᠵᠠᠰᠠᠬᠤ ᠣᠷᠤᠨ᠎ᠤ ᠬᠠᠮᠢᠶ᠎ᠠ ᠪᠦᠬᠦᠢ ᠳᠦᠷᠢᠮ ᠲᠤᠭᠲᠠᠭ᠋ᠠᠯ᠎ᠢ ᠦᠨᠳᠦᠰᠦᠯᠡᠵᠦ ᠱᠠᠩᠨᠠᠨ ᠬᠦᠬᠢᠬᠦᠯᠪᠡᠯ ᠵᠣᠬᠢᠨ᠎ᠠ᠃
ᠠᠷᠪᠠᠳᠤᠭ᠋ᠠᠷ ᠵᠣᠷᠪᠤᠰ ᠪᠠᠢ᠌ᠭᠤᠯᠭ᠎ᠠ ᠪᠠ ᠬᠤᠪᠢ ᠬᠦᠮᠦᠨ᠎ᠠᠴᠠ ᠲᠤᠰ ᠲᠤᠭᠲᠠᠭ᠋ᠠᠯ᠎ᠢ ᠵᠦᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠪᠤᠶᠤ ᠵᠠᠭ᠋ᠠᠯᠳᠤᠬᠤ ᠡᠷᠬᠡ᠎ᠲᠠᠢ᠃
ᠬᠣᠶᠠᠳᠤᠭ᠋ᠠᠷ ᠪᠦᠯᠦᠭ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ
ᠠᠷᠪᠠᠨ ᠨᠢᠭᠡᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠰ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠬᠤ ᠬᠡᠷᠡᠭᠲᠡᠶ᠃
ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠤᠷᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠷᠦᠯ ᠵᠦᠢ᠍ᠯ᠎ᠨᠢ ᠳᠣᠤᠷ᠎ᠠ ᠵᠢᠭᠰᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠢ᠌ᠬᠤ ᠬᠡᠷᠡᠭᠲᠡᠶ᠄ (ᠨᠢᠭᠡ) ᠲᠡᠤᠬᠡ᠂ ᠤᠳᠬ᠎ᠠ ᠵᠣᠬᠢᠶᠠᠯ᠂ ᠤᠷᠠᠯᠢᠭ᠂ ᠰᠢᠨᠵᠢᠯᠡᠬᠦ ᠤᠬᠠᠭ᠋ᠠᠨ᠎ᠤ ᠲᠤᠪᠤᠢ᠌ᠮ᠎ᠠ ᠦᠨ᠎ᠡ ᠥᠷᠲᠡᠭ᠎ᠲᠠᠢ ᠪᠠᠢ᠌ᠬᠤ; (ᠬᠣᠶᠠᠷ) ᠰᠢᠯᠢᠳᠡᠭ ᠤᠯᠠᠮᠵᠢᠯᠠᠯᠲᠤ ᠰᠣᠶᠣᠯ᠎ᠤᠨ ᠨᠡᠶ᠋ᠢᠲᠡᠯᠢᠭ ᠴᠢᠨᠠᠷ᠂ ᠲᠥᠯᠥᠭᠡᠯᠡᠬᠦ ᠴᠢᠨᠠᠷᠲᠠᠢ ᠪᠠᠢ᠌ᠬᠤ;
(ᠭᠤᠷᠪᠠ) ᠵᠣᠬᠢᠬᠤ ᠬᠠᠮᠲᠤᠯᠢᠭ ᠪᠤᠶᠤ ᠭᠠᠵᠠᠷ ᠣᠷᠣᠨ᠎ᠤ ᠬᠡᠪᠴᠢᠶᠡᠨ ᠳᠣᠲᠣᠷ᠎ᠠ ᠤᠯᠠᠮᠵᠢᠯᠠᠨ ᠵᠠᠯᠭ᠋ᠠᠮᠵᠢᠯᠠᠵᠤ᠂ ᠤᠯᠠᠮᠵᠢᠯᠠᠨ ᠲᠠᠷᠬᠠᠭ᠋ᠠᠭ᠋ᠠᠳ ᠤᠳᠤ ᠪᠣᠯᠲᠠᠯ᠎ᠠ ᠠᠮᠢᠳᠤ ᠪᠠᠢ᠌ᠳᠠᠯ᠎ᠤᠨ ᠬᠡᠯᠪᠡᠷᠢ᠎ᠪᠠᠷ ᠣᠷᠣᠰᠢᠵᠤ ᠪᠠᠢ᠌ᠭ᠎ᠠ ᠣᠨᠴᠠᠯᠢᠭ᠎ᠲᠠᠢ ᠪᠠᠢ᠌ᠬᠤ;
(ᠲᠦᠷᠪᠡ) ᠢᠯᠡ ᠲᠣᠳᠣ ᠤᠤᠭ᠋ᠠᠯ ᠠᠮᠢ ᠠᠬᠤᠢ ᠵᠢᠨ ᠣᠨᠴᠠᠯᠢᠭ᠎ᠲᠠᠢ᠃
ᠠᠷᠪᠠᠨ ᠬᠣᠶᠠᠳᠤᠭ᠋ᠠᠷ ᠵᠣᠷᠪᠤᠰ ᠠᠳᠠᠯᠢᠬᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠬᠡᠯᠪᠡᠷᠢ ᠪᠠ ᠠᠭᠤᠯᠤᠭᠳᠠᠬᠤᠨ᠎ᠨᠢ ᠬᠣᠶᠠᠷ᠎ᠠᠴᠠ ᠳᠡᠭᠡᠭᠰᠢᠬᠢ ᠭᠠᠵᠠᠷ ᠣᠷᠣᠨ᠎ᠳᠤ ᠴᠥᠮ ᠪᠦᠷᠢᠨ ᠪᠦᠲᠦᠨ ᠪᠠᠢ᠌ᠪᠠᠯ ᠳᠡᠭᠡᠷ᠎ᠡ ᠨᠢᠭᠡ ᠱᠠᠲᠤᠨ᠎ᠤ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠵᠡᠷᠭᠡ᠎ᠪᠡᠷ ᠣᠷᠣᠭᠤᠯᠵᠤ ᠪᠣᠯᠤᠨ᠎ᠠ᠃
ᠠᠷᠪᠠᠨ ᠭᠤᠷᠪᠠᠳᠤᠭ᠋ᠠᠷ ᠵᠣᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ᠎ᠨᠤᠭᠤᠳ ᠪᠠᠢ᠌ᠭ᠎ᠠ ᠭᠠᠵᠠᠷ᠎ᠤᠨ ᠵᠶ᠋ᠠᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠲᠡᠭᠦᠨ᠎ᠤ ᠥᠮᠴᠢᠯᠡᠵᠦ ᠪᠠᠢ᠌ᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠢ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠭᠤᠶᠤᠴᠢᠯᠠᠯ ᠵᠶ᠋ᠠᠨ ᠳᠤᠷᠠᠳᠴᠤ ᠪᠣᠯᠤᠨ᠎ᠠ᠃ ᠪᠤᠰᠤᠳ ᠪᠣᠳᠠᠰ᠎ᠤᠨ ᠪᠤᠰᠤ ᠰᠣᠶᠣᠯ᠎ᠤᠨ ᠥᠪ᠎ᠢ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠰᠠᠨᠠᠭᠤᠯᠭ᠎ᠠ ᠳᠤᠷᠠᠳᠤᠭᠰᠠᠨ ᠴᠤ᠌ ᠪᠣᠯᠤᠨ᠎ᠠ᠃
ᠠᠷᠪᠠᠨ ᠳᠥᠷᠪᠡᠳᠦᠭᠡᠷ ᠵᠣᠷᠪᠤᠰ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ ᠵᠢ ᠪᠠᠶ᠋ᠢᠭᠤᠯᠵᠤ᠂ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠳᠦᠷᠢᠮ᠎ᠢ ᠬᠡᠷᠡᠭᠵᠢᠭᠦᠯᠦᠨ᠎ᠡ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠨ ᠲᠣᠭᠲᠠᠭ᠋ᠠᠬᠤ ᠳᠤᠭᠤᠶ᠋ᠢᠯᠠᠩ ᠪᠣᠯᠤᠨ ᠰᠢᠯᠭ᠋ᠠᠷᠠᠭᠤᠯᠤᠨ ᠲᠣᠭᠲᠠᠭ᠋ᠠᠬᠤ ᠺᠣᠮᠢᠰ ᠪᠠᠶ᠋ᠢᠭᠤᠯᠬᠤ ᠬᠡᠷᠡᠭᠲᠡᠶ᠃ ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠣᠯᠪᠣᠭᠳᠠᠯ ᠪᠦᠬᠦᠢ ᠬᠡᠪᠴᠢᠶᠡᠨ᠎ᠤ ᠲᠤᠰᠬᠠᠶ ᠮᠡᠷᠭᠡᠵᠢᠯᠲᠡᠨ ᠪᠠ ᠬᠣᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ᠎ᠤᠨ ᠠᠵᠢᠯᠲᠠᠨ ᠵᠶ᠋ᠠᠷ ᠪᠦᠷᠢᠯᠳᠦᠭᠰᠡᠨ ᠪᠠᠢ᠌ᠬᠤ ᠬᠡᠷᠡᠭᠲᠡᠶ᠃
ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠨ ᠲᠣᠭᠲᠠᠭ᠋ᠠᠬᠤ ᠳᠤᠭᠤᠶ᠋ᠢᠯᠠᠩ ᠪᠣᠯᠤᠨ ᠰᠢᠯᠭ᠋ᠠᠷᠠᠭᠤᠯᠤᠨ ᠲᠣᠭᠲᠠᠭ᠋ᠠᠬᠤ ᠺᠣᠮᠢᠰ᠎ᠤᠨ ᠪᠦᠷᠢᠯᠳᠦᠬᠦᠨ᠎ᠤ ᠲᠣᠭ᠎ᠠ᠎ᠨᠢ ᠴᠥᠮ ᠰᠣᠨᠳᠣᠭᠣᠶ ᠲᠣᠭ᠎ᠠ ᠪᠠᠢ᠌ᠬᠤ ᠬᠡᠷᠡᠭᠲᠡᠢ᠃ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠨ ᠲᠣᠭᠲᠠᠭ᠋ᠠᠬᠤ ᠳᠤᠭᠤᠶ᠋ᠢᠯᠠᠩ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠠᠩᠬᠠᠨ᠎ᠤ ᠦᠨᠡᠯᠡᠯᠲᠡ ᠵᠢᠨ ᠠᠵᠢᠯ᠎ᠢ ᠬᠠᠷᠢᠭᠤᠴᠠᠵᠤ᠂ ᠠᠩᠬᠠᠨ᠎ᠤ ᠦᠨᠡᠯᠡᠯᠲᠡ ᠵᠢᠨ ᠰᠠᠨᠠᠯ᠎ᠢ ᠲᠤᠰᠬᠠᠶ ᠮᠡᠷᠭᠡᠵᠢᠯᠲᠡᠨ᠎ᠤ ᠰᠢᠯᠭ᠋ᠠᠷᠠᠭᠤᠯᠤᠨ ᠲᠣᠭᠲᠠᠭ᠋ᠠᠬᠤ ᠳᠤᠭᠤᠶ᠋ᠢᠯᠠᠩ᠎ᠤᠨ ᠪᠦᠷᠢᠯᠳᠦᠬᠦᠨ᠎ᠤ ᠬᠠᠭ᠋ᠠᠰ᠎ᠠᠴᠠ ᠳᠡᠭᠡᠭᠰᠢᠬᠢ ᠲᠣᠭ᠎ᠠ᠎ᠪᠠᠷ ᠪᠠᠲᠤᠯᠠᠭᠤᠯᠤᠭᠰᠠᠨ ᠪᠠᠢ᠌ᠬᠤ ᠬᠡᠷᠡᠭᠲᠡᠶ᠃ ᠰᠢᠯᠭ᠋ᠠᠷᠠᠭᠤᠯᠤᠨ ᠲᠣᠭᠲᠠᠭ᠋ᠠᠬᠤ ᠺᠣᠮᠢᠰ ᠠᠩᠬ᠎ᠠ ᠦᠨᠡᠯᠡᠭᠰᠡᠨ ᠰᠠᠨᠠᠯ᠎ᠢ ᠬᠢᠨᠠᠨ ᠶᠠᠷᠢᠯᠴᠠᠵᠤ᠂ ᠬᠢᠨᠠᠨ ᠶᠠᠷᠢᠯᠴᠠᠭᠰᠠᠨ ᠰᠠᠨᠠᠯ ᠳᠤᠷᠠᠳᠬᠤ ᠵᠢ ᠬᠠᠷᠢᠭᠤᠴᠠᠨ᠎ᠠ᠃
ᠰᠢᠯᠭ᠋ᠠᠷᠠᠭᠤᠯᠤᠨ ᠲᠣᠭᠲᠠᠭ᠋ᠠᠬᠤ ᠠᠵᠢᠯ᠎ᠳᠤ ᠢᠯᠡ ᠲᠣᠳᠣ᠂ ᠡᠷᠬᠡ ᠲᠡᠭᠰᠢ᠂ ᠲᠥᠪ ᠭᠣᠤᠯᠴᠢ ᠪᠠᠢ᠌ᠬᠤ ᠵᠠᠷᠴᠢᠮ᠎ᠢ ᠵᠢᠷᠤᠮᠯᠠᠬᠤ ᠬᠡᠷᠡᠭᠲᠡᠶ᠃
ᠠᠷᠪᠠᠨ ᠲᠠᠪᠤᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠬᠤ᠎ᠪᠠᠷ ᠪᠠᠢ᠌ᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠢ ᠨᠡᠶ᠋ᠢᠲᠡ᠎ᠳᠤ ᠵᠠᠷᠯᠠᠬᠤ ᠬᠡᠷᠡᠭᠲᠡᠶ᠃ ᠵᠠᠷᠯᠠᠨ ᠨᠡᠶ᠋ᠢᠲᠡᠯᠡᠬᠦ ᠴᠠᠭ᠎ᠢ ᠬᠣᠷᠢᠨ ᠡᠳᠦᠷ᠎ᠠᠴᠠ ᠴᠥᠭᠡᠨ ᠪᠠᠶ᠋ᠢᠯᠭ᠋ᠠᠵᠤ ᠪᠣᠯᠬᠤ ᠦᠭᠡᠢ᠃
ᠠᠷᠪᠠᠨ ᠵᠢᠷᠭᠤᠳᠤᠭ᠋ᠠᠷ ᠵᠣᠷᠪᠤᠰ ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠠᠷᠠᠳ ᠢᠷᠭᠡᠨ᠂ ᠬᠠᠤᠯᠢ ᠵᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠵᠠᠷᠯᠠᠨ ᠨᠡᠢ᠌ᠲᠡᠯᠡᠵᠦ ᠪᠠᠢ᠌ᠭ᠎ᠠ ᠠᠭᠤᠯᠭ᠎ᠠ᠎ᠳᠤ ᠣᠨᠳᠣᠤ ᠰᠠᠨᠠᠯ᠎ᠲᠠᠢ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠢᠴᠢᠭ᠎ᠤᠨ ᠬᠡᠯᠪᠡᠷᠢ᠎ᠪᠠᠷ ᠳᠤᠷᠠᠳᠴᠤ ᠪᠣᠯᠤᠨ᠎ᠠ᠃ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠳᠠᠬᠢᠨ ᠬᠢᠨᠠᠭᠤᠯᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠳᠠᠬᠢᠨ ᠬᠢᠨᠠᠭᠰᠠᠨ ᠦᠷ᠎ᠡ ᠳ᠋ᠦᠩ ᠵᠶ᠋ᠠᠨ ᠣᠨᠳᠣᠤ ᠰᠠᠨᠠᠯ ᠳᠤᠷᠠᠳᠤᠭᠴᠢ᠎ᠳᠤ ᠪᠢᠴᠢᠭ᠎ᠤᠨ ᠬᠡᠯᠪᠡᠷᠢ᠎ᠪᠠᠷ ᠮᠡᠳᠡᠭᠳᠡᠬᠦ ᠬᠡᠷᠡᠭᠲᠡᠶ᠃
ᠠᠷᠪᠠᠨ ᠳᠣᠯᠣᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠱᠠᠲᠤᠨ᠎ᠤ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ᠎ᠳᠤ ᠵᠢᠭᠰᠠᠭ᠋ᠠᠨ ᠣᠷᠣᠭᠤᠯᠬᠤ᠎ᠪᠠᠷ ᠪᠠᠢ᠌ᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠦᠨ ᠵᠥᠪᠰᠢᠶᠡᠷᠡᠭᠦᠯᠵᠦ᠂ ᠨᠡᠶ᠋ᠢᠲᠡᠯᠡᠬᠦ ᠬᠡᠷᠡᠭᠲᠡᠶ᠃
ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠨᠡᠷᠡᠰ᠎ᠤᠨ ᠵᠢᠭᠰᠠᠭ᠋ᠠᠯᠲᠠ ᠵᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠣᠷᠪᠤᠰ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠮᠡᠳᠡᠭᠦᠯᠬᠦ᠎ᠳᠤ ᠬᠦᠷᠪᠡᠯ ᠬᠠᠮᠠᠭ᠋ᠠᠯᠠᠯᠲᠠ ᠵᠢᠨ ᠨᠢᠭᠡᠴᠢ ᠵᠢ ᠬᠠᠮᠲᠤᠳᠤᠨᠢ ᠮᠡᠳᠡᠭᠦᠯᠬᠦ ᠬᠡᠷᠡᠭᠲᠡᠶ᠃
ᠬᠠᠮᠠᠭ᠋ᠠᠯᠠᠯᠲᠠ ᠵᠢᠨ ᠨᠢᠭᠡᠴᠢ ᠵᠢ ᠮᠠᠭ᠋ᠠᠳᠯᠠᠨ ᠲᠣᠭᠲᠠᠭ᠋ᠠᠬᠤ ᠪᠠ ᠨᠡᠶ᠋ᠢᠲᠡᠯᠡᠬᠦ᠎ᠨᠢ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠮᠠᠭ᠋ᠠᠳᠯᠠᠨ ᠲᠣᠭᠲᠠᠭ᠋ᠠᠬᠤ ᠪᠠ ᠨᠡᠶ᠋ᠢᠲᠡᠯᠡᠬᠦᠯᠦᠭᠡ ᠵᠡᠷᠭᠡ᠎ᠪᠠᠷ ᠶᠠᠪᠤᠭᠳᠠᠨ᠎ᠠ᠃
ᠠᠷᠪᠠ ᠶᠢᠰᠦᠳᠦᠭᠡᠷ ᠵᠣᠷᠪᠤᠰ ᠬᠠᠮᠠᠭ᠋ᠠᠯᠠᠬᠤ ᠨᠢᠭᠡᠴᠢ ᠳᠣᠤᠷ᠎ᠠ ᠵᠢᠭᠰᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠢ᠌ᠬᠤ ᠬᠡᠷᠡᠭᠲᠡᠶ᠄
(ᠨᠢᠭᠡ) ᠮᠡᠳᠡᠭᠦᠯᠦᠭᠰᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠦᠢ᠍ᠯᠡᠰ᠎ᠤᠨ ᠲᠠᠷᠬᠠᠯᠲᠠ ᠵᠢᠨ ᠣᠷᠣᠨ᠎ᠤ ᠳᠣᠲᠣᠷ᠎ᠠ ᠪᠠᠢ᠌ᠬᠤ;
(ᠬᠣᠶᠠᠷ) ᠲᠤᠰᠬᠠᠢ ᠬᠠᠤᠯᠢ ᠵᠢᠨ ᠡᠷᠬᠡᠲᠡᠨ᠎ᠤ ᠡᠷᠬᠡ᠎ᠲᠠᠢ ᠪᠠᠢ᠌ᠬᠤ;
(ᠭᠤᠷᠪᠠ) ᠲᠤᠰ ᠲᠦᠷᠦᠯ ᠵᠦᠢ᠍ᠯ᠎ᠤᠨ ᠤᠯᠠᠮᠵᠢᠯᠠᠭᠴᠢ ᠪᠤᠶᠤ ᠬᠠᠷᠢᠴᠠᠩᠭᠤᠶ ᠪᠦᠷᠢᠨ ᠪᠦᠲᠦᠨ ᠮᠠᠲ᠋ᠧᠷᠢᠶᠠᠯ᠎ᠲᠠᠢ ᠪᠠᠢ᠌ᠬᠤ;
(ᠲᠦᠷᠪᠡ) ᠦᠪᠯᠡᠨ ᠤᠯᠠᠮᠵᠢᠯᠠᠬᠤ᠂ ᠳᠡᠯᠭᠡᠨ ᠦᠵᠡᠭᠦᠯᠬᠦ ᠠᠵᠢᠯᠯᠠᠭ᠎ᠠ ᠥᠷᠨᠢᠭᠦᠯᠬᠦ ᠲᠠᠯᠠᠪᠤᠷ ᠪᠠ ᠨᠥᠬᠥᠴᠡᠯ᠎ᠲᠠᠢ ᠪᠠᠢ᠌ᠬᠤ;
(ᠲᠠᠪᠤ) ᠲᠤᠰ ᠲᠦᠷᠦᠯ ᠵᠦᠢ᠍ᠯ᠎ᠤᠨ ᠬᠠᠮᠠᠭ᠋ᠠᠯᠠᠯᠲᠠ ᠵᠢ ᠬᠡᠷᠡᠭᠵᠢᠭᠦᠯᠬᠦ ᠬᠦᠰᠡᠯ ᠰᠠᠨᠠᠭ᠎ᠠ ᠪᠠ ᠴᠢᠳᠠᠪᠤᠷᠢ᠎ᠲᠠᠢ ᠪᠠᠢ᠌ᠬᠤ;
(ᠵᠢᠷᠭᠤᠭ᠎ᠠ) ᠲᠣᠰ ᠲᠥᠷᠥᠯ ᠵᠦᠢ᠍ᠯ᠎ᠤᠨ ᠤᠯᠠᠮᠵᠢᠯᠠᠭᠴᠢ ᠪᠤᠶᠤ ᠤᠯᠠᠮᠵᠢᠯᠠᠯ᠎ᠤᠨ ᠬᠠᠮᠲᠤᠯᠢᠭ᠎ᠤᠨ ᠵᠥᠪᠰᠢᠶᠡᠷᠡᠯ᠎ᠢ ᠣᠯᠤᠭᠰᠠᠨ ᠪᠠᠢ᠌ᠬᠤ᠃
ᠬᠣᠷᠢᠳᠤᠭ᠋ᠠᠷ ᠵᠣᠷᠪᠤᠰ ᠬᠠᠮᠠᠭ᠋ᠠᠯᠠᠬᠤ ᠨᠢᠭᠡᠴᠢ ᠳᠣᠤᠷ᠎ᠠ ᠵᠢᠭᠰᠠᠭ᠋ᠠᠭᠰᠠᠨ ᠡᠷᠬᠡ ᠵᠢ ᠡᠳ᠋ᠯᠡᠨ᠎ᠡ᠄
(ᠨᠢᠭᠡ) ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠵᠦᠶ ᠵᠣᠬᠢᠰᠲᠠᠶ ᠠᠰᠢᠭᠯᠠᠵᠤ᠂ ᠬᠣᠯᠪᠣᠭᠳᠠᠯ ᠪᠦᠬᠦᠢ ᠦᠢ᠍ᠯᠡᠳᠬᠦᠨ ᠪᠠ ᠦᠢ᠍ᠯᠡᠴᠢᠯᠡᠭᠡ ᠬᠠᠩᠭ᠋ᠠᠨ᠎ᠠ;
(ᠬᠣᠶᠠᠷ) ᠨᠡᠢ᠍ᠢ᠍ᠲᠡ ᠵᠢᠨ ᠠᠰᠠᠷᠠᠮᠵᠢ ᠵᠢᠨ ᠪᠤᠰᠤ ᠴᠢᠨᠠᠷᠲᠠᠶ ᠠᠵᠢᠯᠯᠠᠭ᠎ᠠ᠎ᠳᠤ ᠣᠷᠤᠯᠴᠠᠬᠤ ᠪᠥᠭᠡᠳ ᠵᠣᠬᠢᠴᠠᠩᠭᠤᠶ ᠬᠥᠯᠥᠰᠥ ᠣᠯᠭᠣᠮᠵᠢ ᠤᠯᠬᠤ;
(ᠭᠤᠷᠪᠠ) ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠲᠠᠨᠢᠯᠴᠠᠭᠤᠯᠤᠨ᠎ᠠ᠃
ᠬᠣᠷᠢᠨ ᠨᠢᠭᠡᠳᠦᠭᠡᠷ ᠵᠣᠷᠪᠤᠰ ᠬᠠᠮᠠᠭ᠋ᠠᠯᠠᠬᠤ ᠨᠢᠭᠡᠴᠢ ᠳᠣᠤᠷ᠎ᠠ ᠵᠢᠭᠰᠠᠭ᠋ᠠᠭᠰᠠᠨ ᠡᠭᠦᠷᠭᠡ᠎ᠨᠦᠭᠦᠳ᠎ᠢ ᠭᠦᠢ᠍ᠴᠡᠳᠭᠡᠬᠦ ᠬᠡᠷᠡᠭᠲᠡᠶ᠄
(ᠨᠢᠭᠡ) ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠬᠠᠮᠠᠭ᠋ᠠᠯᠠᠬᠤ ᠪᠠ ᠦᠪᠯᠡᠨ ᠤᠯᠠᠮᠵᠢᠯᠠᠬᠤ ᠲᠥᠯᠥᠪᠯᠡᠭᠡ ᠵᠢ ᠲᠣᠭᠲᠠᠭ᠋ᠠᠨ ᠬᠡᠷᠡᠭᠵᠢᠭᠦᠯᠵᠦ᠂ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ ᠠᠵᠢᠯᠯᠠᠭ᠎ᠠ ᠥᠷᠨᠢᠭᠦᠯᠬᠦ᠎ᠳᠤ ᠨᠦᠭᠦᠴᠡᠯ ᠬᠠᠩᠭ᠋ᠠᠬᠤ;
(ᠬᠣᠶᠠᠷ) ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠮᠠᠲ᠋ᠧᠷᠢᠶᠠᠯ᠂ ᠪᠣᠳᠠᠲᠤ ᠶᠠᠭᠤᠮ᠎ᠠ ᠵᠢ ᠴᠤᠭᠯᠠᠭᠤᠯᠤᠨ ᠡᠮᠬᠢᠳᠬᠡᠵᠦ᠂ ᠬᠣᠯᠪᠣᠭᠳᠠᠯ ᠪᠦᠬᠦᠢ ᠮᠠᠲ᠋ᠧᠷᠢᠶᠠᠯ᠂ ᠪᠣᠳᠠᠲᠤ ᠶᠠᠭᠤᠮ᠎ᠠ ᠪᠠ ᠲᠠᠯᠠᠪᠤᠷ ᠵᠡᠷᠭᠡ ᠵᠢ ᠬᠠᠮᠠᠭ᠋ᠠᠯᠠᠨ᠎ᠠ;
(ᠭᠤᠷᠪᠠ) ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠬᠦ ᠬᠡᠷᠡᠭᠲᠡᠢ᠃
(ᠳᠦᠷᠪᠡ) ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠬᠣᠯᠪᠣᠭᠳᠠᠯ ᠪᠦᠬᠦᠢ ᠮᠡᠳᠡᠯᠭᠡ ᠪᠠ ᠤᠷ᠎ᠠ ᠮᠡᠷᠭᠡᠵᠢᠯ᠎ᠢ ᠤᠯᠠᠮᠵᠢᠯᠠᠨ ᠰᠤᠷᠭ᠋ᠠᠵᠤ᠂ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠤᠬᠠᠭᠤᠯᠭ᠎ᠠ ᠬᠢᠬᠦ᠂ ᠳᠡᠯᠭᠡᠨ ᠦᠵᠡᠭᠦᠯᠬᠦ᠂ ᠡᠷᠳᠡᠮ ᠰᠢᠨᠵᠢᠯᠡᠭᠡᠨ᠎ᠤ ᠶᠠᠷᠢᠶ᠎ᠠ ᠲᠠᠯᠪᠢᠬᠤ ᠪᠠ ᠡᠷᠳᠡᠮ ᠰᠢᠨᠵᠢᠯᠡᠭᠡᠨ᠎ᠤ ᠰᠤᠳᠤᠯᠭ᠋ᠠᠨ ᠬᠢᠬᠦ ᠵᠡᠷᠭᠡ ᠠᠵᠢᠯᠯᠠᠭ᠎ᠠ ᠵᠢ ᠥᠷᠨᠢᠭᠦᠯᠦᠨ᠎ᠡ;
(ᠲᠠᠪᠤ) ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠴᠢ ᠲᠤᠰᠬᠠᠶ ᠵᠣᠷᠪᠤᠰ᠎ᠤᠨ ᠪᠡᠯᠡ ᠮᠥᠩᠭᠥ ᠵᠢ ᠬᠡᠷᠡᠭᠯᠡᠵᠦ ᠪᠠᠢ᠌ᠭ᠎ᠠ ᠪᠠᠶ᠋ᠢᠳᠠᠯ ᠵᠶ᠋ᠠᠨ ᠲᠤᠭᠲᠠᠭᠰᠠᠨ ᠬᠤᠭᠤᠴᠠᠭ᠎ᠠ᠎ᠲᠠᠢ᠎ᠪᠠᠷ ᠮᠡᠳᠡᠭᠦᠯᠬᠦ ᠵᠢᠨ ᠬᠠᠮᠲᠤ ᠬᠢᠨᠠᠯᠲᠠ ᠲᠠᠯᠪᠢᠬᠤ ᠵᠢ ᠬᠦᠯᠢᠶᠡᠬᠦ ᠬᠡᠷᠡᠭᠲᠡᠶ᠃
ᠬᠣᠷᠢᠨ ᠬᠣᠶᠠᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠪᠠᠶ᠋ᠢᠳᠠᠯ᠎ᠢ ᠦᠨᠡᠯᠡᠨ ᠵᠢᠱ᠌ᠢᠬᠦ ᠳᠦᠷᠢᠮ᠎ᠢ ᠪᠠᠶ᠋ᠢᠭᠤᠯᠵᠤ᠂ ᠲᠣᠰ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠪᠠᠢ᠌ᠳᠠᠯ᠎ᠳᠤ ᠲᠤᠭᠲᠠᠭᠰᠠᠨ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠬᠦ ᠵᠢᠨ ᠬᠠᠮᠲᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃
ᠭᠤᠷᠪᠠᠳᠤᠭ᠋ᠠᠷ ᠪᠦᠯᠦᠭ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ
ᠬᠣᠷᠢᠨ ᠭᠤᠷᠪᠠᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠨ ᠨᠡᠶ᠋ᠢᠲᠡᠯᠡᠭᠰᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠳᠤ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠮᠠᠭ᠋ᠠᠳᠯᠠᠨ ᠲᠤᠭᠲᠠᠭ᠋ᠠᠵᠤ ᠪᠣᠯᠤᠨ᠎ᠠ᠃
ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠬᠢᠨᠠᠨ ᠲᠣᠭᠲᠠᠭ᠋ᠠᠬᠤ᠂ ᠵᠠᠷᠯᠠᠨ ᠨᠡᠶ᠋ᠢᠲᠡᠯᠡᠬᠦ ᠪᠠ ᠮᠠᠭ᠋ᠠᠳᠯᠠᠨ ᠲᠣᠭᠲᠠᠭ᠋ᠠᠬᠤ᠎ᠳᠤ ᠲᠤᠰ ᠳᠦᠷᠢᠮ᠎ᠤᠨ ᠬᠣᠯᠪᠣᠭᠳᠠᠯ ᠪᠦᠬᠦᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠬᠢᠨᠠᠨ ᠲᠣᠭᠲᠠᠭ᠋ᠠᠬᠤ ᠵᠢᠷᠤᠮ ᠪᠠ ᠬᠣᠯᠪᠣᠭᠳᠠᠯ ᠪᠦᠬᠦᠢ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃
ᠬᠣᠷᠢᠨ ᠳᠥᠷᠪᠡᠳᠦᠭᠡᠷ ᠵᠣᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠲᠠᠨᠢᠯᠴᠠᠭᠤᠯᠵᠤ ᠪᠣᠯᠤᠨ᠎ᠠ᠂ ᠠᠷᠠᠳ ᠢᠷᠭᠡᠨ ᠴᠦ᠍ ᠥᠪᠡᠰᠦᠪᠡᠨ ᠭᠤᠶᠤᠴᠢᠯᠠᠯ ᠭᠠᠷᠭ᠋ᠠᠵᠤ ᠪᠣᠯᠤᠨ᠎ᠠ᠃
ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠲᠠᠨᠢᠯᠴᠠᠭᠤᠯᠤᠭᠰᠠᠨ ᠪᠠᠢ᠌ᠪᠠᠯ ᠲᠠᠨᠢᠯᠴᠠᠭᠤᠯᠤᠭᠳᠠᠭᠰᠠᠨ ᠬᠥᠮᠦᠨ᠎ᠤ ᠪᠢᠴᠢᠭ᠎ᠤᠨ ᠬᠡᠯᠪᠡᠷᠢ ᠵᠢᠨ ᠵᠥᠪᠰᠢᠶᠡᠷᠡᠯ᠎ᠢ ᠣᠯᠬᠤ ᠬᠡᠷᠡᠭᠲᠡᠶ᠃
ᠬᠣᠷᠢᠨ ᠲᠠᠪᠤᠳᠤᠭ᠋ᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ᠎ᠨᠢ ᠳᠣᠤᠷ᠎ᠠ ᠵᠢᠭᠰᠠᠭ᠋ᠠᠭᠰᠠᠨ ᠨᠥᠬᠥᠴᠡᠯ᠎ᠳᠤ ᠨᠡᠶ᠋ᠢᠴᠡᠭᠰᠡᠨ ᠪᠠᠢ᠌ᠬᠤ ᠬᠡᠷᠡᠭᠲᠡᠶ᠄
(ᠨᠢᠭᠡ) ᠦᠪᠯᠡᠨ ᠤᠯᠠᠮᠵᠢᠯᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠡᠵᠡᠮᠰᠢᠭᠰᠡᠨ ᠪᠠᠢ᠌ᠬᠤ;
(ᠬᠣᠶᠠᠷ) ᠣᠨᠴᠠ ᠲᠣᠭᠲᠠᠭ᠋ᠠᠭᠰᠠᠨ ᠬᠦᠷᠢᠶᠡᠨ᠎ᠳᠤ ᠲᠥᠯᠥᠭᠡᠯᠡᠬᠦ ᠴᠢᠨᠠᠷᠲᠠᠶ ᠪᠥᠭᠡᠳ ᠵᠣᠬᠢᠬᠤ ᠣᠷᠣᠨ ᠬᠡᠪᠴᠢᠶᠡᠨ᠎ᠳᠤ ᠨᠡᠯᠢᠶᠡᠳ ᠶᠡᠬᠡ ᠨᠥᠯᠥᠭᠡ᠎ᠲᠠᠢ ᠪᠠᠢ᠌ᠬᠤ;
(ᠭᠤᠷᠪᠠ) ᠦᠪᠯᠡᠨ ᠤᠯᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠵᠢ ᠢᠳᠡᠪᠬᠢᠲᠡᠢ ᠥᠷᠨᠢᠭᠦᠯᠦᠨ᠎ᠡ᠃
ᠬᠣᠷᠢᠨ ᠵᠢᠷᠭᠤᠳᠤᠭ᠋ᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠳᠣᠤᠷ᠎ᠠ ᠵᠢᠭᠰᠠᠭ᠋ᠠᠭᠰᠠᠨ ᠡᠷᠬᠡ ᠵᠢ ᠡᠳ᠋ᠯᠡᠨ᠎ᠡ᠄
(ᠨᠢᠭᠡ) ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠵᠦᠶ ᠵᠣᠬᠢᠰᠲᠠᠶ ᠠᠰᠢᠭᠯᠠᠵᠤ᠂ ᠬᠣᠯᠪᠣᠭᠳᠠᠯ ᠪᠦᠬᠦᠢ ᠦᠢ᠍ᠯᠡᠳᠬᠦᠨ ᠪᠠ ᠦᠢ᠍ᠯᠡᠴᠢᠯᠡᠭᠡ ᠬᠠᠩᠭ᠋ᠠᠨ᠎ᠠ;
(ᠬᠣᠶᠠᠷ) ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶ᠋ᠢᠭᠤᠯᠤᠮᠵᠢ᠎ᠳᠤ ᠳᠡᠮᠵᠢᠯᠭᠡ ᠭᠤᠶᠤᠴᠢᠯᠠᠵᠤ᠂ ᠬᠠᠮᠠᠭ᠋ᠠᠯᠠᠬᠤ ᠰᠠᠨᠠᠭᠤᠯᠭ᠎ᠠ ᠳᠤᠷᠠᠳᠬᠤ;
(ᠭᠤᠷᠪᠠ) ᠦᠪᠯᠡᠨ ᠤᠯᠠᠮᠵᠢᠯᠠᠬᠤ᠂ ᠤᠯᠠᠮᠵᠢᠯᠠᠨ ᠲᠠᠷᠬᠠᠭ᠋ᠠᠬᠤ ᠠᠵᠢᠯ ᠪᠤᠶᠤ ᠪᠤᠰᠤᠳ ᠠᠵᠢᠯᠯᠠᠭ᠎ᠠ᠎ᠯᠤᠭ᠎ᠠ ᠵᠣᠬᠢᠴᠠᠯᠳᠤᠭᠰᠠᠨ ᠬᠠᠷᠠᠮᠵᠢ ᠣᠯᠬᠤ᠃
ᠬᠣᠷᠢᠨ ᠳᠣᠯᠣᠳᠤᠭ᠋ᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠳᠣᠤᠷ᠎ᠠ ᠵᠢᠭᠰᠠᠭ᠋ᠠᠭᠰᠠᠨ ᠡᠭᠦᠷᠭᠡ ᠵᠢ ᠭᠦᠢ᠍ᠴᠡᠳᠭᠡᠬᠦ ᠬᠡᠷᠡᠭᠲᠡᠶ᠄
(ᠨᠢᠭᠡ) ᠦᠪᠯᠡᠨ ᠤᠯᠠᠮᠵᠢᠯᠠᠬᠤ ᠠᠵᠢᠯᠯᠠᠭ᠎ᠠ ᠥᠷᠨᠢᠭᠦᠯᠵᠦ᠂ ᠵᠠᠯᠭ᠋ᠠᠮᠵᠢᠯᠠᠭᠴᠢ ᠴᠢᠳᠠᠪᠤᠷᠢᠲᠠᠨ᠎ᠢ ᠬᠥᠮᠦᠵᠢᠭᠦᠯᠬᠦ;
(ᠬᠣᠶᠠᠷ) ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠬᠦ ᠬᠡᠷᠡᠭᠲᠡᠢ᠃
(ᠭᠤᠷᠪᠠ) ᠬᠠᠮᠢᠶ᠎ᠠ ᠪᠦᠬᠦᠢ ᠪᠣᠳᠠᠲᠤ ᠶᠠᠭᠤᠮ᠎ᠠ ᠪᠠ ᠮᠠᠲ᠋ᠧᠷᠢᠶᠠᠯ᠎ᠢ ᠲᠣᠬᠢᠲᠠᠶ ᠬᠠᠳᠠᠭ᠋ᠠᠯᠠᠬᠤ ᠬᠡᠷᠡᠭᠲᠡᠶ;
(ᠲᠦᠷᠪᠡ) ᠦᠵᠡᠰᠬᠦᠯᠡᠩ᠂ ᠦᠵᠡᠭᠦᠯᠦᠯᠭᠡ᠂ ᠲᠣᠭᠯᠠᠯᠲᠠ᠂ ᠰᠣᠳᠤᠯᠤᠨ ᠶᠠᠷᠢᠯᠴᠠᠭ᠎ᠠ ᠪᠠ ᠰᠣᠯᠢᠯᠴᠠᠭ᠎ᠠ ᠵᠡᠷᠭᠡ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠤᠬᠠᠭᠤᠯᠭ᠎ᠠ ᠵᠢᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠨ᠎ᠠ᠃
ᠬᠣᠷᠢᠨ ᠨᠠᠢ᠍ᠮᠠᠳᠤᠭ᠋ᠠᠷ ᠵᠣᠷᠪᠤᠰ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠦᠶ ᠶᠣᠰᠣᠨ᠎ᠤ ᠰᠢᠯᠲᠠᠭ᠋ᠠᠨ ᠦᠭᠡᠢ᠎ᠪᠠᠷ ᠦᠪᠯᠡᠨ ᠤᠯᠠᠮᠵᠢᠯᠠᠬᠤ ᠡᠭᠦᠷᠭᠡ᠎ᠪᠠᠨ ᠭᠦᠢ᠍ᠴᠡᠳᠭᠡᠬᠦ ᠥᠬᠡᠶ ᠪᠤᠶᠤ ᠪᠤᠰᠤᠳ ᠰᠢᠯᠲᠠᠭ᠋ᠠᠨ᠎ᠠᠴᠠ ᠪᠣᠯᠵᠤ ᠦᠪᠯᠡᠨ ᠤᠯᠠᠮᠵᠢᠯᠠᠬᠤ ᠡᠭᠦᠷᠭᠡ᠎ᠪᠠᠨ ᠭᠦᠢ᠍ᠴᠡᠳᠭᠡᠬᠦ ᠵᠢᠨ ᠠᠷᠭ᠎ᠠ ᠥᠬᠡᠶ ᠪᠠᠢ᠌ᠪᠠᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢᠨ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠬᠤ ᠵᠢᠨ ᠬᠠᠮᠲᠤ᠂ ᠲᠤᠰ ᠵᠣᠷᠪᠤᠰ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠳᠠᠬᠢᠵᠤ ᠰᠢᠨ᠎ᠡ᠎ᠪᠠᠷ ᠮᠠᠭ᠋ᠠᠳᠯᠠᠨ ᠲᠣᠭᠲᠠᠭ᠋ᠠᠨ᠎ᠠ; ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ᠎ᠨᠢ ᠦᠪᠯᠡᠨ ᠤᠯᠠᠮᠵᠢᠯᠠᠬᠤ ᠴᠢᠳᠠᠪᠤᠷᠢ᠎ᠪᠠᠨ ᠠᠯᠳᠠᠭᠰᠠᠨ ᠪᠠᠢ᠌ᠪᠠᠯ ᠰᠣᠶᠣᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰ ᠵᠣᠷᠪᠤᠰ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠳᠠᠬᠢᠨ ᠰᠢᠨ᠎ᠡ᠎ᠪᠠᠷ ᠮᠠᠭ᠋ᠠᠳᠯᠠᠨ ᠲᠣᠭᠲᠠᠭ᠋ᠠᠵᠤ ᠪᠣᠯᠤᠨ᠎ᠠ᠃
ᠬᠣᠷᠢ ᠶᠢᠰᠦᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠡᠷᠡᠭᠴᠡᠭᠡ᠎ᠪᠠᠨ ᠦᠨᠳᠦᠰᠦᠯᠡᠨ᠂ ᠳᠣᠤᠷᠠᠬᠢ ᠮᠡᠲᠦ ᠠᠷᠭ᠎ᠠ ᠬᠡᠮᠵᠢᠶ᠎ᠡ ᠵᠢ ᠠᠪᠴᠤ᠂ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢᠨ ᠦᠪᠯᠡᠨ ᠤᠯᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠵᠢ ᠳᠠᠮᠵᠢᠨ᠎ᠠ᠄
(ᠨᠢᠭᠡ) ᠴᠢᠬᠤᠯᠠ ᠪᠦᠬᠦᠢ ᠦᠪᠯᠡᠨ ᠤᠯᠠᠮᠵᠢᠯᠠᠬᠤ ᠲᠠᠯᠠᠪᠤᠷ ᠬᠠᠩᠭ᠋ᠠᠬᠤ;
(ᠬᠣᠶᠠᠷ) ᠴᠢᠬᠤᠯᠠ ᠪᠦᠬᠦᠢ ᠵᠠᠷᠤᠳᠠᠯ᠎ᠤᠨ ᠲᠤᠰᠠᠯᠠᠮᠵᠢ ᠬᠠᠩᠭ᠋ᠠᠬᠤ; (ᠭᠤᠷᠪᠠ) ᠰᠣᠯᠢᠯᠴᠠᠭ᠎ᠠ᠂ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ;
(ᠳᠦᠷᠪᠡ) ᠨᠡᠶ᠋ᠢᠭᠡᠮ᠎ᠤᠨ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠠᠵᠢᠯᠯᠠᠭ᠎ᠠ᠎ᠳᠤ ᠣᠷᠣᠯᠴᠠᠬᠤ ᠵᠢ᠎ᠨᠢ ᠳᠡᠮᠵᠢᠬᠦ;
(ᠲᠠᠪᠤ) ᠪᠤᠰᠤᠳ ᠳᠡᠮᠵᠢᠬᠦ ᠠᠷᠭ᠎ᠠ ᠬᠡᠮᠵᠢᠶ᠎ᠡ᠃
ᠭᠤᠴᠢᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠦᠨᠡᠯᠡᠨ ᠵᠢᠱ᠌ᠢᠬᠦ ᠳᠦᠷᠢᠮ᠎ᠢ ᠪᠠᠶ᠋ᠢᠭᠤᠯᠵᠤ᠂ ᠲᠣᠰ ᠱᠠᠲᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ᠎ᠳᠤ ᠲᠤᠭᠲᠠᠭᠰᠠᠨ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠬᠦ ᠵᠢᠨ ᠬᠠᠮᠲᠤ ᠦᠨᠡᠯᠡᠨ ᠵᠢᠱ᠌ᠢᠭᠰᠡᠨ ᠦᠷ᠎ᠡ ᠳ᠋ᠦᠩ ᠵᠶ᠋ᠠᠨ ᠨᠡᠶ᠋ᠢᠭᠡᠮ᠎ᠳᠤ ᠢᠯᠡ ᠨᠡᠶ᠋ᠢᠲᠡᠯᠡᠬᠦ ᠬᠡᠷᠡᠭᠲᠡᠶ᠃
ᠳᠥᠷᠪᠡᠳᠦᠭᠡᠷ ᠪᠦᠯᠦᠭ ᠪᠠᠶ᠋ᠢᠴᠠᠭ᠋ᠠᠬᠤ᠂ ᠬᠠᠳᠠᠭ᠋ᠠᠯᠠᠬᠤ᠂ ᠦᠪᠯᠡᠨ ᠤᠯᠠᠮᠵᠢᠯᠠᠬᠤ᠂ ᠤᠯᠠᠮᠵᠢᠯᠠᠨ ᠳᠡᠯᠭᠡᠷᠡᠭᠦᠯᠬᠦ
ᠭᠤᠴᠢᠨ ᠨᠢᠭᠡᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠲᠣᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠬᠤ ᠬᠡᠷᠡᠭᠲᠡᠶ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠵᠢ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠠᠷᠢᠭᠤᠴᠠᠵᠤ ᠬᠢᠨ᠎ᠡ᠃
ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠡᠭᠦᠨ᠎ᠤ ᠠᠵᠢᠯ᠎ᠤᠨ ᠬᠦᠷᠢᠶ᠎ᠡ ᠬᠡᠪᠴᠢᠶᠡᠨ᠎ᠳᠠᠬᠢ ᠪᠣᠳᠠᠰ᠎ᠤᠨ ᠪᠤᠰᠤ ᠰᠣᠶᠣᠯ᠎ᠤᠨ ᠥᠪ᠎ᠲᠤ᠎ᠪᠠᠨ ᠪᠠᠶ᠋ᠢᠴᠠᠭ᠋ᠠᠯᠲᠠ ᠬᠢᠵᠦ ᠪᠣᠯᠤᠨ᠎ᠠ᠃
ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠬᠠᠤᠯᠢ ᠶᠣᠰᠣᠭ᠋ᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠵᠦ ᠪᠣᠯᠤᠨ᠎ᠠ᠃
ᠭᠤᠴᠢᠨ ᠬᠣᠶᠠᠳᠤᠭ᠋ᠠᠷ ᠵᠣᠷᠪᠤᠰ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠬᠦ᠎ᠳᠤ᠎ᠪᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠡᠳᠡᠭᠡ ᠵᠠᠩᠭᠢ ᠵᠢ ᠦᠨᠡᠨ ᠪᠣᠳᠠᠲᠠᠶ᠂ ᠣᠨᠣᠪᠴᠢᠲᠠᠶ᠂ ᠪᠦᠬᠦ ᠲᠠᠯ᠎ᠠ᠎ᠪᠠᠷ ᠲᠡᠮᠳᠡᠭᠯᠡᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠷᠢᠯᠳᠦᠬᠦᠨ ᠬᠡᠰᠡᠭ᠎ᠲᠤ ᠬᠠᠷᠢᠶᠠᠯᠠᠭᠳᠠᠬᠤ ᠲᠥᠯᠥᠭᠡᠯᠡᠬᠦ ᠴᠢᠨᠠᠷᠲᠠᠶ ᠪᠣᠳᠠᠲᠤ ᠶᠠᠭᠤᠮ᠎ᠠ ᠵᠢ ᠴᠤᠭᠯᠠᠭᠤᠯᠬᠤ ᠬᠡᠷᠡᠭᠲᠡᠶ; ᠪᠠᠶ᠋ᠢᠴᠠᠭ᠋ᠠᠯᠲᠠ ᠵᠢᠨ ᠳᠤᠮᠳᠠ ᠣᠯᠤᠭᠰᠠᠨ ᠮᠠᠲ᠋ᠧᠷᠢᠶᠠᠯ ᠪᠣᠯᠤᠨ ᠪᠣᠳᠠᠲᠤ ᠶᠠᠭᠤᠮ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠤᠨ ᠡᠮᠬᠢᠯᠡᠵᠦ᠂ ᠲᠣᠬᠢᠲᠠᠶ ᠬᠠᠳᠠᠭ᠋ᠠᠯᠠᠵᠤ᠂ ᠡᠪᠳᠡᠷᠡᠵᠦ ᠰᠦᠢ᠍ᠳᠬᠦ᠂ ᠭᠡᠭᠡᠭᠳᠡᠬᠦ ᠵᠢ ᠰᠡᠷᠭᠡᠶ᠋ᠢᠯᠡᠬᠦ ᠬᠡᠷᠡᠭᠲᠡᠶ᠃
ᠭᠤᠴᠢᠨ ᠭᠤᠷᠪᠠᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠩᠰᠠ ᠡᠪᠬᠡᠮᠡᠯ ᠵᠢᠴᠢ ᠬᠠᠮᠢᠶ᠎ᠠ ᠪᠦᠬᠦᠢ ᠳ᠋ᠠᠶ᠋ᠢᠲ᠋ᠠ ᠬᠥᠮᠥᠷᠭᠡ ᠪᠠᠶ᠋ᠢᠭᠤᠯᠵᠤ᠂ ᠪᠠᠶ᠋ᠢᠴᠠᠭ᠋ᠠᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃ ᠬᠠᠤᠯᠢ ᠶᠣᠰᠣᠭ᠋ᠠᠷ ᠨᠢᠭᠤᠴᠠ ᠵᠢ ᠬᠠᠮᠠᠭ᠋ᠠᠯᠠᠬᠤ ᠬᠡᠷᠡᠭᠲᠡᠶ ᠵᠦᠢ᠍ᠯ᠎ᠠᠴᠠ ᠭᠠᠳᠠᠨ᠎ᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠳᠠᠩᠰᠠ ᠡᠪᠬᠡᠮᠡᠯ ᠵᠢᠴᠢ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠢᠯᠡ ᠪᠣᠯᠭ᠋ᠠᠵᠤ᠂ ᠣᠯᠠᠨ ᠨᠡᠢ᠍ᠢ᠍ᠲᠡ ᠵᠢᠨ ᠪᠠᠶ᠋ᠢᠴᠠᠭ᠋ᠠᠨ ᠦᠵᠡᠬᠦ᠎ᠳᠤ ᠳᠥᠭᠥᠮ ᠪᠣᠯᠭ᠋ᠠᠬᠤ ᠬᠡᠷᠡᠭᠲᠡᠶ᠃
ᠭᠤᠴᠢᠨ ᠳᠥᠷᠪᠡᠳᠦᠭᠡᠷ ᠵᠣᠷᠪᠤᠰ ᠬᠢᠯᠢ ᠵᠢᠨ ᠭᠠᠳᠠᠨᠠᠬᠢ ᠵᠣᠬᠢᠶᠠᠨ ᠪᠠᠶ᠋ᠢᠭᠤᠯᠤᠯᠲᠠ ᠪᠤᠶᠤ ᠬᠤᠪᠢ ᠬᠥᠮᠦᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠬᠦ᠎ᠳᠤ᠎ᠪᠠᠨ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠳᠣᠲᠣᠷᠠᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠭᠤᠯᠤᠮᠵᠢ ᠪᠤᠶᠤ ᠡᠷᠳᠡᠮ ᠰᠢᠨᠵᠢᠯᠡᠭᠡᠨ᠎ᠤ ᠰᠤᠳᠤᠯᠤᠯ᠎ᠤᠨ ᠪᠠᠶ᠋ᠢᠭᠤᠯᠤᠮᠵᠢ᠎ᠯᠤᠭ᠎ᠠ ᠬᠠᠮᠵᠢᠯᠴᠠᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠤᠶᠤᠴᠢᠯᠠᠯ᠎ᠢ ᠬᠦᠯᠢᠶᠡᠨ ᠠᠪᠤᠭᠰᠠᠨ᠎ᠤ ᠳᠠᠷᠠᠭ᠎ᠠ ᠬᠤᠷᠢᠨ ᠡᠳᠦᠷ᠎ᠤᠨ ᠳᠤᠳᠤᠷ᠎ᠠ ᠵᠥᠪᠰᠢᠶᠡᠷᠡᠬᠦ ᠡᠰᠡᠬᠦ ᠵᠢᠨ ᠲᠤᠬᠠᠢ ᠪᠢᠴᠢᠭ᠎ᠤᠨ ᠬᠡᠯᠪᠡᠷᠢ ᠵᠢᠨ ᠲᠣᠭᠲᠠᠭ᠋ᠠᠯ ᠭᠠᠷᠭ᠋ᠠᠬᠤ ᠬᠡᠷᠡᠭᠲᠡᠶ᠃
ᠪᠠᠶ᠋ᠢᠴᠠᠭ᠋ᠠᠯᠲᠠ ᠬᠢᠵᠦ ᠳᠠᠭᠤᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠪᠠᠢ᠌ᠴᠠᠭ᠋ᠠᠯᠲᠠ ᠵᠢᠨ ᠮᠡᠳᠡᠭᠦᠯᠦᠯᠲᠡ ᠪᠠ ᠪᠠᠢ᠌ᠴᠠᠭ᠋ᠠᠯᠲᠠ ᠵᠢᠨ ᠲᠤᠮᠳᠠ ᠣᠯᠤᠭᠰᠠᠨ ᠪᠣᠳᠠᠲᠤ ᠶᠠᠭᠤᠮ᠎ᠠ ᠵᠢᠨ ᠵᠢᠷᠤᠭ᠂ ᠮᠠᠲᠸᠷᠢᠶᠠᠯ᠎ᠤᠨ ᠺᠣᠪᠢᠳᠠᠭᠰᠠᠨᠪᠠᠷᠢ ᠲᠤᠰᠢᠶᠠᠬᠤ ᠬᠡᠷᠡᠭᠲᠡᠢ᠃ ᠪᠣᠳᠠᠲᠤ ᠶᠠᠭᠤᠮ᠎ᠠ ᠵᠢᠴᠢ ᠮᠠᠲ᠋ᠧᠷᠢᠶᠠᠯ ᠠᠪᠴᠤ ᠬᠢᠯᠢ᠎ᠠᠴᠠ ᠭᠠᠷᠬᠤ ᠴᠢᠬᠤᠯᠠᠲᠠᠶ ᠪᠠᠢ᠌ᠪᠠᠯ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
ᠭᠤᠴᠢᠨ ᠲᠠᠪᠤᠳᠤᠭ᠋ᠠᠷ ᠵᠣᠷᠪᠤᠰ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠬᠦ᠎ᠳᠤ᠎ᠪᠠᠨ ᠪᠠᠶ᠋ᠢᠴᠠᠭ᠋ᠠᠭᠳᠠᠬᠤ ᠡᠲᠡᠭᠡᠳ᠎ᠤᠨ ᠵᠥᠪᠰᠢᠶᠡᠷᠡᠯ᠎ᠢ ᠣᠯᠵᠤ᠂ ᠵᠠᠩ ᠳᠠᠳᠬᠠᠯ᠎ᠢ᠎ᠨᠢ ᠬᠦᠨᠳᠦᠳᠬᠡᠬᠦ ᠬᠡᠷᠡᠭᠲᠡᠶ᠂ ᠬᠠᠤᠯᠢ ᠶᠣᠰᠣᠨ᠎ᠤ ᠡᠷᠬᠡ ᠠᠰᠢᠭ᠎ᠢ᠎ᠨᠢ ᠬᠣᠬᠢᠷᠠᠭᠤᠯᠵᠤ ᠪᠣᠯᠬᠤ ᠦᠭᠡᠢ᠃
ᠭᠤᠴᠢᠨ ᠵᠢᠷᠭᠤᠳᠤᠭ᠋ᠠᠷ ᠵᠣᠷᠪᠤᠰ ᠤᠰᠠᠳᠬᠤ ᠰᠢᠬᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢ᠍ᠯ᠎ᠳᠤ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠮᠠᠲ᠋ᠧᠷᠢᠶᠠᠯ᠂ ᠪᠣᠳᠠᠲᠤ ᠶᠠᠭᠤᠮ᠎ᠠ ᠵᠢ ᠴᠠᠭ ᠲᠤᠬᠠᠶ᠎ᠳᠤᠨᠢ ᠲᠡᠮᠳᠡᠭᠯᠡᠬᠦ ᠪᠠ ᠴᠤᠭᠯᠠᠭᠤᠯᠵᠤ᠂ ᠠᠪᠤᠷᠠᠯᠲᠠ ᠵᠢᠨ ᠴᠢᠨᠠᠷᠲᠠᠶ ᠬᠠᠮᠠᠭ᠋ᠠᠯᠠᠬᠤ ᠠᠷᠭ᠎ᠠ ᠵᠢ ᠠᠪᠬᠤ ᠬᠡᠷᠡᠭᠲᠡᠶ᠃
ᠭᠤᠴᠢᠨ ᠳᠣᠯᠣᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠰᠠᠳᠬᠤ ᠰᠢᠬᠠᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠪᠣᠯᠤᠨ ᠵᠠᠯᠭ᠋ᠠᠮᠵᠢᠯᠠᠭᠴᠢ ᠴᠢᠳᠠᠪᠤᠷᠢᠲᠠᠨ᠎ᠢ ᠭᠣᠤᠯᠳᠠᠯᠭ᠎ᠠ᠎ᠲᠠᠢ ᠲᠡᠳᠬᠦᠬᠦ ᠪᠠ ᠬᠥᠮᠦᠵᠢᠭᠦᠯᠬᠦ ᠬᠡᠷᠡᠭᠲᠡᠶ᠃
ᠭᠤᠴᠢᠨ ᠨᠠᠢ᠍ᠮᠠᠳᠤᠭ᠋ᠠᠷ ᠵᠣᠷᠪᠤᠰ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ ᠳᠡᠯᠪᠡᠭ᠂ ᠲᠦᠯᠦᠭᠡᠯᠡᠬᠦ ᠴᠢᠨᠠᠷᠲᠠᠢ ᠲᠦᠷᠦᠯ ᠵᠦᠢ᠍ᠯ ᠬᠠᠷᠢᠴᠠᠩᠭᠤᠶ᠎ᠪᠠᠷ ᠲᠥᠪᠯᠡᠷᠡᠭᠰᠡᠨ᠂ ᠬᠡᠯᠪᠡᠷᠢ ᠪᠠ ᠠᠭᠤᠯᠤᠭᠳᠠᠬᠤᠨ᠎ᠨᠢ ᠬᠠᠷᠢᠴᠠᠩᠭᠤᠶ ᠪᠦᠷᠢᠨ ᠪᠦᠲᠦᠨ᠂ ᠪᠠᠶ᠋ᠢᠭ᠋ᠠᠯᠢ ᠵᠢᠨ ᠣᠷᠴᠢᠨ ᠲᠣᠭᠣᠷᠢᠨ ᠪᠠ ᠬᠥᠮᠦᠨ ᠨᠡᠶ᠋ᠢᠭᠡᠮ᠎ᠤᠨ ᠣᠷᠴᠢᠨ ᠲᠣᠭᠣᠷᠢᠨ ᠵᠶ᠋ᠠᠷ ᠨᠡᠯᠢᠶᠡᠳ ᠰᠠᠶ᠋ᠢᠨ ᠣᠨᠴᠠ ᠲᠣᠭᠲᠠᠭ᠋ᠠᠭᠰᠠᠨ ᠣᠷᠣᠨ ᠭᠠᠵᠠᠷ᠎ᠢ ᠲᠤᠬᠠᠶ ᠵᠢᠨ ᠭᠠᠵᠠᠷ᠎ᠤᠨ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠤᠰᠬᠠᠶ ᠵᠣᠷᠪᠤᠰ ᠵᠶ᠋ᠠᠷ ᠬᠠᠮᠠᠭ᠋ᠠᠯᠠᠬᠤ ᠲᠦᠯᠦᠪᠵᠢᠭᠦᠯᠭᠡ ᠲᠣᠭᠲᠠᠭ᠋ᠠᠵᠤ ᠪᠣᠯᠤᠨ᠎ᠠ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ᠎ᠪᠠᠷ ᠭᠣᠤᠯ ᠪᠣᠯᠭ᠋ᠠᠭᠰᠠᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠢ ᠪᠠᠶ᠋ᠢᠭᠤᠯᠵᠤ᠂ ᠣᠷᠣᠨ ᠪᠦᠰᠡ ᠵᠢᠨ ᠴᠢᠨᠠᠷᠲᠠᠶ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢ ᠬᠡᠷᠡᠭᠵᠢᠭᠦᠯᠦᠨ᠎ᠡ᠃
ᠭᠤᠴᠢ ᠶᠢᠰᠦᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠠᠷᠬᠠᠯᠲᠠ ᠨᠡᠯᠢᠶᠡᠳ ᠲᠥᠪᠯᠡᠷᠡᠭᠰᠡᠨ᠂ ᠦᠪᠯᠡᠨ ᠤᠯᠠᠮᠵᠢᠯᠠᠭᠰᠠᠨ ᠰᠠᠭᠤᠷᠢ᠎ᠪᠠᠷ ᠨᠡᠯᠢᠶᠡᠳ ᠰᠠᠶ᠋ᠢᠨ ᠭᠠᠵᠠᠷ ᠣᠷᠣᠨ᠎ᠳᠤ ᠦᠪᠯᠡᠨ ᠤᠯᠠᠮᠵᠢᠯᠠᠬᠤ ᠰᠠᠭᠤᠷᠢᠨ ᠭᠠᠵᠠᠷ ᠪᠠᠶ᠋ᠢᠭᠤᠯᠵᠤ ᠪᠣᠯᠤᠨ᠎ᠠ᠃ ᠦᠪᠯᠡᠨ ᠤᠯᠠᠮᠵᠢᠯᠠᠬᠤ ᠰᠠᠭᠤᠷᠢᠨ ᠭᠠᠵᠠᠷ᠎ᠲᠤ ᠦᠪᠯᠡᠨ ᠤᠯᠠᠮᠵᠢᠯᠠᠬᠤ ᠭᠠᠵᠠᠷ ᠪᠠ ᠦᠪᠯᠡᠨ ᠤᠯᠠᠮᠵᠢᠯᠠᠬᠤ ᠡᠷᠦᠬᠡ ᠭᠠᠷᠭ᠋ᠠᠵᠤ ᠪᠣᠯᠤᠨ᠎ᠠ᠃
ᠳᠥᠴᠢᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠤᠯ᠂ ᠬᠠᠮᠠᠭ᠋ᠠᠯᠠᠯᠲᠠ᠂ ᠬᠠᠮᠢᠶᠠᠷᠤᠯᠲᠠ ᠵᠡᠷᠭᠡ ᠲᠤᠰᠬᠠᠶ ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠵᠤ ᠢᠷᠡᠬᠦ ᠬᠡᠷᠡᠭᠲᠡᠶ᠃
ᠳᠥᠴᠢᠨ ᠨᠢᠭᠡᠳᠦᠭᠡᠷ ᠵᠣᠷᠪᠤᠰ ᠰᠤᠷᠭ᠋ᠠᠨ ᠬᠥᠮᠦᠵᠢᠯ᠎ᠤᠨ ᠪᠠᠶ᠋ᠢᠭᠤᠯᠤᠮᠵᠢ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠭ᠋ᠠᠬᠤ ᠮᠠᠲ᠋ᠧᠷᠢᠶᠠᠯ᠎ᠢ ᠨᠠᠶ᠋ᠢᠷᠠᠭᠤᠯᠤᠨ ᠪᠢᠴᠢᠬᠦ᠂ ᠦᠪᠯᠡᠨ ᠤᠯᠠᠮᠵᠢᠯᠠᠭᠴᠢ ᠵᠢ ᠤᠷᠢᠵᠤ ᠬᠢᠴᠢᠶᠡᠯ ᠣᠷᠣᠭᠤᠯᠬᠤ ᠵᠡᠷᠭᠡ ᠠᠷᠭ᠎ᠠ ᠮᠠᠶᠢᠭ᠎ᠢ ᠠᠪᠴᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ᠎ᠳᠤ ᠣᠷᠣᠭᠤᠯᠬᠤ ᠵᠢ ᠲᠦᠯᠬᠢᠨ ᠠᠬᠢᠭᠤᠯᠬᠤ ᠬᠡᠷᠡᠭᠲᠡᠶ᠃
ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ᠎ᠤ ᠰᠤᠳᠤᠯᠤᠯ ᠵᠡᠷᠭᠡ ᠪᠠᠶ᠋ᠢᠭᠤᠯᠤᠮᠵᠢ᠎ᠠᠴᠠ ᠰᠤᠷᠤᠯᠭ᠎ᠠ ᠵᠢᠨ ᠨᠠᠮᠲᠠᠷ᠎ᠤᠨ ᠰᠤᠷᠭ᠋ᠠᠨ ᠬᠥᠮᠦᠵᠢᠯ᠂ ᠳᠠᠪᠲᠠᠨ ᠪᠣᠯᠪᠠᠰᠤᠷᠠᠭᠤᠯᠬᠤ᠂ ᠣᠬᠣᠷ ᠬᠤᠭᠤᠴᠠᠭ᠋ᠠᠨ᠎ᠤ ᠪᠣᠯᠪᠠᠰᠤᠷᠠᠭᠤᠯᠤᠯ ᠵᠡᠷᠭᠡ ᠠᠷᠭ᠎ᠠ ᠮᠠᠶᠢᠭ᠎ᠢ ᠠᠪᠴᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠰᠬᠠᠶ ᠴᠢᠳᠠᠪᠤᠷᠢᠲᠠᠨ᠎ᠢ ᠬᠥᠮᠦᠵᠢᠭᠦᠯᠬᠦ ᠠᠵᠢᠯ᠎ᠢ ᠥᠷᠨᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃
ᠳᠥᠴᠢᠨ ᠬᠣᠶᠠᠳᠤᠭ᠋ᠠᠷ ᠵᠣᠷᠪᠤᠰ ᠲᠣᠬᠢᠷᠠᠮᠵᠢᠲᠠᠶ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠤᠤᠯ᠎ᠤᠨ ᠦᠨᠡᠨ ᠴᠢᠨᠠᠷ᠎ᠢ ᠪᠠᠲᠤᠯᠠᠭᠰᠠᠨ ᠰᠠᠭᠤᠷᠢᠨ ᠳᠡᠭᠡᠷ᠎ᠡ ᠦᠢ᠍ᠯᠡᠳᠪᠦᠷᠢᠯᠡᠯ᠎ᠤᠨ ᠴᠢᠨᠠᠷᠲᠠᠶ ᠬᠠᠮᠠᠭ᠋ᠠᠯᠠᠯᠲᠠ ᠵᠢ ᠬᠡᠷᠡᠭᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠤᠳᠤ ᠦᠶ᠎ᠡ ᠵᠢᠨ ᠨᠡᠶ᠋ᠢᠭᠡᠮ᠎ᠤᠨ ᠠᠮᠢᠳᠤᠷᠠᠯ᠎ᠳᠤ ᠠᠭᠤᠰᠤᠯᠴᠠᠭᠤᠯᠬᠤ ᠵᠢ ᠠᠬᠢᠭᠤᠯᠬᠤ ᠵᠢ ᠵᠣᠷᠢᠭᠵᠢᠭᠤᠯᠤᠨ ᠳᠡᠮᠵᠢᠨ᠎ᠡ᠃
ᠳᠥᠴᠢᠨ ᠭᠤᠷᠪᠠᠳᠤᠭ᠋ᠠᠷ ᠵᠣᠷᠪᠤᠰ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠠᠵᠢᠯ᠎ᠢ ᠤᠬᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠤᠯᠠᠮᠵᠢᠯᠠᠨ ᠳᠡᠯᠭᠡᠷᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠮᠡᠳᠡᠯᠭᠡ ᠵᠢ ᠲᠦᠭᠡᠮᠡᠯᠵᠢᠭᠦᠯᠵᠦ᠂ ᠪᠦᠬᠦ ᠨᠡᠶ᠋ᠢᠭᠡᠮ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠬᠦ ᠬᠡᠷᠡᠭᠲᠡᠶ᠃
ᠳᠥᠴᠢᠨ ᠳᠥᠷᠪᠡᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠤᠬᠠᠭᠤᠯᠤᠨ ᠦᠵᠡᠭᠦᠯᠵᠦ᠂ ᠲᠣᠰ ᠭᠠᠵᠠᠷ᠎ᠤᠨ ᠵᠶ᠋ᠠᠨ ᠰᠣᠶᠣᠯ᠎ᠤᠨ ᠨᠠᠶ᠋ᠢᠷ᠂ ᠰᠣᠶᠣᠯ᠎ᠤᠨ ᠪᠠ ᠪᠠᠶ᠋ᠢᠭ᠋ᠠᠯᠢ ᠵᠢᠨ ᠥᠪ᠎ᠤᠨ ᠡᠳᠦᠷᠯᠢᠭ᠂ ᠤᠯᠠᠮᠵᠢᠯᠠᠯᠲᠤ ᠪᠠᠶᠠᠷ ᠳᠤᠷᠠᠰᠬᠠᠯ ᠪᠠ ᠠᠷᠠᠳ᠎ᠤᠨ ᠵᠠᠩ ᠵᠠᠩᠰᠢᠯ᠎ᠤᠨ ᠠᠵᠢᠯᠯᠠᠭ᠎ᠠ᠎ᠲᠠᠢ ᠤᠶᠠᠯᠳᠤᠭᠤᠯᠤᠨ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠦᠷ᠎ᠡ ᠪᠦᠲᠦᠭᠡᠯ᠎ᠢ ᠳᠡᠯᠭᠡᠨ ᠦᠵᠡᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠨᠡᠶ᠋ᠢᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ᠃
ᠳᠥᠴᠢᠨ ᠲᠠᠪᠤᠳᠤᠭ᠋ᠠᠷ ᠵᠣᠷᠪᠤᠰ ᠬᠥᠮᠦᠰ ᠨᠢᠭᠲᠠᠷᠠᠭᠰᠠᠨ ᠣᠯᠠᠨ ᠨᠡᠢ᠍ᠢ᠍ᠲᠡ ᠵᠢᠨ ᠲᠠᠯᠠᠪᠤᠷ ᠪᠠ ᠣᠯᠠᠨ ᠨᠡᠢ᠍ᠢ᠍ᠲᠡ ᠵᠢᠨ ᠣᠷᠴᠢᠨ ᠲᠣᠭᠣᠷᠢᠨ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠤᠬᠠᠭᠤᠯᠬᠤ ᠫᠠᠶ᠋ᠢᠰᠠ᠂ ᠤᠬᠠᠭᠤᠯᠬᠤ ᠰᠠᠮᠪᠠᠷ᠎ᠠ ᠪᠠ ᠡᠯᠧᠺᠲᠷᠣᠨ ᠳᠡᠯᠭᠡᠴᠡ ᠭᠠᠷᠭ᠋ᠠᠬᠤ ᠵᠢ ᠵᠣᠷᠢᠭᠵᠢᠭᠤᠯᠤᠨ ᠳᠠᠮᠵᠢᠨ᠎ᠠ᠃
ᠳᠥᠴᠢᠨ ᠵᠢᠷᠭᠤᠳᠤᠭ᠋ᠠᠷ ᠵᠦᠢ᠍ᠯ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠤ ᠪᠠᠶ᠋ᠢᠭᠤᠯᠤᠮᠵᠢ᠂ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠭᠤᠯᠤᠮᠵᠢ᠂ ᠨᠣᠮ᠎ᠤᠨ ᠰᠠᠩ᠂ ᠰᠣᠶᠣᠯ᠎ᠤᠨ ᠣᠷᠳᠣᠨ᠂ ᠮᠦᠽᠧᠶ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠂ ᠤᠷᠠᠨ ᠵᠢᠷᠤᠭ᠎ᠤᠨ ᠣᠷᠳᠣᠨ᠂ ᠳᠠᠩᠰᠠ ᠡᠪᠬᠡᠮᠡᠯ᠎ᠤᠨ ᠭᠠᠵᠠᠷ᠂ ᠵᠠᠯᠠᠭᠤᠴᠤᠳ ᠪᠠᠭ᠋ᠠᠴᠤᠳ᠎ᠤᠨ ᠬᠥᠳᠡᠯᠭᠡᠭᠡᠨ᠎ᠤ ᠲᠥᠪ᠂ ᠠᠵᠢᠯᠴᠢᠨ᠎ᠤ ᠰᠣᠶᠣᠯ᠎ᠤᠨ ᠣᠷᠳᠣᠨ᠂ ᠨᠡᠶ᠋ᠢᠭᠡᠮ ᠲᠣᠭᠣᠷᠢᠭ᠎ᠤᠨ ᠰᠣᠶᠣᠯ᠎ᠤᠨ ᠬᠥᠳᠡᠯᠭᠡᠭᠡᠨ᠎ᠤ ᠲᠥᠪ᠂ ᠰᠤᠮᠤ ᠰᠢᠶᠠᠩ ᠪᠠᠯᠭ᠋ᠠᠰᠤᠨ᠎ᠤ ᠰᠣᠶᠣᠯ᠎ᠤᠨ ᠥᠷᠲᠡᠭᠡ᠂ ᠭᠠᠴᠠᠭ᠎ᠠ ᠲᠣᠰᠬᠣᠨ᠎ᠤ ᠰᠣᠶᠣᠯ᠎ᠤᠨ ᠥᠷᠥᠭᠡ ᠵᠡᠷᠭᠡ ᠣᠯᠠᠨ ᠨᠡᠢ᠍ᠢ᠍ᠲᠡ ᠵᠢᠨ ᠰᠣᠶᠣᠯ᠎ᠤᠨ ᠪᠠᠶ᠋ᠢᠭᠤᠯᠤᠮᠵᠢ ᠵᠢᠴᠢ ᠡᠳ᠋᠎ᠤᠨ ᠵᠠᠰᠠᠭ᠎ᠤᠨ ᠴᠢᠨᠠᠷᠲᠠᠶ ᠪᠡᠯᠡ ᠮᠥᠩᠭᠥ ᠵᠢ ᠠᠰᠢᠭᠯᠠᠨ ᠡᠷᠬᠢᠯᠡᠭᠰᠡᠨ ᠤᠷᠠᠨ ᠰᠠᠶ᠋ᠢᠬᠠᠨ᠎ᠤ ᠲᠣᠭᠯᠠᠯᠲᠠ ᠵᠢᠨ ᠪᠦᠯᠬᠦᠮ᠂ ᠲᠣᠭᠯᠠᠯᠲᠠ ᠵᠢᠨ ᠲᠠᠯᠠᠪᠤᠷ᠎ᠤᠨ ᠡᠵᠡᠩᠨᠡᠯᠲᠡ ᠵᠢᠨ ᠨᠢᠭᠡᠴᠢ᠎ᠨᠦᠭᠦᠳ ᠲᠣᠰ ᠲᠣᠰ᠎ᠤᠨ ᠵᠶ᠋ᠠᠨ ᠠᠵᠢᠯ᠎ᠤᠨ ᠬᠦᠷᠢᠶ᠎ᠡ ᠬᠡᠪᠴᠢᠶ᠎ᠡ᠎ᠪᠠᠨ ᠦᠨᠳᠦᠰᠦᠯᠡᠨ᠂ ᠪᠣᠳᠠᠰ᠎ᠤᠨ ᠪᠤᠰᠤ ᠰᠣᠶᠣᠯ᠎ᠤᠨ ᠥᠪ᠎ᠢ ᠡᠮᠬᠢᠯᠡᠬᠦ᠂ ᠰᠤᠳᠤᠯᠬᠤ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ ᠪᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠤᠨ ᠤᠬᠠᠭᠤᠯᠭ᠎ᠠ᠂ ᠦᠵᠡᠭᠦᠯᠦᠯᠭᠡ ᠵᠢ ᠲᠥᠯᠥᠪᠯᠡᠭᠡ᠎ᠲᠠᠢ᠎ᠪᠠᠷ ᠥᠷᠨᠢᠭᠦᠯᠬᠦ ᠬᠡᠷᠡᠭᠲᠡᠶ᠃
ᠳᠥᠴᠢᠨ ᠳᠣᠯᠣᠳᠤᠭ᠋ᠠᠷ ᠵᠣᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠬᠠᠤᠯᠢ ᠶᠣᠰᠣᠭ᠋ᠠᠷ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠤᠳᠤᠯᠭ᠋ᠠᠨ᠎ᠤ ᠪᠠᠶ᠋ᠢᠭᠤᠯᠤᠮᠵᠢ ᠪᠠᠶ᠋ᠢᠭᠤᠯᠬᠤ᠂ ᠳᠡᠯᠭᠡᠨ ᠦᠵᠡᠭᠦᠯᠬᠦ ᠪᠠ ᠦᠪᠯᠡᠨ ᠤᠯᠠᠮᠵᠢᠯᠠᠬᠤ ᠲᠠᠯᠠᠪᠤᠷ ᠭᠠᠷᠭ᠋ᠠᠬᠤ᠂ ᠨᠡᠢ᠍ᠢ᠍ᠲᠡ ᠵᠢᠨ ᠠᠰᠠᠷᠠᠮᠵᠢ ᠵᠢᠨ ᠴᠢᠨᠠᠷᠲᠠᠶ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠬᠦ ᠠᠵᠢᠯᠯᠠᠭ᠎ᠠ ᠡᠷᠬᠢᠯᠡᠬᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠰᠤᠳᠤᠯᠬᠤ᠂ ᠬᠠᠳᠠᠭ᠋ᠠᠯᠠᠬᠤ᠂ ᠳᠡᠯᠭᠡᠨ ᠦᠵᠡᠭᠦᠯᠬᠦ᠂ ᠦᠪᠯᠡᠨ ᠤᠯᠠᠮᠵᠢᠯᠠᠬᠤ ᠠᠵᠢᠯᠯᠠᠭ᠎ᠠ ᠵᠢ ᠵᠣᠷᠢᠭᠵᠢᠭᠤᠯᠤᠨ ᠳᠠᠮᠵᠢᠨ᠎ᠠ᠃
ᠳᠥᠴᠢᠨ ᠨᠠᠢ᠍ᠮᠠᠳᠤᠭ᠋ᠠᠷ ᠵᠣᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠠᠩᠬᠠᠨ᠎ᠤ ᠲᠤᠯᠭᠤᠷ ᠪᠢᠴᠢᠭ᠂ ᠰᠤᠳᠤᠷ ᠪᠢᠴᠢᠭ᠂ ᠮᠠᠲ᠋ᠧᠷᠢᠶᠠᠯ᠎ᠢ ᠡᠮᠬᠢᠯᠡᠬᠦ᠂ ᠣᠷᠴᠢᠭᠤᠯᠬᠤ᠂ ᠬᠡᠪᠯᠡᠭᠦᠯᠬᠦ ᠶᠠᠪᠤᠳᠠᠯ᠎ᠢ ᠵᠣᠷᠢᠭᠵᠢᠭᠤᠯᠤᠨ ᠳᠠᠮᠵᠢᠨ᠎ᠠ᠃
ᠳᠥᠴᠢ ᠶᠢᠰᠦᠳᠦᠭᠡᠷ ᠵᠣᠷᠪᠤᠰ ᠪᠣᠳᠠᠰ᠎ᠤᠨ ᠪᠤᠰᠤ ᠰᠣᠶᠣᠯ᠎ᠤᠨ ᠥᠪ᠎ᠲᠤ ᠰᠠᠭᠤᠷᠢᠯᠠᠨ ᠪᠤᠢ ᠪᠣᠯᠤᠭᠰᠠᠨ ᠵᠣᠬᠢᠶᠠᠯ ᠪᠦᠲᠦᠭᠡᠯ᠎ᠤᠨ ᠡᠷᠬᠡ᠂ ᠲᠠᠸᠠᠷ᠎ᠤᠨ ᠲᠡᠮᠳᠡᠭᠲᠦ ᠵᠢᠨ ᠡᠷᠬᠡ ᠵᠡᠷᠭᠡ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢ ᠬᠠᠤᠯᠢ ᠶᠣᠰᠣᠭ᠋ᠠᠷ ᠬᠠᠮᠠᠭ᠋ᠠᠯᠠᠨ᠎ᠠ᠃
ᠲᠠᠪᠤᠳᠤᠭ᠋ᠠᠷ ᠪᠦᠯᠦᠭ ᠬᠠᠮᠢᠶᠠᠷᠤᠯᠲᠠ ᠬᠢᠭᠡᠳ ᠠᠰᠢᠭᠯᠠᠯᠲᠠ
ᠲᠠᠪᠢᠳᠤᠭ᠋ᠠᠷ ᠵᠣᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠥᠪᠡᠷ᠎ᠤᠨ ᠥᠮᠴᠢᠯᠡᠵᠦ ᠪᠠᠢ᠌ᠭ᠎ᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠠᠲ᠋ᠧᠷᠢᠶᠠᠯ᠂ ᠪᠣᠳᠠᠲᠤ ᠶᠠᠭᠤᠮ᠎ᠠ ᠪᠠ ᠣᠷᠤᠨ ᠲᠠᠯᠠᠪᠤᠷ ᠵᠶ᠋ᠠᠨ ᠠᠷᠠᠳ᠎ᠤᠨ ᠵᠠᠰᠠᠭ᠎ᠤᠨ ᠣᠷᠳᠤᠨ᠎ᠤ ᠪᠠᠶ᠋ᠢᠭᠤᠯᠤᠭᠰᠠᠨ ᠪᠣᠳᠠᠰ᠎ᠤᠨ ᠪᠤᠰᠤ ᠰᠣᠶᠣᠯ᠎ᠤᠨ ᠥᠪ᠎ᠢ ᠬᠣᠷᠢᠶᠠᠨ ᠬᠠᠳᠠᠭ᠋ᠠᠯᠠᠬᠤ᠂ ᠰᠤᠳᠤᠯᠬᠤ ᠪᠠᠶ᠋ᠢᠭᠤᠯᠤᠮᠵᠢ ᠵᠢᠴᠢ ᠰᠣᠶᠣᠯ᠎ᠤᠨ ᠪᠤᠰᠤᠳ ᠪᠠᠶ᠋ᠢᠭᠤᠯᠤᠮᠵᠢ᠎ᠳᠤ ᠬᠠᠨᠳᠢᠪᠯᠠᠨ ᠬᠦᠷᠭᠡᠬᠦ ᠪᠤᠶᠤ ᠨᠠᠶ᠋ᠢᠳᠠᠵᠤ᠂ ᠬᠣᠷᠢᠶᠠᠨ ᠬᠠᠳᠠᠭ᠋ᠠᠯᠠᠭᠤᠯᠬᠤ᠂ ᠬᠠᠳᠠᠭ᠋ᠠᠯᠠᠨ ᠬᠠᠮᠢᠶᠠᠷᠤᠭᠤᠯᠬᠤ᠂ ᠲᠡᠯᠭᠡᠨ ᠦᠵᠡᠭᠦᠯᠦᠭᠦᠯᠬᠦ ᠪᠤᠶᠤ ᠬᠡᠷᠡᠭᠯᠡᠭᠦᠯᠬᠦ ᠵᠢ ᠵᠣᠷᠢᠭᠵᠢᠭᠤᠯᠤᠨ ᠳᠠᠮᠵᠢᠨ᠎ᠠ᠃
ᠬᠠᠨᠳᠢᠪᠯᠠᠨ ᠬᠦᠷᠭᠡᠭᠰᠡᠳᠢ ᠱᠠᠩᠨᠠᠨ ᠬᠥᠬᠢᠭᠦᠯᠬᠦ ᠵᠢᠨ ᠬᠠᠮᠲᠤ ᠬᠠᠨᠳᠢᠪᠯᠠᠨ ᠬᠦᠷᠭᠡᠭᠰᠡᠨ ᠦᠨᠡᠮᠯᠡᠯ ᠣᠯᠭᠣᠬᠤ ᠬᠡᠷᠡᠭᠲᠡᠶ; ᠨᠠᠶ᠋ᠢᠳᠠᠭᠰᠠᠨ ᠬᠥᠮᠦᠨ᠎ᠳᠤ ᠨᠠᠢ᠌ᠳᠠᠭᠰᠠᠨ ᠪᠠᠢ᠌ᠭᠤᠯᠭ᠎ᠠ ᠵᠢᠨ ᠨᠡᠷᠡᠶ᠋ᠢᠳᠦᠯ ᠪᠤᠶᠤ ᠬᠤᠪᠢ ᠬᠥᠮᠦᠨ᠎ᠤ ᠣᠪᠣᠭ ᠨᠡᠷ᠎ᠡ ᠵᠢ ᠲᠣᠳᠣᠷᠬᠠᠶ᠋ᠢᠯᠠᠬᠤ ᠬᠡᠷᠡᠭᠲᠡᠶ᠃
ᠲᠠᠪᠢᠨ ᠨᠢᠭᠡᠳᠦᠭᠡᠷ ᠵᠣᠷᠪᠤᠰ ᠪᠣᠳᠠᠰ᠎ᠤᠨ ᠪᠤᠰᠤ ᠰᠣᠶᠣᠯ᠎ᠤᠨ ᠥᠪ᠎ᠢ ᠬᠣᠷᠢᠶᠠᠨ ᠬᠠᠳᠠᠭ᠋ᠠᠯᠠᠬᠤ᠂ ᠰᠤᠳᠤᠯᠬᠤ ᠪᠠᠶ᠋ᠢᠭᠤᠯᠤᠮᠵᠢ ᠵᠢᠴᠢ ᠰᠣᠶᠣᠯ᠎ᠤᠨ ᠦᠢ᠍ᠯᠡᠰ᠎ᠤᠨ ᠪᠤᠰᠤᠳ ᠪᠠᠶ᠋ᠢᠭᠤᠯᠤᠮᠵᠢ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠮᠠᠲ᠋ᠧᠷᠢᠶᠠᠯ᠂ ᠪᠣᠳᠠᠲᠤ ᠶᠠᠭᠤᠮ᠎ᠠ ᠪᠠ ᠣᠷᠤᠨ ᠲᠠᠯᠠᠪᠤᠷ ᠵᠡᠷᠭᠡ ᠵᠢ ᠲᠣᠬᠢᠲᠠᠶ ᠬᠠᠮᠠᠭ᠋ᠠᠯᠠᠨ ᠬᠠᠮᠢᠶᠠᠷᠬᠤ ᠬᠡᠷᠡᠭᠲᠡᠶ᠃
ᠲᠠᠪᠢᠨ ᠬᠣᠶᠠᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠯᠦᠭᠡ ᠰᠢᠭᠤᠳ ᠬᠣᠯᠪᠣᠭᠳᠠᠬᠤ ᠣᠷᠤᠨ ᠲᠠᠯᠠᠪᠤᠷ᠂ ᠦᠯᠡᠳᠡᠭᠳᠡᠯ ᠵᠢᠴᠢ ᠬᠠᠷᠢᠶᠠᠯᠠᠭᠳᠠᠬᠤ ᠪᠤᠳᠠᠰ᠎ᠤᠨ ᠬᠠᠮᠠᠭ᠋ᠠᠯᠠᠯᠲᠠ ᠵᠢᠨ ᠬᠡᠪᠴᠢᠶ᠎ᠡ ᠵᠢ ᠬᠤᠪᠢᠶᠠᠷᠢᠯᠠᠨ ᠲᠣᠭᠲᠠᠭ᠋ᠠᠵᠤ᠂ ᠲᠡᠮᠳᠡᠭ ᠲᠤᠳᠤᠷᠬᠠᠢ᠌ᠯᠠᠯᠲᠠ ᠬᠢᠵᠦ᠂ ᠳᠠᠩᠰᠠ ᠡᠪᠬᠡᠮᠡᠯ ᠪᠠᠶ᠋ᠢᠭᠤᠯᠬᠤ ᠵᠢᠨ ᠬᠠᠮᠲᠤ ᠬᠣᠲᠠ ᠬᠥᠳᠡᠭᠡ ᠵᠢᠨ ᠲᠦᠯᠦᠪᠵᠢᠭᠦᠯᠭᠡ ᠪᠣᠯᠤᠨ ᠪᠦᠲᠦᠭᠡᠨ ᠪᠠᠶ᠋ᠢᠭᠤᠯᠤᠯᠲᠠ ᠵᠢᠨ ᠳᠤᠮᠳᠠ ᠠᠷᠭ᠎ᠠ ᠬᠡᠮᠵᠢᠶ᠎ᠡ ᠠᠪᠴᠤ ᠬᠠᠮᠠᠭ᠋ᠠᠯᠠᠬᠤ ᠬᠡᠷᠡᠭᠲᠡᠶ᠃
ᠲᠡᠮᠳᠡᠭ ᠲᠤᠳᠤᠷᠬᠠᠢ᠌ᠯᠠᠯᠲᠠᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠤᠨ ᠨᠡᠷᠡᠶ᠋ᠢᠳᠦᠯ᠂ ᠲᠡᠰ᠂ ᠬᠠᠮᠠᠭ᠋ᠠᠯᠠᠬᠤ ᠬᠡᠪᠴᠢᠶ᠎ᠡ᠂ ᠬᠠᠮᠠᠭ᠋ᠠᠯᠠᠬᠤ ᠠᠭᠤᠯᠭ᠎ᠠ᠂ ᠲᠣᠪᠴᠢ ᠲᠠᠨᠢᠯᠴᠠᠭᠤᠯᠭ᠎ᠠ ᠵᠢᠴᠢ ᠲᠡᠮᠳᠡᠭ ᠪᠠᠶ᠋ᠢᠭᠤᠯᠤᠭᠰᠠᠨ ᠪᠠᠶ᠋ᠢᠭᠤᠯᠭ᠎ᠠ᠂ ᠡᠳᠦᠷ ᠬᠤᠭᠤᠴᠠᠭ᠎ᠠ ᠵᠡᠷᠭᠡ ᠠᠭᠤᠯᠭ᠎ᠠ ᠵᠢ ᠪᠠᠭᠲᠠᠭ᠋ᠠᠨ᠎ᠠ᠃
ᠲᠠᠪᠢᠨ ᠭᠤᠷᠪᠠᠳᠤᠭ᠋ᠠᠷ ᠵᠣᠷᠪᠤᠰ ᠶᠠᠮᠠᠷᠪᠠ ᠨᠢᠭᠡᠴᠢ ᠪᠠ ᠬᠤᠪᠢ ᠬᠥᠮᠦᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠯᠦᠭᠡ ᠰᠢᠭᠤᠳ ᠬᠣᠯᠪᠣᠭᠳᠠᠬᠤ ᠤᠷᠤᠨ ᠲᠠᠯᠠᠪᠤᠷ᠂ ᠦᠯᠡᠳᠡᠭᠳᠡᠯ ᠵᠢᠴᠢ ᠬᠠᠷᠢᠶᠠᠯᠠᠭᠳᠠᠬᠤ ᠪᠤᠳᠠᠰ᠎ᠢ ᠡᠵᠡᠯᠡᠨ ᠠᠪᠴᠤ᠂ ᠡᠪᠳᠡᠵᠦ ᠪᠣᠯᠬᠤ ᠦᠭᠡᠢ; ᠴᠢᠬᠤᠯᠠ ᠪᠦᠬᠦᠢ ᠵᠠᠰᠠᠪᠤᠷᠢ ᠣᠷᠣᠭᠤᠯᠬᠤ ᠦᠶ᠎ᠡ᠎ᠳᠤ ᠲᠡᠭᠦᠨ᠎ᠤ ᠤᠤᠯ᠎ᠤᠨ ᠳᠦᠷᠰᠦ ᠪᠠᠢ᠌ᠳᠠᠯ ᠪᠠ ᠰᠣᠶᠣᠯ᠎ᠤᠨ ᠠᠭᠤᠯᠤᠭᠳᠠᠬᠤᠨ᠎ᠢ ᠬᠤᠪᠢᠷᠠᠭᠤᠯᠵᠤ ᠪᠣᠯᠬᠤ ᠦᠭᠡᠢ᠃
ᠲᠠᠪᠢᠨ ᠳᠥᠷᠪᠡᠳᠦᠭᠡᠷ ᠵᠣᠷᠪᠤᠰ ᠤᠯᠤᠰ᠎ᠤᠨ ᠨᠢᠭᠤᠴᠠ᠎ᠳᠤ ᠬᠣᠯᠪᠣᠭᠳᠠᠬᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠳᠤ ᠬᠠᠤᠯᠢ ᠶᠣᠰᠣᠭ᠋ᠠᠷ ᠨᠢᠭᠤᠴᠠ ᠵᠢᠨ ᠳᠡᠰ ᠲᠣᠭᠲᠠᠭ᠋ᠠᠵᠤ᠂ ᠬᠠᠮᠠᠭ᠋ᠠᠯᠠᠬᠤ ᠠᠷᠭ᠎ᠠ ᠠᠪᠴᠠᠯ ᠠᠪᠬᠤ ᠬᠡᠷᠡᠭᠲᠡᠶ; ᠬᠤᠳᠠᠯᠳᠤᠭ᠋ᠠᠨ᠎ᠤ ᠨᠢᠭᠤᠴᠠ᠎ᠳᠤ ᠬᠣᠯᠪᠣᠭᠳᠠᠪᠠᠯ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠬᠡᠷᠡᠭᠵᠢᠭᠦᠯᠦᠨ᠎ᠡ᠃
ᠲᠠᠪᠢᠨ ᠲᠠᠪᠤᠳᠤᠭ᠋ᠠᠷ ᠵᠣᠷᠪᠤᠰ ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠵᠦᠶ ᠵᠣᠬᠢᠰᠲᠠᠶ ᠠᠰᠢᠭᠯᠠᠨ᠂ ᠰᠣᠶᠣᠯ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠣᠷᠣᠨ ᠨᠤᠲᠤᠭ᠂ ᠦᠨᠳᠦᠰᠦᠲᠡᠨ᠎ᠤ ᠣᠨᠴᠠᠯᠢᠭ ᠪᠠ ᠵᠠᠬ᠎ᠠ ᠳᠡᠯᠭᠡᠭᠦᠷ᠎ᠤᠨ ᠨᠢᠭᠤᠭᠳᠠᠮᠠᠯ ᠬᠦᠴᠦᠨ᠎ᠲᠠᠢ ᠰᠣᠶᠣᠯ᠎ᠤᠨ ᠦᠢ᠍ᠯᠡᠳᠬᠦᠨ ᠪᠠ ᠰᠣᠶᠣᠯ᠎ᠤᠨ ᠦᠢ᠍ᠯᠡᠴᠢᠯᠡᠭᠡ ᠵᠢ ᠨᠡᠭᠡᠭᠡᠨ ᠬᠥᠭᠵᠢᠭᠦᠯᠬᠦ ᠵᠢ ᠵᠣᠷᠢᠭᠵᠢᠭᠤᠯᠤᠨ ᠳᠠᠮᠵᠢᠨ᠎ᠠ᠃
ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠢ ᠠᠰᠢᠭᠯᠠᠬᠤ᠎ᠳᠤ᠎ᠪᠠᠨ ᠲᠡᠭᠦᠨ᠎ᠤ ᠰᠣᠶᠣᠯ᠎ᠤᠨ ᠦᠨᠳᠦᠰᠦᠨ ᠠᠭᠤᠯᠤᠭᠳᠠᠬᠤᠨ᠎ᠢ ᠬᠦᠨᠳᠦᠳᠬᠡᠬᠦ ᠬᠡᠷᠡᠭᠲᠡᠶ᠂ ᠭᠠᠵᠢᠭᠤᠳᠠᠭᠤᠯᠵᠤ᠂ ᠳᠤᠷ᠎ᠠ᠎ᠪᠠᠷ ᠵᠶ᠋ᠠᠨ ᠬᠡᠷᠡᠭᠯᠡᠵᠦ ᠪᠣᠯᠬᠤ ᠦᠭᠡᠢ᠃
ᠲᠠᠪᠢᠨ ᠵᠢᠷᠭᠤᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠵᠦᠶ ᠵᠣᠬᠢᠰᠲᠠᠶ ᠠᠰᠢᠭᠯᠠᠭᠰᠠᠨ ᠨᠢᠭᠡᠴᠢ ᠵᠢ ᠲᠡᠳᠬᠦᠬᠦ ᠬᠡᠷᠡᠭᠲᠡᠶ᠃ ᠲᠤᠰ ᠨᠢᠭᠡᠴᠢ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ᠎ᠢ ᠵᠦᠶ ᠵᠣᠬᠢᠰᠲᠠᠶ ᠠᠰᠢᠭᠯᠠᠭᠰᠠᠨ ᠪᠠᠢ᠌ᠪᠠᠯ ᠤᠯᠤᠰ᠎ᠠᠴᠠ ᠲᠣᠭᠲᠠᠭ᠋ᠠᠭᠰᠠᠨ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯ᠎ᠢ ᠬᠠᠤᠯᠢ ᠶᠣᠰᠣᠭ᠋ᠠᠷ ᠬᠦᠷᠲᠡᠨ᠎ᠡ᠃
ᠲᠠᠪᠢᠨ ᠳᠣᠯᠣᠳᠤᠭ᠋ᠠᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠢᠨᠠᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠵᠠᠷᠤᠳᠠᠯ᠎ᠤᠨ ᠲᠤᠰᠬᠠᠶ ᠵᠣᠭᠣᠰ᠎ᠢ ᠲᠤᠰᠬᠠᠶ ᠵᠣᠷᠪᠤᠰᠲᠤᠨᠢ ᠬᠡᠷᠡᠭᠯᠡᠬᠦ ᠵᠢ ᠪᠠᠲᠤᠯᠠᠬᠤ ᠬᠡᠷᠡᠭᠲᠡᠶ᠃
ᠵᠢᠷᠭᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠲᠠᠪᠢᠨ ᠨᠠᠢ᠍ᠮᠠᠳᠤᠭ᠋ᠠᠷ ᠵᠣᠷᠪᠤᠰ ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ》 ᠵᠡᠷᠭᠡ ᠤᠯᠤᠰ᠎ᠠᠴᠠ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠨᠢᠭᠡᠨᠲᠡ ᠪᠣᠳᠠᠲᠠᠶ ᠰᠢᠢ᠍ᠳᠭᠡᠨ ᠲᠣᠷᠭ᠋ᠠᠬᠤ ᠲᠣᠭᠲᠠᠭ᠋ᠠᠯ ᠭᠠᠷᠭ᠋ᠠᠭᠰᠠᠨ ᠪᠠᠢ᠌ᠪᠠᠯ᠂ ᠲᠡᠷᠡ ᠲᠣᠭᠲᠠᠭ᠋ᠠᠯ᠎ᠢ ᠬᠡᠷᠡᠭᠵᠢᠭᠦᠯᠦᠨ᠎ᠡ᠃
ᠲᠠᠪᠢ ᠶᠢᠰᠦᠳᠦᠭᠡᠷ ᠵᠣᠷᠪᠤᠰ ᠲᠣᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ ᠠᠷᠠᠳ ᠢᠷᠭᠡᠨ᠂ ᠬᠠᠤᠯᠢ ᠵᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ ᠵᠢᠴᠢ ᠲᠡᠭᠦᠨ᠎ᠢ ᠬᠠᠮᠠᠭ᠋ᠠᠯᠠᠬᠤ ᠨᠢᠭᠡᠴᠢ ᠪᠤᠶᠤ ᠲᠥᠯᠥᠭᠡᠯᠡᠬᠦ ᠴᠢᠨᠠᠷᠲᠠᠶ ᠤᠯᠠᠮᠵᠢᠯᠠᠨ ᠤᠯᠠᠮᠵᠢᠯᠠᠭᠴᠢ ᠵᠢ ᠮᠡᠳᠡᠭᠦᠯᠬᠦ ᠶᠠᠪᠤᠴᠠ᠎ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠬᠦ ᠬᠡᠷᠡᠭᠲᠡᠶ᠃ ᠦᠢ᠍ᠯᠡ ᠪᠠᠢ᠌ᠳᠠᠯ᠎ᠨᠢ ᠬᠦᠨᠳᠦ ᠨᠣᠴᠢᠲᠠᠶ ᠪᠠᠢ᠌ᠪᠠᠯ᠂ ᠦᠨᠡᠯᠡᠨ ᠲᠣᠭᠲᠠᠭ᠋ᠠᠬᠤ᠎ᠳᠤ ᠣᠷᠣᠯᠴᠠᠬᠤ ᠬᠢᠷᠢ ᠬᠡᠮ᠎ᠢ᠎ᠨᠢ ᠬᠠᠰᠤᠨ᠎ᠠ; ᠨᠢᠭᠡᠨᠲᠡ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠦᠷᠦᠯ ᠵᠦᠢ᠍ᠯ ᠵᠢᠴᠢ ᠲᠡᠭᠦᠨ᠎ᠢ ᠬᠠᠮᠠᠭ᠋ᠠᠯᠠᠬᠤ ᠨᠢᠭᠡᠴᠢ ᠪᠤᠶᠤ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ᠎ᠪᠠᠷ ᠲᠣᠭᠲᠠᠭ᠋ᠠᠭᠰᠠᠨ ᠪᠠᠢ᠌ᠪᠠᠯ ᠬᠦᠴᠦᠨ ᠦᠭᠡᠢ ᠪᠣᠯᠭ᠋ᠠᠬᠤ ᠵᠢᠨ ᠬᠠᠮᠲᠤ ᠲᠡᠭᠦᠨ᠎ᠢ ᠵᠠᠷᠯᠢᠭᠳᠠᠵᠤ ᠪᠠᠶ᠋ᠢᠭ᠋ᠠᠳ ᠲᠦᠷᠦᠯ ᠵᠦᠢ᠍ᠯ᠎ᠢ ᠬᠠᠮᠠᠭ᠋ᠠᠯᠠᠬᠤ᠂ ᠦᠪᠯᠡᠨ ᠤᠯᠠᠮᠵᠢᠯᠠᠬᠤ ᠡᠳ᠋ ᠮᠥᠩᠭᠥ᠂ ᠨᠥᠬᠥᠪᠥᠷᠢ ᠵᠠᠷᠤᠳᠠᠯ᠎ᠢ᠎ᠨᠢ ᠪᠤᠴᠠᠭ᠋ᠠᠯᠭ᠋ᠠᠨᠠ᠃
ᠵᠢᠷᠠᠳᠤᠭ᠋ᠠᠷ ᠵᠣᠷᠪᠤᠰ ᠲᠤᠰ ᠳᠦᠷᠢᠮ᠎ᠤᠨ ᠲᠣᠭᠲᠠᠭ᠋ᠠᠯ᠎ᠠᠴᠠ ᠵᠥᠷᠢᠴᠡᠨ᠂ ᠬᠠᠮᠠᠭ᠋ᠠᠯᠠᠬᠤ ᠨᠢᠭᠡᠴᠢ ᠵᠦᠶ ᠶᠣᠰᠣᠨ᠎ᠤ ᠤᠴᠢᠷ ᠰᠢᠯᠲᠠᠭ᠋ᠠᠨ ᠦᠭᠡᠢ᠎ᠪᠠᠷ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠭᠡᠬᠦ ᠥᠬᠡᠶ ᠪᠣᠯ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠢ᠍ᠭ᠋ᠠᠳ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢ᠌ᠪᠠᠯ᠂ ᠬᠢᠷᠢ ᠬᠡᠮ᠎ᠢ᠎ᠨᠢ ᠬᠠᠰᠤᠬᠤ ᠵᠢᠨ ᠬᠠᠮᠲᠤ ᠲᠤᠰ ᠵᠣᠷᠪᠤᠰ᠎ᠢ ᠬᠠᠮᠠᠭ᠋ᠠᠯᠠᠬᠤ ᠨᠢᠭᠡᠴᠢ ᠵᠢ ᠳᠠᠬᠢᠨ ᠮᠠᠭ᠋ᠠᠳᠯᠠᠨ ᠲᠣᠭᠲᠠᠭ᠋ᠠᠨ᠎ᠠ᠃
ᠵᠢᠷᠠᠨ ᠨᠢᠭᠡᠳᠦᠭᠡᠷ ᠵᠣᠷᠪᠤᠰ ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠰᠣᠶᠣᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠢᠯᠲᠠᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠳᠤᠮᠳᠠ ᠳᠣᠤᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠰᠢᠭᠤᠳ ᠬᠠᠷᠢᠭᠤᠴᠠᠵᠤ ᠪᠠᠢ᠌ᠭ᠎ᠠ ᠭᠣᠤᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠬᠠᠤᠯᠢ ᠶᠣᠰᠣᠭ᠋ᠠᠷ ᠰᠢᠢ᠍ᠳᠭᠡᠯ ᠣᠯᠭᠣᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠪᠣᠳᠠᠰ᠎ᠤᠨ ᠪᠤᠰᠤ ᠰᠣᠶᠣᠯ᠎ᠤᠨ ᠥᠪ᠎ᠤᠨ ᠬᠣᠪᠣᠷ ᠨᠠᠨᠳᠢᠨ ᠮᠠᠲ᠋ᠧᠷᠢᠶᠠᠯ᠂ ᠪᠣᠳᠠᠲᠤ ᠶᠠᠭᠤᠮ᠎ᠠ ᠵᠡᠷᠭᠡ᠎ᠳᠤ ᠡᠪᠳᠡᠯᠡᠭᠡ ᠪᠠ ᠬᠣᠬᠢᠷᠠᠯ ᠤᠴᠠᠷᠠᠭᠤᠯᠤᠭᠰᠠᠨ;
(ᠬᠣᠶᠠᠷ) ᠨᠦᠬᠦᠴᠡᠯ ᠪᠠ ᠳᠠᠷᠠᠭ᠋ᠠᠯᠠᠯ᠎ᠢ ᠵᠥᠷᠢᠴᠡᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠦᠯᠦᠭᠡᠯᠡᠬᠦ ᠴᠢᠨᠠᠷᠲᠠᠢ ᠲᠦᠷᠦᠯ ᠵᠦᠢ᠍ᠯ ᠵᠢᠴᠢ ᠲᠡᠭᠦᠨ᠎ᠢ ᠬᠠᠮᠠᠭ᠋ᠠᠯᠠᠬᠤ ᠨᠢᠭᠡᠴᠢ ᠪᠠ ᠲᠥᠯᠥᠭᠡᠯᠡᠬᠦ ᠴᠢᠨᠠᠷᠲᠠᠶ ᠦᠪᠯᠡᠨ ᠤᠯᠠᠮᠵᠢᠯᠠᠭᠴᠢ ᠵᠢ ᠮᠠᠭ᠋ᠠᠳᠯᠠᠨ ᠲᠣᠭᠲᠠᠭ᠋ᠠᠭᠰᠠᠨ;
(ᠭᠤᠷᠪᠠ) ᠪᠣᠳᠠᠰ᠎ᠤᠨ ᠪᠤᠰᠤ ᠰᠣᠶᠣᠯ᠎ᠤᠨ ᠥᠪ᠎ᠤᠨ ᠪᠠᠶ᠋ᠢᠴᠠᠭ᠋ᠠᠯᠲᠠ ᠬᠢᠬᠦ᠎ᠳᠤ᠎ᠪᠠᠨ ᠪᠠᠶ᠋ᠢᠴᠠᠭ᠋ᠠᠭᠳᠠᠬᠤ ᠡᠲᠡᠭᠡᠳ᠎ᠤᠨ ᠵᠠᠩ ᠳᠠᠳᠬᠠᠯ᠎ᠳᠤ ᠬᠠᠯᠳᠠᠵᠤ ᠬᠦᠨᠳᠦ ᠨᠣᠴᠢᠲᠠᠶ ᠤᠷᠰᠢᠭ ᠲᠠᠲᠠᠭᠰᠠᠨ;
(ᠳᠦᠷᠪᠡ) ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭ᠋ᠠᠯᠠᠬᠤ ᠵᠠᠷᠤᠳᠠᠯ᠎ᠢ ᠱᠠᠮᠰᠢᠭᠰᠠᠨ᠂ ᠨᠡᠭᠦᠯᠭᠡᠨ ᠬᠡᠷᠡᠭᠯᠡᠭᠰᠡᠨ;
(ᠲᠠᠪᠤ) ᠠᠯᠪᠠᠨ ᠲᠤᠰᠢᠶᠠᠯ᠎ᠳᠤ᠎ᠪᠠᠨ ᠠᠯᠮᠠᠢ᠍ᠷᠠᠨ ᠣᠰᠣᠯᠳᠠᠭᠰᠠᠨ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠬᠡᠷᠡᠭᠯᠡᠭᠰᠡᠨ᠂ ᠭᠣᠶᠠᠴᠢᠯᠠᠨ ᠬᠠᠤᠯᠢ ᠶᠣᠰᠣ ᠵᠢ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠵᠢᠷᠠᠨ ᠬᠣᠶᠠᠳᠤᠭ᠋ᠠᠷ ᠵᠣᠷᠪᠤᠰ ᠲᠤᠰ ᠳᠦᠷᠢᠮ᠎ᠢ 2017 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃