ᠬᠦᠳᠡᠭᠡ ᠲᠤᠰᠬᠤᠨ᠎ᠤ ᠵᠢᠭᠤᠯᠴᠢᠯᠠᠯ ᠪᠤᠯ ᠵᠢᠭᠤᠯᠴᠢᠯᠠᠯ᠎ᠤᠨ ᠦᠢ᠍ᠯᠡᠰ᠎ᠤᠨ ᠴᠢᠬᠤᠯᠠ ᠪᠦᠷᠢᠯᠳᠦᠭᠦᠨ ᠬᠡᠰᠡᠭ᠂ ᠬᠦᠲᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠬᠡᠷᠡᠭᠵᠢᠭᠦᠯᠬᠦ ᠴᠢᠬᠤᠯᠠ ᠬᠦᠴᠦᠨ ᠶᠤᠮ᠃ ᠲᠠᠷᠢᠶᠠᠯᠠᠩ ᠬᠦᠳᠡᠭᠡ ᠲᠤᠰᠬᠤᠨ᠎ᠤ ᠤᠳᠤᠬᠢᠴᠢᠯᠠᠯᠳᠠ ᠵᠢᠨ ᠠᠬᠢᠴᠠᠢ ᠲᠦᠷᠭᠡᠳᠬᠡᠨ ᠬᠤᠳᠠ ᠬᠦᠳᠡᠭᠡ ᠵᠢ ᠠᠭᠤᠰᠤᠯᠴᠠᠭᠤᠯᠤᠨ ᠬᠦᠭᠵᠢᠬᠦᠯᠬᠦ᠂ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠵᠢ ᠰᠢᠪᠲᠤᠯᠬᠤ ᠵᠡᠷᠭᠡ ᠲᠠᠯ᠎ᠠ᠎ᠪᠠᠷ ᠴᠦ᠍ ᠴᠢᠬᠤᠯᠠ ᠦᠢ᠍ᠯᠡᠳᠦᠯ ᠵᠶ᠋ᠠᠨ ᠪᠠᠳᠠᠷᠠᠭᠤᠯᠵᠤ ᠪᠠᠢ᠌ᠳᠠᠭ᠃ 《ᠨᠠᠮ᠎ᠤᠨ ᠲᠦᠪ ᠬᠤᠷᠢᠶ᠎ᠠ᠂ ᠤᠯᠤᠰ᠎ᠤᠨ ᠶᠠᠪᠤᠳᠠᠯ᠎ᠤᠨ ᠬᠤᠷᠢᠶ᠎ᠠ ᠵᠢᠨ ᠬᠦᠳᠡᠭᠡ ᠲᠤᠰᠬᠤᠨ᠎ᠢ ᠬᠦᠭᠵᠢᠭᠦᠯᠬᠦ ᠪᠠᠢ᠌ᠯᠳᠤᠬᠤ ᠪᠤᠳᠤᠯᠭ᠎ᠠ ᠵᠢᠨ ᠲᠤᠬᠠᠢ ᠰᠠᠨᠠᠯ》 (ᠲᠤᠮᠳᠠᠲᠤ ᠲᠠᠷᠬᠠᠭ᠋ᠠᠭᠰᠠᠨ [2018] 1 ᠨᠤᠮᠸᠷ) ᠪᠠ 《ᠬᠦᠳᠡᠭᠡ ᠲᠤᠰᠬᠤᠨ᠎ᠢ ᠬᠦᠭᠵᠢᠬᠦᠯᠬᠦ ᠪᠠᠢ᠌ᠯᠳᠤᠬᠤ ᠪᠤᠳᠤᠯᠭ᠎ᠠ ᠵᠢᠨ ᠲᠦᠯᠦᠪᠵᠢᠭᠦᠯᠭᠡ (2018 — 2022 ᠤᠨ)》 ᠵᠢ ᠬᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠬᠦ ᠵᠢᠨ ᠲᠦᠯᠦᠭᠡ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠷᠭᠦᠯᠵᠢᠯᠡᠭᠦᠢ᠌ᠴᠡ ᠬᠦᠭᠵᠢᠬᠦ ᠵᠢ ᠠᠬᠢᠭᠤᠯᠵᠤ᠂ ᠲᠠᠷᠢᠶᠠᠯᠠᠩ ᠬᠦᠳᠡᠭᠡ ᠲᠤᠰᠬᠤᠨ᠎ᠤ ᠬᠦᠭᠵᠢᠯᠲᠡ ᠵᠢᠨ ᠰᠢᠨ᠎ᠡ ᠬᠦᠳᠡᠯᠭᠡᠭᠴᠢ ᠬᠦᠴᠦᠨ᠎ᠢ ᠦᠳᠲᠡᠷ ᠲᠦᠷᠭᠡᠨ ᠪᠤᠢ ᠪᠤᠯᠭ᠋ᠠᠬᠤ ᠵᠢᠨ ᠲᠤᠰᠠ᠎ᠳᠤ᠂ ᠡᠳᠦᠭᠡ ᠲᠤᠤᠷᠠᠬᠢ ᠮᠡᠲᠦ ᠰᠠᠨᠠᠯ᠎ᠢ ᠲᠤᠷᠠᠳᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
1. ᠵᠢᠯᠤᠭᠤᠳᠬᠤ ᠦᠵᠡᠯ ᠰᠠᠨᠠᠭ᠎ᠠ
ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠤᠶᠠᠳᠤᠭ᠋ᠠᠷ ᠬᠤᠷᠠᠯ᠂ ᠭᠤᠷᠪᠠᠳᠤᠭ᠋ᠠᠷ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠲᠤᠮᠳᠠᠲᠤ ᠤᠯᠤᠰ᠎ᠤᠨ ᠤᠨᠴᠠᠯᠢᠭ ᠪᠦᠬᠦᠢ ᠨᠡᠢ᠌ᠭᠡᠮ ᠵᠢᠷᠦᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠨ᠂ ᠰᠢᠨ᠎ᠡ ᠬᠦᠭᠵᠢᠯᠲᠡ ᠵᠢᠨ ᠲᠤᠬᠠᠢ ᠤᠢ᠌ᠯᠠᠭ᠋ᠠᠭᠳᠠᠬᠤᠨ᠎ᠢ ᠪᠤᠢ ᠪᠤᠯᠭ᠋ᠠᠵᠤ᠂ ᠴᠢᠨᠠᠷ ᠰᠠᠢ᠌ᠲᠠᠢ ᠬᠦᠭᠵᠢᠯᠲᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ 《ᠲᠠᠪᠦ ᠵᠢ ᠨᠢᠭᠡ ᠴᠤᠭᠴᠠᠵᠢᠭᠤᠯᠬᠤ》 ᠶᠡᠷᠦᠩᠬᠡᠢ ᠪᠠᠢ᠌ᠷᠢᠯᠠᠭᠤᠯᠤᠯᠲᠠ᠎ᠶᠢ ᠨᠢᠭᠡᠲᠦᠯᠲᠠᠢ ᠲᠦᠯᠦᠪᠵᠢᠭᠦᠯᠦᠨ ᠠᠬᠢᠭᠤᠯᠵᠤ᠂ 《ᠲᠦᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠵᠤᠬᠢᠴᠠᠩᠭᠤᠢ᠎ᠪᠠᠷ ᠠᠬᠢᠭᠤᠯᠤᠨ᠎ᠠ᠃ ᠠᠵᠦ ᠦᠢ᠍ᠯᠡᠳᠪᠦᠷᠢ᠎ᠨᠢ ᠬᠦᠭᠵᠢᠨ ᠮᠠᠨᠲᠤᠵᠤ᠂ ᠤᠷᠴᠢᠨ ᠲᠤᠭᠤᠷᠢᠨ᠎ᠨᠢ ᠤᠷᠤᠰᠢᠨ ᠠᠮᠢᠲᠤᠷᠠᠬᠤ᠎ᠳᠤ ᠲᠠᠭ᠋ᠠᠯᠠᠮᠵᠢᠲᠠᠢ᠂ ᠤᠷᠤᠨ ᠨᠤᠲᠤᠭ᠎ᠤᠨ ᠵᠠᠩᠰᠢᠯ᠎ᠨᠢ ᠪᠤᠯᠪᠠᠰᠤᠨ᠂ ᠵᠠᠰᠠᠭᠰᠠᠨ᠎ᠨᠢ ᠦᠷ᠎ᠡ ᠪᠦᠲᠦᠮᠵᠢ᠎ᠲᠠᠢ᠂ ᠠᠮᠢᠲᠤᠷᠠᠯ᠎ᠨᠢ ᠪᠠᠶᠠᠨ ᠴᠢᠨᠡᠭᠡᠯᠢᠭ ᠪᠠᠢ᠌ᠬᠤ ᠶᠡᠷᠦᠩᠬᠡᠢ ᠱᠠᠭ᠋ᠠᠷᠳᠠᠯᠭ᠎ᠠ ᠶᠤᠰᠤ᠎ᠪᠠᠷ ᠬᠦᠳᠡᠭᠡ ᠲᠤᠰᠬᠤᠨ᠎ᠤ ᠪᠤᠲᠠᠲᠤ ᠪᠠᠢ᠌ᠳᠠᠯ ᠪᠠ ᠵᠢᠭᠤᠯᠴᠢᠯᠠᠯ᠎ᠤᠨ ᠵᠠᠬ᠎ᠠ ᠲᠡᠯᠭᠡᠭᠦᠷ᠎ᠤᠨ ᠬᠡᠷᠡᠭᠴᠡᠭᠡ ᠵᠢ ᠦᠨᠳᠦᠰᠦᠯᠡᠨ᠂ ᠲᠦᠯᠦᠪᠵᠢᠭᠦᠯᠦᠨ ᠳᠠᠭ᠋ᠠᠭᠤᠯᠬᠤ ᠵᠢ ᠴᠢᠩᠭ᠋ᠠᠳᠬᠠᠨ᠂ ᠬᠦᠳᠡᠭᠡ ᠲᠤᠰᠬᠤᠨ᠎ᠤ ᠰᠠᠭᠤᠷᠢ ᠲᠦᠬᠦᠭᠡᠷᠦᠮᠵᠢ᠎ᠪᠠᠨ ᠲᠡᠭᠦᠯᠳᠡᠷᠵᠢᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠷᠴᠢᠨ ᠲᠤᠭᠤᠷᠢᠨ ᠵᠶ᠋ᠠᠨ ᠰᠠᠢ᠌ᠵᠢᠷᠠᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠪᠦᠲᠦᠭᠡᠭᠳᠡᠭᠦᠨ ᠵᠶ᠋ᠠᠨ ᠪᠠᠶᠠᠯᠢᠭᠵᠢᠭᠤᠯᠵᠤ᠂ ᠬᠦᠳᠡᠭᠡ ᠲᠤᠰᠬᠤᠨ᠎ᠤ ᠵᠢᠭᠤᠯᠴᠢᠯᠠᠯ᠎ᠢ ᠵᠠᠬ᠎ᠠ ᠲᠡᠯᠭᠡᠭᠦᠷ᠎ᠲᠤ ᠭᠠᠷᠭ᠋ᠠᠨ ᠠᠵᠦ ᠦᠢ᠍ᠯᠡᠳᠪᠦᠷᠢᠵᠢᠭᠰᠡᠨ ᠲᠡᠢ᠌ᠰᠢ ᠬᠦᠭᠵᠢᠭᠦᠯᠬᠦ ᠵᠢ ᠠᠬᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠴᠢᠨᠠᠷ ᠴᠢᠨᠰᠠᠭ᠎ᠠ ᠪᠠ ᠶᠡᠷᠦᠩᠬᠡᠢ ᠦᠷ᠎ᠡ ᠠᠰᠢᠭ᠎ᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠂ ᠮᠠᠨ᠎ᠤ ᠤᠯᠤᠰ᠎ᠤᠨ ᠬᠦᠳᠡᠭᠡ ᠲᠤᠰᠬᠤᠨ᠎ᠢ ᠪᠦᠬᠦ ᠲᠠᠯ᠎ᠠ᠎ᠪᠠᠷ ᠬᠦᠭᠵᠢᠭᠦᠯᠬᠦ ᠵᠢ ᠪᠡᠶᠡᠯᠡᠭᠦᠯᠬᠦ ᠵᠢᠨ ᠲᠦᠯᠦᠭᠡ ᠴᠢᠬᠤᠯᠠ ᠬᠤᠪᠢ ᠨᠡᠮᠡᠷᠢ᠎ᠪᠠᠨ ᠦᠵᠡᠭᠦᠯᠦᠨ᠎ᠡ᠃
2. ᠦᠨᠳᠦᠰᠦᠨ ᠵᠠᠷᠴᠢᠮ
ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠵᠤ ᠪᠤᠬᠢᠷᠳᠠᠯ ᠦᠭᠡᠢ ᠬᠦᠭᠵᠢᠭᠦᠯᠬᠦ᠃ ᠬᠦᠬᠡᠮᠳᠦᠭ ᠨᠤᠭᠤᠭ᠋ᠠᠨ ᠠᠭᠤᠯᠠ ᠤᠰᠤ ᠪᠤᠯ ᠲᠠᠷᠤᠢ ᠠᠯᠳᠠ ᠮᠦᠩᠭᠦᠨ ᠠᠭᠤᠯᠠ ᠮᠦᠨ ᠭᠡᠭᠦ ᠤᠢ᠌ᠯᠠᠭ᠋ᠠᠭᠳᠠᠬᠤᠨ᠎ᠢ ᠭᠦᠢ᠍ᠴᠠᠳᠬᠡᠨ᠂ ᠨᠡᠭᠡᠭᠡᠭᠦ ᠪᠠ ᠬᠠᠮᠠᠭ᠋ᠠᠯᠠᠬᠤ ᠵᠢ ᠵᠡᠷᠭᠡ᠎ᠪᠠᠷ ᠡᠷᠬᠢᠮᠯᠡᠬᠦ ᠵᠢ ᠴᠢᠬᠤᠯᠠᠴᠢᠯᠠᠨ᠂ ᠡᠬᠢ ᠪᠠᠶᠠᠯᠢᠭ᠎ᠤᠨ ᠤᠷᠴᠢᠨ ᠲᠤᠭᠤᠷᠢᠨ᠎ᠤ ᠳᠠᠭ᠋ᠠᠭ᠋ᠠᠴᠠ ᠵᠢᠨ ᠴᠢᠳᠠᠪᠤᠷᠢ ᠪᠠ ᠬᠦᠭᠵᠢᠯᠲᠡ ᠵᠢᠨ ᠨᠢᠭᠤᠭᠳᠠᠮᠠᠯ ᠬᠦᠴᠦᠨ᠎ᠢ ᠨᠢᠭᠡᠲᠦᠯᠲᠠᠢ ᠲᠦᠯᠦᠪᠯᠡᠨ ᠪᠤᠳᠤᠯᠬᠢᠯᠠᠵᠤ᠂ ᠬᠦᠳᠡᠭᠡ ᠲᠤᠰᠬᠤᠨ᠎ᠤ ᠠᠮᠢ ᠠᠬᠤᠢ ᠵᠢᠨ ᠤᠷᠴᠢᠨ ᠲᠤᠭᠤᠷᠢᠨ ᠪᠠ ᠤᠨᠴᠠᠯᠢᠭ᠎ᠲᠠᠢ ᠰᠢᠨᠵᠢ ᠪᠠᠢ᠌ᠳᠠᠯ᠎ᠢ ᠬᠠᠮᠠᠭ᠋ᠠᠯᠠᠬᠤ ᠵᠢ ᠴᠢᠩᠭ᠋ᠠᠳᠬᠠᠨ᠂ ᠳᠡᠰ ᠲᠠᠷᠠᠭ᠎ᠠ᠎ᠲᠠᠢ ᠨᠡᠬᠡᠬᠡᠭᠦ ᠪᠠ ᠵᠤᠬᠢᠰᠲᠠᠢ ᠪᠠᠢ᠌ᠷᠢᠯᠠᠭᠤᠯᠬᠤ ᠵᠢ ᠴᠢᠩᠭ᠋ᠠᠳᠬᠠᠨ᠂ ᠠᠪᠤᠨ ᠲᠤᠤᠷ᠎ᠠ᠎ᠪᠠᠨ ᠠᠰᠢᠭ ᠤᠯᠬᠤ ᠵᠢ ᠬᠦᠭᠡᠭᠡᠴᠡᠯᠳᠦᠬᠦ ᠪᠠ ᠰᠤᠬᠤᠷ ᠪᠠᠯᠠᠢ᠎ᠪᠠᠷ ᠬᠦᠭᠵᠢᠭᠦᠯᠬᠦ᠎ᠠᠴᠠ ᠵᠠᠢ᠌ᠯᠠᠰᠬᠢᠨ᠎ᠠ᠃
ᠭᠠᠵᠠᠷ ᠤᠷᠤᠨ᠎ᠤ ᠪᠠᠢ᠌ᠳᠠᠯ᠎ᠳᠤ᠎ᠪᠠᠨ ᠲᠤᠬᠢᠷᠠᠭᠤᠯᠤᠨ᠂ ᠦᠪᠡᠷᠮᠢᠴᠠ ᠤᠨᠴᠠᠯᠢᠭ᠎ᠲᠠᠢ ᠬᠦᠭᠵᠢᠬᠦᠯᠬᠦ᠃ ᠤᠷᠤᠨ ᠪᠦᠰᠡ ᠵᠢᠨ ᠤᠨᠴᠠᠯᠢᠭ ᠪᠠ ᠡᠬᠢ ᠪᠠᠶᠠᠯᠢᠭ᠎ᠤᠨ ᠲᠦᠷᠦᠯᠬᠢ ᠴᠢᠨᠠᠷ᠎ᠢ ᠦᠨᠳᠦᠰᠦᠯᠡᠨ᠂ ᠵᠠᠬ᠎ᠠ ᠳᠡᠯᠭᠡᠭᠦᠷ ᠵᠶ᠋ᠠᠷ ᠤᠳᠤᠷᠢᠳᠤᠮᠵᠢ ᠪᠤᠯᠭ᠋ᠠᠨ᠂ ᠭᠠᠵᠠᠷ ᠤᠷᠤᠨ᠎ᠤ ᠪᠠᠢ᠌ᠳᠠᠯ᠎ᠳᠤ᠎ᠪᠠᠨ ᠲᠤᠬᠢᠷᠠᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠲᠦᠯᠦᠪᠵᠢᠭᠦᠯᠦᠨ᠂ ᠦᠪᠡᠷᠮᠢᠴᠠ ᠤᠨᠴᠠᠯᠢᠭ᠎ᠲᠠᠢ᠂ ᠵᠦᠷᠢᠶᠡᠨᠲᠦ ᠲᠠᠯ᠎ᠠ᠎ᠲᠠᠢ᠂ ᠤᠯᠠᠨ ᠶᠠᠩᠵᠤ ᠵᠢᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠭᠦᠨ᠎ᠢ ᠢᠲᠡᠪᠬᠢᠲᠠᠢ ᠨᠡᠬᠡᠬᠡᠨ᠂ ᠶᠡᠬᠡ᠎ᠪᠠᠷ ᠡᠪᠳᠡᠬᠦ ᠪᠤᠶᠤ ᠪᠠᠢ᠌ᠭᠤᠯᠬᠤ᠂ ᠮᠢᠩᠭ᠋ᠠᠨ ᠲᠤᠰᠬᠤᠨ ᠨᠢᠬᠡ ᠯᠡ ᠲᠦᠷᠰᠤ ᠪᠠ ᠬᠠᠭᠤᠯᠪᠤᠷᠢ ᠬᠤᠳᠠᠴᠢᠯᠠᠯᠲᠠ᠂ ᠲᠦᠭᠦᠮᠴᠢᠯᠡᠨ ᠲᠠᠭᠤᠷᠢᠶᠠᠬᠤ ᠵᠢ ᠰᠡᠷᠬᠡᠢ᠌ᠯᠡᠨ ᠬᠤᠷᠢᠭᠯᠠᠵᠤ᠂ ᠲᠤᠤᠷ᠎ᠠ ᠬᠢᠷᠢ ᠬᠡᠮᠵᠢᠶ᠎ᠡ᠎ᠪᠠᠷ ᠢᠵᠢᠯᠢᠰᠢᠭᠦᠯᠦᠭᠰᠡᠨ ᠦᠷᠢᠰᠦᠯᠳᠦᠭᠡᠨ᠎ᠠᠴᠠ ᠵᠠᠢ᠌ᠯᠠᠰᠬᠢᠨ᠎ᠠ᠃
ᠲᠠᠷᠢᠶᠠᠯᠠᠩ ᠵᠶ᠋ᠠᠷ ᠦᠨᠳᠦᠰᠦ ᠪᠤᠯᠭ᠋ᠠᠨ᠂ ᠤᠯᠠᠨ ᠡᠰᠢᠵᠢᠭᠦᠯᠦᠨ ᠬᠦᠭᠵᠢᠭᠦᠯᠬᠦ᠃ ᠲᠠᠷᠢᠶᠠᠴᠢᠳ ᠵᠶ᠋ᠠᠷ ᠠᠰᠢᠭ ᠬᠦᠷᠲᠡᠬᠦ ᠭᠤᠤᠯ ᠴᠤᠭᠴᠠ ᠪᠤᠯᠭ᠋ᠠᠬᠤ ᠵᠢ ᠪᠠᠷᠢᠮᠲᠠᠯᠠᠨ᠂ ᠲᠠᠷᠢᠶᠠᠯᠠᠩ ᠬᠦᠳᠡᠭᠡ ᠲᠤᠰᠬᠤᠨ ᠵᠶ᠋ᠠᠷ ᠦᠨᠲᠦᠰᠦᠨ ᠲᠦᠰᠢᠭ ᠪᠤᠯᠭ᠋ᠠᠨ᠂ ᠲᠠᠷᠢᠶᠠᠴᠢᠨ᠎ᠤ ᠬᠦᠰᠡᠯ ᠡᠷᠡᠮᠡᠯᠵᠡᠯ᠎ᠢ ᠬᠦᠨᠲᠦᠳᠬᠡᠨ᠂ ᠲᠠᠷᠢᠶᠠᠴᠢᠨ᠎ᠤ ᠪᠦᠬᠦᠢ ᠯᠡ ᠶᠠᠪᠤᠴᠠ᠎ᠳᠤ ᠤᠷᠤᠯᠴᠠᠬᠤ ᠵᠢ ᠴᠢᠬᠤᠯᠠᠴᠢᠯᠠᠨ᠂ ᠲᠠᠷᠢᠶᠠᠴᠢᠳ᠎ᠤᠨ ᠢᠳᠡᠪᠬᠢᠵᠢᠯ ᠪᠠ ᠰᠢᠨ᠎ᠡ ᠪᠦᠲᠦᠭᠡᠯᠴᠢ ᠴᠢᠨᠠᠷ ᠢ ᠲᠠᠢ᠌ᠴᠢᠯᠠᠨ᠂ ᠵᠠᠰᠠᠭ᠎ᠤᠨ ᠤᠷᠲᠤᠨ᠎ᠤ ᠳᠡᠮᠵᠢᠯᠭᠡ ᠪᠠ ᠤᠳᠤᠷᠢᠳᠬᠤ ᠡᠷᠴᠢᠮ᠎ᠢ ᠴᠢᠩᠭ᠋ᠠᠷᠠᠭᠤᠯᠤᠨ᠂ ᠨᠡᠩ ᠤᠯᠠᠨ ᠨᠡᠢ᠌ᠭᠡᠮ᠎ᠤᠨ ᠬᠦᠷᠦᠩᠬᠡ ᠵᠤᠭᠤᠰ ᠪᠠ ᠡᠵᠡᠩᠨᠡᠬᠦ ᠭᠤᠤᠯ ᠴᠤᠭᠴᠠ ᠵᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ᠎ᠳᠤ ᠲᠠᠳᠠᠨ ᠤᠷᠤᠭᠤᠯᠵᠤ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠦᠭᠵᠢᠭᠡᠨ᠎ᠡ᠃
ᠠᠭᠤᠯᠤᠭᠳᠠᠬᠤᠨ ᠢ ᠪᠠᠶᠠᠯᠢᠭᠵᠢᠭᠤᠯᠤᠨ᠂ ᠶᠠᠰᠤ ᠴᠢᠨᠠᠷᠲᠠᠢ ᠬᠦᠭᠵᠢᠭᠦᠯᠬᠦ᠃ ᠬᠦᠳᠡᠭᠡ ᠲᠤᠰᠬᠤᠨ᠎ᠤ ᠤᠯᠠᠮᠵᠢᠯᠠᠯᠲᠤ ᠰᠤᠶᠤᠯ ᠪᠠ ᠤᠷᠤᠨ ᠨᠤᠲᠤᠭ᠎ᠤᠨ ᠵᠠᠩ ᠠᠭ᠋ᠠᠯᠢ ᠵᠢ ᠠᠭᠤᠳᠠᠯᠤᠨ᠂ ᠬᠦᠳᠡᠭᠡ ᠲᠤᠰᠬᠤᠨ᠎ᠤ ᠲᠡᠦᠬᠡ ᠵᠢᠨ ᠲᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠪᠠ ᠰᠤᠶᠤᠯ᠎ᠤᠨ ᠦᠪ ᠬᠦᠷᠦᠩᠭᠡ ᠵᠢ ᠬᠠᠮᠠᠭ᠋ᠠᠯᠠᠨ ᠤᠯᠠᠮᠵᠢᠯᠠᠬᠤ ᠵᠢ ᠴᠢᠩᠭ᠋ᠠᠳᠬᠠᠨ᠂ ᠤᠲᠤ ᠦᠶ᠎ᠡ ᠵᠢᠨ ᠪᠤᠯᠪᠠᠰᠤᠨ᠎ᠤ ᠰᠢᠯᠢᠳᠡᠭ ᠦᠷ᠎ᠡ ᠪᠦᠳᠦᠭᠡᠯ᠎ᠢ ᠰᠢᠩᠭᠡᠭᠡᠨ ᠠᠪᠴᠤ ᠬᠠᠮᠠᠭ᠋ᠠᠯᠠᠨ ᠤᠯᠠᠮᠵᠢᠯᠠᠭᠰᠠᠨᠤ ᠰᠠᠭᠤᠷᠢᠨ ᠳᠡᠭᠡᠷ᠎ᠡ ᠪᠦᠲᠦᠭᠡᠯᠴᠢ ᠴᠢᠨᠠᠷ ᠪᠦᠬᠦᠢ ᠬᠤᠪᠢᠷᠠᠨ ᠬᠦᠭᠵᠢᠭᠦᠯᠵᠦ᠂ ᠬᠦᠳᠡᠭᠡ ᠲᠤᠰᠬᠤᠨ ᠪᠠ ᠲᠠᠷᠢᠶᠠᠴᠢᠳ᠎ᠤᠨ ᠤᠶᠤᠨ ᠰᠠᠨᠠᠭ᠋ᠠᠨ᠎ᠤ ᠲᠦᠷᠰᠦ ᠪᠠᠢ᠌ᠳᠠᠯ᠎ᠢ ᠳᠡᠭᠡᠭᠰᠢᠯᠡᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠮᠦᠨ ᠰᠤᠶᠤᠯ᠎ᠤᠨ ᠠᠭᠤᠯᠤᠭᠳᠠᠬᠤᠨ᠎ᠢ ᠪᠠᠶᠠᠯᠢᠭᠵᠢᠭᠤᠯᠵᠤ᠂ ᠬᠦᠳᠡᠭᠡ ᠲᠤᠰᠬᠤᠨ᠎ᠤ ᠵᠢᠭᠤᠯᠴᠢᠯᠠᠯ ᠤᠨ ᠤᠬᠢ ᠰᠤᠲᠤᠨ᠂ ᠲᠦᠷᠦᠯ ᠲᠡᠮᠲᠡᠭᠵᠢᠭᠰᠡᠨ ᠬᠦᠭᠵᠢᠯᠲᠡ᠎ᠶᠢ ᠠᠬᠢᠭᠤᠯᠤᠨ᠎ᠠ᠃
ᠬᠠᠮᠲᠤ᠎ᠪᠠᠷ ᠪᠠᠢ᠌ᠭᠤᠯᠤᠨ ᠬᠠᠮᠲᠤ᠎ᠪᠠᠷ ᠡᠳ᠋ᠯᠡᠨ᠂ ᠠᠭᠤᠰᠤᠯᠴᠠᠭᠤᠯᠤᠨ ᠬᠦᠭᠵᠢᠭᠦᠯᠬᠦ᠃ ᠡᠬᠢ ᠪᠠᠶᠠᠯᠢᠭ᠎ᠢ ᠨᠢᠭᠡᠲᠦᠭᠦᠯᠦᠨ᠂ ᠰᠠᠯᠠᠭ᠎ᠠ ᠮᠦᠴᠢᠷ᠎ᠤᠳ ᠬᠤᠯᠪᠤᠭ᠋ᠠᠯᠠᠨ ᠬᠦᠳᠡᠯᠦᠯᠴᠡᠵᠦ᠂ ᠨᠢᠭᠡᠳᠦᠯᠲᠠᠢ ᠲᠦᠯᠦᠪᠯᠡᠵᠦ ᠠᠬᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ ᠪᠠ ᠲᠠᠷᠢᠶᠠᠯᠠᠩ᠂ ᠰᠤᠷᠭ᠋ᠠᠨ ᠬᠦᠮᠦᠵᠢᠯ᠂ ᠰᠢᠨᠵᠢᠯᠡᠬᠦ ᠤᠬᠠᠭ᠋ᠠᠨ᠂ ᠪᠡᠶ᠎ᠡ ᠲᠠᠮᠢᠷ᠂ ᠡᠷᠡᠭᠦᠯ ᠮᠡᠨᠲᠦ᠂ ᠨᠠᠰᠤᠵᠢᠯ ᠤᠨ ᠠᠰᠠᠷᠠᠮᠵᠢ᠂ ᠰᠤᠶᠤᠯ᠎ᠤᠨ ᠪᠦᠲᠦᠭᠡᠯᠴᠢ ᠲᠦᠰᠦᠪᠯᠡᠯ᠂ ᠲᠡᠦᠬᠡ ᠵᠢᠨ ᠲᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠵᠡᠷᠬᠡ ᠬᠦᠷᠢᠶ᠎ᠡ ᠬᠡᠪᠴᠢᠶ᠎ᠡ ᠵᠢᠨ ᠬᠦᠨᠵᠡᠬᠡᠢ᠌ᠷᠡᠨ ᠠᠭᠤᠰᠤᠯᠴᠠᠬᠤ ᠵᠢ ᠲᠦᠷᠭᠡᠳᠬᠡᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠨ᠎ᠡ ᠦᠢ᠍ᠯᠡᠳᠬᠦᠨ ᠰᠢᠨ᠎ᠡ ᠠᠵᠢᠯ᠎ᠤᠨ ᠪᠠᠢ᠌ᠳᠠᠯ ᠰᠢᠨ᠎ᠡ ᠵᠠᠭᠪᠤᠷ᠎ᠢ ᠪᠤᠢ᠌ᠵᠢᠭᠤᠯᠵᠤ᠂ ᠬᠦᠳᠡᠭᠡ ᠲᠤᠰᠬᠤᠨ᠎ᠤ ᠨᠢᠭᠡ ᠬᠤᠶᠠᠷ ᠭᠤᠷᠪᠠᠲᠤᠭ᠋ᠠᠷ ᠦᠢ᠍ᠯᠡᠳᠪᠦᠷᠢ ᠵᠢᠨ ᠠᠭᠤᠰᠤᠯᠳᠤᠨ ᠬᠦᠭᠵᠢᠬᠦ ᠵᠢ ᠠᠬᠢᠭᠤᠯᠬᠤ᠂ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠨ᠎ᠤ ᠤᠷᠤᠯᠭ᠎ᠠ ᠨᠡᠮᠡᠭᠳᠡᠬᠦ᠂ ᠬᠦᠳᠡᠭᠡ ᠲᠤᠰᠬᠤᠨ ᠤᠯᠠᠮ ᠭᠤᠶᠤ ᠪᠤᠯᠬᠤ ᠵᠢ ᠪᠡᠶᠡᠯᠡᠭᠦᠯᠦᠨ᠎ᠡ᠃
3. ᠭᠤᠤᠯ ᠬᠠᠷᠠᠯᠲᠠ
2022 ᠤᠨ ᠪᠤᠯᠬᠤ᠎ᠳᠤ᠂ ᠵᠢᠭᠤᠯᠴᠢᠯᠠᠯ᠎ᠤᠨ ᠰᠠᠭᠤᠷᠢ ᠲᠦᠬᠦᠭᠡᠷᠦᠮᠵᠢ ᠪᠠ ᠨᠡᠢ᠌ᠲᠡ ᠵᠢᠨ ᠦᠢ᠍ᠯᠡᠴᠢᠯᠡᠭᠡᠨ᠎ᠤ ᠲᠦᠬᠦᠭᠡᠷᠦᠮᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ ᠪᠦᠬᠦ ᠲᠠᠯ᠎ᠠ᠎ᠪᠠᠷ ᠳᠡᠭᠡᠭᠰᠢᠯᠡᠵᠦ᠂ ᠲᠠᠷᠢᠶᠠᠴᠢᠳ᠎ᠢ ᠪᠠᠶᠠᠵᠢᠭᠤᠯᠤᠨ᠂ ᠲᠠᠷᠢᠶᠠᠴᠢᠳ᠎ᠲᠤ ᠠᠰᠢᠭ ᠬᠦᠷᠳᠡᠭᠡᠬᠦ ᠦᠢ᠍ᠯᠡᠲᠦᠯ᠎ᠨᠢ ᠨᠡᠩ ᠲᠤᠪᠤᠢ᠌ᠮ᠎ᠠ ᠪᠤᠯᠵᠤ᠂ ᠪᠠᠢ᠌ᠷᠢᠯᠠᠭᠤᠯᠤᠯᠲᠠ ᠵᠤᠬᠢᠰᠲᠠᠢ᠂ ᠲᠦᠷᠦᠯ ᠵᠦᠢ᠍ᠯ᠎ᠨᠢ ᠤᠯᠠᠨ᠂ ᠦᠢ᠍ᠯᠡᠳᠦᠯ᠎ᠨᠢ ᠪᠦᠷᠢᠨ ᠲᠡᠭᠦᠯᠳᠡᠷ᠂ ᠦᠪᠡᠷᠮᠢᠴᠠ ᠤᠨᠴᠠᠯᠢᠭ᠎ᠨᠢ ᠲᠤᠪᠤᠢ᠌ᠮ᠎ᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠪᠦᠲᠦᠴᠡ ᠵᠢ ᠦᠨᠳᠦᠰᠦᠨ᠎ᠳᠤ᠎ᠪᠠᠨ ᠲᠦᠯᠦᠪᠰᠢᠷᠡᠭᠦᠯᠦᠨᠡ᠃
ᠬᠤᠶᠠᠷ᠂ ᠲᠦᠯᠦᠪᠵᠢᠭᠦᠯᠦᠨ ᠤᠳᠤᠷᠢᠳᠬᠤ ᠵᠢ ᠴᠢᠩᠭ᠋ᠠᠳᠬᠠᠨ᠂ ᠤᠷᠤᠨ ᠪᠦᠰᠡ ᠵᠢᠨ ᠪᠠᠢ᠌ᠷᠢᠯᠠᠭᠤᠯᠤᠯᠳᠠ ᠵᠢ ᠰᠢᠯᠢᠳᠡᠭᠵᠢᠭᠦᠯᠬᠦ
4. ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠷᠤᠨ ᠪᠦᠰᠡ ᠵᠢᠨ ᠪᠦᠬᠦᠯᠢ ᠴᠤᠭᠴᠠ ᠵᠢᠨ ᠪᠠᠢ᠌ᠷᠢᠯᠠᠭᠤᠯᠤᠯᠳᠠ ᠵᠢ ᠰᠢᠯᠢᠳᠡᠭᠵᠢᠭᠦᠯᠬᠦ
ᠵᠢᠭᠤᠯᠴᠢᠯᠠᠯ᠎ᠤᠨ ᠦᠢ᠍ᠯᠡᠳᠭᠦᠨ ᠪᠠ ᠵᠠᠬ᠎ᠠ ᠳᠡᠯᠭᠡᠭᠦᠷ᠎ᠤᠨ ᠬᠠᠷᠢᠴᠠᠩᠭᠤᠢ ᠪᠤᠯᠪᠠᠰᠤᠷᠠᠩᠭᠤᠢ ᠤᠷᠤᠨ ᠪᠦᠰᠡ᠂ ᠵᠠᠮ ᠬᠠᠷᠢᠯᠴᠠᠭ᠎ᠠ ᠵᠢᠨ ᠭᠤᠤᠯ ᠱᠤᠭᠤᠮ ᠪᠠ A ᠳᠡᠰ᠎ᠤᠨ ᠦᠵᠡᠮᠵᠢ ᠵᠢᠨ ᠤᠷᠤᠨ᠎ᠤ ᠡᠷᠬᠢᠨ ᠲᠤᠭᠤᠷᠢᠨ᠎ᠤ ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠨᠵᠡᠬᠡᠢ᠌ᠷᠡᠭᠦᠯᠦᠨ ᠬᠦᠭᠵᠢᠭᠦᠯᠬᠦ ᠪᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠡᠪᠴᠢᠶᠡᠵᠢᠬᠦ᠂ ᠲᠦᠪᠯᠡᠷᠡᠰᠢᠬᠦ ᠵᠢ ᠠᠬᠢᠭᠤᠯᠤᠨ᠎ᠠ᠃ ᠵᠡᠭᠦᠨ ᠬᠡᠰᠡᠭ᠎ᠤᠨ ᠭᠠᠵᠠᠷ ᠤᠷᠤᠨ᠎ᠤ ᠲᠦᠪ ᠬᠤᠳᠠ ᠵᠢᠨ ᠲᠤᠭᠤᠷᠢᠨ᠎ᠳᠤ ᠦᠢ᠍ᠯᠡᠴᠢᠯᠡᠬᠦ ᠵᠢ ᠵᠤᠷᠢᠭᠵᠢᠭᠤᠯᠤᠨ᠂ ᠶᠡᠬᠡ ᠬᠤᠳᠠ ᠵᠢᠨ ᠲᠤᠭᠤᠷᠢᠨ᠎ᠳᠤ ᠪᠠᠢ᠌ᠬᠤ ᠬᠦᠳᠡᠭᠡ ᠲᠤᠰᠬᠤᠨ᠎ᠤ ᠵᠢᠭᠤᠯᠴᠢᠯᠠᠯ᠎ᠤᠨ ᠪᠦᠰᠡ ᠵᠢᠨ ᠪᠦᠲᠦᠭᠡᠨ ᠪᠠᠢ᠌ᠭᠤᠯᠤᠯᠳᠠ ᠵᠢ ᠭᠤᠤᠯᠳᠠᠯᠭ᠎ᠠ᠎ᠲᠠᠢ ᠠᠬᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠬᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠵᠤᠷᠢᠭᠰᠠᠨ ᠭᠠᠵᠠᠷ᠎ᠤᠨ ᠪᠦᠲᠦᠭᠡᠨ ᠪᠠᠢ᠌ᠭᠤᠯᠤᠯᠳᠠ ᠵᠢ ᠠᠬᠢᠭᠤᠯᠤᠨ᠎ᠠ᠃ ᠲᠤᠮᠳᠠᠲᠤ ᠪᠠᠷᠠᠭᠤᠨ ᠬᠡᠰᠡᠭ ᠭᠠᠵᠠᠷ ᠤᠷᠤᠨ᠎ᠨᠢ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ ᠬᠢᠭᠡᠳ ᠰᠢᠨ᠎ᠡ ᠮᠠᠶᠢᠭ᠎ᠤᠨ ᠬᠤᠳᠠ ᠪᠠᠯᠭ᠋ᠠᠰᠤ ᠵᠢ ᠤᠷᠭ᠋ᠠᠨᠢᠭ ᠵᠶ᠋ᠠᠷ ᠤᠶᠠᠯᠳᠤᠭᠤᠯᠤᠨ᠂ ᠡᠷᠳᠡᠨ᠎ᠤ ᠪᠠᠯᠭ᠋ᠠᠰᠤ ᠲᠤᠰᠬᠤᠨ᠂ ᠦᠨᠳᠦᠰᠦᠲᠡᠨ᠎ᠤ ᠤᠨᠴᠠᠯᠢᠭᠲᠦ ᠲᠤᠰᠬᠤᠨ᠂ ᠰᠤᠶᠤᠯ᠎ᠤᠨ ᠲᠤᠰᠬᠤᠨ ᠪᠠᠯᠭ᠋ᠠᠰᠤ ᠵᠢ ᠵᠤᠬᠢᠰᠲᠠᠢ ᠠᠰᠢᠭᠯᠠᠨ᠂ 《ᠭᠤᠷᠪᠠᠨ ᠲᠤᠭᠤᠷᠢᠭ ᠭᠤᠷᠪᠠᠨ ᠱᠤᠭᠤᠮ》᠎ᠤᠨ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠤ ᠵᠢᠭᠤᠯᠴᠢᠯᠠᠯ᠎ᠤᠨ ᠴᠠᠭ᠋ᠠᠷᠢᠭ᠎ᠢ ᠪᠦᠲᠦᠭᠡᠨ ᠪᠠᠢ᠌ᠭᠤᠯᠵᠤ᠂ ᠨᠢᠭᠡ ᠬᠡᠰᠡᠭ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠯᠢᠳᠡᠭ ᠱᠤᠭᠤᠮ᠎ᠢ ᠪᠤᠢ᠌ᠵᠢᠭᠤᠯᠤᠨ᠂ ᠵᠡᠭᠦᠨ ᠬᠤᠢ᠌ᠲᠦ ᠤᠨ ᠭᠠᠵᠠᠷ ᠤᠷᠤᠨ᠎ᠤ ᠲᠠᠷᠢᠶᠠᠯᠠᠩ᠂ ᠤᠢ ᠰᠢᠭᠤᠢ᠂ ᠵᠤᠰᠠᠯᠠᠩ᠂ ᠮᠦᠰᠦ ᠴᠠᠰᠤ ᠵᠡᠷᠭᠡ ᠳᠠᠪᠠᠭᠤᠯᠢᠭ ᠲᠠᠯ᠎ᠠ᠎ᠳᠤ ᠲᠦᠰᠢᠭᠯᠡᠨ᠂ ᠵᠤᠰᠠᠯᠠᠩ᠎ᠤᠨ ᠵᠢᠭᠤᠯᠴᠢᠯᠠᠯ᠂ ᠮᠦᠰᠦ ᠴᠠᠰᠤᠨ᠎ᠤ ᠵᠢᠭᠤᠯᠴᠢᠯᠠᠯ᠂ ᠤᠢ ᠰᠢᠭᠤᠢ ᠵᠢᠨ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ᠂ ᠵᠠᠩ ᠦᠢ᠍ᠯᠡ ᠵᠢᠨ ᠵᠢᠭᠤᠯᠴᠢᠯᠠᠯ ᠵᠡᠷᠭᠡ ᠵᠢ ᠭᠤᠤᠯᠳᠠᠯᠭ᠎ᠠ᠎ᠲᠠᠢ ᠦᠷᠨᠢᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠢᠯᠢ ᠠᠯᠤᠰᠤᠯᠠᠭᠰᠠᠨ ᠰᠤᠯᠢᠯᠴᠠᠭ᠎ᠠ ᠬᠢᠭᠦ ᠵᠢ ᠰᠦᠪᠡᠭᠴᠢᠯᠡᠨ ᠬᠦᠭᠵᠢᠭᠦᠯᠵᠦ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠨ᠎ᠡ ᠦᠨᠳᠦᠷᠴᠠ ᠵᠢ ᠪᠦᠲᠦᠭᠡᠬᠦ ᠵᠢ ᠵᠤᠷᠢᠭᠵᠢᠭᠤᠯᠤᠨ᠎ᠠ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠪᠡᠶ᠎ᠡ ᠲᠠᠮᠢᠷ᠎ᠤᠨ ᠶᠡᠷᠦᠩᠬᠡᠢ ᠲᠤᠪᠴᠢᠶ᠎ᠠ᠂ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
5. ᠬᠦᠳᠡᠭᠡ ᠲᠤᠰᠬᠤᠨ᠎ᠤ ᠵᠢᠭᠣᠯᠴᠢᠯᠠᠯ᠎ᠤᠨ ᠤᠷᠤᠨ᠎ᠤ ᠬᠠᠮᠵᠢᠯᠴᠠᠨ ᠬᠦᠭᠵᠢᠭᠦ ᠵᠢ ᠠᠬᠢᠭᠤᠯᠤᠨ᠎ᠠ
ᠵᠡᠭᠦᠨ᠂ ᠲᠤᠮᠳᠠ ᠪᠠᠷᠠᠭᠤᠨ ᠬᠡᠰᠡᠭ᠎ᠤᠨ ᠵᠢᠭᠤᠯᠴᠢᠯᠠᠯ᠎ᠤᠨ ᠬᠠᠮᠵᠢᠯᠴᠠᠭ᠎ᠠ ᠵᠢ ᠴᠢᠩᠭ᠋ᠠᠳᠬᠠᠨ᠂ ᠵᠢᠭᠤᠯᠴᠢᠯᠠᠭᠴᠢᠳ ᠪᠠ ᠵᠠᠬ᠎ᠠ ᠳᠡᠯᠭᠡᠭᠦᠷ᠎ᠤᠨ ᠬᠦᠴᠦᠨ ᠵᠦᠢ᠍ᠯ᠎ᠤᠨ ᠭᠦᠢ᠍ᠯᠭᠡᠭᠡᠨ᠎ᠢ ᠠᠬᠢᠭᠤᠯᠤᠨ᠂ ᠬᠠᠷᠢᠯᠴᠠᠨ ᠵᠤᠴᠢᠨ᠎ᠲᠤ ᠦᠢ᠍ᠯᠡᠴᠢᠯᠡᠬᠦ᠂ ᠬᠠᠷᠢᠯᠴᠠᠨ ᠵᠠᠬ᠎ᠠ ᠳᠡᠯᠭᠡᠭᠦᠷ᠎ᠲᠤ ᠦᠢ᠍ᠯᠡᠴᠢᠯᠡᠬᠦ᠂ ᠬᠠᠮᠲᠤᠷᠠᠨ ᠬᠦᠭᠵᠢᠬᠦ ᠪᠠᠢ᠌ᠳᠠᠯ᠎ᠢ ᠪᠤᠢ ᠪᠤᠯᠭ᠋ᠠᠨ᠎ᠠ᠃ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠭᠦᠨ᠎ᠢ ᠬᠤᠳᠠ ᠵᠢᠨ ᠰᠠᠭᠤᠭ᠋ᠠᠯᠢ ᠠᠷᠠᠳ᠎ᠤᠨ ᠶᠡᠷᠦ ᠵᠢᠨ ᠬᠡᠷᠡᠭᠴᠡᠭᠡ᠎ᠳᠤ ᠨᠡᠢ᠌ᠴᠡᠭᠦᠯᠬᠦ ᠵᠢ ᠴᠢᠩᠭ᠋ᠠᠳᠬᠠᠨ᠂ ᠬᠤᠳᠠ ᠬᠦᠳᠡᠭᠡ ᠵᠢᠨ ᠰᠠᠭᠤᠷᠢ ᠲᠦᠭᠦᠭᠡᠷᠦᠮᠵᠢ ᠪᠠ ᠤᠯᠠᠨ ᠨᠡᠢ᠌ᠲᠡ ᠵᠢᠨ ᠦᠢ᠍ᠯᠡᠴᠢᠯᠡᠭᠡ ᠵᠢ ᠨᠢᠭᠡᠲᠦᠯᠲᠠᠢ ᠲᠦᠯᠦᠪᠯᠡᠨ᠂ ᠬᠤᠳᠠ ᠵᠢᠨ ᠴᠢᠳᠠᠪᠤᠷᠢᠳᠠᠨ᠂ ᠤᠶᠤᠨ᠎ᠤ ᠡᠬᠢ ᠪᠠᠶᠠᠯᠢᠭ᠎ᠤᠨ ᠬᠦᠳᠡᠭᠡ ᠲᠤᠰᠬᠤᠨ᠎ᠤ ᠵᠢᠭᠤᠯᠴᠢᠯᠠᠯ᠎ᠢ ᠳᠡᠮᠵᠢᠭᠦ ᠵᠢ ᠦᠷᠭᠡᠳᠬᠡᠨ᠂ ᠬᠤᠳᠠ ᠬᠦᠳᠡᠭᠡ ᠵᠢᠨ ᠬᠤᠭᠤᠷᠤᠨᠲᠤᠬᠢ ᠬᠦᠮᠦᠰ᠎ᠤᠨ ᠶᠠᠪᠤᠯᠴᠠᠭ᠎ᠠ᠂ ᠰᠤᠷᠠᠭ ᠴᠢᠮᠡᠭᠡᠨ᠎ᠤ ᠨᠡᠪᠲᠡᠷᠡᠯᠴᠡᠭᠡ᠂ ᠬᠦᠷᠦᠩᠭᠡ ᠵᠢᠨ ᠰᠢᠯᠵᠢᠯᠲᠡ ᠵᠢ ᠠᠬᠢᠭᠤᠯᠤᠨ᠂ ᠬᠤᠳᠠ ᠬᠦᠳᠡᠭᠡ ᠵᠢᠨ ᠨᠢᠭᠡ ᠴᠤᠭᠴᠠᠯᠠᠯᠳᠠ ᠵᠢᠨ ᠬᠦᠭᠵᠢᠯᠲᠡ ᠵᠢᠨ ᠠᠬᠢᠴᠠ ᠵᠢ ᠲᠦᠷᠭᠡᠳᠬᠡᠨ᠎ᠡ᠃ ᠵᠢᠭᠤᠯᠴᠢᠯᠠᠯ᠎ᠤᠨ ᠡᠬᠢ ᠪᠠᠶᠠᠯᠢᠭ᠎ᠤᠨ ᠠᠰᠢᠭᠯᠠᠯᠲᠠ ᠵᠢᠨ ᠪᠦᠬᠦᠯᠢ ᠴᠤᠭᠴᠠᠲᠤ ᠴᠢᠨᠠᠷ᠎ᠢ ᠴᠢᠬᠤᠯᠠᠴᠢᠯᠠᠨ᠂ ᠵᠡᠷᠭᠡᠯᠡᠳᠡᠭᠡ ᠭᠠᠵᠠᠷ ᠤᠷᠤᠨ᠎ᠤ᠎ᠪᠠᠨ ᠵᠠᠰᠠᠭ ᠵᠠᠬᠢᠷᠭ᠋ᠠᠨ᠎ᠤ ᠪᠡᠬᠢᠯᠡᠯᠳᠡ ᠵᠢ ᠳᠠᠪᠠᠨ᠂ ᠲᠦᠯᠦᠪᠵᠢᠭᠦᠯᠭᠡ ᠵᠢ ᠨᠢᠭᠡᠲᠦᠯᠵᠢᠭᠦᠯᠬᠦ᠂ ᠬᠠᠮᠲᠤᠷᠠᠨ ᠬᠦᠭᠵᠢᠬᠦ ᠵᠢ ᠵᠤᠷᠢᠭᠵᠢᠭᠤᠯᠬᠤ᠂ ᠠᠯᠳᠠᠷᠲᠤ ᠦᠵᠡᠮᠵᠢ ᠵᠢᠨ ᠤᠷᠤᠨ᠂ ᠨᠡᠷ᠎ᠡ᠎ᠲᠠᠢ ᠲᠡᠦᠬᠡᠲᠦ ᠰᠤᠶᠤᠯ᠎ᠤᠨ ᠬᠤᠳᠠ ᠪᠠᠯᠭ᠋ᠠᠰᠤ᠂ ᠦᠪᠡᠷᠮᠢᠴᠠ ᠤᠨᠴᠠᠯᠢᠭᠲᠦ ᠵᠢᠭᠤᠯᠴᠢᠯᠠᠯ᠎ᠤᠨ ᠨᠡᠷᠡᠲᠦ ᠪᠠᠯᠭ᠋ᠠᠰᠣ᠂ ᠤᠯᠠᠮᠵᠢᠯᠠᠯᠲᠤ ᠲᠤᠰᠬᠤᠨ᠎ᠢ ᠲᠦᠰᠢᠭᠯᠡᠨ ᠨᠡᠷᠡᠲᠦ ᠦᠵᠡᠮᠵᠢ᠂ ᠨᠡᠷᠡᠲᠦ ᠬᠤᠳᠠ᠂ ᠨᠡᠷᠡᠲᠦ ᠪᠠᠯᠭ᠋ᠠᠰᠤ᠂ ᠨᠡᠷᠡᠲᠦ ᠲᠤᠰᠬᠤᠨ ᠵᠡᠷᠭᠡ 《ᠲᠦᠷᠪᠡᠨ ᠨᠡᠷᠡᠲᠦ ᠵᠢ ᠨᠢᠭᠡ ᠴᠤᠭᠴᠠᠵᠢᠭᠤᠯᠬᠤ》 ᠠᠷᠭ᠎ᠠ᠎ᠪᠠᠷ ᠪᠦᠬᠦ ᠤᠷᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠬᠡᠪ ᠮᠠᠶᠢᠭ᠎ᠢ ᠰᠦᠪᠡᠭᠴᠢᠯᠡᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠳᠠ ᠵᠢᠨ ᠶᠠᠮᠤᠨ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
6. ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠲᠦᠯᠦᠪᠵᠢᠭᠦᠯᠦᠯᠬᠡ ᠵᠢ ᠲᠤᠭᠳᠠᠭ᠋ᠠᠨ᠎ᠠ
ᠡᠯ᠎ᠡ ᠭᠠᠵᠠᠷ ᠤᠷᠤᠨ᠎ᠨᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢ ᠴᠢᠬᠤᠯᠠ ᠠᠭᠤᠯᠭ᠎ᠠ ᠪᠤᠯᠭ᠋ᠠᠨ ᠠᠵᠤ ᠠᠬᠤᠢ ᠵᠢᠨ ᠨᠡᠢ᠌ᠭᠡᠮ᠎ᠤᠨ ᠬᠦᠭᠵᠢᠯᠲᠡ ᠵᠢᠨ ᠲᠦᠯᠦᠪᠵᠢᠭᠦᠯᠭᠡ᠂ ᠨᠤᠲᠤᠭ ᠳᠡᠪᠢᠰᠬᠡᠷ᠎ᠤᠨ ᠤᠷᠤᠨ ᠵᠠᠢ ᠵᠢᠨ ᠲᠦᠯᠦᠪᠵᠢᠭᠦᠯᠭᠡ ᠵᠢᠴᠢ ᠰᠠᠭᠤᠷᠢ ᠲᠦᠭᠦᠭᠡᠷᠦᠮᠵᠢ ᠵᠢᠨ ᠪᠦᠲᠦᠭᠡᠨ ᠪᠠᠢ᠌ᠭᠤᠯᠤᠯᠳᠠ᠂ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠵᠡᠷᠭᠡ ᠵᠢᠨ ᠲᠤᠰᠬᠠᠢ ᠵᠦᠢ᠍ᠯ᠎ᠤᠨ ᠲᠦᠯᠦᠪᠵᠢᠭᠦᠯᠭᠡ᠎ᠳᠤ ᠤᠷᠤᠭᠤᠯᠬᠤ ᠪᠤᠯᠤᠨ᠂ ᠲᠦᠯᠦᠪᠵᠢᠭᠦᠯᠭᠡ᠎ᠳᠤ᠎ᠪᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠱᠠᠭ᠋ᠠᠷᠳᠠᠯᠭ᠎ᠠ ᠵᠢ ᠭᠦᠢ᠍ᠴᠡᠳ ᠬᠠᠷᠠᠭᠤᠯᠤᠭᠰᠠᠨ ᠪᠠᠢ᠌ᠬᠤ ᠬᠡᠷᠡᠭᠲᠠᠢ᠃ ᠨᠦᠬᠦᠴᠡᠯ᠎ᠲᠠᠢ ᠭᠠᠵᠠᠷ ᠤᠷᠤᠨ ᠤ ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠬᠢ ᠪᠠᠶᠠᠯᠢᠭ᠎ᠤᠨ ᠨᠡᠢ᠌ᠳᠡᠮ ᠪᠠᠢ᠌ᠴᠠᠭ᠋ᠠᠯᠲᠠ ᠪᠠ ᠬᠦᠭᠵᠢᠯᠲᠡ ᠵᠢᠨ ᠪᠠᠢ᠌ᠳᠠᠯ᠎ᠤᠨ ᠪᠠᠢ᠌ᠴᠠᠭ᠋ᠠᠯᠲᠠ ᠵᠢ ᠵᠤᠬᠢᠶᠠᠨ ᠪᠠᠢ᠌ᠭᠤᠯᠵᠤ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠲᠦᠯᠦᠪᠵᠢᠭᠦᠯᠭᠡ ᠵᠢ ᠨᠠᠢ᠌ᠳᠠᠪᠦᠷᠢᠵᠢᠭᠤᠯᠤᠨ᠂ ᠵᠠᠰᠠᠭ ᠵᠠᠬᠢᠷᠭ᠋ᠠᠨ᠎ᠤ ᠭᠠᠵᠠᠷ ᠤᠷᠤᠨ᠎ᠤ ᠬᠢᠵᠠᠭ᠋ᠠᠷᠯᠠᠯ᠎ᠢ ᠰᠢᠪᠲᠤᠯᠬᠤ ᠵᠢ ᠵᠤᠷᠢᠭᠵᠢᠭᠤᠯᠤᠨ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠤᠷᠤᠨ ᠪᠦᠰᠡ ᠠᠯᠤᠰᠯᠠᠨ ᠨᠢᠭᠡᠳᠬᠦ᠂ ᠤᠷᠤᠨ ᠪᠦᠰᠡ ᠵᠢᠨ ᠴᠢᠨᠠᠷᠲᠠᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠲᠦᠯᠦᠪᠵᠢᠭᠦᠯᠭᠡ ᠵᠢ ᠲᠤᠭᠳᠠᠭ᠋ᠠᠬᠤ ᠵᠢ ᠳᠡᠮᠵᠢᠨ᠎ᠡ᠃ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠲᠦᠯᠦᠪᠵᠢᠭᠦᠯᠭᠡ᠎ᠨᠢ ᠲᠤᠬᠠᠢ ᠵᠢᠨ ᠭᠠᠵᠠᠷ᠎ᠤᠨ ᠪᠤᠳᠠᠲᠤ ᠪᠠᠢ᠌ᠳᠠᠯ᠎ᠲᠠᠢ᠎ᠪᠠᠨ ᠨᠡᠢ᠌ᠴᠡᠬᠦ᠂ ᠤᠷᠤᠨ ᠨᠤᠲᠤᠭ᠎ᠤᠨ ᠵᠠᠩᠰᠢᠯ᠂ ᠬᠡᠪ ᠨᠠᠮᠪᠠ ᠬᠢᠭᠡᠳ ᠰᠤᠶᠤᠯ᠎ᠤᠨ ᠤᠯᠠᠮᠵᠢᠯᠠᠯ᠎ᠢ ᠡᠷᠴᠢᠮᠵᠢᠭᠦᠯᠦᠨ᠂ ᠲᠤᠰᠬᠤᠨ᠎ᠤ ᠠᠷᠠᠳ᠎ᠤᠨ ᠬᠦᠭᠵᠢᠬᠦ ᠵᠢᠨ ᠡᠷᠡᠮᠡᠯᠵᠡᠯ᠎ᠢ ᠬᠦᠨᠲᠦᠳᠬᠡᠨ᠂ ᠨᠤᠲᠤᠭ ᠲᠡᠪᠢᠰᠬᠡᠷ ᠤᠷᠤᠨ ᠵᠠᠢ ᠵᠢᠨ ᠲᠦᠯᠦᠪᠵᠢᠭᠦᠯᠭᠡ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠨᠠᠢ᠌ᠳᠠᠪᠦᠷᠢᠵᠢᠭᠤᠯᠤᠨ᠂ ᠲᠤᠬᠠᠢ ᠵᠢᠨ ᠭᠠᠵᠠᠷ᠎ᠲᠤᠨᠢ ᠬᠡᠷᠡᠭᠵᠢᠭᠦᠯᠬᠦ ᠵᠢ ᠴᠢᠬᠤᠯᠠᠴᠢᠯᠠᠨ᠎ᠠ᠃ ᠲᠠᠷᠢᠶᠠᠨ ᠭᠠᠵᠠᠷ᠎ᠢ ᠴᠢᠩᠭ᠎ᠠ ᠬᠠᠮᠠᠭ᠋ᠠᠯᠠᠨ᠂ ᠲᠤᠭᠳᠠᠮᠠᠯ ᠰᠠᠭᠤᠷᠢ ᠲᠠᠷᠢᠶ᠎ᠠ ᠵᠢᠨ ᠡᠵᠡᠮᠰᠢᠯ ᠱᠤᠭᠤᠮ᠎ᠢ ᠬᠡᠷᠡᠭᠵᠢᠭᠦᠯᠬᠦ ᠵᠢᠨ ᠬᠠᠮᠲᠤ ᠲᠤᠰᠬᠠᠢ ᠬᠠᠮᠠᠭ᠋ᠠᠯᠠᠯᠲᠠ ᠶᠠᠪᠤᠭᠤᠯᠤᠨ᠎ᠠ᠃ ᠲᠤᠰᠬᠠᠢ ᠨᠠᠢ᠌ᠷᠠᠭᠤᠯᠤᠨ ᠵᠤᠬᠢᠶᠠᠭᠰᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠲᠦᠯᠦᠪᠵᠢᠭᠦᠯᠭᠡ᠎ᠨᠢ ᠪᠠᠯᠭ᠋ᠠᠰᠤ ᠵᠢᠨ ᠲᠦᠯᠦᠪᠵᠢᠭᠦᠯᠭᠡ᠂ ᠰᠢᠶᠠᠨ᠎ᠤ ᠲᠦᠯᠦᠪᠵᠢᠭᠦᠯᠭᠡ ᠪᠠ ᠲᠤᠰᠬᠤᠨ᠎ᠤ ᠲᠦᠯᠦᠪᠵᠢᠭᠦᠯᠭᠡ ᠵᠢᠨ ᠬᠤᠯᠪᠤᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠠᠢ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠳᠠ ᠵᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠲᠡᠦᠬᠡ ᠵᠢᠨ ᠲᠤᠷᠠᠰᠬᠠᠯᠲᠤ ᠵᠦᠢ᠍ᠯ᠎ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
ᠭᠤᠷᠪᠠ᠂ ᠰᠠᠭᠤᠷᠢ ᠲᠦᠭᠦᠭᠡᠷᠦᠮᠵᠢ ᠵᠢ ᠲᠡᠭᠦᠯᠳᠡᠷᠵᠢᠭᠦᠯᠦᠨ᠂ ᠨᠡᠢ᠌ᠲᠡ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠦᠨ᠎ᠡ
7. ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠠᠭᠤᠷᠢ ᠲᠦᠭᠦᠭᠡᠷᠦᠮᠵᠢ ᠵᠢ ᠰᠠᠢ᠌ᠵᠢᠷᠠᠭᠤᠯᠬᠤ
ᠦᠵᠡᠰᠭᠦᠯᠡᠩᠲᠦ ᠰᠠᠢ᠌ᠬᠠᠨ ᠬᠦᠳᠡᠭᠡ ᠲᠤᠰᠬᠤᠨ᠎ᠤ ᠪᠦᠲᠦᠭᠡᠨ ᠪᠠᠢ᠌ᠭᠤᠯᠤᠯᠲᠠ᠂ ᠰᠢᠨ᠎ᠡ ᠮᠠᠶᠢᠭ᠎ᠤᠨ ᠬᠤᠳᠠᠴᠢᠯᠠᠯᠳᠠ ᠵᠢᠨ ᠪᠦᠲᠦᠭᠡᠨ ᠪᠠᠢ᠌ᠭᠤᠯᠤᠯᠲᠠ᠂ ᠠᠷᠠᠳ᠎ᠢ ᠰᠢᠯᠵᠢᠭᠦᠯᠦᠨ ᠨᠡᠭᠦᠯᠬᠡᠬᠦ ᠵᠡᠷᠭᠡ ᠠᠵᠢᠯ᠎ᠢ ᠤᠶᠠᠯᠳᠤᠭᠤᠯᠤᠨ ᠬᠦᠳᠡᠭᠡ ᠲᠤᠰᠬᠤᠨ᠎ᠤ ᠨᠤᠭᠤᠭ᠋ᠠᠷᠠᠭᠤᠯᠲᠠ᠂ ᠭᠤᠶᠤᠵᠢᠭᠤᠯᠤᠯᠲᠠ ᠵᠢ ᠪᠡᠶᠡᠯᠡᠭᠦᠯᠵᠦ᠂ ᠬᠦᠳᠡᠭᠡ ᠲᠤᠰᠬᠤᠨ᠎ᠤ ᠦᠵᠡᠮᠵᠢ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠷᠴᠢᠨ ᠲᠤᠭᠤᠷᠢᠨ᠎ᠢ ᠰᠠᠢ᠌ᠵᠢᠷᠠᠭᠤᠯᠤᠨ᠎ᠠ᠃ ᠵᠠᠮ ᠬᠠᠷᠢᠯᠴᠠᠭ᠎ᠠ ᠵᠢᠨ ᠭᠤᠤᠯ ᠱᠤᠭᠤᠮ᠂ ᠵᠢᠭᠤᠯᠴᠢᠯᠠᠯ᠎ᠤᠨ ᠭᠤᠤᠯ ᠦᠵᠡᠮᠵᠢ ᠵᠢᠨ ᠤᠷᠤᠨ᠎ᠠᠴᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠭᠠᠵᠠᠷ ᠬᠦᠷᠲᠡᠯᠡᠬᠢ ᠵᠠᠮ ᠬᠠᠷᠢᠯᠴᠠᠭ᠋ᠠᠨ᠎ᠤ ᠪᠦᠲᠦᠭᠡᠨ ᠪᠠᠢ᠌ᠭᠤᠯᠤᠯᠳᠠ ᠵᠢ ᠲᠦᠷᠭᠡᠳᠬᠡᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠷᠤᠵᠤ ᠪᠤᠯᠬᠤᠢ᠌ᠴᠠ ᠴᠢᠨᠠᠷ᠎ᠢ ᠳᠡᠭᠡᠭᠰᠢᠯᠡᠭᠦᠯᠦᠨ᠂ ᠨᠦᠬᠦᠴᠡᠯ᠎ᠲᠠᠢ ᠵᠢᠭᠤᠯᠴᠢᠯᠠᠯ᠎ᠤᠨ ᠬᠤᠳᠠ ᠪᠠ ᠵᠢᠭᠤᠯᠴᠢᠯᠠᠭᠴᠢᠳ᠎ᠤᠨ ᠲᠦᠪᠯᠡᠷᠡᠭᠰᠡᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠭᠠᠵᠠᠷ ᠤᠷᠤᠨ᠎ᠤ ᠬᠤᠭᠤᠷᠤᠨᠲᠦ᠎ᠪᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠨᠡᠢ᠌ᠲᠡ ᠵᠢᠨ ᠮᠠᠰᠢᠨ ᠲᠡᠷᠭᠡ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠭᠤᠳ ᠨᠡᠪᠲᠡᠷᠡᠬᠦ ᠲᠡᠷᠭᠡ ᠵᠡᠷᠭᠡ ᠵᠢ ᠨᠡᠪᠲᠡᠷᠡᠭᠦᠯᠬᠦ ᠵᠢ ᠵᠤᠷᠢᠭᠵᠢᠭᠤᠯᠤᠨ ᠬᠤᠳᠠ ᠵᠢᠨ ᠰᠠᠭᠤᠭ᠋ᠠᠯᠢ ᠠᠷᠠᠳ ᠪᠠ ᠵᠢᠭᠤᠯᠴᠢᠯᠠᠭᠴᠢᠳ᠎ᠤᠨ ᠬᠦᠳᠡᠭᠡ ᠲᠤᠰᠬᠤᠨ᠎ᠳᠤ ᠵᠢᠭᠤᠯᠴᠢᠯᠠᠬᠤ᠎ᠳᠤ ᠲᠦᠭᠦᠮ ᠦᠵᠡᠭᠦᠯᠦᠨ᠎ᠡ᠃ ᠬᠦᠳᠡᠭᠡ ᠲᠤᠰᠬᠤᠨ᠎ᠤ ᠵᠠᠰᠠᠮᠠᠯ ᠵᠠᠮ᠎ᠤᠨ ᠰᠦᠯᠵᠢᠶ᠎ᠡ ᠵᠢᠨ ᠪᠠᠢ᠌ᠷᠢᠯᠠᠭᠤᠯᠤᠯᠲᠠ ᠵᠢ ᠲᠡᠭᠦᠯᠳᠡᠷᠵᠢᠭᠦᠯᠦᠨ᠂ ᠰᠢᠶᠠᠩ ᠪᠠᠯᠭ᠋ᠠᠰᠤ᠂ ᠪᠠᠢ᠌ᠭᠤᠯᠤᠮᠵᠢ ᠵᠢᠨ ᠲᠦᠷᠢᠮᠲᠦ ᠲᠤᠰᠬᠤᠨ᠎ᠤ ᠬᠠᠳᠠᠭᠤᠷᠠᠭᠤᠯᠤᠭᠰᠠᠨ ᠵᠠᠮ᠎ᠤᠨ 《ᠨᠡᠪᠲᠡᠷᠡᠵᠦ ᠪᠠᠢ᠌ᠳᠠᠯ᠎ᠠ ᠰᠠᠭ᠋ᠠᠳ᠎ᠲᠤ ᠤᠴᠠᠷᠠᠬᠤ》 ᠪᠠᠢ᠌ᠳᠠᠯ᠎ᠢ ᠰᠡᠯᠪᠢᠨ ᠵᠠᠰᠠᠬᠤ ᠵᠢ ᠲᠦᠷᠭᠡᠳᠬᠡᠨ᠂ ᠬᠦᠳᠡᠭᠡ ᠲᠤᠰᠬᠤᠨ᠎ᠤ ᠵᠠᠰᠠᠮᠠᠯ ᠵᠠᠮ᠎ᠤᠨ ᠳᠡᠰ᠎ᠤᠨ ᠪᠠᠷᠢᠮᠵᠢᠶ᠎ᠠ ᠵᠢ ᠲᠡᠭᠡᠭᠰᠢᠯᠡᠭᠦᠯᠦᠨ᠂ ᠭᠠᠵᠠᠷ ᠤᠷᠤᠨ᠎ᠤ ᠪᠠᠢ᠌ᠳᠠᠯ᠎ᠳᠤ᠎ᠪᠠᠨ ᠲᠤᠬᠢᠷᠠᠭᠤᠯᠤᠨ ᠵᠢᠭᠤᠯᠴᠢᠯᠠᠯ᠎ᠤᠨ ᠶᠠᠪᠠᠭ᠋ᠠᠨ ᠵᠠᠮ᠂ ᠲᠤᠭᠤᠢ ᠲᠡᠷᠭᠡ ᠵᠢᠨ ᠵᠠᠮ ᠵᠡᠷᠭᠡ ᠤᠳᠠᠭ᠋ᠠᠨ ᠶᠠᠪᠤᠬᠤ ᠰᠢᠰᠲᠸᠮ᠎ᠢ ᠬᠦᠭᠵᠢᠭᠦᠯᠬᠦ ᠵᠢ ᠵᠤᠷᠢᠭᠵᠢᠭᠤᠯᠤᠨ᠎ᠠ᠃ ᠬᠤᠪᠢ ᠵᠢᠨ ᠲᠡᠷᠭᠡ᠂ ᠭᠡᠷ᠎ᠲᠦ ᠲᠡᠷᠭᠡ ᠵᠢᠨ ᠪᠠᠭᠤᠴᠠ᠂ ᠵᠠᠮ ᠬᠠᠷᠢᠯᠴᠠᠭ᠎ᠠ ᠵᠢᠨ ᠦᠷᠲᠡᠭᠡ ᠵᠢᠨ ᠪᠦᠲᠦᠭᠡᠨ ᠪᠠᠢ᠌ᠭᠤᠯᠤᠯᠳᠠ ᠵᠢ ᠤᠨᠴᠠᠯᠢᠭᠲᠦ ᠲᠤᠰᠬᠤᠨ ᠪᠠᠯᠭ᠋ᠠᠰᠤ᠂ ᠦᠵᠡᠮᠵᠢ ᠵᠢᠨ ᠬᠤᠩᠬᠢᠯ ᠵᠡᠷᠭᠡ ᠴᠢᠬᠤᠯᠠ ᠴᠡᠭ ᠲᠡᠢ᠌ᠰᠢ ᠰᠤᠨᠵᠢᠷᠠᠭᠤᠯᠤᠨ ᠪᠠᠢ᠌ᠭᠤᠯᠬᠤ ᠵᠢ ᠤᠳᠤᠷᠢᠳᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠪᠡᠷᠲᠡᠭᠡᠨ ᠮᠠᠰᠢᠨ ᠵᠢᠯᠤᠭᠤᠳᠤᠨ ᠵᠢᠭᠤᠯᠴᠢᠯᠠᠬᠤ ᠰᠢᠯᠢᠳᠡᠭ ᠱᠤᠭᠤᠮ᠎ᠢ ᠲᠤᠭᠳᠠᠮᠠᠯ ᠬᠤᠭᠤᠴᠠᠭ᠎ᠠ᠎ᠲᠠᠢ ᠨᠡᠢ᠌ᠳᠡᠯᠡᠨ᠎ᠡ᠃ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠰᠤ ᠴᠠᠬᠢᠯᠭ᠋ᠠᠨ᠎ᠤ ᠬᠠᠩᠭ᠋ᠠᠯᠲᠠ᠂ ᠬᠤᠭ ᠨᠤᠪᠰᠢ ᠪᠤᠵᠠᠷ ᠤᠰᠤ ᠵᠢ ᠰᠢᠢ᠍ᠳᠪᠦᠷᠢᠯᠡᠬᠦ ᠵᠢᠴᠢ ᠲᠡᠷᠭᠡ ᠵᠤᠭᠰᠤᠬᠤ᠂ ᠤᠷᠴᠢᠨ ᠲᠤᠭᠤᠷᠢᠨ᠎ᠤ ᠠᠷᠢᠭᠤᠨ ᠴᠡᠪᠡᠷ᠂ ᠮᠡᠳᠡᠭᠡ ᠬᠤᠯᠪᠤᠭ᠎ᠠ ᠵᠡᠷᠭᠡ ᠪᠦᠷᠢᠨ ᠲᠦᠭᠦᠭᠡᠷᠦᠮᠵᠢ ᠵᠢᠨ ᠪᠦᠲᠦᠭᠡᠨ ᠪᠠᠢ᠌ᠭᠤᠯᠤᠯᠳᠠ ᠵᠢ ᠴᠢᠩᠭ᠋ᠠᠳᠬᠠᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠰ᠎ᠤᠨ ᠬᠦᠭᠵᠢᠯᠲᠡ ᠵᠢᠨ ᠪᠠᠲᠤᠯᠠᠭ᠋ᠠᠲᠤ ᠴᠢᠳᠠᠪᠤᠷᠢ ᠵᠢ ᠳᠡᠭᠡᠭᠰᠢᠯᠡᠭᠦᠯᠦᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠵᠠᠮ ᠬᠠᠷᠢᠯᠴᠠᠭ᠎ᠠ ᠵᠦᠭᠡᠭᠡᠪᠦᠷᠢ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
8. ᠬᠦᠳᠡᠭᠡ ᠲᠤᠰᠬᠤᠨ᠎ᠤ ᠵᠢᠭᠤᠯᠴᠢᠯᠠᠯ᠎ᠤᠨ ᠨᠡᠢ᠌ᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠦᠨ᠎ᠡ
《ᠵᠤᠷᠯᠤᠩ᠎ᠤᠨ ᠬᠤᠪᠢᠰᠬᠠᠯ》᠎ᠤᠨ ᠰᠢᠨ᠎ᠡ ᠭᠤᠷᠪᠠᠨ ᠵᠢᠯ᠎ᠤᠨ ᠲᠦᠯᠦᠪᠯᠡᠭᠡ ᠵᠢ ᠬᠡᠷᠡᠭᠵᠢᠭᠦᠯᠦᠨ᠂ ᠵᠤᠷᠯᠤᠩ᠎ᠤᠨ ᠲᠡᠷᠢᠭᠦᠨ᠎ᠤ ᠮᠡᠷᠭᠡᠵᠢᠯ᠎ᠢ ᠤᠷᠤᠭᠤᠯᠤᠨ ᠲᠡᠯᠭᠡᠷᠡᠭᠦᠯᠦᠨ᠎ᠡ᠃ ᠬᠦᠳᠡᠭᠡ ᠲᠤᠰᠬᠤᠨ᠎ᠤ ᠪᠤᠲᠠᠲᠤ ᠪᠠᠢ᠌ᠳᠠᠯ᠎ᠲᠠᠢ ᠤᠶᠠᠯᠳᠤᠭᠤᠯᠤᠨ᠂ᠭᠠᠵᠠᠷ ᠤᠷᠤᠨ᠎ᠤ ᠪᠠᠢ᠌ᠳᠠᠯ᠎ᠳᠤ᠎ᠪᠠᠨ ᠲᠤᠬᠢᠷᠠᠭᠤᠯᠤᠨ ᠵᠤᠷᠯᠤᠩ᠎ᠢ ᠪᠦᠲᠦᠭᠡᠨ ᠪᠠᠢ᠌ᠭᠤᠯᠬᠤ᠂ ᠦᠭᠡᠷᠡᠴᠢᠯᠡᠬᠦ ᠪᠠ ᠲᠦᠯᠦᠪᠯᠡᠭᠡ ᠬᠢᠵᠦ᠂ ᠡᠷᠬᠢᠨ ᠲᠤᠭᠤᠷᠢᠨ᠂ ᠤᠷᠴᠢᠨ ᠲᠤᠭᠤᠷᠢᠨ᠎ᠤ ᠪᠦᠬᠦᠯᠢ ᠴᠤᠭᠴᠠᠲᠤ ᠪᠠᠢ᠌ᠷᠢᠯᠠᠭᠤᠯᠤᠯᠳᠠᠯᠤᠭᠠ ᠵᠤᠬᠢᠴᠠᠬᠤ ᠵᠢ ᠴᠢᠬᠤᠯᠠᠴᠢᠯᠠᠨ᠂ ᠴᠢᠳᠠᠬᠤ ᠵᠢᠨ ᠬᠢᠷᠢ᠎ᠳᠤ ᠤᠷᠤᠨ ᠭᠠᠵᠠᠷ᠎ᠤᠨ ᠰᠤᠶᠤᠯ᠎ᠤᠨ ᠤᠨᠴᠠᠯᠢᠭ ᠵᠶ᠋ᠠᠨ ᠲᠤᠳᠤᠳᠬᠠᠨ᠂ ᠢᠮᠠᠭᠳᠠ ᠢᠵᠢ ᠪᠦᠷᠢᠯᠳᠦᠭᠦᠯᠬᠦ ᠲᠦᠭᠦᠭᠡᠷᠦᠮᠵᠢ ᠵᠢᠨ ᠠᠷᠢᠭᠤᠨ ᠴᠡᠪᠡᠷ᠂ ᠬᠡᠷᠡᠭᠯᠡᠭᠡᠨ᠎ᠤ ᠴᠢᠨᠠᠷᠲᠠᠢ ᠵᠢ ᠪᠠᠷᠢᠮᠲᠠᠯᠠᠨ᠂ ᠬᠡᠯᠪᠡᠷᠢᠴᠢ ᠦᠵᠡᠯ᠂ ᠪᠦᠷᠢᠯᠭᠡᠮᠡᠳᠡᠭᠡᠢ ᠰᠤᠷᠳᠠᠯ᠎ᠢ ᠡᠰᠡᠷᠭᠦᠴᠡᠬᠦ ᠵᠢᠨ ᠬᠠᠮᠲᠤ ᠵᠤᠷᠯᠤᠩ᠎ᠤᠨ ᠬᠤᠪᠢᠰᠬᠠᠯ᠎ᠤᠨ ᠨᠡᠢ᠌ᠲᠡ ᠵᠢᠨ ᠠᠰᠠᠷᠠᠮᠵᠢ ᠵᠢᠨ ᠤᠬᠠᠭᠤᠯᠬᠤ ᠠᠵᠢᠯᠯᠠᠭ᠎ᠠ ᠵᠢ ᠢᠳᠡᠪᠬᠢᠲᠠᠢ ᠵᠤᠬᠢᠶᠠᠨ ᠪᠠᠢ᠌ᠭᠤᠯᠵᠤ ᠦᠷᠨᠢᠭᠦᠯᠦᠨ᠂ ᠵᠢᠭᠤᠯᠴᠢᠯᠠᠭᠴᠢᠳ᠂ ᠤᠯᠠᠨ ᠲᠦᠮᠡᠨ᠎ᠤ ᠵᠤᠷᠯᠤᠩ᠎ᠢ ᠪᠤᠯᠪᠠᠰᠤᠨ ᠠᠰᠢᠭᠯᠠᠬᠤ ᠬᠦᠮᠦᠵᠢᠯ᠎ᠢ ᠶᠠᠪᠤᠭᠳᠠᠭᠤᠯᠤᠨ᠎ᠠ᠃ ᠬᠦᠳᠡᠭᠡ ᠲᠤᠰᠬᠤᠨ᠎ᠤ ᠵᠢᠭᠤᠯᠴᠢᠯᠠᠯ᠎ᠤᠨ ᠯᠠᠪᠯᠠᠬᠤ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠬᠤ ᠵᠢ ᠠᠬᠢᠭᠤᠯᠤᠨ᠂ ᠨᠦᠬᠦᠴᠡᠯ᠎ᠲᠠᠢ᠂ ᠵᠢᠭᠤᠯᠴᠢᠯᠠᠭᠴᠢ ᠤᠯᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠷᠤᠨ᠎ᠳᠤ ᠵᠢᠭᠤᠯᠴᠢᠯᠠᠭᠴᠢ ᠵᠢᠨ ᠯᠠᠪᠯᠠᠬᠤ ᠦᠢ᠍ᠯᠡᠴᠢᠯᠡᠭᠡᠨ᠎ᠤ ᠲᠦᠪ᠎ᠢ ᠪᠦᠲᠦᠭᠡᠨ ᠪᠠᠢ᠌ᠭᠤᠯᠵᠤ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠳᠡᠮᠳᠡᠭ᠎ᠤᠨ ᠪᠦᠲᠦᠭᠡᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠠᠢ᠌ᠯᠪᠦᠷᠢᠯᠠᠬᠤ᠂ ᠰᠤᠷᠠᠭ ᠴᠢᠮᠡᠭᠡ ᠯᠠᠪᠯᠠᠬᠤ᠂ ᠠᠮᠤᠷ ᠲᠦᠪᠰᠢᠨ᠎ᠤ ᠠᠪᠤᠷᠠᠯᠲᠠ ᠵᠡᠷᠭᠡ ᠦᠢ᠍ᠯᠡᠴᠢᠯᠡᠭᠡᠨ᠎ᠤ ᠰᠢᠰᠲᠸᠮ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠢᠳᠡᠵᠦ ᠤᠤᠭᠤᠬᠤ᠂ ᠬᠤᠨᠤᠵᠤ ᠬᠡᠪᠲᠡᠭᠦ᠂ ᠰᠡᠯᠡᠭᠦᠴᠡᠯ ᠵᠤᠭ᠎ᠠ ᠴᠡᠩᠭᠡᠯ᠂ ᠭᠡᠷ᠎ᠤᠨ ᠭᠠᠳᠠᠨᠠᠬᠢ ᠬᠦᠳᠡᠯᠭᠡᠭᠡᠨ᠂ ᠲᠠᠸᠠᠷ᠎ᠤᠨ ᠬᠤᠳᠠᠯᠳᠤᠭ᠎ᠠ᠂ ᠰᠤᠶᠤᠯ᠎ᠤᠨ ᠦᠵᠡᠭᠦᠯᠦᠯᠭᠡ᠂ ᠠᠷᠠᠳ᠎ᠤᠨ ᠵᠠᠩ ᠵᠠᠩᠰᠢᠯ᠎ᠢ ᠤᠢ᠌ᠯᠠᠭ᠋ᠠᠬᠤ ᠵᠡᠷᠭᠡ ᠪᠦᠷᠢᠨ ᠲᠦᠭᠦᠷ ᠦᠢ᠍ᠯᠡᠴᠢᠯᠡᠭᠡ ᠵᠢ ᠲᠡᠭᠦᠯᠳᠡᠷᠵᠢᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠳᠤ ᠤᠯᠠᠮ ᠨᠢᠭᠡ ᠠᠯᠬᠤᠮ ᠲᠦᠭᠦᠮ ᠦᠵᠡᠭᠦᠯᠦᠨ᠎ᠡ᠃ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠤᠷᠠᠭ ᠴᠢᠮᠡᠭᠡ ᠵᠢᠨ ᠲᠠᠪᠴᠠᠩ᠎ᠢ ᠪᠦᠲᠦᠭᠡᠨ ᠪᠠᠢ᠌ᠭᠤᠯᠬᠤ ᠵᠢ ᠲᠦᠷᠭᠡᠳᠬᠡᠨ᠂ ᠰᠦᠯᠵᠢᠶ᠎ᠡ᠎ᠪᠠᠷ ᠳᠠᠮᠵᠢᠨ ᠤᠷᠢᠳᠴᠢᠯᠠᠵᠤ ᠵᠠᠬᠢᠶᠠᠯᠠᠬᠤ᠂ ᠮᠦᠩᠬᠦ ᠲᠤᠰᠢᠶᠠᠬᠤ᠂ ᠬᠠᠷᠢᠯᠴᠠᠬᠤ ᠵᠡᠷᠭᠡ ᠦᠢ᠍ᠯᠡᠳᠦᠯ᠎ᠢ ᠪᠦᠷᠢᠨ ᠲᠡᠭᠦᠰ ᠪᠤᠯᠭ᠋ᠠᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠶᠤᠨᠴᠢᠯᠠᠬᠤ ᠵᠢ ᠠᠬᠢᠭᠤᠯᠤᠨ᠎ᠠ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠡᠷᠡᠭᠦᠯ ᠬᠠᠮᠠᠭ᠋ᠠᠯᠠᠯ ᠡᠷᠡᠭᠦᠯ ᠮᠡᠨᠲᠦ ᠵᠢᠨ ᠵᠦᠪᠯᠡᠯ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
ᠲᠦᠷᠪᠡ᠂ ᠰᠤᠶᠤᠯ᠎ᠤᠨ ᠠᠭᠤᠯᠤᠭᠳᠠᠬᠤᠨ ᠵᠶ᠋ᠠᠨ ᠪᠠᠶᠠᠯᠢᠭᠵᠢᠭᠤᠯᠤᠨ᠂ ᠦᠢ᠍ᠯᠡᠳᠭᠦᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ
9. ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠤᠶᠤᠯ᠎ᠤᠨ ᠤᠨᠴᠠᠯᠢᠭ᠎ᠢ ᠲᠤᠪᠤᠢ᠌ᠯᠭ᠋ᠠᠨ᠎ᠠ
ᠬᠠᠮᠠᠭ᠋ᠠᠯᠠᠭᠰᠠᠨ ᠰᠠᠭᠤᠷᠢᠨ ᠲᠡᠭᠡᠷ᠎ᠡ᠂ ᠲᠡᠦᠬᠡ ᠵᠢᠨ ᠲᠤᠷᠠᠰᠬᠠᠯᠲᠤ ᠵᠦᠢ᠍ᠯ᠎ᠤᠨ ᠡᠷᠲᠡᠨ᠎ᠤ ᠦᠯᠡᠳᠡᠭᠳᠡᠯ᠂ ᠤᠯᠠᠮᠵᠢᠯᠠᠯᠲᠦ ᠲᠤᠰᠬᠤᠨ᠂ ᠦᠨᠳᠦᠰᠦᠲᠡᠨ᠎ᠤ ᠤᠨᠴᠠᠯᠢᠭᠲᠦ ᠲᠤᠰᠬᠤᠨ᠂ ᠤᠯᠠᠮᠵᠢᠯᠠᠯᠲᠦ ᠪᠠᠷᠢᠯᠭ᠎ᠠ᠂ ᠲᠠᠷᠢᠶᠠᠯᠠᠩ᠎ᠤᠨ ᠦᠯᠡᠳᠡᠭᠳᠡᠯ ᠤᠯᠠ ᠮᠦᠷ᠂ ᠤᠰᠤᠯᠠᠯᠲᠠ ᠵᠢᠨ ᠢᠨᠵᠸᠨ᠋ᠸᠷ᠎ᠤᠨ ᠦᠪ ᠬᠦᠷᠦᠩᠬᠡ᠂ ᠲᠠᠷᠢᠶᠠᠯᠠᠩ᠎ᠤᠨ ᠰᠤᠶᠤᠯ᠎ᠤᠨ ᠦᠪ ᠬᠦᠷᠦᠩᠬᠡ᠂ ᠪᠤᠳᠠᠰ᠎ᠤᠨ ᠪᠤᠰᠤ ᠰᠤᠶᠤᠯ᠎ᠤᠨ ᠦᠪ ᠬᠦᠷᠦᠩᠬᠡ ᠵᠡᠷᠭᠡ ᠵᠢ ᠪᠦᠲᠦᠮᠵᠢ᠎ᠲᠠᠢ ᠠᠰᠢᠭᠯᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠬᠦᠨ᠎ᠢ ᠨᠡᠬᠡᠭᠡᠬᠦ᠎ᠳᠤ ᠠᠭᠤᠰᠤᠭᠤᠯᠤᠨᠠ᠃ ᠲᠡᠦᠬᠡ ᠵᠢᠨ ᠲᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ ᠪᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠠᠮᠲᠤᠷᠠᠨ ᠬᠦᠭᠵᠢᠬᠦ ᠵᠢ ᠠᠬᠢᠭᠤᠯᠤᠨ᠂ ᠲᠡᠦᠬᠡ ᠵᠢᠨ ᠲᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠦᠷᠢᠶ᠎ᠡ ᠬᠡᠪᠴᠢᠶᠡᠨ᠎ᠳᠤ ᠭᠠᠵᠠᠷ ᠤᠷᠤᠨᠳᠤᠨᠢ ᠲᠤᠬᠢᠷᠠᠭᠰᠠᠨ ᠦᠢ᠍ᠯᠡᠴᠢᠯᠡᠭᠡᠨ᠎ᠤ ᠦᠢ᠍ᠯᠡᠰ ᠪᠠ ᠰᠡᠯᠡᠭᠦᠴᠡᠯ ᠲᠠᠷᠢᠶᠠᠯᠠᠩ᠎ᠢ ᠲᠤᠬᠢᠷᠠᠮᠵᠢᠲᠠᠢ ᠬᠦᠭᠵᠢᠭᠦᠯᠬᠦ ᠵᠢ ᠳᠡᠮᠵᠢᠨ᠂ ᠲᠡᠦᠬᠡ ᠵᠢᠨ ᠲᠤᠷᠠᠰᠬᠠᠯᠲᠤ ᠵᠦᠢ᠍ᠯᠡᠰ᠎ᠤᠨ ᠬᠦᠷᠢᠶ᠎ᠡ ᠬᠡᠪᠴᠢᠶᠡᠨ᠎ᠳᠤ ᠰᠤᠳᠤᠯᠤᠨ ᠰᠤᠷᠬᠤ ᠵᠢᠭᠤᠯᠴᠢᠯᠠᠯ᠎ᠤᠨ ᠱᠤᠭᠤᠮ᠎ᠢ ᠲᠠᠨᠢᠯᠴᠠᠭᠤᠯᠤᠨ ᠠᠬᠢᠭᠤᠯᠤᠨ᠎ᠠ᠃ ᠲᠡᠦᠬᠡ ᠵᠢᠨ ᠲᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠠᠷᠠᠳ ᠢᠷᠭᠡᠨ᠎ᠤ ᠬᠡᠪ ᠴᠢᠨᠠᠷ ᠪᠠ ᠨᠡᠢ᠌ᠭᠡᠮ ᠵᠢᠷᠦᠮ᠎ᠤᠨ ᠪᠤᠯᠪᠠᠰᠤᠨ᠎ᠤ ᠬᠡᠮᠵᠢᠶ᠎ᠡ ᠵᠢ ᠳᠡᠭᠡᠭᠰᠢᠯᠡᠭᠦᠯᠬᠦ᠂ ᠠᠵᠤ ᠠᠬᠤᠢ ᠨᠡᠢ᠌ᠭᠡᠮ᠎ᠤᠨ ᠬᠦᠭᠵᠢᠯᠲᠡ᠎ᠳᠤ ᠴᠢᠬᠤᠯᠠ ᠦᠢ᠍ᠯᠡᠲᠦᠯ᠎ᠢ ᠪᠠᠳᠠᠷᠠᠭᠤᠯᠤᠨ᠎ᠠ᠃ ᠬᠦᠳᠡᠭᠡ ᠲᠤᠰᠬᠤᠨ᠎ᠤ ᠤᠷᠤᠨ ᠭᠠᠵᠠᠷ᠎ᠤᠨ ᠤᠨᠴᠠᠯᠢᠭᠲᠦ ᠰᠤᠶᠤᠯ᠂ ᠦᠨᠲᠦᠰᠦᠲᠡᠨ᠎ᠤ ᠠᠷᠠᠳ᠎ᠤᠨ ᠰᠤᠶᠤᠯ᠂ ᠤᠯᠠᠮᠵᠢᠯᠠᠯᠲᠦ ᠭᠠᠷ ᠤᠷᠠᠯᠠᠯ᠂ ᠤᠯᠠᠮᠵᠢᠯᠠᠯᠲᠤ ᠰᠢ ᠵᠦᠴᠦᠭᠡ ᠲᠠᠭᠤᠤᠷᠢᠯᠢᠭ ᠵᠡᠷᠭᠡ ᠵᠢ ᠤᠯᠠᠮᠵᠢᠯᠠᠨ ᠬᠦᠭᠵᠢᠭᠦᠯᠵᠤ᠂ ᠢᠯᠡᠳᠬᠡᠭᠦ ᠬᠡᠯᠪᠡᠷᠢ᠎ᠪᠠᠨ ᠰᠢᠨᠡᠳᠬᠡᠨ᠂ ᠬᠦᠳᠡᠭᠡ ᠲᠤᠰᠬᠤᠨ᠎ᠤ ᠰᠤᠶᠤᠯ ᠵᠢᠭᠤᠯᠴᠢᠯᠠᠯ᠎ᠤᠨ ᠦᠢ᠍ᠯᠡᠳᠭᠦᠨ᠎ᠢ ᠨᠡᠭᠡᠭᠡᠨ ᠬᠦᠭᠵᠢᠭᠦᠯᠵᠤ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠵᠢᠭᠤᠯᠴᠢᠯᠠᠭᠴᠢᠳ ᠤᠯᠠᠨ ᠴᠤᠭᠯᠠᠷᠠᠳᠠᠭ ᠰᠠᠭᠤᠷᠢᠨ ᠭᠠᠵᠠᠷ᠎ᠲᠤ ᠲᠦᠰᠢᠭᠯᠡᠨ ᠤᠯᠠᠮᠵᠢᠯᠠᠯᠲᠦ ᠭᠠᠷ ᠤᠷᠠᠯᠠᠯ᠎ᠤᠨ ᠦᠢ᠍ᠯᠡᠳᠭᠦᠨ᠎ᠢ ᠦᠢ᠍ᠯᠡᠳᠪᠦᠷᠢᠯᠡᠬᠦ᠂ ᠲᠦᠯᠦᠪᠯᠡᠬᠦ ᠪᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢ ᠤᠷᠭ᠋ᠠᠨᠢᠭ ᠵᠶ᠋ᠠᠷ ᠤᠶᠠᠯᠳᠤᠭᠤᠯᠤᠨ ᠲᠦᠯᠬᠢᠨ ᠠᠬᠢᠭᠤᠯᠤᠨ᠎ᠠ᠃ ᠬᠦᠳᠡᠭᠡ ᠲᠤᠰᠬᠤᠨ ᠪᠠ ᠲᠤᠰᠬᠠᠢ ᠮᠡᠷᠭᠡᠵᠢᠯ᠎ᠤᠨ ᠤᠷᠠᠯᠢᠭ᠎ᠤᠨ ᠬᠤᠷᠢᠶ᠎ᠠ ᠪᠦᠯᠭᠦᠮ᠎ᠲᠠᠢ ᠬᠠᠮᠲᠤᠷᠠᠯᠴᠠᠬᠤ ᠵᠢ ᠵᠤᠷᠢᠭᠵᠢᠭᠤᠯᠤᠨ᠂ ᠤᠨᠴᠠᠯᠢᠭ᠎ᠨᠢ ᠢᠯᠡᠷᠬᠡᠢ᠂ ᠭᠠᠵᠠᠷ ᠤᠷᠤᠨ᠎ᠤ ᠨᠡᠢ᠌ᠭᠡᠮ᠎ᠤᠨ ᠰᠤᠶᠤᠯ᠎ᠢ ᠬᠠᠷᠠᠭᠤᠯᠤᠭᠰᠠᠨ ᠰᠢᠯᠢᠳᠡᠭ ᠰᠤᠶᠤᠯ ᠵᠢᠭᠤᠯᠴᠢᠯᠠᠯ᠎ᠢ ᠵᠤᠬᠢᠶᠠᠨ ᠪᠠᠢ᠌ᠭᠤᠯᠤᠨ᠎ᠠ᠃ ᠬᠦᠳᠡᠭᠡ ᠲᠤᠰᠬᠤᠨ᠎ᠤ ᠤᠨᠴᠠᠯᠢᠭᠲᠦ ᠰᠤᠶᠤᠯ᠎ᠤᠨ ᠦᠪ ᠬᠦᠷᠦᠩᠭᠡ ᠵᠢ ᠶᠡᠬᠡ᠎ᠪᠠᠷ ᠬᠦᠭᠵᠢᠭᠦᠯᠦᠨ᠂ ᠬᠦᠳᠡᠭᠡ ᠲᠤᠰᠬᠤᠨ᠎ᠳᠤ ᠬᠤᠪᠢᠰᠬᠠᠯ᠎ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠎ᠢ ᠬᠦᠭᠵᠢᠭᠦᠯᠬᠦ ᠵᠢ ᠳᠡᠮᠵᠢᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠤᠷᠤᠨ ᠰᠠᠭᠤᠴᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠳᠠ ᠵᠢᠨ ᠶᠠᠮᠤᠨ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠲᠡᠦᠬᠡ ᠵᠢᠨ ᠲᠤᠷᠠᠰᠬᠠᠯᠲᠤ ᠵᠦᠢ᠍ᠯ᠎ᠤᠨ ᠲᠤᠪᠴᠢᠶ᠎ᠠ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
10. ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠭᠦᠨ᠎ᠤ ᠲᠦᠷᠦᠯ ᠵᠦᠢ᠍ᠯ᠎ᠢ ᠪᠠᠶᠠᠯᠢᠭᠵᠢᠭᠤᠯᠤᠨ᠎ᠠ
ᠵᠢᠭᠤᠯᠴᠢᠯᠠᠭᠴᠢᠳ᠎ᠤᠨ ᠲᠤᠭᠤᠷᠢᠨ ᠦᠵᠡᠬᠦ᠂ ᠵᠤᠭ᠋ᠠᠴᠠᠬᠤ᠂ ᠠᠮᠠᠷᠠᠬᠤ᠂ ᠪᠡᠶ᠎ᠡ ᠰᠤᠪᠢᠯᠠᠬᠤ᠂ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ᠂ ᠰᠤᠶᠤᠯ᠎ᠢ ᠤᠢ᠌ᠯᠠᠭ᠋ᠠᠬᠤ ᠵᠡᠷᠬᠡ ᠤᠯᠠᠨ ᠶᠠᠩᠵᠤ ᠵᠢᠨ ᠱᠠᠭ᠋ᠠᠷᠳᠠᠯᠭ᠎ᠠ ᠵᠢ ᠭᠦᠢ᠍ᠴᠡᠳᠬᠡᠨ᠂ ᠤᠯᠠᠮᠵᠢᠯᠠᠯᠲᠤ ᠬᠦᠳᠡᠭᠡ ᠲᠤᠰᠬᠤᠨ ᠤ ᠵᠢᠭᠤᠯᠴᠢᠯᠠᠯ᠎ᠤᠨ ᠦᠢ᠍ᠯᠡᠳᠭᠦᠨ᠎ᠤ ᠳᠡᠰ ᠳᠡᠪᠰᠢᠬᠦ ᠵᠢ ᠠᠬᠢᠭᠤᠯᠤᠨ᠂ ᠰᠢᠨ᠎ᠡ ᠬᠡᠯᠪᠡᠷᠢ ᠵᠢᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠭᠦᠨ᠎ᠢ ᠡᠭᠦᠳᠦᠨ ᠪᠦᠲᠦᠭᠡᠬᠦ ᠵᠢ ᠲᠦᠷᠭᠡᠳᠬᠡᠨ᠂ ᠤᠲᠤ ᠦᠶ᠎ᠡ ᠵᠢᠨ ᠲᠠᠷᠢᠢ᠍ᠶᠠᠯᠠᠩᠤᠨ ᠬᠦᠭᠵᠢᠯᠲᠡ᠎ᠲᠠᠢ ᠤᠶᠠᠯᠳᠤᠭᠤᠯᠤᠨ᠂ ᠨᠢᠭᠡ ᠪᠦᠯᠦᠭ ᠰᠡᠯᠡᠭᠦᠴᠡᠯ ᠲᠠᠷᠢᠶᠠᠯᠠᠩ᠎ᠤᠨ ᠰᠢᠯᠢᠳᠡᠭ ᠬᠦᠷᠢᠶᠡᠯᠡᠩ᠂ ᠲᠠᠷᠢᠶᠠᠯᠠᠩ᠎ᠤᠨ ᠴᠡᠴᠡᠷᠯᠢᠭ᠂ ᠬᠦᠳᠡᠭᠡ ᠲᠤᠰᠬᠤᠨ᠎ᠤ ᠠᠵᠤ ᠦᠢ᠍ᠯᠡᠳᠪᠦᠷᠢ ᠵᠢᠨ ᠠᠭᠤᠰᠤᠯᠴᠠᠨ ᠬᠦᠭᠵᠢᠭᠰᠡᠨ ᠵᠢᠱ᠌ᠢᠶᠡᠴᠢ ᠲᠠᠷᠢᠶᠠᠯᠠᠩ᠂ ᠬᠦᠳᠡᠭᠡ ᠲᠤᠰᠬᠤᠨ᠎ᠤ ᠶᠡᠷᠦᠩᠬᠡᠢ᠌ᠯᠡᠭᠰᠡᠨ ᠴᠤᠭᠴᠠ᠂ ᠲᠠᠷᠢᠶᠠᠯᠠᠩ ᠮᠠᠯ ᠠᠵᠤ ᠠᠬᠤᠢ ᠵᠢ ᠪᠦᠲᠦᠭᠡᠨ ᠪᠠᠢ᠌ᠭᠤᠯᠵᠤ᠂ ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠨ᠎ᠡ ᠦᠢ᠍ᠯᠡᠰ᠎ᠤᠨ ᠪᠠᠢ᠌ᠳᠠᠯ᠎ᠢ ᠬᠠᠢ᠌ᠨ ᠬᠦᠭᠵᠢᠭᠦᠯᠦᠨ᠎ᠡ᠃ ᠬᠦᠳᠡᠭᠡ ᠲᠤᠰᠬᠤᠨ᠎ᠤ ᠠᠭᠤᠯᠠᠷᠬᠠᠭ ᠭᠠᠵᠠᠷ᠎ᠤᠨ ᠡᠬᠢ ᠪᠠᠶᠠᠯᠢᠭ᠂ ᠤᠢ ᠰᠢᠭᠤᠢ ᠵᠢᠨ ᠡᠬᠢ ᠪᠠᠶᠠᠯᠢᠭ᠂ ᠤᠰᠤᠨ᠎ᠤ ᠡᠬᠢ ᠪᠠᠶᠠᠯᠢᠭ᠂ ᠭᠠᠵᠠᠷ᠎ᠤᠨ ᠢᠯᠴᠢ ᠬᠢᠭᠡᠳ ᠮᠦᠰᠦ ᠴᠠᠰᠤᠨ᠎ᠤ ᠡᠬᠢ ᠪᠠᠶᠠᠯᠢᠭ᠎ᠢ ᠤᠶᠠᠯᠳᠤᠭᠤᠯᠤᠨ ᠤᠢ ᠰᠢᠭᠤᠢ ᠤᠨ ᠦᠵᠡᠮᠵᠢ ᠦᠵᠡᠬᠦ᠂ ᠠᠭᠤᠯᠠᠨ ᠭᠠᠵᠠᠷ᠎ᠤᠨ ᠵᠤᠭ᠋ᠠᠴᠠᠯ᠂ ᠤᠰᠤᠨ ᠤᠷᠤᠨ᠎ᠤ ᠰᠡᠯᠡᠭᠦᠴᠡᠯ᠂ ᠮᠦᠰᠦ ᠴᠠᠰᠤᠨ᠎ᠤ ᠲᠤᠭᠯᠠᠭ᠋ᠠᠮ᠂ ᠬᠠᠯᠠᠭᠤᠨ ᠷᠠᠰᠢᠶᠠᠨ᠎ᠳᠤ ᠪᠡᠶ᠎ᠡ ᠰᠤᠪᠢᠯᠠᠬᠤ ᠮᠡᠲᠦ ᠵᠢᠨ ᠵᠢᠭᠤᠯᠴᠢᠯᠠᠯ᠎ᠤᠨ ᠦᠢ᠍ᠯᠡᠳᠭᠦᠨ᠎ᠢ ᠬᠦᠭᠵᠢᠭᠦᠯᠦᠨ᠎ᠡ᠃ ᠨᠦᠬᠦᠴᠡᠯ᠎ᠲᠠᠢ ᠭᠠᠵᠠᠷ ᠤᠷᠤᠨ᠎ᠤ ᠬᠦᠳᠡᠭᠡ ᠲᠤᠰᠬᠤᠨ᠎ᠤ ᠵᠢᠭᠤᠯᠴᠢᠯᠠᠯ ᠪᠠ ᠬᠢᠳᠠᠳ ᠡᠮ ᠡᠮᠨᠡᠯᠭᠡ ᠵᠢ ᠤᠶᠠᠯᠳᠤᠭᠤᠯᠤᠨ ᠡᠷᠡᠭᠦᠯᠵᠢᠯ ᠰᠤᠪᠢᠯᠠᠯᠲᠠ ᠵᠢᠨ ᠵᠢᠭᠤᠯᠴᠢᠯᠠᠯ᠎ᠤᠨ ᠦᠢ᠍ᠯᠡᠳᠭᠦᠨ᠎ᠢ ᠪᠦᠲᠦᠭᠡᠨ ᠨᠡᠬᠡᠬᠡᠬᠦ ᠵᠢ ᠵᠤᠷᠢᠭᠵᠢᠭᠤᠯᠤᠨ᠎ᠠ᠃ ᠬᠦᠳᠡᠭᠡ ᠲᠤᠰᠬᠤᠨ᠎ᠤ ᠭᠠᠵᠠᠷ ᠲᠠᠷᠢᠶ᠎ᠠ᠂ ᠰᠤᠯᠠ ᠪᠠᠢ᠌ᠭ᠎ᠠ ᠲᠠᠷᠢᠶᠠᠴᠢᠨ᠎ᠤ ᠭᠡᠷ ᠪᠠᠢ᠌ᠰᠢᠩ ᠵᠡᠷᠭᠡ ᠡᠬᠢ ᠪᠠᠶᠠᠯᠢᠭ᠎ᠢ ᠪᠦᠷᠢᠮᠦᠰᠦᠨ ᠠᠰᠢᠭᠯᠠᠨ ᠬᠦᠳᠡᠭᠡ ᠲᠤᠰᠬᠤᠨ᠎ᠤ ᠠᠷᠠᠳ᠎ᠤᠨ ᠬᠤᠨᠤᠬᠤ ᠭᠠᠵᠠᠷ᠂ ᠨᠠᠰᠤᠲᠠᠨ᠎ᠢ ᠠᠰᠠᠷᠠᠬᠤ ᠭᠠᠵᠠᠷ ᠵᠡᠷᠭᠡ ᠲᠦᠷᠦᠯ ᠵᠦᠢ᠍ᠯ᠎ᠢ ᠨᠡᠭᠡᠭᠡᠨ ᠪᠦᠲᠦᠭᠡᠨ ᠪᠠᠢ᠌ᠭᠤᠯᠤᠨ᠎ᠠ᠃ ᠲᠤᠬᠠᠢ ᠵᠢᠨ ᠭᠠᠵᠠᠷ᠎ᠤᠨ ᠪᠠᠢ᠌ᠭ᠋ᠠᠯᠢ ᠪᠠ ᠰᠤᠶᠤᠯ᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠰᠢᠭᠯᠡᠨ ᠤᠨᠴᠠᠯᠢᠭᠲᠦ ᠠᠷᠠᠳ᠎ᠤᠨ ᠬᠤᠨᠤᠬᠤ ᠭᠠᠵᠠᠷ᠎ᠢ ᠪᠠᠢ᠌ᠭᠤᠯᠤᠨ᠂ ᠰᠤᠶᠤᠯ᠎ᠤᠨ ᠤᠯᠠᠮᠵᠢᠯᠠᠯ ᠪᠠ ᠪᠦᠲᠦᠭᠡᠯᠴᠢ ᠲᠦᠯᠦᠪᠯᠡᠭᠡ ᠵᠢ ᠳᠡᠭᠡᠭᠰᠢᠯᠡᠭᠦᠯᠬᠦ ᠵᠢ ᠪᠡᠶᠡᠯᠡᠭᠦᠯᠬᠦ᠂ ᠡᠷᠬᠢᠯᠡᠭᠰᠡᠨ ᠠᠵᠢᠯ᠎ᠤᠨ ᠪᠠᠷᠢᠮᠵᠢᠶ᠎ᠠ᠎ᠪᠠᠨ ᠲᠡᠭᠦᠯᠳᠡᠷᠵᠢᠭᠦᠯᠦᠨ᠂ ᠦᠢ᠍ᠯᠡᠴᠢᠯᠡᠭᠡᠨ᠎ᠤ ᠬᠢᠷᠢ ᠬᠡᠮᠵᠢᠶ᠎ᠡ᠎ᠪᠠᠨ ᠳᠡᠭᠡᠭᠰᠢᠯᠡᠭᠦᠯᠦᠨ᠂ ᠤᠨᠤᠴᠠᠲᠠᠢ ᠡᠵᠡᠩᠨᠡᠨ ᠪᠤᠷᠤᠯᠠᠭᠤᠯᠤᠯᠲᠠ ᠵᠢ ᠰᠦᠪᠡᠭᠴᠢᠯᠡᠨ᠂ ᠰᠤᠬᠤᠷ ᠪᠠᠯᠠᠢ᠎ᠪᠠᠷ ᠤᠷᠤᠰᠬᠠᠯ᠎ᠢ ᠳᠠᠭ᠋ᠠᠬᠤ ᠪᠠ ᠲᠤᠤᠷ᠎ᠠ ᠬᠢᠷᠢ ᠲᠦᠪᠰᠢᠨ᠎ᠤ ᠲᠠᠭᠤᠷᠢᠶᠠᠮᠠᠯ ᠠᠵᠢᠯᠯᠠᠭ᠎ᠠ᠎ᠠᠴᠠ ᠵᠠᠢ᠌ᠯᠠᠰᠬᠢᠨ᠂ ᠤᠯᠠᠨ ᠡᠰᠢᠲᠦ ᠪᠡᠯᠡ ᠤᠷᠤᠭᠤᠯᠤᠯᠲᠠ ᠵᠢᠨ ᠭᠤᠤᠯ ᠴᠤᠭᠴᠠ ᠵᠢ ᠤᠷᠤᠭᠤᠯᠤᠨ᠂ ᠬᠦᠳᠡᠭᠡ ᠲᠤᠰᠬᠤᠨ᠎ᠤ ᠠᠷᠠᠳ᠎ᠤᠨ ᠬᠤᠨᠤᠬᠤ ᠭᠠᠵᠠᠷ᠎ᠤᠨ ᠤᠯᠠᠨ ᠶᠠᠩᠵᠤ᠂ ᠦᠪᠡᠷᠮᠢᠴᠠ ᠴᠢᠨᠠᠷᠲᠠᠢ᠂ ᠲᠤᠰᠬᠠᠢ᠌ᠵᠢᠭᠰᠠᠨ ᠬᠦᠭᠵᠢᠯᠲᠡ ᠵᠢ ᠠᠬᠢᠭᠤᠯᠤᠨ᠎ᠠ᠃ ᠤᠷᠤᠨ ᠨᠤᠲᠤᠭ᠎ᠤᠨ ᠤᠨᠴᠠᠯᠢᠭ ᠪᠦᠬᠦᠢ ᠬᠤᠪᠴᠠᠰᠤ ᠬᠤᠨᠠᠷ ᠵᠠᠰᠠᠯ ᠴᠢᠮᠡᠭ᠂ ᠭᠠᠷ ᠤᠷᠠᠯᠠᠯ᠎ᠤᠨ ᠦᠢ᠍ᠯᠡᠳᠭᠦᠨ᠂ ᠲᠠᠷᠢᠶᠠᠯᠠᠩ᠎ᠤᠨ ᠪᠠ ᠲᠤᠰᠠᠯᠠᠬᠤ ᠴᠢᠨᠠᠷᠲᠠᠢ ᠨᠤᠲᠤᠭ᠎ᠤᠨ ᠤᠨᠴᠠ ᠭᠠᠷᠤᠯᠲᠠ ᠵᠢᠨ ᠦᠢ᠍ᠯᠡᠳᠭᠦᠨ᠂ ᠵᠢᠭᠤᠯᠴᠢᠯᠠᠯ᠎ᠤᠨ ᠲᠤᠷᠠᠰᠬᠠᠯ᠎ᠤᠨ ᠪᠤᠳᠠᠰ ᠵᠡᠷᠭᠡ ᠵᠢᠭᠤᠯᠴᠢᠯᠠᠯ᠎ᠤᠨ ᠲᠠᠸᠠᠷ᠎ᠢ ᠨᠡᠭᠡᠭᠡᠬᠦ ᠵᠢ ᠵᠤᠷᠢᠭᠵᠢᠭᠤᠯᠤᠨ᠎ᠠ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ ᠤᠨ ᠶᠠᠮᠤᠨ᠂ ᠪᠡᠶ᠎ᠡ ᠲᠠᠮᠢᠷ᠎ᠤᠨ ᠶᠡᠷᠦᠩᠬᠡᠢ ᠲᠤᠪᠴᠢᠶ᠎ᠠ᠂ ᠤᠢ ᠰᠢᠭᠤᠢ ᠨᠤᠲᠤᠭ ᠪᠡᠯᠴᠢᠭᠡᠷ᠎ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
11. ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠪᠰᠢᠨ ᠵᠶ᠋ᠠᠨ ᠳᠡᠭᠡᠭᠰᠢᠯᠡᠭᠦᠯᠦᠨ᠎ᠡ
ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠯ᠎ᠡ ᠬᠦᠷᠢᠶ᠎ᠡ᠂ ᠡᠯ᠎ᠡ ᠵᠠᠩᠬᠢᠯᠠᠭ᠎ᠠ ᠵᠢᠨ ᠦᠢ᠍ᠯᠡᠴᠢᠯᠡᠭᠡᠨ᠎ᠤ ᠲᠦᠷᠢᠮ ᠪᠠ ᠪᠠᠷᠢᠮᠵᠢᠶ᠎ᠠ ᠵᠢ ᠲᠤᠭᠲᠠᠭ᠋ᠠᠨ ᠲᠡᠭᠦᠯᠳᠡᠷᠵᠢᠭᠦᠯᠦᠨ᠂ ᠡᠵᠡᠩᠨᠡᠭᠴᠢ᠂ ᠬᠠᠮᠢᠶᠠᠷᠤᠭᠴᠢ᠂ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠮᠡᠷᠭᠡᠵᠢᠯ ᠴᠢᠳᠠᠪᠤᠷᠢ ᠵᠢ ᠬᠦᠮᠦᠵᠢᠭᠦᠯᠦᠨ ᠪᠤᠯᠪᠠᠰᠤᠷᠠᠭᠤᠯᠬᠤ ᠵᠢ ᠴᠢᠩᠭ᠋ᠠᠳᠬᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠲᠤᠬᠠᠢ ᠵᠢᠨ ᠭᠠᠵᠠᠷ᠎ᠤᠨ ᠰᠠᠭᠤᠭ᠋ᠠᠯᠢ ᠠᠷᠠᠳ᠎ᠤᠨ ᠵᠢᠭᠤᠯᠴᠢᠯᠠᠯ᠎ᠤᠨ ᠤᠢ᠌ᠯᠠᠭ᠋ᠠᠭᠳᠠᠬᠤᠨ ᠪᠠ ᠦᠢ᠍ᠯᠡᠴᠢᠯᠡᠭᠡᠨ᠎ᠤ ᠤᠬᠠᠮᠰᠠᠷ᠂ ᠪᠤᠯᠪᠠᠰᠤᠨ ᠳᠠᠳᠬᠠᠯ᠎ᠢ ᠳᠡᠭᠡᠭᠰᠢᠯᠡᠭᠦᠯᠦᠨ᠂ ᠡᠵᠡᠩᠨᠡᠨ ᠬᠠᠮᠢᠶᠠᠷᠬᠤ ᠮᠡᠷᠭᠡᠵᠢᠯ᠎ᠢ ᠡᠵᠡᠮᠰᠢᠨ᠎ᠡ᠃ ᠲᠡᠷᠢᠭᠦᠨ᠎ᠤ ᠰᠤᠶᠤᠯ᠂ ᠰᠢᠨᠵᠢᠯᠡᠬᠦ ᠤᠬᠠᠭ᠋ᠠᠨᠴᠢ ᠠᠷᠭ᠎ᠠ ᠪᠠᠷᠢᠯ᠎ᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠢ᠍ᠯᠡᠳᠭᠦᠨ᠎ᠢ ᠤᠢ᠌ᠯᠠᠭ᠋ᠠᠬᠤ᠂ ᠦᠢ᠍ᠯᠡᠴᠢᠯᠡᠬᠦ ᠪᠠ ᠬᠠᠮᠢᠶᠠᠷᠤᠯᠳᠠ ᠵᠢᠨ ᠶᠠᠪᠤᠴᠨ᠎ᠳᠤ᠎ᠪᠠᠨ ᠬᠡᠷᠡᠭᠯᠡᠬᠦ ᠵᠢ ᠵᠤᠷᠢᠭᠵᠢᠭᠤᠯᠤᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢᠨ ᠮᠡᠳᠡᠯᠭᠡ ᠵᠢᠨ ᠬᠡᠮᠵᠢᠶ᠎ᠡ᠎ᠪᠠᠨ ᠨᠡᠮᠡᠭᠳᠡᠭᠦᠯᠦᠨ᠎ᠡ᠃ ᠲᠤᠰᠬᠠᠢ ᠮᠡᠷᠭᠡᠵᠢᠯ᠎ᠤᠨ ᠰᠠᠢ᠌ᠨ ᠲᠤᠷᠠᠴᠤᠳ᠎ᠤᠨ ᠬᠦᠳᠡᠭᠡ ᠲᠤᠰᠬᠤᠨ᠎ᠢ ᠲᠤᠰᠠᠯᠠᠬᠤ ᠠᠵᠢᠯᠯᠠᠭ᠎ᠠ ᠵᠢ ᠶᠡᠭᠡ᠎ᠪᠠᠷ ᠦᠷᠨᠢᠭᠦᠯᠦᠨ᠂ ᠲᠤᠰᠬᠠᠢ ᠮᠡᠷᠭᠡᠵᠢᠯᠳᠡᠳ᠎ᠤᠨ ᠬᠦᠳᠡᠭᠡ ᠲᠤᠰᠬᠤᠨ᠎ᠤ ᠦᠵᠡᠮᠵᠢ ᠵᠢᠨ ᠵᠢᠷᠤᠭ᠎ᠤᠨ ᠲᠦᠯᠦᠪᠯᠡᠭᠡ᠂ ᠬᠦᠳᠡᠭᠡ ᠲᠤᠰᠬᠤᠨ᠎ᠤ ᠵᠢᠭᠤᠯᠴᠢᠯᠠᠯ᠎ᠢ ᠰᠡᠳᠦᠨ ᠲᠦᠯᠦᠪᠯᠡᠬᠦ ᠠᠵᠢᠯᠯᠠᠭ᠋ᠠᠨ᠎ᠳᠤ ᠤᠷᠤᠯᠴᠠᠬᠤ ᠵᠢ ᠵᠤᠷᠢᠭᠵᠢᠭᠤᠯᠤᠨ᠎ᠠ᠃ ᠬᠡᠯᠬᠢᠶᠡᠵᠢᠭᠰᠡᠨ᠂ ᠨᠠᠢ᠌ᠳᠠᠨ ᠬᠠᠮᠢᠶᠠᠷᠤᠭᠤᠯᠤᠭᠰᠠᠨ᠂ ᠬᠠᠮᠲᠤ᠎ᠪᠠᠷ ᠡᠳ᠋ᠯᠡᠭᠰᠡᠨ᠂ ᠭᠡᠰᠢᠭᠦᠨ᠎ᠤ ᠲᠦᠷᠢᠮ᠂ ᠴᠠᠭ᠎ᠤᠨ ᠬᠤᠪᠢᠶᠠᠷᠢ ᠵᠢᠨ ᠲᠦᠷᠢᠮ᠂ ᠡᠷᠬᠢᠯᠡᠭᠰᠡᠨ ᠠᠵᠢᠯ᠎ᠤᠨ ᠳᠠᠭ᠋ᠠᠭ᠋ᠠᠮᠠᠯ᠎ᠤᠨ ᠲᠦᠷᠢᠮ ᠵᠡᠷᠭᠡ ᠤᠲᠤ ᠦᠶ᠎ᠡ ᠵᠢᠨ ᠡᠵᠡᠩᠨᠡᠯ ᠬᠠᠮᠢᠶᠠᠷᠤᠯᠲᠠ ᠵᠢᠨ ᠬᠡᠯᠪᠡᠷᠢ ᠵᠢ ᠰᠦᠪᠡᠭᠴᠢᠯᠡᠨ ᠬᠡᠷᠡᠭᠯᠡᠵᠦ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠵᠡᠩᠨᠡᠬᠦ ᠴᠢᠳᠠᠪᠤᠷᠢ ᠪᠠ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
ᠲᠠᠪᠤ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠨᠡᠷᠡᠲᠦ ᠳᠡᠮᠳᠡᠭ᠎ᠢ ᠡᠭᠦᠳᠦᠨ ᠪᠠᠢ᠌ᠭᠤᠯᠵᠤ᠂ ᠵᠠᠬ᠎ᠠ ᠳᠡᠯᠭᠡᠭᠦᠷ᠎ᠤᠨ ᠡᠵᠡᠩᠨᠡᠨ ᠪᠣᠷᠤᠯᠠᠭᠤᠯᠤᠯᠲᠠ ᠵᠢ ᠦᠷᠭᠡᠳᠬᠡᠨ᠎ᠡ
12. ᠬᠦᠳᠡᠬᠡ ᠲᠤᠰᠬᠤᠨ᠎ᠤ ᠵᠢᠭᠤᠯᠴᠢᠯᠠᠯ᠎ᠤᠨ ᠨᠡᠷᠡᠲᠦ ᠳᠡᠮᠲᠡᠭ᠎ᠤᠨ ᠰᠢᠰᠲᠸᠮ᠎ᠢ ᠪᠠᠢ᠌ᠭᠤᠯᠤᠨ᠎ᠠ
ᠬᠦᠳᠡᠭᠡ ᠲᠤᠰᠬᠤᠨ᠎ᠤ ᠵᠢᠭᠤᠯᠴᠢᠯᠠᠯ᠎ᠤᠨ ᠨᠡᠷᠡᠲᠦ ᠲᠡᠮᠳᠡᠭ᠎ᠤᠨ ᠲᠤᠬᠠᠢ ᠦᠵᠡᠯ ᠤᠬᠠᠮᠰᠠᠷ᠎ᠢ ᠪᠤᠢ ᠪᠤᠯᠭ᠋ᠠᠨ᠂ ᠨᠡᠷᠡᠲᠦ ᠳᠡᠮᠳᠡᠭ᠎ᠤᠨ ᠲᠦᠷᠢ ᠲᠦᠷᠭᠦ ᠵᠢ ᠳᠡᠭᠡᠭᠰᠢᠯᠡᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠨᠡᠷᠡᠲᠦ ᠳᠡᠮᠳᠡᠭ᠎ᠤᠨ ᠨᠦᠯᠦᠭᠡᠯᠡᠬᠦ ᠬᠦᠴᠦᠨ ᠪᠠ ᠦᠷᠢᠰᠤᠯᠳᠦᠬᠦ ᠬᠦᠴᠦᠨ᠎ᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠯᠢᠳᠡᠭ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ ᠵᠢ ᠵᠤᠷᠢᠭᠵᠢᠭᠤᠯᠤᠨ᠂ ᠨᠢᠬᠡ ᠪᠦᠯᠦᠭ ᠤᠨᠴᠠᠯᠢᠭ᠎ᠨᠢ ᠲᠤᠲᠤ᠂ ᠳᠠᠪᠠᠭᠤᠯᠢᠭ᠎ᠨᠢ ᠲᠤᠪᠤᠢ᠌ᠮ᠎ᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠨᠡᠷᠡᠲᠦ ᠳᠡᠮᠳᠡᠭ᠎ᠢ ᠳᠡᠯᠭᠡᠷᠡᠭᠦᠯᠦᠨ᠂ ᠪᠦᠬᠦ ᠲᠠᠯ᠎ᠠ ᠵᠢᠨ᠂ ᠤᠯᠠᠨ ᠲᠠᠪᠬᠤᠷᠭ᠋ᠠᠲᠤ ᠬᠦᠳᠡᠭᠡ ᠲᠤᠰᠠᠬᠤᠨᠤ ᠵᠢᠭᠤᠯᠴᠢᠯᠠᠯ᠎ᠤᠨ ᠨᠡᠷᠡᠲᠦ ᠲᠡᠮᠳᠡᠭ᠎ᠤᠨ ᠰᠢᠰᠲᠸᠮ᠎ᠢ ᠪᠠᠢ᠌ᠭᠤᠯᠤᠨ᠎ᠠ᠃ ᠪᠦᠬᠦ ᠤᠯᠤᠰ᠎ᠤᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠢ ᠲᠤᠰᠬᠤᠨ᠎ᠤ ᠨᠡᠷ᠎ᠡ ᠵᠢᠨ ᠪᠦᠷᠢᠳᠬᠡᠯ ᠬᠢᠵᠦ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠯᠢᠳᠡᠭ ᠢᠨᠵᠸᠨ᠋ᠸᠷᠢᠩ᠎ᠢ ᠦᠷᠨᠢᠭᠦᠯᠦᠨ᠂ ᠪᠦᠬᠦ ᠤᠯᠤᠰ᠎ᠲᠤ ᠨᠢᠬᠡ ᠪᠦᠯᠦᠭ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠢᠯᠢᠳᠡᠭ ᠲᠤᠰᠬᠤᠨ᠂ ᠰᠢᠯᠢᠳᠡᠭ ᠨᠢᠭᠡᠴᠢ ᠵᠢ ᠪᠤᠢ᠌ᠵᠢᠭᠤᠯᠤᠨ᠎ᠠ᠃ ᠨᠦᠬᠦᠴᠡᠯ ᠪᠦᠷᠢᠳᠦᠭᠰᠡᠨ ᠭᠠᠵᠠᠷ ᠤᠷᠤᠨ᠎ᠳᠤ ᠬᠦᠳᠡᠭᠡ ᠲᠤᠰᠬᠤᠨ᠎ᠤ ᠬᠤᠷᠠᠮᠳᠤᠨ ᠬᠦᠭᠵᠢᠬᠦ ᠵᠢ ᠵᠤᠷᠢᠭᠵᠢᠭᠤᠯᠤᠨ᠂ ᠨᠦᠯᠦᠭᠡᠯᠡᠬᠦ ᠬᠦᠴᠦᠨ᠎ᠲᠠᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠵᠤᠷᠢᠭᠰᠠᠨ ᠭᠠᠵᠠᠷ᠎ᠢ ᠢᠲᠡᠪᠬᠢᠲᠠᠢ ᠪᠠᠢ᠌ᠭᠤᠯᠤᠨ᠎ᠠ᠃ ᠡᠬᠢ ᠪᠠᠶᠠᠯᠢᠭ᠎ᠤᠨ ᠨᠦᠬᠦᠴᠡᠯ ᠰᠠᠢ᠌ᠲᠠᠢ᠂ ᠰᠠᠭᠤᠷᠢ ᠲᠦᠭᠦᠭᠡᠷᠦᠮᠵᠢ᠎ᠨᠢ ᠲᠡᠭᠦᠯᠳᠡᠷᠵᠢᠭᠰᠡᠨ᠂ ᠨᠡᠢ᠌ᠲᠡ ᠵᠢᠨ ᠦᠢ᠍ᠯᠡᠴᠢᠯᠡᠭᠡᠨ᠎ᠤ ᠰᠢᠰᠲᠸᠮ᠎ᠨᠢ ᠪᠦᠷᠢᠨᠰᠢᠭᠰᠡᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠴᠡᠭ᠎ᠤᠨA ᠳᠡᠰ᠎ᠤᠨ ᠦᠵᠡᠮᠵᠢ ᠵᠢᠨ ᠤᠷᠤᠨ᠂ ᠤᠨᠴᠠᠯᠢᠭᠲᠤ ᠵᠢᠵᠢᠭ ᠪᠠᠯᠭ᠋ᠠᠰᠣ ᠵᠡᠷᠭᠡ ᠨᠡᠷᠡᠲᠦ ᠲᠡᠮᠳᠡᠭ᠎ᠢ ᠭᠤᠶᠤᠴᠢᠯᠠᠨ ᠮᠡᠳᠡᠭᠦᠯᠵᠦ ᠪᠦᠲᠦᠭᠡᠨ ᠪᠠᠢ᠌ᠭᠤᠯᠬᠤ ᠵᠢ ᠳᠡᠮᠵᠢᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠠᠮᠢ ᠠᠬᠤᠢ ᠤᠷᠴᠢᠨ ᠲᠤᠭᠤᠷᠢᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
13. ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠵᠡᠩᠨᠡᠨ ᠪᠤᠷᠤᠯᠠᠭᠤᠯᠤᠯᠳᠠ ᠵᠢᠨ ᠬᠡᠯᠪᠡᠷᠢ ᠵᠢ ᠰᠢᠨ᠎ᠡ᠎ᠪᠠᠷ ᠡᠭᠦᠳᠦᠨ᠎ᠡ
ᠵᠠᠰᠠᠭ᠎ᠤᠨ ᠤᠷᠳᠤᠨ᠎ᠤ ᠢᠳᠡᠪᠬᠢ ᠦᠢ᠍ᠯᠡᠳᠤᠯ᠎ᠢ ᠪᠠᠳᠠᠷᠠᠭᠤᠯᠤᠨ᠂ ᠨᠡᠢ᠌ᠭᠡᠮ᠎ᠤᠨ ᠬᠦᠴᠦᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠬᠠᠭᠤᠯᠤᠨ ᠲᠡᠯᠭᠡᠷᠡᠭᠦᠯᠭᠦ ᠪᠠ ᠤᠯᠠᠮᠵᠢᠯᠠᠬᠤ ᠦᠢ᠍ᠯᠡᠴᠢᠯᠡᠭᠡ᠎ᠳᠤ ᠤᠷᠤᠯᠴᠠᠬᠤ ᠵᠢ ᠵᠤᠷᠢᠭᠵᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠬᠠᠭᠤᠯᠬᠤ ᠬᠦᠳᠡᠯᠭᠡᠭᠡᠨ᠎ᠢ ᠡᠯ᠎ᠡ ᠭᠠᠵᠠᠷ᠎ᠲᠤ ᠦᠷᠨᠢᠭᠦᠯᠦᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠵᠤᠴᠢᠳ᠎ᠤᠨ ᠢᠷᠡᠯᠲᠡ ᠵᠢᠨ ᠵᠠᠬ᠎ᠠ ᠲᠡᠯᠭᠡᠭᠦᠷ᠎ᠢ ᠦᠷᠭᠡᠳᠬᠡᠨ᠎ᠡ᠃ ᠲᠸᠯᠸᠢᠰ᠂ ᠷᠠᠳᠢᠣ᠋ ᠬᠤᠷᠢᠶ᠎ᠠ᠂ ᠰᠤᠨᠢᠨ ᠵᠡᠷᠭᠡ ᠤᠯᠠᠮᠵᠢᠯᠠᠯᠲᠦ ᠵᠠᠭᠤᠴᠢᠯᠠᠭᠤᠷ᠎ᠤᠨ ᠡᠬᠢ ᠪᠠᠶᠠᠯᠢᠭ᠎ᠲᠤ ᠲᠦᠰᠢᠭᠯᠡᠨ᠂ ᠵᠢᠭᠤᠯᠴᠢᠯᠠᠯ᠎ᠤᠨ ᠲᠡᠯᠭᠡᠷᠡᠭᠦᠯᠦᠨ ᠲᠠᠨᠢᠯᠴᠠᠭᠤᠯᠬᠤ ᠬᠤᠷᠠᠯ᠂ ᠦᠵᠡᠰᠭᠦᠯᠡᠩ᠂ ᠴᠢᠬᠤᠯᠠ ᠬᠦᠳᠡᠯᠭᠡᠭᠡᠨ ᠵᠡᠷᠭᠡ ᠲᠡᠪᠴᠠᠩᠢ ᠠᠰᠢᠭᠯᠠᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠤᠬᠠᠭᠤᠯᠭ᠎ᠠ᠎ᠪᠠᠨ ᠦᠷᠭᠡᠳᠬᠡᠨ᠎ᠡ᠃ ᠰᠢᠨ᠎ᠡ ᠵᠠᠭᠤᠴᠢᠯᠠᠭᠤᠷ᠂ ᠬᠤᠪᠢ ᠵᠢᠨ ᠵᠠᠭᠤᠴᠢᠯᠠᠭᠤᠷ᠎ᠢ ᠭᠦᠢ᠍ᠴᠡᠳ ᠠᠰᠢᠭᠯᠠᠨ᠂ ᠡᠯᠸᠺᠲᠷᠤᠨ ᠬᠤᠳᠠᠯᠳᠤᠭ᠋ᠠᠨ᠎ᠤ ᠶᠠᠪᠤᠳᠠᠯ᠎ᠤᠨ ᠲᠠᠪᠴᠠᠩ᠎ᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠰᠤᠪᠠᠭ ᠪᠠᠢ᠌ᠭᠤᠯᠬᠤ ᠵᠢ ᠳᠡᠮᠵᠢᠨ᠂ ᠰᠦᠯᠵᠢᠶᠡᠨ ᠲᠡᠭᠡᠷ᠎ᠡ ᠤᠬᠠᠭᠤᠯᠤᠨ ᠲᠡᠯᠭᠡᠷᠡᠭᠦᠯᠭᠦ ᠪᠠ ᠦᠢ᠍ᠯᠡᠳᠭᠦᠨ ᠪᠤᠷᠤᠯᠠᠭᠤᠯᠬᠤ ᠵᠡᠷᠭᠡ ᠵᠢ ᠦᠷᠨᠢᠭᠦᠯᠦᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠳᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ ᠶᠤᠰᠤᠭ᠋ᠠᠷ ᠬᠤᠪᠢᠶᠠᠷᠢᠯᠠᠨ ᠬᠠᠷᠢᠭᠤᠴᠠᠨ᠎ᠠ᠃)
ᠵᠢᠷᠭᠤᠭ᠎ᠠ᠂ ᠲᠠᠷᠢᠶᠠᠴᠢᠨ᠎ᠤ ᠠᠰᠢᠭ ᠬᠦᠷᠲᠡᠭᠦ ᠵᠢ ᠴᠢᠬᠤᠯᠠᠴᠢᠯᠠᠨ᠂ ᠶᠠᠳᠠᠭᠤ᠎ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ᠎ᠳᠤ ᠬᠦᠴᠦᠨ ᠨᠡᠮᠡᠷᠢᠯᠡᠨ᠎ᠡ
14. ᠬᠦᠭᠵᠢᠯᠲᠡ ᠵᠢᠨ ᠬᠡᠯᠪᠡᠷᠢ ᠵᠢ ᠰᠦᠪᠡᠭᠴᠢᠯᠡᠨ ᠲᠡᠯᠭᠡᠷᠡᠭᠦᠯᠦᠨ᠎ᠡ
ᠵᠢᠭᠤᠯᠴᠢᠯᠠᠯ᠎ᠤᠨ ᠦᠢ᠍ᠯᠡᠴᠢᠯᠡᠭᠡᠨ᠎ᠤ ᠭᠠᠵᠠᠷ᠎ᠨᠢ ᠵᠢᠭᠤᠯᠴᠢᠯᠠᠭᠴᠢᠳ᠎ᠤᠨ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠠᠰᠢᠭᠯᠠᠨ᠂ ᠬᠠᠮᠤᠭ ᠶᠡᠬᠡ ᠬᠡᠮᠵᠢᠶ᠎ᠡ᠎ᠪᠠᠷ ᠵᠢᠭᠤᠯᠴᠢᠯᠠᠯ᠎ᠤᠨ ᠡᠬᠢ ᠪᠠᠶᠠᠯᠢᠭ ᠵᠶ᠋ᠠᠨ ᠤᠬᠠᠭᠤᠯᠤᠨ ᠲᠠᠨᠢᠯᠴᠠᠭᠤᠯᠤᠨ ᠲᠡᠯᠭᠡᠷᠡᠭᠦᠯᠭᠦ ᠵᠢᠨ ᠬᠠᠮᠲᠤ ᠵᠢᠭᠤᠯᠴᠢᠯᠠᠭᠴᠢᠳ᠎ᠢ ᠵᠤᠬᠢᠶᠠᠨ ᠪᠠᠢ᠌ᠭᠤᠯᠵᠤ᠂ ᠬᠠᠮᠲᠤᠷᠠᠨ ᠡᠵᠡᠩᠨᠡᠨ ᠪᠤᠷᠤᠯᠠᠭᠤᠯᠬᠤ ᠵᠡᠷᠭᠡ ᠬᠡᠯᠪᠡᠷᠢ᠎ᠪᠠᠷ ᠵᠠᠬ᠎ᠠ ᠲᠡᠯᠭᠡᠭᠦᠷ᠎ᠤᠨ 《ᠵᠢᠭᠤᠯᠴᠢᠯᠠᠯ ᠤᠨ ᠦᠢ᠍ᠯᠡᠴᠢᠯᠡᠬᠡᠨ ᠤ ᠭᠠᠵᠠᠷ᠎ᠨᠢ ᠲᠤᠰᠬᠤᠨ ᠵᠶ᠋ᠠᠨ ᠳᠠᠭ᠋ᠠᠭᠤᠯᠬᠤ》 ᠬᠡᠪ ᠮᠠᠶᠢᠭ᠎ᠢ ᠬᠠᠮᠲᠤ᠎ᠪᠠᠷ ᠨᠡᠬᠡᠬᠡᠭᠦ ᠵᠢ ᠳᠡᠮᠵᠢᠨ᠎ᠡ᠃ ᠦᠵᠡᠮᠵᠢ ᠵᠢᠨ ᠤᠷᠤᠨ ᠤ ᠡᠷᠬᠢᠨ ᠲᠤᠭᠤᠷᠢᠨ ᠵᠶ᠋ᠠᠨ ᠨᠡᠢ᠌ᠳᠡᠮ ᠲᠠᠢ᠌ᠴᠢᠯᠠᠨ ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠭᠵᠢᠭᠦᠯᠭᠦ ᠵᠢ ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ ᠪᠠ ᠦᠵᠡᠮᠵᠢ ᠵᠢᠨ ᠤᠷᠤᠨ᠎ᠤ ᠬᠠᠮᠲᠤ ᠤᠷᠤᠰᠢᠨ᠂ ᠬᠠᠮᠲᠤ ᠬᠦᠭᠵᠢᠬᠦ᠂ ᠬᠠᠮᠲᠤ ᠪᠠᠢ᠌ᠭᠤᠯᠤᠨ ᠬᠠᠮᠲᠤ ᠡᠳ᠋ᠯᠡᠬᠦ 《ᠦᠵᠡᠮᠵᠢ ᠵᠢᠨ ᠤᠷᠤᠨ᠎ᠨᠢ ᠲᠤᠰᠬᠤᠨ ᠵᠶ᠋ᠠᠨ ᠳᠠᠭ᠋ᠠᠭᠤᠯᠬᠤ》 ᠬᠡᠪ ᠮᠠᠶᠢᠭ᠎ᠢ ᠲᠦᠯᠦᠪᠰᠢᠷᠡᠭᠦᠯᠦᠨᠡ᠃ ᠡᠵᠡᠩᠨᠡᠯᠲᠡ ᠵᠢᠨ ᠴᠢᠳᠠᠪᠤᠷᠢ᠎ᠲᠠᠢ᠂ ᠬᠠᠮᠢᠶᠠᠷᠤᠯᠲᠠ᠎ᠳᠤ᠎ᠪᠠᠨ ᠴᠢᠳᠠᠮᠠᠭ᠋ᠠᠢ ᠲᠤᠰ ᠭᠠᠵᠠᠷ᠎ᠤᠨ ᠪᠤᠶᠤ ᠨᠤᠲᠤᠭ᠎ᠲᠤ᠎ᠪᠠᠨ ᠪᠤᠴᠠᠭᠰᠠᠨ ᠴᠢᠳᠠᠪᠤᠷᠢᠲᠠᠨ᠎ᠤ ᠵᠢᠭᠤᠯᠴᠢᠯᠠᠯ᠎ᠳᠤ ᠪᠡᠯᠡ ᠤᠷᠤᠭᠤᠯᠬᠤ᠂ ᠠᠵᠢᠯ ᠤᠯᠭᠤᠯᠲᠠ ᠵᠢ ᠰᠢᠩᠭᠡᠭᠡᠨ ᠠᠪᠬᠤ᠂ ᠠᠳᠠᠯ ᠦᠢ᠍ᠯᠡᠰ ᠴᠤᠭᠴᠠᠯᠠᠬᠤ ᠵᠢ ᠳᠠᠢ᠌ᠴᠢᠯᠠᠬᠤ ᠠᠷᠭ᠎ᠠ᠎ᠪᠠᠷ ᠲᠠᠷᠢᠶᠠᠴᠢᠳ᠎ᠢ ᠲᠠᠢ᠌ᠴᠢᠯᠠᠨ ᠤᠷᠤᠯᠭ᠎ᠠ ᠵᠢ᠎ᠨᠢ ᠨᠡᠮᠡᠭᠳᠡᠭᠦᠯᠦᠨ ᠪᠠᠶᠠᠵᠢᠭᠤᠯᠬᠤ 《ᠴᠢᠳᠠᠪᠤᠷᠢᠳᠠᠨ ᠡᠷᠦᠬᠡ ᠵᠢ ᠲᠠᠭ᠋ᠠᠭᠤᠯᠬᠤ》 ᠬᠡᠪ ᠮᠠᠶᠢᠭ᠎ᠢ ᠬᠦᠴᠦᠲᠡᠢ ᠳᠡᠮᠵᠢᠨ᠎ᠡ᠃ ᠠᠵᠤ ᠠᠬᠤᠢ᠌ᠯᠠᠯ᠎ᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠵᠡᠩᠨᠡᠯᠲᠡ ᠵᠢᠨ ᠤᠲᠤᠷᠢᠲᠤᠮᠵᠢ ᠪᠤᠯᠭ᠋ᠠᠬᠤ ᠵᠢ ᠲᠠᠰᠤᠷᠠᠯᠲᠠ ᠦᠭᠡᠢ ᠪᠤᠵᠠᠭ᠋ᠠᠢ᠌ᠷᠠᠭᠤᠯᠤᠨ᠂ ᠲᠤᠬᠠᠢ ᠵᠢᠨ ᠭᠠᠵᠠᠷ᠎ᠤᠨ ᠲᠤᠰᠬᠤᠨ᠎ᠤ ᠠᠷᠠᠳ᠎ᠤᠨ ᠡᠵᠡᠩᠨᠡᠯᠲᠡ ᠪᠤᠶᠤ ᠬᠠᠮᠢᠶᠠᠷᠤᠯᠲᠠ ᠵᠢᠨ 《ᠺᠤᠮᠫᠠᠨᠢ + ᠲᠠᠷᠢᠶᠠᠴᠢᠨ》 ᠭᠡᠪ ᠮᠠᠶᠢᠭ᠎ᠢ ᠰᠢᠩᠭᠡᠭᠡᠨ ᠠᠪᠤᠨ᠎ᠠ᠃ ᠲᠤᠰᠬᠠᠢ᠌ᠵᠢᠭᠤᠯᠤᠭᠰᠠᠨ ᠦᠢ᠍ᠯᠡᠴᠢᠯᠡᠭᠡᠨ ᠪᠠ ᠬᠡᠪᠴᠢᠶᠡᠰᠢᠭᠰᠡᠨ ᠡᠵᠡᠩᠨᠡᠯᠲᠡ ᠵᠢᠨ ᠬᠠᠷᠢᠯᠴᠠᠨ ᠤᠶᠠᠯᠳᠤᠭᠰᠠᠨ 《ᠬᠤᠷᠰᠢᠶ᠎ᠠ + ᠲᠠᠷᠢᠶᠠᠴᠢᠨ》᠎ᠤ ᠬᠡᠪ ᠮᠠᠶᠢᠭ᠎ᠢ ᠤᠳᠤᠷᠢᠲᠤᠨ ᠲᠦᠷᠢᠮᠵᠢᠭᠦᠯᠦᠨ᠎ᠡ᠃ ᠡᠯ᠎ᠡ ᠭᠠᠵᠠᠷ᠎ᠤᠨ ᠪᠤᠲᠠᠲᠠᠢ᠎ᠠᠴᠠ ᠡᠭᠦᠰᠦᠨ᠂ ᠤᠯᠠᠨ ᠡᠳᠡᠭᠡᠳ ᠤᠷᠤᠯᠴᠠᠨ᠂ ᠪᠠᠢ᠌ᠭᠤᠯᠤᠮᠵᠢ᠎ᠨᠢ ᠲᠡᠭᠦᠯᠳᠡᠷᠵᠢᠭᠰᠡᠨ᠂ ᠬᠠᠷᠢᠯᠴᠠᠨ ᠠᠰᠢᠭᠯᠠᠨ ᠬᠠᠮᠲᠤ᠎ᠪᠠᠷ ᠤᠯᠬᠤ ᠵᠢᠨ ᠰᠢᠨ᠎ᠡ ᠬᠡᠪ ᠮᠠᠶᠢᠭ ᠰᠢᠨ᠎ᠡ ᠬᠢᠭᠦ ᠠᠷᠭ᠎ᠠ ᠵᠢ ᠢᠳᠡᠪᠬᠢᠲᠡᠢ ᠰᠦᠪᠡᠭᠴᠢᠯᠡᠨ ᠲᠡᠯᠭᠡᠷᠡᠭᠦᠯᠭᠦ ᠵᠢ ᠵᠤᠷᠢᠭᠵᠢᠭᠤᠯᠤᠨ᠂ ᠲᠤᠭᠳᠠᠮᠠᠯ ᠴᠢᠨᠠᠷ ᠲᠤᠭᠳᠠᠮᠠᠯ ᠬᠡᠮᠵᠢᠶ᠎ᠡ᠎ᠲᠠᠢ ᠵᠠᠳᠠᠯᠤᠨ ᠰᠢᠨᠵᠢᠯᠡᠬᠦ ᠠᠵᠢᠯ᠎ᠤᠨ ᠡᠬᠡ ᠳᠠᠩᠰᠠ ᠵᠢ ᠪᠠᠢ᠌ᠭᠤᠯᠤᠨ᠂ ᠵᠢᠭᠤᠯᠴᠢᠯᠠᠯ᠎ᠤᠨ ᠶᠠᠳᠠᠭᠤ ᠵᠢ ᠳᠡᠳᠭᠦᠭᠦ ᠠᠵᠢᠯ᠎ᠢ ᠳ᠋ᠦᠩᠨᠡᠨ ᠲᠡᠯᠭᠡᠷᠡᠭᠦᠯᠦᠨ᠎ᠡ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠠᠳᠠᠭᠤ ᠵᠢ ᠳᠡᠳᠭᠦᠭᠦ ᠠᠯᠪᠠᠨ ᠭᠡᠷ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
15. ᠠᠰᠢᠭ ᠲᠤᠰᠠ ᠪᠠ ᠪᠠᠢ᠌ᠭᠤᠯᠤᠮᠵᠢ ᠵᠢᠨ ᠬᠤᠯᠪᠤᠯᠳᠤᠬᠤ ᠵᠢ ᠲᠡᠭᠦᠯᠳᠡᠷᠵᠢᠭᠦᠯᠦᠨ᠎ᠡ
ᠭᠤᠤᠯᠳᠠᠯᠭ᠎ᠠ᠎ᠪᠠᠨ ᠲᠤᠪᠤᠢ᠌ᠯᠭ᠋ᠠᠨ᠂ ᠤᠨᠴᠠᠭ᠋ᠠᠢ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠨᠢ ᠵᠢᠭᠤᠯᠴᠢᠯᠠᠯ ᠵᠶ᠋ᠠᠷ ᠶᠠᠳᠠᠭᠤ ᠵᠢ ᠳᠡᠳᠭᠦᠭᠦ ᠠᠵᠢᠯ᠎ᠢ ᠰᠠᠢ᠌ᠲᠤᠷ ᠬᠢᠨ᠎ᠡ᠃ ᠤᠯᠠᠨ ᠡᠰᠢ ᠵᠢᠨ ᠠᠰᠢᠭ ᠲᠤᠰᠠ ᠪᠠ ᠪᠠᠢ᠌ᠭᠤᠯᠤᠮᠵᠢ ᠵᠢᠨ ᠬᠤᠯᠪᠤᠯᠳᠠᠬᠤ ᠵᠢ ᠪᠠᠢ᠌ᠭᠤᠯᠤᠨ ᠪᠦᠷᠢᠨᠰᠢᠭᠦᠯᠦᠨ᠂ ᠲᠠᠷᠢᠶᠠᠴᠢᠳ᠎ᠲᠤ ᠨᠡᠩ ᠰᠠᠢ᠌ᠨ ᠵᠢᠭᠤᠯᠴᠢᠯᠠᠯ᠎ᠤᠨ ᠬᠦᠭᠵᠢᠯᠲᠡ ᠵᠢᠨ ᠠᠰᠢᠭ ᠤᠯᠵᠠᠪᠤᠷᠢ ᠵᠢ ᠬᠤᠪᠢᠶᠠᠯᠴᠠᠨ ᠡᠳ᠋ᠯᠡᠭᠦᠯᠵᠤ᠂ ᠲᠠᠷᠢᠶᠠᠴᠢᠳ᠎ᠤᠨ ᠤᠷᠤᠯᠴᠠᠬᠤ ᠴᠢᠨᠠᠷ ᠪᠠ ᠬᠦᠷᠳᠡᠮᠵᠢ ᠵᠢᠨ ᠰᠡᠳᠬᠢᠭᠳᠡᠯ᠎ᠢ ᠳᠡᠭᠡᠭᠰᠢᠯᠡᠭᠦᠯᠦᠨ᠎ᠡ᠃ ᠡᠬᠢ ᠪᠠᠶᠠᠯᠢᠭ᠎ᠢ ᠡᠳ᠋ ᠬᠦᠷᠦᠩᠭᠡ ᠪᠤᠯᠭ᠋ᠠᠬᠤ᠂ ᠲᠠᠷᠢᠶᠠᠴᠢᠨ᠎ᠢ ᠬᠤᠪᠢ ᠤᠷᠤᠭᠤᠯᠤᠭᠴᠢ ᠪᠤᠯᠭ᠋ᠠᠬᠤ ᠠᠷᠭ᠎ᠠ ᠬᠡᠮᠵᠢᠶ᠎ᠡ ᠵᠢ ᠰᠦᠪᠡᠭᠴᠢᠯᠡᠨ᠂ ᠲᠤᠰᠬᠤᠨ᠎ᠤ ᠬᠠᠮᠲᠤ ᠨᠡᠢ᠌ᠲᠡ ᠪᠠ ᠠᠷᠠᠳ᠎ᠢ ᠳᠠᠭ᠋ᠠᠭᠤᠯᠤᠨ ᠪᠡᠯᠡ ᠮᠦᠩᠭᠦ᠂ ᠮᠡᠷᠭᠡᠵᠢᠯ᠂ ᠭᠠᠵᠠᠷ ᠰᠢᠷᠤᠢ᠂ ᠰᠢᠭᠤᠢ᠎ᠲᠠᠢ ᠭᠠᠵᠠᠷ᠂ ᠭᠡᠷ ᠪᠠᠢ᠌ᠰᠢᠩ ᠵᠢᠴᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠤᠷᠰᠢᠶ᠎ᠠ᠎ᠳᠤ ᠬᠤᠪᠢ ᠤᠷᠤᠭᠤᠯᠤᠨ ᠵᠢᠭᠤᠯᠴᠢᠯᠠᠯ᠎ᠤᠨ ᠠᠵᠤ ᠠᠬᠤᠢ᠌ᠯᠠᠯ ᠠᠰᠢᠭ ᠬᠦᠷᠲᠡᠨ᠂ ᠠᠵᠤ ᠠᠬᠤᠢ᠌ᠯᠠᠯ᠎ᠤᠨ ᠪᠠᠲᠤᠯᠭ᠋ᠠᠲᠤ ᠤᠷᠤᠯᠭ᠎ᠠ ᠬᠤᠪᠢᠶᠠᠬᠤ ᠵᠢ ᠵᠤᠷᠢᠭᠵᠢᠭᠤᠯᠤᠨ᠎ᠠ᠃ ᠶᠠᠳᠠᠭᠤ ᠬᠦᠴᠢᠷᠳᠡᠯ᠎ᠲᠠᠢ ᠭᠠᠵᠠᠷ ᠤᠷᠤᠨ᠎ᠳᠤ ᠨᠢᠭᠡ ᠪᠦᠯᠦᠭ ᠬᠦᠳᠡᠭᠡ ᠲᠤᠰᠬᠤᠨ᠎ᠤ ᠠᠷᠠᠳ᠎ᠤᠨ ᠬᠤᠨᠤᠬᠤ ᠭᠡᠷ᠎ᠢ ᠦᠭᠡᠷᠡᠴᠢᠯᠡᠨ ᠭᠤᠤᠯᠳᠠᠯᠭ᠎ᠠ᠎ᠲᠠᠢ ᠵᠢᠭᠤᠯᠴᠢᠯᠠᠯ ᠵᠶ᠋ᠠᠷ ᠶᠠᠳᠠᠭᠤ ᠵᠢ ᠳᠡᠳᠭᠦᠭᠦ ᠲᠦᠷᠦᠯ ᠵᠦᠢ᠍ᠯ ᠪᠤᠯᠭ᠋ᠠᠨ ᠪᠡᠶᠡᠯᠡᠭᠦᠯᠭᠦ᠎ᠪᠠᠷ ᠳᠠᠮᠵᠢᠨ᠂ ᠶᠠᠳᠠᠭᠤ ᠬᠦᠴᠢᠷᠳᠡᠯ᠎ᠲᠠᠢ ᠤᠯᠠᠨ ᠲᠦᠮᠡᠨ᠎ᠢ ᠤᠲᠤᠷᠢᠳᠤᠨ ᠰᠤᠯᠠ ᠪᠠᠢ᠌ᠬᠤ ᠭᠡᠷ ᠪᠠᠢ᠌ᠰᠢᠩ᠎ᠢ᠎ᠨᠢ ᠵᠠᠰᠠᠨ ᠰᠠᠢ᠌ᠵᠢᠷᠠᠭᠤᠯᠤᠨ᠂ ᠡᠯ᠎ᠡ ᠭᠠᠵᠠᠷ᠎ᠢ ᠵᠢᠯᠤᠭᠤᠳᠤᠨ ᠦᠮᠴᠢᠯᠡᠬᠦ ᠡᠷᠭᠡ᠎ᠨᠢ ᠨᠠᠷᠢᠨ ᠲᠤᠳᠤᠷᠬᠠᠢ ᠰᠠᠭᠤᠷᠢᠨ ᠳᠡᠭᠡᠷ᠎ᠡ ᠶᠠᠳᠠᠭᠤ ᠵᠢ ᠪᠠᠭ᠋ᠠᠰᠬᠠᠬᠤ ᠪᠦᠲᠦᠮᠵᠢᠲᠡᠢ ᠪᠠᠢ᠌ᠭᠤᠯᠤᠮᠵᠢ ᠵᠢ ᠪᠠᠢ᠌ᠭᠤᠯᠤᠨ᠂ ᠶᠠᠳᠠᠭᠤ ᠬᠦᠴᠢᠷᠳᠡᠯ᠎ᠲᠠᠢ ᠤᠯᠠᠨ ᠲᠦᠮᠡᠨ᠎ᠤ ᠠᠰᠢᠭ ᠤᠯᠵᠠᠪᠤᠷᠢ ᠵᠢ ᠨᠡᠮᠡᠭᠳᠡᠭᠦᠯᠦᠨ᠎ᠡ᠃ ᠲᠤᠬᠠᠢ ᠵᠢᠨ ᠭᠠᠵᠠᠷ᠎ᠤᠨ ᠲᠤᠰᠬᠤᠨ᠎ᠤ ᠠᠷᠠᠳ ᠪᠠ ᠨᠤᠲᠤᠭ᠎ᠲᠤ᠎ᠪᠠᠨ ᠪᠤᠴᠠᠭᠰᠠᠨ ᠬᠦᠮᠦᠰ᠎ᠤᠨ ᠦᠢ᠍ᠯᠡᠰ ᠪᠦᠲᠦᠭᠡᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠵᠡᠩᠨᠡᠯᠲᠡ ᠪᠠ ᠦᠢ᠍ᠯᠡᠴᠢᠯᠡᠭᠡᠨ᠎ᠳᠤ ᠤᠷᠤᠯᠴᠠᠬᠤ ᠵᠢ ᠳᠡᠮᠵᠢᠨ᠎ᠡ᠃ ᠬᠦᠳᠡᠭᠡ ᠲᠤᠰᠬᠤᠨ᠎ᠤ ᠵᠢᠭᠤᠯᠴᠢᠯᠠᠯ᠎ᠤᠨ ᠠᠵᠤ ᠠᠬᠤᠢ᠌ᠯᠠᠯ᠎ᠢ ᠵᠤᠷᠢᠭᠵᠢᠭᠤᠯᠤᠨ ᠤᠷᠢᠳᠠᠪᠠᠷ ᠲᠤᠬᠠᠢ ᠵᠢᠨ ᠭᠠᠵᠠᠷ᠎ᠤᠨ ᠲᠤᠰᠬᠤᠨ᠎ᠤ ᠠᠷᠠᠳ᠎ᠲᠤ᠎ᠪᠠᠨ ᠠᠵᠢᠯ ᠤᠯᠭᠤᠨ᠎ᠠ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠢ ᠰᠢᠭᠤᠢ ᠨᠤᠲᠤᠭ ᠪᠡᠯᠴᠢᠭᠡᠷ᠎ᠤᠨ ᠲᠤᠪᠴᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠠᠳᠠᠭᠤ ᠵᠢ ᠳᠡᠳᠭᠦᠭᠦ ᠠᠯᠪᠠᠨ ᠭᠡᠷ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
ᠲᠤᠯᠤᠭ᠎ᠠ᠂ ᠪᠡᠯᠡ ᠮᠦᠩᠬᠦ ᠵᠢᠨ ᠡᠬᠢ ᠪᠠᠶᠠᠯᠢᠭ᠎ᠢ ᠨᠢᠭᠡᠳᠦᠭᠦᠯᠦᠨ᠂ ᠦᠨᠳᠦᠰᠦᠨ ᠨᠦᠬᠦᠴᠡᠯ᠎ᠤᠨ ᠪᠠᠲᠤᠯᠭ᠎ᠠ ᠵᠢ ᠴᠢᠩᠭ᠋ᠠᠷᠠᠭᠤᠯᠤᠨ᠎ᠠ
16. ᠡᠳ᠋᠎ᠤᠨ ᠵᠠᠰᠠᠭ᠎ᠤᠨ ᠪᠡᠯᠡ ᠤᠷᠤᠭᠤᠯᠬᠤ ᠪᠠᠢ᠌ᠭᠤᠯᠤᠮᠵᠢ ᠵᠢ ᠲᠡᠭᠦᠯᠲᠡᠷᠵᠢᠭᠦᠯᠦᠨ᠎ᠡ
ᠬᠦᠳᠡᠭᠡ ᠲᠤᠰᠬᠤᠨ᠎ᠳᠤ ᠵᠢᠭᠤᠯᠴᠢᠯᠠᠯ᠎ᠤᠨ ᠲᠦᠷᠦᠯ ᠵᠦᠢ᠍ᠯ᠎ᠤᠨ ᠪᠡᠯᠡ ᠮᠦᠩᠬᠦ ᠵᠢᠨ ᠲᠡᠮᠵᠢᠬᠦ ᠬᠦᠴᠦᠨ᠎ᠢ ᠶᠡᠭᠡᠰᠬᠡᠨ ᠨᠦᠬᠦᠴᠡᠯ ᠱᠠᠭ᠋ᠠᠷᠳᠠᠯᠭ᠎ᠠ᠎ᠲᠠᠢ ᠭᠠᠵᠠᠷ ᠤᠷᠤᠨ᠎ᠤ ᠤᠲᠤ ᠪᠠᠢ᠌ᠭ᠎ᠠ ᠪᠡᠯᠡ ᠮᠦᠩᠬᠦ ᠵᠢᠨ ᠠᠷᠭ᠎ᠠ ᠵᠠᠮ ᠵᠢᠨ ᠨᠢᠭᠡᠲᠦᠯᠲᠠᠢ ᠲᠦᠯᠦᠪᠵᠢᠭᠦᠯᠦᠨ ᠠᠰᠢᠭᠯᠠᠬᠤ ᠵᠢ ᠵᠤᠷᠢᠭᠵᠢᠭᠤᠯᠤᠨ᠂ ᠲᠤᠰᠬᠤᠨ᠎ᠤ᠎ᠪᠠᠨ ᠵᠢᠰᠤ ᠪᠠᠢ᠌ᠳᠠᠯ᠎ᠢ ᠳᠡᠭᠡᠭᠰᠢᠯᠡᠭᠦᠯᠬᠦ ᠵᠢ ᠢᠳᠡᠭᠬᠢᠲᠠᠢ ᠳᠡᠮᠵᠢᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠢ ᠲᠤᠰᠬᠤᠨ᠎ᠤ ᠵᠠᠮ᠂ ᠲᠡᠷᠭᠡᠨ ᠵᠤᠭᠰᠤᠭ᠋ᠠᠯ᠂ ᠵᠤᠷᠯᠤᠩ᠂ ᠬᠤᠭ ᠨᠤᠪᠰᠢ ᠪᠤᠵᠠᠷ ᠤᠰᠤ ᠵᠢ ᠰᠢᠢ᠍ᠳᠪᠦᠷᠢᠯᠡᠬᠦ ᠵᠡᠷᠭᠡ ᠰᠠᠭᠤᠷᠢ ᠦᠢ᠍ᠯᠡᠴᠢᠯᠡᠭᠡᠨ᠎ᠤ ᠲᠦᠭᠦᠭᠡᠷᠦᠮᠵᠢ ᠵᠢ ᠰᠠᠢ᠌ᠵᠢᠷᠠᠭᠤᠯᠤᠨ᠎ᠠ᠃ ᠲᠤᠭᠳᠠᠭ᠋ᠠᠯ ᠶᠤᠰᠤ᠎ᠪᠠᠷ ᠨᠢᠭᠡᠲᠦᠯᠲᠠᠢ ᠲᠦᠯᠦᠪᠵᠢᠭᠦᠯᠦᠭᠰᠡᠨ ᠬᠠᠮᠢᠶ᠎ᠠ ᠪᠦᠬᠦᠢ ᠲᠠᠷᠢᠶᠠᠯᠠᠩ ᠪᠠ ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠮᠦᠵᠢᠭᠦᠯᠦᠨ ᠬᠦᠭᠵᠢᠭᠦᠯᠬᠦ᠎ᠳᠤ ᠬᠡᠷᠡᠭᠯᠡᠵᠦ ᠪᠤᠯᠤᠨ᠎ᠠ᠃ (ᠡᠳ᠋᠎ᠤᠨ ᠵᠠᠰᠠᠭ᠎ᠤᠨ ᠶᠠᠮᠤᠨ᠂ ᠬᠦᠭᠵᠢᠭᠦᠯᠦᠯᠲᠡ ᠦᠭᠡᠷᠡᠴᠢᠯᠡᠯᠲᠡ ᠵᠢᠨ ᠵᠦᠪᠯᠡᠯ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
17᠂ ᠬᠡᠷᠡᠭᠯᠡᠬᠦ ᠭᠠᠵᠠᠷ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ
ᠡᠯ᠎ᠡ ᠭᠠᠵᠠᠷ᠎ᠨᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠨᠤᠲᠤᠭ ᠲᠡᠪᠢᠰᠭᠡᠷ᠎ᠤᠨ ᠤᠷᠤᠨ ᠵᠠᠢ ᠵᠢᠨ ᠲᠦᠯᠦᠪᠵᠢᠭᠦᠯᠬᠡ ᠪᠠ ᠭᠠᠵᠠᠷ ᠲᠠᠷᠢᠶ᠎ᠠ ᠵᠢ ᠠᠰᠢᠭᠯᠠᠬᠤ ᠵᠢᠯ᠎ᠤᠨ ᠲᠦᠯᠦᠪᠯᠡᠭᠡ᠎ᠳᠤ᠎ᠪᠠᠨ ᠤᠷᠤᠭᠤᠯᠤᠨ ᠨᠢᠭᠡᠲᠦᠯᠲᠠᠢ ᠲᠦᠯᠦᠪᠵᠢᠭᠦᠯᠦᠨ ᠲᠤᠬᠢᠷᠠᠭᠤᠯᠬᠤ ᠬᠡᠷᠡᠭᠲᠠᠢ᠂ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠱᠠᠭ᠋ᠠᠷᠳᠠᠯᠭ᠎ᠠ ᠪᠠ ᠬᠠᠮᠢᠶ᠎ᠠ ᠪᠦᠬᠦᠢ ᠲᠤᠭᠳᠠᠭ᠋ᠠᠯ ᠶᠤᠰᠤ᠎ᠪᠠᠷ ᠬᠦᠳᠡᠭᠡ ᠲᠤᠰᠬᠤᠨ᠎ᠤ ᠰᠤᠯᠠ ᠪᠠᠢ᠌ᠬᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠡᠬᠢ ᠰᠤᠷᠪᠤᠯᠵᠢ ᠵᠢ ᠠᠮᠢᠲᠤᠯᠢᠭ ᠪᠤᠯᠭ᠋ᠠᠨ᠂ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠳᠠ᠎ᠳᠤ ᠬᠡᠷᠡᠭᠯᠡᠬᠦ ᠭᠠᠵᠠᠷ᠎ᠢ ᠨᠡᠮᠡᠭᠳᠡᠯ ᠬᠠᠰᠤᠭᠳᠠᠯ᠎ᠲᠠᠢ ᠬᠤᠯᠪᠤᠬᠤ ᠵᠢ ᠦᠷᠨᠢᠭᠦᠯᠦᠨ᠂ ᠪᠦᠲᠦᠭᠡᠨ ᠪᠠᠢ᠌ᠭᠤᠯᠤᠯᠲᠠ ᠵᠢ ᠰᠠᠢ᠌ᠵᠢᠷᠠᠭᠤᠯᠤᠨ᠂ ᠰᠡᠯᠡᠭᠦᠴᠡᠯ ᠲᠠᠷᠢᠶᠠᠯᠠᠩ ᠪᠠ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ ᠵᠢ ᠠᠬᠢᠭᠤᠯᠤᠨ᠂ ᠭᠠᠵᠠᠷ ᠲᠠᠷᠢᠶ᠎ᠠ ᠵᠢ ᠭᠠᠮᠨᠠᠬᠤ᠂ ᠡᠷᠴᠢᠮᠯᠡᠬᠦ᠂ ᠠᠰᠢᠭᠯᠠᠬᠤ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠷᠬᠢᠯᠲᠡ ᠵᠢᠨ ᠬᠡᠯᠪᠡᠷᠢ᠎ᠪᠠᠷ ᠳᠠᠮᠵᠢᠨ ᠲᠡᠥᠬᠡ ᠵᠢᠨ ᠲᠤᠷᠠᠰᠬᠠᠯᠲᠤ ᠵᠦᠢ᠍ᠯᠡᠰ᠎ᠤᠨ ᠪᠠᠷᠢᠯᠭ᠎ᠠ᠎ᠳᠤ ᠬᠠᠮᠢᠶᠠᠳᠠᠬᠤ ᠲᠠᠷᠢᠶᠠᠴᠢᠳ᠎ᠤᠨ ᠭᠡᠷ ᠪᠠᠢ᠌ᠰᠢᠩ ᠵᠢᠴᠢ ᠤᠷᠤᠨ ᠰᠠᠭᠤᠴᠠ ᠵᠢᠨ ᠰᠠᠭᠤᠷᠢ ᠵᠢᠨ ᠡᠳ᠋ᠯᠡᠬᠦ ᠡᠷᠭᠡ ᠵᠢ ᠤᠯᠵᠤ᠂ ᠨᠢᠭᠡᠲᠦᠯᠲᠠᠢ ᠬᠠᠮᠠᠭ᠋ᠠᠯᠠᠨ ᠨᠡᠭᠡᠭᠡᠨ ᠠᠰᠢᠭᠯᠠᠬᠤ ᠵᠢ ᠵᠤᠷᠢᠭᠵᠢᠭᠤᠯᠤᠨ᠎ᠠ᠃ ᠲᠠᠷᠢᠶᠠᠴᠢᠳ᠎ᠤᠨ ᠤᠷᠤᠨ ᠰᠠᠭᠤᠴᠠ ᠵᠢᠨ ᠰᠠᠭᠤᠷᠢ ᠵᠢᠨ ᠪᠤᠳᠠᠰ᠎ᠤᠨ ᠡᠷᠭᠡ ᠵᠢᠨ ᠠᠰᠢᠭ᠎ᠢ ᠭᠦᠢ᠍ᠴᠡᠳ ᠪᠠᠲᠤᠯᠠᠬᠤ ᠤᠷᠢᠳᠠᠯ ᠲᠤᠤᠷ᠎ᠠ ᠬᠦᠳᠡᠭᠡ ᠲᠤᠰᠬᠤᠨ᠎ᠤ ᠬᠠᠮᠲᠤ ᠵᠢᠨ ᠠᠵᠤ ᠠᠬᠤᠢ᠌ᠯᠠᠯ᠎ᠤᠨ ᠵᠤᠬᠢᠶᠠᠨ ᠪᠠᠢ᠌ᠭᠤᠯᠤᠯᠲᠠ᠎ᠨᠢ ᠲᠦᠷᠢᠶᠡᠰᠤᠯᠡᠭᠦᠯᠬᠦ᠂ ᠬᠤᠪᠢ ᠤᠷᠤᠬᠤ᠂ ᠬᠤᠷᠰᠢᠬᠤ ᠵᠡᠷᠭᠡ ᠬᠡᠯᠪᠡᠷᠢ᠎ᠪᠠᠷ ᠰᠤᠯᠠ ᠪᠠᠢ᠌ᠬᠤ ᠤᠷᠤᠨ ᠰᠠᠭᠤᠴᠠ ᠵᠢᠨ ᠰᠠᠭᠤᠷᠢ ᠪᠠ ᠲᠠᠷᠢᠶᠠᠴᠢᠨ᠎ᠤ ᠭᠡᠷ ᠪᠠᠢ᠌ᠰᠢᠩ᠎ᠢ ᠠᠮᠢᠲᠤᠯᠢᠭ ᠠᠰᠢᠭᠯᠠᠬᠤ ᠵᠢ ᠰᠦᠪᠡᠭᠴᠢᠯᠡᠨ᠂ ᠲᠦᠯᠦᠪᠵᠢᠭᠦᠯᠬᠡ ᠵᠢᠨ ᠱᠠᠭ᠋ᠠᠷᠳᠠᠯᠭ᠎ᠠ ᠪᠠ ᠬᠡᠷᠡᠭᠯᠡᠬᠦ ᠭᠠᠵᠠᠷ᠎ᠤᠨ ᠪᠠᠷᠢᠮᠵᠢᠶ᠎ᠠ᠎ᠪᠠᠷ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠯᠢᠶᠡᠨ ᠵᠤᠴᠢᠯᠠᠬᠤ ᠪᠠ ᠬᠦᠳᠡᠯᠭᠡᠭᠡᠨ ᠬᠢᠬᠦ ᠭᠠᠵᠠᠷ᠎ᠢ ᠰᠢᠨᠡᠳᠬᠡᠨ ᠵᠠᠰᠠᠵᠤ ᠪᠠᠢ᠌ᠭᠤᠯᠤᠨ᠎ᠠ᠃ ᠲᠡᠥᠬᠡ ᠵᠢᠨ ᠦᠯᠡᠳᠡᠭᠳᠡᠯ ᠦᠢ᠍ᠯᠡᠳᠪᠦᠷᠢ ᠠᠭᠤᠷᠬᠠᠢ ᠵᠢᠨ ᠬᠠᠶᠠᠭᠳᠠᠯ᠎ᠤᠨ ᠭᠠᠵᠠᠷ᠎ᠢ ᠲᠠᠬᠢᠨ ᠠᠰᠢᠭᠯᠠᠬᠤ ᠵᠢ ᠲᠠᠮᠵᠢᠨ ᠠᠭᠯᠠᠭ ᠲᠠᠩ ᠵᠡᠷᠭᠡ ᠠᠰᠢᠭᠯᠠᠭ᠋ᠠᠲᠤᠢ ᠭᠠᠵᠠᠷ᠎ᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠭᠠᠵᠠᠷ ᠪᠤᠯᠭ᠋ᠠᠨ ᠨᠡᠭᠡᠭᠡᠨ᠎ᠡ᠃ (ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠷᠤᠨ ᠰᠠᠭᠤᠴᠠ ᠬᠤᠳᠠ ᠬᠦᠳᠡᠭᠡ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠤᠢ ᠰᠢᠭᠤᠢ ᠨᠤᠲᠤᠭ ᠪᠡᠯᠴᠢᠭᠡᠷ᠎ᠤᠨ ᠲᠤᠪᠴᠢᠶ᠎ᠠ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
18᠂ ᠮᠦᠩᠭᠦᠨ ᠭᠦᠢ᠍ᠯᠭᠡᠭᠡ ᠵᠢᠨ ᠲᠡᠮᠵᠢᠯᠭᠡ ᠵᠢ ᠴᠢᠩᠭ᠋ᠠᠳᠬᠠᠨ᠎ᠠ
ᠮᠦᠩᠭᠦᠨ ᠭᠦᠢ᠍ᠯᠭᠡᠭᠡ ᠵᠢᠨ ᠪᠠᠢ᠌ᠭᠤᠯᠤᠮᠵᠢ ᠵᠢᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ᠎ᠳᠤ ᠵᠢᠭᠡᠯᠡᠯᠭᠡ ᠵᠢᠨ ᠳᠡᠮᠵᠢᠯᠭᠡ ᠬᠠᠩᠭ᠋ᠠᠬᠤ ᠵᠢ ᠵᠤᠷᠢᠭᠵᠢᠭᠤᠯᠤᠨ᠂ ᠮᠦᠩᠭᠦᠨ ᠭᠦᠢ᠍ᠯᠭᠡᠭᠡ ᠵᠢᠨ ᠦᠢ᠍ᠯᠡᠳᠭᠦᠨ᠎ᠤ ᠰᠢᠨ᠎ᠡ ᠵᠢ ᠡᠭᠦᠳᠦᠨ᠂ ᠵᠢᠭᠡᠯᠡᠯᠭᠡ ᠵᠢᠨ ᠬᠤᠷᠢᠭ᠎ᠠ ᠵᠢ ᠪᠠᠭᠤᠷᠠᠭᠤᠯᠤᠨ᠂ ᠵᠢᠭᠡᠯᠡᠯᠭᠡ ᠵᠢᠨ ᠭᠠᠷ ᠭᠦᠢ᠍ᠴᠡᠳᠭᠡᠯ᠎ᠢ ᠲᠦᠭᠦᠮᠴᠢᠯᠡᠨ᠂ ᠢᠲᠡᠭᠡᠮᠵᠢᠲᠦ ᠵᠢᠭᠡᠯᠡᠯᠭᠡ ᠲᠠᠯᠪᠢᠬᠤ ᠬᠦᠴᠦᠯᠡᠴᠠ᠎ᠪᠠᠨ ᠶᠡᠬᠡᠰᠬᠡᠨ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠲᠦᠴᠢ ᠠᠵᠤ ᠠᠬᠤᠢ᠌ᠯᠠᠯ᠎ᠤᠨ ᠬᠦᠭᠵᠢᠯᠲᠡ᠎ᠳᠤ ᠲᠤᠰᠠᠯᠠᠨ᠎ᠠ᠃ ᠬᠠᠤᠯᠢ ᠶᠤᠰᠤ᠎ᠪᠠᠷ ᠲᠤᠭᠳᠠᠭ᠋ᠠᠯ᠎ᠳᠤ ᠨᠡᠢ᠌ᠴᠡᠭᠰᠡᠨ ᠬᠦᠳᠡᠭᠡ ᠲᠤᠰᠬᠤᠨ᠎ᠤ ᠳᠠᠭ᠋ᠠᠭ᠋ᠠᠴᠢᠯᠠᠭᠰᠠᠨ ᠭᠠᠵᠠᠷ ᠲᠠᠷᠢᠶ᠎ᠠ ᠵᠢᠨ ᠡᠵᠡᠩᠨᠡᠨ ᠬᠠᠮᠢᠶᠠᠷᠬᠤ ᠡᠷᠭᠡ᠂ ᠲᠠᠷᠢᠶᠠᠴᠢᠳ᠎ᠤᠨ ᠤᠷᠤᠨ ᠰᠠᠭᠤᠴᠠ ᠵᠢᠨ ᠡᠳ᠋ ᠬᠦᠷᠦᠩᠭᠡ ᠵᠢᠨ ᠡᠷᠭᠡ᠎ᠪᠠᠨ ᠪᠠᠷᠢᠴᠠᠭ᠋ᠠᠯᠠᠨ ᠵᠢᠭᠡᠯᠡᠯᠭᠡ ᠵᠢᠭᠡᠯᠡᠬᠦ ᠲᠤᠬᠠᠢ᠌ᠯᠠᠭᠰᠠᠨ ᠠᠵᠢᠯ᠎ᠢ ᠠᠬᠢᠭᠤᠯᠤᠨ᠂ ᠬᠠᠮᠲᠤ ᠵᠢᠨ ᠤᠢ ᠰᠢᠭᠤᠢ ᠵᠢᠨ ᠦᠮᠴᠢᠯᠡᠬᠦ ᠡᠷᠭᠡ᠎ᠪᠠᠨ ᠪᠠᠷᠢᠴᠠᠭ᠋ᠠᠯᠠᠨ ᠵᠢᠭᠡᠯᠡᠯᠭᠡ ᠠᠪᠬᠤ᠂ ᠵᠢᠭᠤᠯᠴᠢᠯᠠᠯ᠎ᠤᠨ ᠡᠭᠦᠳᠡᠨ ᠪᠸᠯᠲᠤᠨ ᠠᠰᠢᠭ ᠤᠯᠵᠠᠪᠤᠷᠢ᠎ᠪᠠᠨ ᠪᠠᠷᠢᠴᠠᠭ᠋ᠠᠯᠠᠨ ᠵᠢᠭᠡᠯᠡᠯᠭᠡ ᠠᠪᠬᠤ ᠲᠤᠬᠠᠢ᠌ᠯᠠᠭᠰᠠᠨ ᠠᠵᠢᠯ᠎ᠢ ᠢᠳᠡᠪᠬᠢᠲᠠᠢ ᠠᠬᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠬᠡ ᠮᠦᠩᠬᠦ᠎ᠪᠠᠨ ᠨᠡᠢ᠌ᠯᠡᠭᠦᠯᠬᠦ ᠬᠡᠪᠴᠢᠶ᠎ᠡ ᠵᠢ ᠦᠷᠭᠡᠳᠬᠡᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠡᠵᠡᠩᠨᠡᠨ ᠬᠠᠮᠢᠶᠠᠷᠤᠯᠲᠠ ᠵᠢᠨ ᠡᠷᠦᠬᠡ ᠵᠢᠨ ᠪᠠᠭ᠎ᠠ ᠲᠤᠭ᠎ᠠ ᠵᠢᠨ ᠵᠢᠭᠡᠯᠡᠯᠭᠡ ᠠᠪᠬᠤ᠎ᠪᠠᠷ ᠳᠠᠮᠵᠢᠨ ᠡᠬᠡ ᠮᠦᠩᠭᠦ᠎ᠪᠠᠨ ᠨᠡᠢ᠌ᠯᠡᠭᠦᠯᠬᠦ ᠵᠢ ᠳᠠᠭ᠋ᠠᠳᠬᠠᠯ ᠵᠶ᠋ᠠᠷ ᠪᠠᠲᠤᠯᠠᠭᠤᠯᠤᠨ᠎ᠠ᠃ ᠳᠠᠭ᠋ᠠᠳᠬᠠᠯ᠎ᠤᠨ ᠦᠢ᠍ᠯᠡᠰ᠎ᠤᠨ ᠬᠦᠳᠡᠭᠡ ᠲᠤᠰᠬᠤᠨ᠎ᠤ ᠵᠢᠭᠤᠯᠴᠢᠯᠠᠯ ᠲᠡᠢ᠌ᠰᠢ ᠰᠤᠩᠭ᠋ᠠᠨ ᠤᠲᠤᠷᠢᠳᠬᠤ ᠵᠢ ᠵᠤᠷᠢᠭᠵᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠳᠠᠭ᠋ᠠᠳᠬᠠᠯ᠎ᠤᠨ ᠦᠢ᠍ᠯᠡᠳᠭᠦᠨ᠎ᠢ ᠰᠦᠪᠡᠭᠴᠢᠯᠡᠨ ᠳᠡᠮᠵᠢᠨ᠎ᠡ᠃ (ᠡᠳ᠋᠎ᠤᠨ ᠵᠠᠰᠠᠭ᠎ᠤᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠠᠷᠠᠳ᠎ᠤᠨ ᠪᠠᠩᠬᠢ᠂ ᠪᠠᠩᠬᠢ ᠪᠠᠲᠤᠯᠠᠨ ᠬᠠᠮᠠᠭ᠋ᠠᠯᠠᠯᠲᠠ ᠵᠢᠨ ᠶᠠᠮᠤᠨ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
19᠂ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ
ᠬᠦᠳᠡᠭᠡ ᠲᠤᠰᠬᠤᠨ᠎ᠤ ᠵᠢᠭᠤᠯᠴᠢᠯᠠᠯ᠎ᠢ ᠰᠢᠶᠠᠩ ᠲᠤᠰᠬᠤᠨ᠎ᠢ ᠬᠦᠭᠵᠢᠭᠦᠯᠬᠦ᠂ ᠡᠯ᠎ᠡ ᠱᠠᠲᠤᠨ᠎ᠤ ᠺᠠᠳ᠋ᠷ᠎ᠤᠨ ᠪᠤᠯᠪᠠᠰᠤᠷᠠᠯ᠎ᠤᠨ ᠲᠦᠯᠦᠪᠯᠡᠭᠡ᠎ᠳᠤ ᠤᠷᠤᠭᠤᠯᠤᠨ᠂ ᠰᠢᠶᠠᠨ᠂ ᠰᠢᠶᠠᠩ ᠪᠠᠯᠭ᠋ᠠᠰᠤ ᠵᠢᠨ ᠨᠠᠮ ᠵᠠᠰᠠᠭ᠎ᠤᠨ ᠤᠲᠤᠷᠢᠳᠤᠯᠭ᠎ᠠ ᠵᠢᠨ ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠭᠵᠢᠭᠦᠯᠬᠦ ᠲᠤᠰᠬᠠᠢ ᠰᠡᠲᠤᠪᠲᠤ ᠪᠤᠯᠪᠠᠰᠤᠷᠠᠯ᠂ ᠬᠢᠨᠠᠨ ᠰᠤᠷᠭ᠋ᠠᠯᠲᠠ ᠵᠢ ᠭᠡᠷ᠎ᠲᠤ᠎ᠨᠢ ᠬᠦᠷᠭᠡᠬᠦ᠂ ᠨᠢᠭᠡ ᠨᠢᠭᠡ ᠡᠷᠦᠬᠡ ᠪᠷ ᠶᠠᠳᠠᠭᠤ ᠵᠢ ᠳᠡᠳᠭᠦᠭᠦ ᠵᠡᠷᠭᠡ ᠬᠡᠯᠪᠡᠷᠢ᠎ᠪᠠᠷ ᠳᠠᠮᠵᠢᠨ᠂ ᠤᠯᠠᠨ ᠲᠠᠪᠬᠤᠷᠭ᠋ᠠᠲᠤ᠂ ᠤᠯᠠᠨ ᠠᠷᠭ᠎ᠠ ᠵᠠᠮ ᠵᠶ᠋ᠠᠷ ᠬᠦᠳᠡᠭᠡ ᠲᠤᠰᠬᠤᠨ᠎ᠤ ᠵᠢᠭᠤᠯᠴᠢᠯᠠᠯ᠎ᠤᠨ ᠪᠤᠯᠪᠠᠰᠤᠷᠠᠯ᠎ᠢ ᠦᠷᠨᠢᠭᠦᠯᠦᠨ᠎ᠡ᠃ ᠡᠯ᠎ᠡ ᠱᠠᠲᠤᠨ᠎ᠤ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠲᠠᠷᠢᠶᠠᠯᠠᠩ ᠬᠦᠳᠡᠭᠡ ᠲᠤᠰᠬᠤᠨ᠂ ᠰᠤᠶᠤᠯ ᠪᠠ ᠵᠢᠭᠤᠯᠴᠢᠯᠠᠯ᠂ ᠶᠠᠳᠠᠭᠤ ᠵᠢ ᠳᠡᠳᠭᠦᠭᠦ ᠵᠡᠷᠭᠡ ᠰᠠᠯᠠᠭ᠎ᠠ ᠮᠦᠴᠢᠷ᠎ᠨᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠴᠢᠳᠠᠪᠤᠷᠢᠳᠠᠨ᠎ᠢ ᠬᠦᠮᠦᠵᠢᠭᠦᠯᠬᠦ ᠵᠢ ᠪᠤᠯᠪᠠᠰᠤᠷᠠᠯ᠎ᠤᠨ ᠲᠦᠯᠦᠪᠯᠡᠭᠡ᠎ᠳᠤ᠎ᠪᠠᠨ ᠤᠷᠤᠭᠤᠯᠵᠤ᠂ ᠬᠦᠳᠡᠭᠡ ᠲᠤᠰᠬᠤᠨ᠎ᠤ ᠵᠢᠭᠤᠯᠴᠢᠯᠠᠯ᠎ᠢ ᠬᠠᠮᠢᠶᠠᠷᠤᠭᠴᠢ᠂ ᠦᠢ᠍ᠯᠡᠴᠢᠯᠡᠭᠴᠢᠳᠤᠪᠠᠨ ᠴᠢᠳᠠᠪᠤᠷᠢ ᠵᠢᠨ ᠪᠤᠯᠪᠠᠰᠤᠷᠠᠯ ᠬᠢᠵᠤ᠂ ᠪᠦᠲᠦᠴᠠ᠎ᠨᠢ ᠵᠤᠬᠢᠰᠲᠠᠢ ᠬᠡᠪ ᠴᠢᠨᠠᠷ ᠵᠶ᠋ᠠᠷ ᠨᠡᠯᠢᠶᠡᠳ ᠦᠨᠲᠦᠷ ᠬᠦᠳᠡᠭᠡ ᠲᠤᠰᠬᠤᠨ᠎ᠤ ᠵᠢᠭᠤᠯᠴᠢᠯᠠᠯ᠎ᠤᠨ ᠵᠢᠭᠤᠯᠴᠢᠨᠢ ᠤᠯᠠᠰᠢᠷᠠᠭᠤᠯᠬᠤ ᠠᠵᠢᠯᠯᠠᠭ᠋ᠠᠨ᠎ᠢ ᠦᠷᠨᠢᠭᠦᠯᠵᠦ᠂ ᠶᠡᠬᠡ ᠰᠤᠷᠭ᠋ᠠᠭᠤᠯᠢ ᠵᠢᠨ ᠤᠶᠤᠳᠠᠨ᠂ ᠰᠤᠶᠤᠯ ᠤᠷᠠᠯᠢᠭ᠎ᠤᠨ ᠴᠢᠳᠠᠪᠤᠷᠢᠲᠠᠨ᠂ ᠲᠤᠰᠬᠠᠢ ᠮᠡᠷᠭᠡᠵᠢᠯ᠎ᠤᠨ ᠬᠦᠮᠦᠰ᠂ ᠵᠠᠯᠠᠭᠤᠴᠤᠳ᠎ᠤᠨ ᠦᠢ᠍ᠯᠡᠰ ᠪᠦᠲᠦᠭᠡᠬᠦ ᠪᠦᠯᠬᠦᠮ ᠵᠡᠷᠭᠡ ᠡᠯ᠎ᠡ ᠲᠦᠷᠦᠯ᠎ᠤᠨ 《ᠵᠢᠭᠤᠯᠴᠢᠨᠢ ᠤᠯᠠᠰᠢᠷᠠᠭᠤᠯᠬᠤ》 ᠵᠢ ᠵᠤᠬᠢᠶᠠᠨ ᠪᠠᠢ᠌ᠭᠤᠯᠵᠤ ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠬᠦᠭᠵᠢᠯᠲᠡ᠎ᠳᠤ ᠪᠡᠶ᠎ᠡ᠎ᠪᠠᠷ᠎ᠪᠠᠨ ᠤᠷᠤᠯᠴᠠᠨ᠂ ᠴᠢᠳᠠᠪᠤᠷᠢᠳᠠᠨ᠎ᠤ ᠬᠦᠳᠡᠭᠡ ᠲᠤᠰᠬᠤᠨ ᠵᠦᠭ ᠰᠢᠯᠵᠢᠬᠦ ᠵᠢ ᠠᠬᠢᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠴᠢᠳᠠᠪᠤᠷᠢᠳᠠᠨ᠎ᠤ ᠪᠦᠲᠦᠴᠠ ᠵᠢ ᠰᠠᠢ᠌ᠵᠢᠷᠠᠭᠤᠯᠤᠨ᠎ᠠ᠃ (ᠰᠤᠶᠤᠯ ᠪᠠ ᠵᠢᠭᠤᠯᠴᠢᠯᠠᠯ᠎ᠤᠨ ᠶᠠᠮᠤᠨ᠂ ᠬᠦᠮᠦᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠲᠠᠷᠢᠶᠠᠯᠠᠩ ᠬᠦᠳᠡᠭᠡ ᠲᠤᠰᠬᠤᠨ᠎ᠤ ᠶᠠᠮᠤᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠠᠳᠠᠭᠤ ᠵᠢ ᠳᠡᠳᠭᠦᠭᠦ ᠠᠯᠪᠠᠨ ᠭᠡᠷ ᠲᠤᠰᠢᠶᠠᠯ ᠵᠶ᠋ᠠᠷ ᠵᠶ᠋ᠠᠨ ᠠᠵᠢᠯ ᠵᠶ᠋ᠠᠨ ᠬᠤᠪᠢᠶᠠᠷᠢᠯᠠᠨ ᠬᠠᠷᠢᠭᠤᠴᠠᠨ᠎ᠠ᠃)
ᠡᠯ᠎ᠡ ᠭᠠᠵᠠᠷ ᠤᠷᠤᠨ᠎ᠤ ᠡᠯ᠎ᠡ ᠰᠠᠯᠠᠭ᠎ᠠ ᠮᠦᠴᠢᠷ᠎ᠨᠢ ᠬᠦᠳᠡᠭᠡ ᠲᠤᠰᠬᠤᠨ᠎ᠤ ᠵᠢᠭᠤᠯᠴᠢᠯᠠᠯ᠎ᠤᠨ ᠦᠷᠭᠦᠯᠵᠢᠯᠡᠵᠦ ᠪᠤᠯᠬᠤᠢ᠌ᠴᠠ᠂ ᠶᠠᠰᠤ ᠴᠢᠨᠠᠷ ᠰᠠᠢ᠌ᠲᠠᠢ ᠬᠦᠭᠵᠢᠯᠲᠡ᠎ᠪᠠᠷ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠬᠤ ᠪᠠᠢ᠌ᠯᠳᠤᠬᠤ ᠪᠤᠳᠤᠯᠭ᠎ᠠ ᠵᠢ ᠪᠡᠶᠡᠯᠡᠭᠦᠯᠬᠦ ᠴᠢᠬᠤᠯᠠ ᠠᠵᠢᠯᠯᠠᠭ᠎ᠠ ᠪᠤᠯᠭ᠋ᠠᠨ᠂ ᠬᠦᠳᠡᠭᠡ ᠲᠤᠰᠬᠤᠨ᠎ᠤ ᠵᠢᠭᠤᠯᠴᠢᠯᠠᠯ᠎ᠢ ᠬᠦᠭᠵᠢᠭᠦᠯᠬᠦ ᠠᠵᠢᠯ᠎ᠢ ᠨᠢᠭᠡᠲᠦᠯᠲᠠᠢ ᠲᠦᠯᠦᠪᠵᠢᠭᠦᠯᠦᠨ ᠪᠤᠲᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠠᠨᠠᠯ ᠵᠶ᠋ᠠᠨ ᠨᠠᠢ᠌ᠳᠠᠪᠤᠷᠢᠵᠢᠭᠤᠯᠬᠤ ᠪᠠ ᠪᠡᠶᠡᠯᠡᠭᠦᠯᠬᠦ ᠲᠦᠰᠦᠯ᠎ᠢ ᠭᠠᠷᠭ᠋ᠠᠨ᠂ ᠰᠠᠯᠠᠭ᠎ᠠ ᠮᠦᠴᠢᠷ᠎ᠤᠳ ᠠᠵᠢᠯ᠎ᠤᠨ ᠲᠤᠰᠢᠶᠠᠯ᠎ᠢ ᠲᠤᠲᠤ ᠪᠤᠯᠭ᠋ᠠᠨ ᠪᠠᠢ᠌ᠴᠠᠭ᠋ᠠᠨ ᠤᠳᠤᠷᠢᠳᠬᠤ ᠪᠠᠢ᠌ᠭᠤᠯᠤᠮᠵᠢ ᠵᠢ ᠪᠠᠢ᠌ᠭᠤᠯᠤᠨ᠂ ᠬᠦᠳᠡᠭᠡ ᠲᠤᠰᠬᠤᠨ᠎ᠤ ᠵᠢᠭᠤᠯᠴᠢᠯᠠᠯ᠎ᠤᠨ ᠭᠦᠭᠵᠢᠯᠲᠡ ᠵᠢᠨ ᠬᠦᠴᠦᠷᠭᠡᠭ ᠶᠡᠬᠡ ᠬᠦᠴᠦᠨ᠎ᠤ ᠬᠠᠮᠲᠦᠷᠠᠯ᠎ᠤᠨ ᠪᠦᠷᠢᠯᠲᠦᠬᠦ ᠵᠢ ᠠᠬᠢᠭᠤᠯᠤᠨ᠂ ᠡᠯ᠎ᠡ ᠲᠦᠷᠦᠯ᠎ᠤᠨ ᠡᠭᠦᠷᠭᠡ᠎ᠪᠠᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠦᠯᠬᠢᠨ ᠤᠷᠤᠭᠰᠢᠯᠠᠭᠤᠯᠤᠨ᠎ᠠ᠃