ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠬᠠᠤᠯᠢ ᠴᠠᠭᠠᠵᠠ ᠳᠦᠷᠢᠮ ᠳᠤᠭᠲᠠᠭᠠᠯ
《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠬᠤ ᠲᠤᠬᠠᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠮᠡᠳᠡᠭᠳᠡᠯ
ᠨᠡᠶᠢᠲᠡᠯᠡᠭᠰᠡᠨ ᠴᠠᠭ᠄ 2023-09-22

      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠰᠣᠶᠣᠯ ᠪᠡᠶ᠎ᠡ ᠵᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠣᠪᠴᠢᠶ᠎ᠠ᠂ ᠲᠤᠰ ᠶᠠᠮᠤᠨ᠎ᠤ ᠡᠯ᠎ᠡ ᠵᠤᠷᠭ᠋ᠠᠨ ᠲᠣᠪᠴᠢᠶ᠎ᠠ᠂ ᠡᠯ᠎ᠡ ᠰᠢᠭᠤᠳ ᠬᠠᠷᠢᠶ᠎ᠠ ᠨᠢᠭᠡᠴᠢ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶᠠᠷᠴᠤ ᠪᠠᠢ᠌ᠭ᠎ᠠ ᠪᠦᠬᠦ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠺᠣᠮᠢᠰ᠎ᠲᠤ᠄
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ 《ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠥᠭᠵᠢᠯᠲᠡ ᠵᠢᠨ ᠬᠥᠲᠥᠯᠪᠦᠷᠢ》 ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠵᠡᠭᠦᠯᠬᠦ ᠪᠠᠷᠢᠮᠵᠢᠶᠠᠵᠢᠭᠤᠯᠤᠯᠲᠠ ᠵᠢᠨ ᠬᠥᠲᠥᠯᠥᠨ ᠳᠠᠭ᠋ᠠᠭᠤᠯᠬᠤ ᠪᠠ ᠲᠤᠯᠭ᠋ᠠᠭᠤᠷᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠮᠠᠨ᠎ᠤ ᠶᠠᠮᠤᠨ 《ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃ ᠡᠳᠦᠭᠡ ᠳᠠᠷᠤᠮᠠᠯᠯᠠᠨ ᠲᠠᠷᠬᠠᠭ᠋ᠠᠪᠠ᠂ ᠵᠢᠷᠤᠮᠯᠠᠨ ᠬᠡᠷᠡᠭᠵᠢᠭᠦᠯᠲᠦᠭᠡᠢ᠃
            ᠣᠨᠴᠠᠭ᠋ᠠᠢ᠌ᠯᠠᠨ ᠮᠡᠳᠡᠭᠳᠡᠪᠡ᠃
                ᠰᠣᠶᠣᠯ ᠪᠠ ᠵᠢᠭᠤᠯᠴᠢᠯᠠᠯ᠎ᠤᠨ ᠶᠠᠮᠤᠨ
                             2023 ᠣᠨ᠎ᠤ 2 ᠳ᠋ᠤᠭ᠋ᠠᠷ ᠰᠠᠷ᠎ᠠ ᠵᠢᠨ 21᠎ᠤ ᠡᠳᠦᠷ
ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ
            ᠨᠢᠭᠡᠳᠦᠭᠡᠷ ᠪᠦᠯᠦᠭ   ᠶᠡᠷᠦᠩᠬᠡᠢ ᠳᠦᠷᠢᠮ
      ᠨᠢᠭᠡᠳᠦᠭᠡᠷ ᠵᠦᠢ᠍ᠯ   ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠵᠢᠷᠤᠮᠵᠢᠭᠤᠯᠵᠤ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠪᠠᠢ᠌ᠭᠤᠯᠤᠯᠲᠠ ᠵᠢ ᠠᠬᠢᠭᠤᠯᠤᠨ᠂ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠵᠡᠭᠦᠯᠬᠦ ᠪᠠᠷᠢᠮᠵᠢᠶ᠎ᠠ ᠵᠢᠨ ᠬᠥᠲᠥᠯᠥᠨ ᠳᠠᠭ᠋ᠠᠭᠤᠯᠬᠤ ᠪᠠ ᠲᠤᠯᠭ᠋ᠠᠭᠤᠷᠢᠯᠠᠬᠤ ᠦᠢ᠍ᠯᠡᠳᠦᠯ᠎ᠢ ᠪᠠᠳᠠᠷᠠᠭᠤᠯᠬᠤ ᠵᠢᠨ ᠲᠤᠰᠠᠳᠠ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠠᠷᠢᠮᠵᠢᠶᠠᠵᠢᠭᠤᠯᠤᠯᠲᠠ ᠵᠢᠨ ᠬᠠᠤᠯᠢ》 ᠵᠢᠴᠢ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ᠂ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ᠂ ᠲᠣᠰ ᠠᠷᠭ᠎ᠠ ᠵᠢ ᠲᠣᠭᠲᠠᠭ᠋ᠠᠪᠠ᠃
      ᠬᠣᠶᠠᠳᠤᠭ᠋ᠠᠷ ᠵᠦᠢ᠍ᠯ   ᠲᠤᠰ ᠠᠷᠭ᠎ᠠ᠎ᠳᠤ ᠬᠡᠯᠡᠵᠦ ᠪᠠᠢ᠌ᠭ᠎ᠠ ᠪᠠᠷᠢᠮᠵᠢᠶ᠎ᠠ ᠭᠡᠳᠡᠭ᠎ᠨᠢ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ ᠨᠢᠭᠡᠳᠦᠯᠲᠡᠢ ᠪᠠᠢ᠌ᠯᠭ᠋ᠠᠬᠤ ᠴᠢᠬᠤᠯᠠ᠎ᠲᠠᠢ ᠮᠡᠷᠭᠡᠵᠢᠯ᠎ᠤᠨ ᠱᠠᠭ᠋ᠠᠷᠳᠠᠯᠭ᠎ᠠ ᠵᠢ ᠵᠢᠭ᠋ᠠᠵᠤ ᠪᠤᠢ᠂ ᠡᠭᠦᠨ᠎ᠳᠤ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ᠂ ᠪᠦᠯᠬᠦᠮ᠎ᠤᠨ ᠪᠠᠷᠢᠮᠵᠢᠶ᠎ᠠ ᠪᠣᠯᠣᠨ ᠠᠵᠤ ᠠᠬᠤᠢ᠌ᠯᠠᠯ᠎ᠤᠨ ᠪᠠᠷᠢᠮᠵᠢᠶ᠎ᠠ ᠪᠠᠭᠲᠠᠨ᠎ᠠ᠂ ᠤᠯᠤᠰ᠎ᠤᠨ ᠪᠠᠷᠢᠮᠵᠢᠶ᠎ᠠ ᠵᠢ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠪᠠ ᠲᠠᠨᠢᠯᠴᠠᠭᠤᠯᠭ᠎ᠠ ᠵᠢᠨ ᠴᠢᠨᠠᠷᠲᠠᠢ ᠪᠠᠷᠢᠮᠵᠢᠶ᠎ᠠ ᠭᠡᠵᠦ ᠬᠤᠪᠢᠶᠠᠨ᠎ᠠ᠃
      ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ᠎ᠳᠤ ᠲᠤᠰ ᠠᠷᠭ᠎ᠠ ᠵᠢ ᠬᠡᠷᠡᠭᠯᠡᠨ᠎ᠡ᠃
      ᠭᠤᠷᠪᠠᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ ᠳᠣᠣᠷ᠎ᠠ ᠵᠢᠭᠰᠠᠭ᠋ᠠᠭᠰᠠᠨ ᠵᠠᠷᠴᠢᠮ᠎ᠢ ᠵᠢᠷᠤᠮᠯᠠᠬᠤ ᠬᠡᠷᠡᠭᠲᠡᠢ᠄
      (ᠨᠢᠭᠡ) ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ;
     (ᠬᠣᠶᠠᠷ) ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢ ᠦᠢ᠍ᠯᠡᠳᠦᠯᠭᠡᠵᠢᠭᠦᠯᠵᠦ᠂ ᠵᠥᠪ ᠤᠳᠤᠷᠢᠳᠤᠮᠵᠢ ᠵᠢ ᠪᠠᠷᠢᠮᠲᠠᠯᠠᠬᠤ ᠬᠡᠷᠡᠭᠲᠡᠢ;
    (ᠭᠤᠷᠪᠠ) ᠰᠣᠶᠣᠯ ᠪᠠ ᠵᠢᠭᠤᠯᠴᠢᠯᠠᠯ᠎ᠤᠨ ᠬᠥᠭᠵᠢᠯᠲᠡ ᠵᠢᠨ ᠵᠢᠮ᠎ᠡ ᠶᠣᠰᠣ ᠪᠠ ᠠᠵᠢᠯ ᠲᠥᠷᠥᠯ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠨᠡᠢ᠌ᠭᠡᠮ᠎ᠤᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ ᠪᠠ ᠠᠮᠢ ᠠᠬᠤᠢ ᠵᠢᠨ ᠦᠷ᠎ᠡ ᠠᠰᠢᠭ᠎ᠢ ᠬᠠᠷᠢᠯᠴᠠᠨ ᠨᠢᠭᠡᠳᠬᠡᠬᠦ ᠵᠢ ᠪᠠᠷᠢᠮᠲᠠᠯᠠᠵᠤ᠂ ᠠᠵᠢᠯ ᠲᠥᠷᠥᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ;
     (ᠳᠥᠷᠪᠡ) ᠪᠠᠷᠢᠮᠵᠢᠶ᠎ᠠ ᠵᠢ ᠲᠣᠭᠲᠠᠭ᠋ᠠᠭᠰᠠᠨ ᠶᠠᠪᠤᠴᠠ᠎ᠨᠢ ᠢᠯᠡ ᠲᠣᠳᠣ᠂ ᠠᠰᠢᠭ ᠲᠤᠰᠠ ᠵᠢᠨ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠤ ᠬᠦᠰᠡᠯ ᠱᠠᠭ᠋ᠠᠷᠳᠠᠯᠭ᠎ᠠ ᠵᠢ ᠭᠦᠢ᠍ᠴᠡᠳ ᠢᠯᠡᠷᠡᠭᠦᠯᠬᠦ ᠬᠡᠷᠡᠭᠲᠡᠢ;
      (ᠲᠠᠪᠤ) ᠰᠢᠨᠵᠢᠯᠡᠬᠦ ᠤᠬᠠᠭ᠋ᠠᠨᠴᠢ ᠴᠢᠨᠠᠷ᠂ ᠵᠢᠷᠤᠮᠵᠢᠯᠳᠤ ᠴᠢᠨᠠᠷ᠂ ᠵᠣᠬᠢᠴᠠᠯᠳᠤ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠭᠦᠢ᠍ᠴᠡᠳ ᠢᠯᠡᠷᠡᠭᠦᠯᠬᠦ ᠬᠡᠷᠡᠭᠲᠡᠢ᠃
   ᠳᠥᠷᠪᠡᠳᠦᠭᠡᠷ ᠵᠦᠢ᠍ᠯ   ᠰᠣᠶᠣᠯ ᠪᠠ ᠵᠢᠭᠤᠯᠴᠢᠯᠠᠯ᠎ᠤᠨ ᠶᠠᠮᠤᠨ ᠲᠤᠰ ᠰᠠᠯᠠᠭ᠎ᠠ ᠮᠥᠴᠢᠷ᠂ ᠲᠤᠰ ᠠᠵᠢᠯ ᠲᠦᠷᠦᠯ᠎ᠤᠨ ᠵᠶ᠋ᠡᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠬᠠᠮᠢᠶᠠᠷᠤᠨ᠎ᠠ᠃ ᠣᠷᠣᠨ ᠨᠤᠲᠤᠭ᠎ᠤᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠥᠷᠨᠢᠭᠦᠯᠦᠨ᠎ᠡ᠃
      ᠲᠠᠪᠤᠳᠤᠭ᠋ᠠᠷ ᠵᠦᠢ᠍ᠯ   ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠠᠷᠢᠮᠵᠢᠶ᠎ᠠ ᠵᠢᠨ ᠬᠠᠮᠢᠶ᠎ᠠ ᠪᠦᠬᠦᠢ ᠰᠤᠳᠤᠯᠭ᠋ᠠᠨ᠎ᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠪᠠᠷᠢᠮᠵᠢᠶ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠠᠷᠢᠯᠴᠠᠨ ᠬᠥᠳᠡᠯᠦᠯᠴᠡᠨ ᠬᠥᠭᠵᠢᠬᠦ ᠵᠢ ᠠᠬᠢᠭᠤᠯᠤᠨ᠎ᠠ᠃
        ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠥᠪᠳᠡᠯᠴᠡᠨ ᠰᠠᠨᠠᠯ ᠨᠢᠭᠡᠳᠦᠭᠰᠡᠨ᠂ ᠬᠠᠮᠵᠢᠯᠴᠠᠨ ᠠᠬᠢᠭᠤᠯᠤᠭᠰᠠᠨ ᠰᠠᠭᠤᠷᠢᠨ ᠳᠡᠭᠡᠷ᠎ᠡ ᠣᠷᠣᠨ ᠪᠦᠰᠡ ᠵᠢᠨ ᠴᠢᠨᠠᠷᠲᠠᠢ ᠪᠠᠷᠢᠮᠵᠢᠶ᠎ᠠ ᠵᠢᠨ ᠬᠠᠮᠢᠶ᠎ᠠ ᠪᠦᠬᠦᠢ ᠠᠵᠢᠯ᠎ᠢ ᠲᠦᠯᠬᠢᠨ ᠠᠬᠢᠭᠤᠯᠵᠤ᠂ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠲᠣᠭᠲᠠᠭ᠋ᠠᠬᠤ᠎ᠳᠤ᠎ᠪᠠᠨ ᠪᠠᠷᠢᠮᠵᠢᠶ᠎ᠠ ᠵᠢ ᠢᠳᠡᠪᠬᠢᠲᠡᠢ ᠬᠡᠷᠡᠭᠯᠡᠵᠦ ᠪᠣᠯᠣᠨ᠎ᠠ᠃
      ᠵᠢᠷᠭᠤᠳᠤᠭ᠋ᠠᠷ ᠵᠦᠢ᠍ᠯ   ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠠᠷᠢᠮᠵᠢᠶᠠᠵᠢᠭᠤᠯᠤᠯᠲᠠ ᠵᠢᠨ ᠠᠵᠢᠯ᠎ᠢ ᠬᠥᠭᠵᠢᠭᠦᠯᠦᠯᠲᠡ ᠵᠢᠨ ᠲᠥᠯᠦᠪᠵᠢᠭᠦᠯᠭᠡ ᠪᠠ ᠠᠵᠢᠯ᠎ᠤᠨ ᠲᠥᠯᠥᠪᠯᠡᠭᠡ᠎ᠲᠤ᠎ᠪᠠᠨ ᠣᠷᠣᠭᠤᠯᠵᠤ᠂ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠵᠠᠷᠤᠳᠠᠯ᠎ᠢ ᠰᠠᠯᠠᠭ᠎ᠠ ᠮᠥᠴᠢᠷ᠎ᠤᠨ ᠲᠥᠰᠥᠪ᠎ᠲᠤ᠎ᠪᠠᠨ ᠣᠷᠣᠭᠤᠯᠬᠤ ᠬᠡᠷᠡᠭᠲᠡᠢ᠃ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ ᠨᠡᠢ᠌ᠭᠡᠮ᠎ᠤᠨ ᠪᠡᠯᠡ ᠮᠦᠩᠭᠦ ᠵᠢᠨ ᠣᠷᠣᠭᠤᠯᠤᠯᠲᠠ ᠬᠢᠬᠦ ᠵᠢ ᠵᠣᠷᠢᠭᠵᠢᠭᠤᠯᠤᠨ᠎ᠠ᠃
      ᠳᠣᠯᠣᠳᠤᠭ᠋ᠠᠷ ᠵᠦᠢ᠍ᠯ   ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠪᠦᠯᠬᠦᠮ ᠪᠠ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠡᠷᠭᠡ ᠵᠢᠨ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ ᠥᠷᠨᠢᠭᠦᠯᠬᠦ ᠪᠤᠶᠤ ᠲᠡᠭᠦᠨ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
      ᠨᠠᠢ᠍ᠮᠠᠳᠤᠭ᠋ᠠᠷ ᠵᠦᠢ᠍ᠯ   ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠠᠷᠢᠮᠵᠢᠶᠠᠲᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠠᠷᠢᠮᠵᠢᠶᠠᠲᠤ ᠲᠤᠬᠠᠢ᠌ᠯᠠᠭᠰᠠᠨ ᠠᠵᠢᠯ᠎ᠤᠨ ᠰᠣᠯᠢᠯᠴᠠᠭ᠎ᠠ ᠵᠢ ᠴᠢᠩᠭ᠋ᠠᠳᠬᠠᠵᠤ᠂ ᠪᠠᠷᠢᠮᠵᠢᠶᠠᠲᠤ ᠲᠤᠰᠬᠠᠢ ᠮᠡᠷᠭᠡᠵᠢᠯᠲᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠪᠠᠷᠢᠮᠵᠢᠶᠠᠵᠢᠭᠤᠯᠬᠤ ᠴᠢᠳᠠᠪᠤᠷᠢ ᠵᠢᠨ ᠳᠡᠭᠡᠭᠰᠢᠯᠡᠯᠲᠡ ᠵᠢ ᠠᠬᠢᠭᠤᠯᠬᠤ ᠬᠡᠷᠡᠭᠲᠡᠢ᠃
      ᠶᠢᠰᠦᠳᠦᠭᠡᠷ ᠵᠦᠢ᠍ᠯ   ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ ᠪᠣᠳᠠᠲᠤ ᠬᠡᠷᠡᠭᠴᠡᠭᠡ᠎ᠪᠠᠨ ᠦᠨᠳᠦᠰᠦᠯᠡᠨ ᠤᠯᠠᠨ ᠤᠯᠤᠰ᠎ᠤᠨ ᠪᠠᠷᠢᠮᠵᠢᠶ᠎ᠠ ᠵᠢ ᠰᠤᠳᠤᠯᠤᠨ ᠬᠡᠷᠡᠭᠯᠡᠵᠦ᠂ ᠳᠤᠮᠳᠠᠳᠤ ᠤᠯᠤᠰ᠎ᠤᠨ ᠪᠠᠷᠢᠮᠵᠢᠶᠠᠲᠤ ᠭᠠᠳᠠᠭ᠋ᠠᠳᠤ ᠬᠡᠯᠡᠨ᠎ᠤ ᠬᠡᠪᠯᠡᠯ᠎ᠤᠨ ᠣᠷᠴᠢᠭᠤᠯᠭ᠎ᠠ ᠵᠢᠨ ᠠᠵᠢᠯ᠎ᠢ ᠲᠦᠯᠬᠢᠨ ᠠᠬᠢᠭᠤᠯᠵᠤ᠂ ᠤᠯᠠᠨ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠣᠷᠣᠯᠴᠠᠵᠤ᠂ ᠪᠠᠷᠢᠮᠵᠢᠶᠠᠵᠢᠭᠤᠯᠤᠯᠲᠠ ᠵᠢᠨ ᠭᠠᠳᠠᠭ᠋ᠠᠳᠤ᠎ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠵᠢ ᠥᠷᠨᠢᠭᠦᠯᠵᠦ᠂ ᠳᠤᠮᠳᠠᠳᠤ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢᠨ ᠳᠡᠯᠡᠬᠡᠢ᠌ᠴᠢᠯᠡᠯᠲᠡ ᠵᠢ ᠲᠦᠯᠬᠢᠨ ᠠᠬᠢᠭᠤᠯᠬᠤ ᠬᠡᠷᠡᠭᠲᠡᠢ᠃
        ᠬᠣᠶᠠᠳᠤᠭ᠋ᠠᠷ ᠪᠦᠯᠦᠭ     ᠪᠠᠢ᠌ᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ
      ᠠᠷᠪᠠᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ (ᠳᠣᠷᠣᠭᠰᠢ 《ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ》 ᠭᠡᠵᠦ ᠲᠣᠪᠴᠢᠯᠠᠨ᠎ᠠ) ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠰᠢᠰᠲ᠋ᠧᠮᠵᠢᠭᠦᠯᠦᠨ ᠬᠠᠮᠢᠶᠠᠷᠴᠤ᠂ ᠭᠣᠣᠯᠳᠠᠭᠤ ᠳᠣᠣᠷ᠎ᠠ ᠵᠢᠭᠰᠠᠭ᠋ᠠᠭᠰᠠᠨ ᠠᠵᠢᠯ᠎ᠤᠨ ᠲᠤᠰᠢᠶᠠᠯ ᠬᠠᠷᠢᠭᠤᠴᠠᠯᠭ᠎ᠠ ᠵᠢ ᠡᠭᠦᠷᠭᠡᠯᠡᠨ᠎ᠡ᠄
     (ᠨᠢᠭᠡ) ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠣᠯᠪᠣᠭᠳᠠᠯ ᠪᠦᠬᠦᠢ ᠲᠥᠯᠦᠪᠵᠢᠭᠦᠯᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠤᠨ ᠵᠣᠬᠢᠶᠠᠬᠤ ᠪᠠ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠳᠦᠷᠢᠮ ᠲᠣᠭᠲᠠᠭ᠋ᠠᠯ᠎ᠢ ᠲᠤᠭᠤᠷᠪᠢᠨ ᠲᠣᠭᠲᠠᠭ᠋ᠠᠵᠤ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ;
     (ᠬᠣᠶᠠᠷ) ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶᠠᠷᠴᠤ ᠪᠠᠢ᠌ᠭ᠎ᠠ ᠪᠦᠬᠦ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠺᠣᠮᠢᠰ (ᠳᠣᠷᠣᠭᠰᠢ 《ᠮᠡᠷᠭᠡᠵᠢᠯ᠎ᠤᠨ ᠺᠣᠮᠢᠰ》 ᠭᠡᠵᠦ ᠲᠣᠪᠴᠢᠯᠠᠨ᠎ᠠ)᠎ᠤᠨ ᠲᠤᠬᠠᠢ᠌ᠯᠠᠭᠰᠠᠨ ᠠᠵᠢᠯ᠎ᠢ ᠵᠢᠯᠤᠭᠣᠳᠴᠤ᠂ ᠵᠣᠬᠢᠴᠠᠭᠤᠯᠵᠤ᠂ ᠬᠠᠮᠢᠶᠠᠷᠤᠨ᠎ᠠ;
      (ᠭᠤᠷᠪᠠ) ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠮᠡᠷᠭᠡᠵᠢᠯ᠎ᠤᠨ ᠵᠥᠪᠯᠡᠯ᠎ᠢ ᠵᠢᠯᠤᠭᠣᠳᠴᠤ ᠪᠠᠢ᠌ᠭ᠋ᠠᠳ ᠲᠠᠨᠢᠯᠴᠠᠭᠤᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢ ᠲᠥᠷᠥᠯ ᠵᠦᠢ᠍ᠯ ᠲᠣᠭᠲᠠᠭ᠋ᠠᠬᠤ᠎ᠪᠠᠷ ᠭᠤᠶᠤᠴᠢᠯᠠᠬᠤ᠂ ᠮᠡᠳᠡᠭᠦᠯᠦᠨ ᠵᠥᠪᠰᠢᠶᠡᠷᠡᠭᠦᠯᠬᠦ ᠵᠡᠷᠭᠡ ᠠᠵᠢᠯ᠎ᠢ ᠥᠷᠨᠢᠭᠦᠯᠵᠦ᠂ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢᠨ ᠲᠥᠷᠥᠯ ᠵᠦᠢ᠍ᠯ᠎ᠢ ᠳᠤᠷᠠᠳᠬᠤ᠂ ᠲᠤᠭᠤᠷᠪᠢᠬᠤ᠂ ᠰᠠᠨᠠᠯ ᠬᠤᠷᠢᠶᠠᠬᠤ᠂ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠬᠢᠬᠦ ᠪᠠ ᠤᠯᠤᠰ᠎ᠤᠨ ᠪᠠᠷᠢᠮᠵᠢᠶ᠎ᠠ ᠵᠢ ᠳᠠᠬᠢᠨ ᠬᠢᠨᠠᠬᠤ ᠵᠢ ᠵᠣᠬᠢᠶᠠᠨ ᠪᠠᠢ᠌ᠭᠤᠯᠤᠨ᠎ᠠ;
      (ᠳᠥᠷᠪᠡ) ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠲᠥᠷᠥᠯ ᠵᠦᠢ᠍ᠯ ᠲᠣᠭᠲᠠᠭ᠋ᠠᠬᠤ᠂ ᠬᠢᠨᠠᠨ ᠪᠠᠢ᠌ᠴᠠᠭ᠋ᠠᠬᠤ᠂ ᠮᠡᠳᠡᠭᠦᠯᠦᠨ ᠵᠥᠪᠰᠢᠶᠡᠷᠡᠭᠦᠯᠬᠦ᠂ ᠳ᠋ᠤᠭ᠋ᠠᠷᠯᠠᠬᠤ᠂ ᠨᠡᠢ᠌ᠲᠡᠯᠡᠬᠦ᠂ ᠳᠠᠩᠰᠠᠯᠠᠭᠤᠯᠬᠤ᠂ ᠬᠡᠪᠯᠡᠭᠦᠯᠬᠦ᠂ ᠢᠯᠡ ᠪᠣᠯᠭ᠋ᠠᠬᠤ ᠪᠠ ᠲᠠᠬᠢᠨ ᠬᠢᠨᠠᠬᠤ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ;᡾  
     (ᠲᠠᠪᠤ) ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢᠨ ᠤᠬᠠᠭᠤᠯᠭ᠎ᠠ ᠪᠠ ᠬᠡᠷᠡᠭᠵᠢᠭᠦᠯᠦᠯᠲᠡ ᠵᠢᠨ ᠪᠠᠢ᠌ᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ ᠵᠢ ᠵᠣᠬᠢᠶᠠᠨ ᠪᠠᠢ᠌ᠭᠤᠯᠵᠤ ᠥᠷᠨᠢᠭᠦᠯᠦᠨ᠎ᠡ;
       (ᠵᠢᠷᠭᠤᠭ᠎ᠠ) ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢ ᠳᠡᠯᠡᠬᠡᠢ᠌ᠴᠢᠯᠡᠬᠦ ᠠᠵᠢᠯ᠎ᠳᠤ ᠣᠷᠣᠯᠴᠠᠵᠤ᠂ ᠲᠡᠭᠦᠨ᠎ᠢ ᠵᠣᠬᠢᠴᠠᠭᠤᠯᠤᠨ᠎ᠠ;
      (ᠳᠣᠯᠣᠭ᠎ᠠ) ᠲᠣᠰ ᠠᠵᠢᠯ ᠲᠥᠷᠥᠯ᠎ᠤᠨ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠴᠢᠭ᠋᠎ᠤᠨ ᠵᠢᠱ᠌ᠢᠶ᠎ᠡ ᠦᠵᠡᠭᠦᠯᠬᠦ ᠪᠠ ᠣᠷᠣᠨ ᠪᠦᠰᠡ ᠠᠯᠤᠰᠯᠠᠭᠰᠠᠨ ᠪᠠᠷᠢᠮᠵᠢᠶᠠᠵᠢᠭᠤᠯᠤᠯᠲᠠ ᠵᠢᠨ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠤᠨ᠎ᠠ;
     (ᠨᠠᠢ᠍ᠮᠠ) ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠰᠣᠶᠣᠯ ᠪᠠ ᠵᠢᠭᠤᠯᠴᠢᠯᠠᠯ᠎ᠤᠨ ᠪᠦᠯᠬᠦᠮ᠎ᠤᠨ ᠪᠠᠷᠢᠮᠵᠢᠶ᠎ᠠ ᠵᠢᠨ ᠠᠵᠢᠯ᠎ᠢ ᠠᠬᠢᠭᠤᠯᠤᠨ᠎ᠠ;
       (ᠶᠢᠰᠦ) ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢᠨ ᠰᠤᠳᠤᠯᠭ᠋ᠠᠨ᠂ ᠪᠣᠯᠪᠠᠰᠤᠷᠠᠭᠤᠯᠤᠯ ᠵᠡᠷᠭᠡ ᠵᠢ ᠵᠣᠬᠢᠶᠠᠨ ᠪᠠᠢ᠌ᠭᠤᠯᠵᠤ ᠥᠷᠨᠢᠭᠦᠯᠦᠨ᠎ᠡ;     (ᠠᠷᠪᠠ) ᠪᠤᠰᠤᠳ ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢᠨ ᠬᠠᠮᠢᠶ᠎ᠠ ᠪᠦᠬᠦᠢ ᠠᠵᠢᠯ᠎ᠢ ᠰᠢᠰᠲ᠋ᠧᠮᠵᠢᠭᠦᠯᠦᠨ ᠬᠠᠮᠢᠶᠠᠷᠤᠨ᠎ᠠ᠃
      ᠠᠷᠪᠠᠨ ᠨᠢᠭᠡᠳᠦᠭᠡᠷ ᠵᠦᠢ᠍ᠯ   ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠣᠯᠪᠣᠭᠳᠠᠯ ᠪᠦᠬᠦᠢ ᠲᠤᠬᠠᠢ᠌ᠯᠠᠭᠰᠠᠨ ᠠᠵᠢᠯ᠎ᠤᠨ ᠵᠤᠷᠭ᠋ᠠᠨ ᠲᠣᠪᠴᠢᠶ᠎ᠠ ᠭᠣᠣᠯᠳᠠᠭᠤ ᠳᠣᠣᠷ᠎ᠠ ᠵᠢᠭᠰᠠᠭ᠋ᠠᠭᠰᠠᠨ ᠠᠵᠢᠯ᠎ᠤᠨ ᠲᠤᠰᠢᠶᠠᠯ ᠬᠠᠷᠢᠭᠤᠴᠠᠯᠭ᠎ᠠ ᠵᠢ ᠡᠭᠦᠷᠭᠡᠯᠡᠨ᠎ᠡ᠄
     (ᠨᠢᠭᠡ) ᠲᠤᠰ ᠵᠤᠷᠭ᠋ᠠᠨ ᠲᠣᠪᠴᠢᠶ᠎ᠠ ᠵᠢᠨ ᠲᠤᠬᠠᠢ᠌ᠯᠠᠭᠰᠠᠨ ᠠᠵᠢᠯ᠎ᠳᠤ ᠬᠣᠯᠪᠣᠭᠳᠠᠬᠤ ᠪᠠᠷᠢᠮᠵᠢᠶᠠᠨ᠎ᠤ ᠠᠵᠢᠯ᠎ᠳᠤ ᠰᠠᠨᠠᠯ ᠪᠠ ᠰᠠᠨᠠᠭᠤᠯᠭ᠎ᠠ ᠳᠤᠷᠠᠳᠤᠨ᠎ᠠ;
    (ᠬᠣᠶᠠᠷ) ᠲᠣᠰ ᠵᠤᠷᠭ᠋ᠠᠨ ᠲᠣᠪᠴᠢᠶ᠎ᠠ ᠵᠢᠨ ᠲᠤᠬᠠᠢ᠌ᠯᠠᠭᠰᠠᠨ ᠠᠵᠢᠯ᠎ᠤᠨ ᠬᠡᠪᠴᠢᠶᠡᠨ᠎ᠳᠤ᠎ᠬᠢ ᠪᠠᠷᠢᠮᠵᠢᠶᠠᠲᠤ ᠬᠡᠷᠡᠭᠴᠡᠭᠡ ᠱᠠᠭ᠋ᠠᠷᠳᠠᠯᠭ᠎ᠠ ᠪᠠ ᠲᠥᠯᠥᠪᠯᠡᠭᠡ ᠵᠢᠨ ᠲᠥᠷᠥᠯ ᠵᠦᠢ᠍ᠯ᠎ᠤᠨ ᠰᠠᠨᠠᠭᠤᠯᠭ᠎ᠠ ᠵᠢ ᠳᠤᠷᠠᠳᠴᠤ᠂ ᠬᠠᠮᠢᠶ᠎ᠠ ᠪᠦᠬᠦᠢ ᠪᠠᠷᠢᠮᠵᠢᠶ᠎ᠠ ᠵᠢ ᠲᠤᠭᠤᠷᠪᠢᠨ ᠪᠢᠴᠢᠬᠦ ᠵᠢ ᠠᠬᠢᠭᠤᠯᠤᠨ᠎ᠠ;
     (ᠭᠤᠷᠪᠠ) ᠲᠣᠰ ᠵᠤᠷᠭ᠋ᠠᠨ ᠲᠣᠪᠴᠢᠶ᠎ᠠ ᠵᠢᠨ ᠲᠣᠭᠲᠠᠭ᠋ᠠᠭᠰᠠᠨ ᠪᠠ ᠵᠠᠰᠠᠪᠤᠷᠢ ᠣᠷᠣᠭᠤᠯᠤᠭᠰᠠᠨ ᠬᠠᠮᠢᠶ᠎ᠠ ᠪᠦᠬᠦᠢ ᠪᠠᠷᠢᠮᠵᠢᠶ᠎ᠠ ᠵᠢ ᠤᠬᠠᠭᠤᠯᠬᠤ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠥᠷᠨᠢᠭᠦᠯᠦᠨ᠎ᠡ;
     (ᠳᠥᠷᠪᠡ) ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ᠎ᠲᠠᠢ ᠬᠠᠮᠵᠢᠯᠴᠠᠨ ᠬᠣᠯᠪᠣᠭᠳᠠᠯ ᠪᠦᠬᠦᠢ ᠮᠡᠷᠭᠡᠵᠢᠯ᠎ᠤᠨ ᠺᠣᠮᠢᠰ᠎ᠤᠨ ᠠᠵᠢᠯ ᠵᠶ᠋ᠠᠨ ᠥᠷᠨᠢᠭᠦᠯᠬᠦ᠎ᠳᠤ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠬᠢᠨ᠎ᠡ;
    (ᠲᠠᠪᠤ) ᠲᠣᠰ ᠵᠤᠷᠭ᠋ᠠᠨ ᠲᠣᠪᠴᠢᠶ᠎ᠠ ᠵᠢᠨ ᠲᠤᠬᠠᠢ᠌ᠯᠠᠭᠰᠠᠨ ᠠᠵᠢᠯ᠎ᠤᠨ ᠬᠠᠮᠢᠶ᠎ᠠ ᠪᠦᠬᠦᠢ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢᠨ ᠠᠰᠠᠭᠤᠨ ᠯᠠᠪᠯᠠᠬᠤ ᠪᠠ ᠬᠠᠷᠢᠭᠤᠯᠲᠠ ᠥᠭᠬᠦ ᠵᠢ ᠬᠠᠮᠵᠢᠯᠴᠠᠨ ᠰᠠᠢ᠌ᠲᠤᠷ ᠬᠢᠨ᠎ᠡ᠃
      ᠠᠷᠪᠠᠨ ᠬᠣᠶᠠᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶᠠᠷᠴᠤ ᠪᠠᠢ᠌ᠭ᠎ᠠ ᠮᠡᠷᠭᠡᠵᠢᠯ᠎ᠤᠨ ᠺᠣᠮᠢᠰ 《ᠪᠦᠬᠦ ᠤᠯᠤᠰ᠎ᠤᠨ ᠲᠤᠰᠬᠠᠢ ᠮᠡᠷᠭᠡᠵᠢᠯ᠎ᠤᠨ ᠪᠠᠷᠢᠮᠵᠢᠶᠠᠵᠢᠭᠤᠯᠤᠯᠲᠠ ᠵᠢᠨ ᠮᠡᠷᠭᠡᠵᠢᠯ᠎ᠤᠨ ᠺᠣᠮᠢᠰ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠣᠭᠲᠠᠭ᠋ᠠᠯ ᠶᠣᠰᠣᠭ᠋ᠠᠷ᠂ ᠭᠣᠣᠯᠳᠠᠭᠤ ᠳᠣᠣᠷ᠎ᠠ ᠵᠢᠭᠰᠠᠭ᠋ᠠᠭᠰᠠᠨ ᠠᠵᠢᠯ᠎ᠤᠨ ᠲᠤᠰᠢᠶᠠᠯ ᠬᠠᠷᠢᠭᠤᠴᠠᠯᠭ᠎ᠠ ᠵᠢ ᠡᠭᠦᠷᠭᠡᠯᠡᠨ᠎ᠡ᠄
      (ᠨᠢᠭᠡ) ᠲᠣᠰ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠪᠠᠷᠢᠮᠵᠢᠶ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠰᠤᠳᠤᠯᠤᠨ ᠵᠠᠳᠠᠯᠵᠤ᠂ ᠰᠣᠶᠣᠯ ᠪᠠ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠳᠤ ᠰᠠᠨᠠᠭᠤᠯᠭ᠎ᠠ ᠳᠤᠷᠠᠳᠤᠨ᠎ᠠ;
      (ᠬᠣᠶᠠᠷ) ᠲᠣᠰ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠰᠤᠳᠤᠯᠬᠤ ᠪᠠ ᠨᠠᠢ᠌ᠷᠠᠭᠤᠯᠤᠨ ᠵᠣᠬᠢᠶᠠᠵᠤ᠂ ᠪᠠᠷᠢᠮᠵᠢᠶ᠎ᠠ ᠲᠥᠯᠥᠪᠯᠡᠭᠡ ᠵᠢᠨ ᠲᠥᠷᠥᠯ ᠵᠦᠢ᠍ᠯ᠎ᠤᠨ ᠰᠠᠨᠠᠭᠤᠯᠭ᠎ᠠ ᠳᠤᠷᠠᠳᠤᠨ᠎ᠠ;
     (ᠭᠤᠷᠪᠠ) ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠲᠤᠭᠤᠷᠪᠢᠬᠤ᠂ ᠰᠠᠨᠠᠯ ᠬᠤᠷᠢᠶᠠᠬᠤ᠂ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ᠂ ᠳᠠᠬᠢᠨ ᠬᠢᠨᠠᠯᠲᠠ ᠵᠢᠴᠢ ᠪᠠᠷᠢᠮᠵᠢᠶᠠᠲᠤ ᠭᠠᠳᠠᠭ᠋ᠠᠳᠤ ᠬᠡᠯᠡᠨ᠎ᠤ ᠬᠡᠪᠯᠡᠯ᠎ᠤᠨ ᠣᠷᠴᠢᠭᠤᠯᠬᠤ᠂ ᠬᠢᠨᠠᠨ ᠪᠠᠢ᠌ᠴᠠᠭ᠋ᠠᠬᠤ ᠵᠡᠷᠭᠡ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠦᠨ᠎ᠡ;
     (ᠳᠥᠷᠪᠡ) ᠪᠠᠷᠢᠮᠵᠢᠶ᠎ᠠ ᠨᠡᠢ᠌ᠲᠡᠯᠡᠬᠦ ᠰᠠᠯᠠᠭ᠎ᠠ ᠮᠥᠴᠢᠷ᠎ᠤᠨ ᠨᠠᠶ᠋ᠢᠳᠠᠯᠭ᠎ᠠ ᠵᠢ ᠬᠦᠯᠢᠶᠡᠵᠦ᠂ ᠰᠢᠰᠲ᠋ᠧᠮᠵᠢᠭᠦᠯᠬᠦ ᠪᠠᠷᠢᠮᠵᠢᠶ᠎ᠠ ᠵᠢᠨ ᠵᠣᠬᠢᠴᠠᠭᠤᠯᠤᠨ ᠨᠡᠪᠲᠡᠷᠡᠯᠴᠡᠬᠦ ᠵᠢᠴᠢ ᠠᠰᠠᠭᠤᠨ ᠯᠠᠪᠯᠠᠵᠤ ᠬᠠᠷᠢᠭᠤᠯᠲᠠ ᠥᠭᠬᠦ ᠵᠢ ᠡᠭᠦᠷᠭᠡᠯᠡᠨ᠎ᠡ;
     (ᠲᠠᠪᠤ) ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠳᠤ᠎ᠬᠢ ᠪᠠᠷᠢᠮᠵᠢᠶ᠎ᠠ ᠵᠢᠨ ᠤᠬᠠᠭᠤᠯᠭ᠎ᠠ᠂ ᠪᠣᠯᠪᠠᠰᠤᠷᠠᠭᠤᠯᠤᠯ ᠪᠠ ᠪᠠᠷᠢᠮᠵᠢᠶ᠎ᠠ ᠵᠢᠨ ᠰᠤᠳᠤᠯᠭ᠋ᠠᠨ᠂ ᠡᠷᠳᠡᠮ ᠰᠢᠨᠵᠢᠯᠡᠭᠡᠨ᠎ᠤ ᠰᠣᠯᠢᠯᠴᠠᠭ᠋ᠠᠨ᠎ᠤ ᠠᠵᠢᠯᠯᠠᠭ᠎ᠠ ᠵᠢ ᠦᠷᠨᠢᠭᠦᠯᠦᠨ᠎ᠡ;
     (ᠵᠢᠷᠭᠤᠭ᠎ᠠ) ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠲᠤᠰ ᠲᠤᠰᠬᠠᠢ ᠮᠡᠷᠭᠡᠵᠢᠯ᠎ᠤᠨ ᠬᠦᠷᠢᠶᠡᠨ᠎ᠳᠤ᠎ᠬᠢ ᠤᠯᠠᠨ ᠤᠯᠤᠰ᠎ᠤᠨ ᠪᠠᠷᠢᠮᠵᠢᠶ᠎ᠠ ᠵᠢᠨ ᠠᠵᠢᠯ᠎ᠳᠤ   ᠤᠷᠤᠯᠴᠠᠨ᠎ᠠ;
     (ᠲᠤᠯᠤᠭ᠎ᠠ) ᠮᠡᠷᠭᠡᠵᠢᠯ᠎ᠤᠨ ᠺᠣᠮᠢᠰ᠎ᠤᠨ ᠲᠤᠬᠠᠢ᠌ᠯᠠᠭᠰᠠᠨ ᠠᠵᠢᠯ᠎ᠤᠨ ᠬᠣᠯᠪᠣᠭᠳᠠᠯ ᠪᠦᠬᠦᠢ ᠴᠢᠬᠤᠯᠠ ᠵᠦᠢ᠍ᠯᠡᠰ᠎ᠢ ᠮᠡᠳᠡᠭᠦᠯᠬᠦ ᠵᠢᠷᠤᠮ᠎ᠢ   ᠭᠦᠢ᠍ᠴᠡᠳᠭᠡᠨ᠎ᠡ;
      (ᠨᠠᠢ᠍ᠮᠠ) ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠢᠮᠵᠢᠶᠠᠵᠢᠭᠤᠯᠤᠯᠲᠠ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠲᠤᠰᠢᠶᠠᠭᠰᠠᠨ ᠪᠤᠰᠤᠳ ᠪᠠᠷᠢᠮᠵᠢᠶ᠎ᠠ ᠵᠢᠨ ᠠᠵᠢᠯ᠎ᠢ ᠡᠭᠦᠷᠭᠡᠯᠡᠨ᠎ᠡ᠃
        ᠭᠤᠷᠪᠠᠳᠤᠭ᠋ᠠᠷ ᠪᠦᠯᠦᠭ     ᠪᠠᠷᠢᠮᠵᠢᠶ᠎ᠠ ᠵᠢ ᠲᠣᠭᠲᠠᠭ᠋ᠠᠬᠤ
      ᠠᠷᠪᠠᠨ ᠭᠤᠷᠪᠠᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠤᠯᠤᠰ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢ 《ᠤᠯᠤᠰ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠠᠷᠭ᠎ᠠ》᠂ 《ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ ᠬᠡᠷᠡᠭᠵᠢᠭᠦᠯᠦᠨ᠎ᠡ᠃
      ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠬᠡᠪᠴᠢᠶᠡᠨ᠎ᠳᠤ᠎ᠬᠢ ᠬᠥᠮᠥᠨ᠎ᠤ ᠪᠡᠶ᠎ᠡ ᠵᠢᠨ ᠡᠷᠡᠭᠦᠯ ᠮᠡᠨᠳᠤ ᠪᠠ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠂ ᠤᠯᠤᠰ᠎ᠤᠨ ᠠᠮᠤᠷ ᠲᠦᠪᠰᠢᠨ᠂ ᠠᠮᠢ ᠠᠬᠤᠢ ᠵᠢᠨ ᠣᠷᠴᠢᠨ ᠨᠥᠬᠥᠴᠡᠯ᠎ᠤᠨ ᠠᠮᠤᠷ ᠲᠦᠪᠰᠢᠨ᠎ᠢ ᠪᠠᠲᠤᠯᠠᠬᠤ ᠵᠢᠴᠢ ᠠᠵᠤ ᠠᠬᠤᠢ ᠨᠡᠢ᠌ᠭᠡᠮ᠎ᠤᠨ ᠬᠠᠮᠢᠶᠠᠷᠤᠯᠲᠠ ᠵᠢᠨ ᠦᠨᠳᠦᠰᠦᠨ ᠬᠡᠷᠡᠭᠴᠡᠭᠡ ᠵᠢ ᠬᠠᠩᠭ᠋ᠠᠬᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠲᠣᠭᠲᠠᠭ᠋ᠠᠵᠤ᠂ ᠵᠢᠷᠤᠮ ᠶᠣᠰᠣᠭ᠋ᠠᠷ ᠲᠦᠷᠦ ᠵᠢᠨ ᠶᠠᠪᠤᠳᠠᠯ᠎ᠤᠨ ᠬᠣᠷᠢᠶᠠᠨ᠎ᠳᠤ ᠮᠡᠳᠡᠭᠦᠯᠦᠨ ᠵᠥᠪᠰᠢᠶᠡᠷᠡᠭᠦᠯᠵᠦ ᠨᠡᠢ᠌ᠲᠡᠯᠡᠬᠦ ᠪᠤᠶᠤ ᠡᠷᠬᠡ ᠣᠯᠭᠣᠵᠤ ᠵᠥᠪᠰᠢᠶᠡᠷᠡᠭᠦᠯᠵᠦ ᠨᠡᠢ᠌ᠲᠡᠯᠡᠬᠦ ᠬᠡᠷᠡᠭᠲᠡᠢ᠃
      ᠰᠠᠭᠤᠷᠢ ᠨᠡᠢ᠌ᠳᠡᠮ ᠬᠡᠷᠡᠭᠯᠡᠬᠦ᠂ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ᠎ᠲᠠᠢ ᠢᠵᠢ ᠪᠦᠷᠢᠳᠦᠭᠦᠯᠬᠦ᠂ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠳᠤ ᠬᠥᠲᠥᠯᠥᠨ ᠳᠠᠭ᠋ᠠᠭᠤᠯᠬᠤ ᠦᠢ᠍ᠯᠡᠳᠦᠯ ᠦᠵᠡᠭᠦᠯᠬᠦ ᠵᠡᠷᠭᠡ ᠬᠡᠷᠡᠭᠴᠡᠭᠡ ᠵᠢ ᠬᠠᠩᠭ᠋ᠠᠬᠤ ᠮᠡᠷᠭᠡᠵᠢᠯ᠎ᠤᠨ ᠱᠠᠭ᠋ᠠᠷᠳᠠᠯᠭ᠎ᠠ᠎ᠳᠤ ᠵᠢᠷᠤᠮ ᠶᠣᠰᠣᠭ᠋ᠠᠷ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠷᠢᠮᠵᠢᠶᠠᠵᠢᠭᠤᠯᠤᠯᠲᠠ ᠵᠢᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠲᠠᠨᠢᠯᠴᠠᠭᠤᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢ ᠲᠣᠭᠲᠠᠭ᠋ᠠᠯᠭ᠋ᠠᠵᠤ ᠪᠣᠯᠣᠨ᠎ᠠ᠃
      ᠠᠷᠪᠠᠨ ᠳᠥᠷᠪᠡᠳᠦᠭᠡᠷ ᠵᠦᠢ᠍ᠯ   ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢ 《ᠠᠵᠢᠯ ᠲᠥᠷᠥᠯ  ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠠᠷᠭ᠎ᠠ》 ᠪᠣᠯᠣᠨ ᠲᠤᠰ ᠠᠷᠭ᠎ᠠ ᠵᠢᠨ ᠶᠣᠰᠣᠭ᠋ᠠᠷ ᠬᠡᠷᠡᠭᠵᠢᠭᠦᠯᠦᠨ᠎ᠡ᠃ ᠲᠠᠨᠢᠯᠴᠠᠭᠤᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠪᠠᠢ᠌ᠬᠤ ᠦᠭᠡᠢ᠂ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠬᠡᠪᠴᠢᠶᠡᠨ᠎ᠳᠤ ᠨᠢᠭᠡᠳᠦᠯᠲᠡᠢ ᠪᠠᠢ᠌ᠯᠭ᠋ᠠᠬᠤ ᠴᠢᠬᠤᠯᠠᠲᠠᠢ ᠮᠡᠷᠭᠡᠵᠢᠯ᠎ᠤᠨ ᠱᠠᠭ᠋ᠠᠷᠳᠠᠯᠭ᠎ᠠ᠎ᠳᠤ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠪᠠᠷᠢᠮᠵᠢᠶ᠎ᠠ ᠵᠢ ᠲᠣᠭᠲᠠᠭ᠋ᠠᠵᠤ ᠪᠣᠯᠣᠨ᠎ᠠ᠃ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠪᠣᠯ ᠰᠣᠶᠣᠯ ᠪᠠ ᠵᠢᠭᠤᠯᠴᠢᠯᠠᠯ᠎ᠤᠨ ᠶᠠᠮᠤᠨ᠎ᠠᠴᠠ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠴᠢᠬᠤᠯᠠ ᠦᠢ᠍ᠯᠡᠳᠬᠦᠨ᠂ ᠢᠨᠵᠧᠨᠧᠷᠢᠩ᠎ᠤᠨ ᠮᠡᠷᠭᠡᠵᠢᠯ᠂ ᠦᠢ᠍ᠯᠡᠴᠢᠯᠡᠭᠡ ᠪᠠ ᠠᠵᠢᠯ ᠲᠥᠷᠥᠯ᠎ᠤᠨ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠵᠣᠬᠢᠶᠠᠨ ᠪᠠᠢ᠌ᠭᠤᠯᠵᠤ ᠲᠣᠭᠲᠠᠭ᠋ᠠᠭᠰᠠᠨ ᠨᠡᠶ᠋ᠢᠲᠡ ᠵᠢᠨ ᠠᠰᠠᠷᠠᠮᠵᠢ ᠵᠢᠨ ᠲᠥᠷᠥᠯ᠎ᠤᠨ ᠪᠠᠷᠢᠮᠵᠢᠶ᠎ᠠ ᠪᠣᠯᠣᠨ᠎ᠠ᠃
    ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠮᠡᠷᠭᠡᠵᠢᠯ᠎ᠤᠨ ᠱᠠᠭ᠋ᠠᠷᠳᠠᠯᠭ᠎ᠠ ᠵᠢ ᠠᠯᠪᠠᠳᠠᠯᠭ᠎ᠠ ᠵᠢᠨ ᠴᠢᠨᠠᠷᠲᠠᠢ ᠤᠯᠤᠰ᠎ᠤᠨ ᠪᠠᠷᠢᠮᠵᠢᠶ᠎ᠠ ᠵᠢᠨ ᠬᠠᠮᠢᠶ᠎ᠠ ᠪᠦᠬᠦᠢ ᠮᠡᠷᠭᠡᠵᠢᠯ᠎ᠤᠨ ᠱᠠᠭ᠋ᠠᠷᠳᠠᠯᠭ᠎ᠠ᠎ᠠᠴᠠ ᠳᠣᠣᠷ᠎ᠠ ᠪᠠᠢ᠌ᠯᠭ᠋ᠠᠵᠤ ᠪᠣᠯᠬᠤ ᠦᠭᠡᠢ᠂ ᠣᠲᠣ ᠵᠢᠨ ᠬᠡᠷᠡᠭᠵᠢᠭᠦᠯᠵᠦ ᠪᠠᠢ᠌ᠭ᠎ᠠ ᠬᠠᠮᠢᠶ᠎ᠠ ᠪᠦᠬᠦᠢ ᠤᠯᠤᠰ᠎ᠤᠨ ᠪᠠᠷᠢᠮᠵᠢᠶ᠎ᠠ ᠪᠠ ᠠᠵᠢᠯ ᠲᠥᠷᠥᠯ᠎ᠤᠨ ᠪᠠᠷᠢᠮᠵᠢᠶ᠎ᠠ᠎ᠲᠠᠢ ᠬᠠᠷᠢᠯᠴᠠᠨ ᠵᠣᠬᠢᠴᠠᠭᠤᠯᠬᠤ ᠬᠡᠷᠡᠭᠲᠡᠢ᠃ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠮᠡᠷᠭᠡᠵᠢᠯ᠎ᠤᠨ ᠱᠠᠭ᠋ᠠᠷᠳᠠᠯᠭ᠎ᠠ᠎ᠳᠤ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠤᠨ ᠪᠠᠷᠢᠮᠵᠢᠶ᠎ᠠ ᠵᠢ ᠲᠣᠭᠲᠠᠭ᠋ᠠᠵᠤ ᠪᠣᠯᠬᠤ ᠦᠭᠡᠢ᠃ ᠠᠵᠢᠯ ᠲᠦᠷᠦᠯ᠎ᠤᠨ ᠪᠠᠷᠢᠮᠵᠢᠶ᠎ᠠ ᠵᠢ ᠠᠰᠢᠭᠯᠠᠨ ᠲᠠᠸᠠᠷ᠂ ᠦᠢ᠍ᠯᠡᠴᠢᠯᠡᠭᠡᠨ᠎ᠤ ᠴᠢᠯᠦᠭᠡᠲᠦ ᠭᠦᠢ᠍ᠯᠭᠡᠭᠡ ᠵᠢ ᠬᠠᠷᠰᠢᠯᠠᠬᠤ ᠵᠡᠷᠭᠡ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠢ ᠭᠠᠳᠠᠭᠤᠷᠴᠢᠯᠠᠬᠤ᠂ ᠬᠢᠵᠠᠭ᠋ᠠᠷᠯᠠᠬᠤ ᠠᠵᠢᠯᠯᠠᠭ᠎ᠠ ᠬᠢᠬᠦ ᠵᠢ ᠬᠤᠷᠢᠭᠯᠠᠨ᠎ᠠ᠃ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ᠎ᠳᠤ ᠵᠠᠷᠴᠢᠮ ᠳᠡᠭᠡᠷ᠎ᠡ᠎ᠪᠠᠨ ᠲᠣᠳᠣᠷᠬᠠᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠬᠠᠷᠢᠭᠤᠴᠠᠯᠭ᠎ᠠ ᠵᠢᠨ ᠪᠡᠶᠡᠴᠢ ᠴᠣᠭᠴᠠ ᠪᠠᠢ᠌ᠬᠤ ᠬᠡᠷᠡᠭᠲᠡᠢ᠃
   (ᠨᠢᠭᠡ) ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ᠎ᠠᠴᠠ ᠵᠢᠯ ᠪᠦᠷᠢ ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠲᠥᠯᠥᠪᠯᠡᠭᠡ ᠵᠢᠨ ᠲᠥᠷᠥᠯ ᠵᠦᠢ᠍ᠯ᠎ᠤᠨ ᠰᠠᠨᠠᠭᠤᠯᠭ᠎ᠠ ᠵᠢ ᠢᠯᠡ᠎ᠪᠠᠷ ᠴᠤᠭᠯᠠᠭᠤᠯᠵᠤ᠂ ᠲᠥᠷᠥᠯ ᠵᠦᠢ᠍ᠯ ᠲᠣᠭᠲᠠᠭ᠋ᠠᠵᠤ ᠬᠢᠨᠠᠨ ᠲᠣᠭᠲᠠᠭ᠋ᠠᠬᠤ᠎ᠪᠠᠷ ᠳᠡᠮᠵᠢᠨ᠂ ᠬᠠᠮᠢᠶ᠎ᠠ ᠪᠦᠬᠦᠢ ᠨᠢᠭᠡᠴᠢ ᠵᠢᠨ ᠰᠠᠨᠠᠯ᠎ᠢ ᠬᠤᠷᠢᠶᠠᠭᠰᠠᠨ᠎ᠤ ᠳᠠᠷᠠᠭ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢᠨ ᠲᠥᠯᠥᠪᠯᠡᠭᠡ ᠵᠢ ᠪᠠᠭᠤᠯᠭ᠋ᠠᠨ᠎ᠠ᠃ ᠲᠥᠯᠥᠪᠯᠡᠭᠡ ᠵᠢ ᠪᠠᠭᠤᠯᠭ᠋ᠠᠭᠰᠠᠨ᠎ᠤ ᠲᠠᠷᠠᠭ᠎ᠠ ᠲᠣᠭᠲᠠᠭ᠋ᠠᠭᠰᠠᠨ ᠵᠦᠢ᠍ᠯᠡᠰ᠎ᠤᠨ ᠨᠡᠷᠡᠢ᠌ᠳᠦᠯ᠂ ᠬᠤᠭᠤᠴᠠᠭ᠎ᠠ ᠵᠡᠷᠭᠡ ᠵᠢ ᠦᠨᠳᠦᠰᠦᠯᠡᠨ ᠬᠡᠷᠡᠭᠵᠢᠭᠦᠯᠬᠦ ᠬᠡᠷᠡᠭᠲᠡᠢ᠂ ᠵᠠᠷᠴᠢᠮ ᠳᠡᠭᠡᠷ᠎ᠡ᠎ᠪᠠᠨ ᠲᠣᠬᠢᠷᠠᠭᠤᠯᠤᠯᠲᠠ ᠬᠢᠬᠦ ᠦᠭᠡᠢ; ᠦᠨᠡᠬᠡᠷ ᠲᠣᠬᠢᠷᠠᠭᠤᠯᠤᠯᠲᠠ ᠬᠢᠬᠦ ᠴᠢᠬᠤᠯᠠ᠎ᠲᠠᠢ ᠪᠣᠯ ᠲᠣᠭᠲᠠᠭ᠋ᠠᠭᠰᠠᠨ ᠵᠢᠷᠤᠮ ᠵᠶ᠋ᠠᠷ ᠬᠢᠨᠠᠨ ᠵᠥᠪᠰᠢᠶᠡᠷᠡᠭᠦᠯᠬᠦ ᠪᠤᠶᠤ ᠳᠠᠩᠰᠠᠯᠠᠭᠤᠯᠤᠭᠰᠠᠨ᠎ᠤ ᠲᠠᠷᠠᠭ᠎ᠠ ᠬᠡᠷᠡᠭᠵᠢᠭᠦᠯᠦᠨ᠎ᠡ᠃
   (ᠬᠣᠶᠠᠷ) ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢ ᠲᠤᠭᠤᠷᠪᠢᠨ ᠪᠢᠴᠢᠬᠦ ᠨᠢᠭᠡᠴᠢ᠎ᠨᠢ ᠵᠢᠷᠤᠮᠵᠢᠭᠰᠠᠨ ᠵᠠᠭᠪᠤᠷ᠂ ᠬᠡᠯᠪᠡᠷᠢ ᠮᠠᠶᠢᠭ ᠪᠠ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ ᠪᠠᠷᠢᠮᠵᠢᠶᠠᠲᠤ ᠲᠣᠪᠬᠢᠮᠠᠯ᠎ᠢ ᠲᠤᠭᠤᠷᠪᠢᠨ ᠪᠢᠴᠢᠵᠦ᠂ ᠲᠤᠭᠤᠷᠪᠢᠨ ᠪᠢᠴᠢᠬᠦ ᠨᠢᠭᠡᠴᠢ ᠪᠠ ᠮᠡᠷᠭᠡᠵᠢᠯ᠎ᠤᠨ ᠵᠥᠪᠯᠡᠯ᠎ᠨᠢ ᠥᠷᠭᠡᠨ ᠵᠶ᠋ᠡᠷ ᠰᠠᠨᠠᠯ ᠬᠤᠷᠢᠶᠠᠬᠤ ᠬᠡᠷᠡᠭᠲᠡᠢ᠃
   (ᠭᠤᠷᠪᠠ) ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠲᠤᠬᠠᠢ ᠰᠠᠨᠠᠯ ᠬᠤᠷᠢᠶᠠᠵᠤ ᠳᠠᠭᠤᠰᠤᠭᠰᠠᠨ᠎ᠤ ᠳᠠᠷᠠᠭ᠎ᠠ᠂ ᠮᠡᠷᠭᠡᠵᠢᠯ᠎ᠤᠨ ᠺᠣᠮᠢᠰ ᠵᠶ᠋ᠠᠷ ᠬᠢᠨᠠᠨ ᠪᠠᠢ᠌ᠴᠠᠭ᠋ᠠᠯᠭ᠋ᠠᠭ᠋ᠠᠳ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ᠎ᠢ ᠪᠦᠷᠢᠯᠳᠦᠭᠦᠯᠦᠨ᠎ᠡ᠃ ᠬᠢᠨᠠᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠲᠥᠷᠥᠯ ᠵᠦᠢ᠍ᠯ᠎ᠢ ᠲᠤᠭᠤᠷᠪᠢᠨ ᠪᠢᠴᠢᠬᠦ ᠨᠢᠭᠡᠴᠢ᠎ᠨᠢ ᠲᠣᠭᠲᠠᠭᠰᠠᠨ ᠬᠤᠭᠤᠴᠠᠭ᠋ᠠᠨ᠎ᠤ ᠳᠣᠲᠣᠷ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠵᠢᠨ ᠬᠠᠮᠲᠤ ᠳᠠᠬᠢᠨ ᠳᠡᠪᠰᠢᠭᠦᠯᠦᠨ ᠬᠢᠨᠠᠨ ᠪᠠᠢ᠌ᠴᠠᠭ᠋ᠠᠯᠭ᠋ᠠᠬᠤ ᠬᠡᠷᠡᠭᠲᠡᠢ; ᠡᠰᠡᠬᠦᠯ᠎ᠡ ᠬᠢᠨᠠᠨ ᠪᠠᠢ᠌ᠴᠠᠭ᠋ᠠᠭᠰᠠᠨ ᠳ᠋ᠦᠩ᠎ᠢ ᠦᠨᠳᠦᠰᠦᠯᠡᠨ᠂ ᠲᠧᠭᠨᠢᠭ ᠮᠡᠷᠭᠡᠵᠢᠯ᠎ᠤᠨ ᠺᠣᠮᠢᠰ ᠵᠶ᠋ᠠᠷ ᠳᠠᠮᠵᠢᠭᠤᠯᠤᠨ ᠲᠦᠷᠦᠯ ᠵᠦᠢ᠍ᠯᠡᠰ᠎ᠤᠨ ᠲᠥᠯᠥᠪᠯᠡᠭᠡ ᠵᠢ ᠲᠣᠬᠢᠷᠠᠭᠤᠯᠬᠤ ᠪᠤᠶᠤ ᠳᠠᠭᠤᠰᠬᠠᠬᠤ ᠰᠠᠨᠠᠭᠤᠯᠭ᠎ᠠ ᠳᠤᠷᠠᠳᠴᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ᠎ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ᠎ᠠ᠃
   (ᠳᠥᠷᠪᠡ) ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠎ᠤᠨ ᠵᠤᠷᠭ᠋ᠠᠨ᠎ᠠᠴᠠ ᠬᠠᠮᠢᠶ᠎ᠠ ᠪᠦᠬᠦᠢ ᠨᠢᠭᠡᠴᠢ ᠵᠢᠨ ᠰᠠᠨᠠᠯ᠎ᠢ ᠬᠤᠷᠢᠶᠠᠵᠤ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠨᠡᠢ᠌ᠲᠡᠯᠡᠵᠦ᠂ ᠲᠠᠰ ᠳᠠᠷᠠᠭ᠋ᠠᠯᠠᠯ ᠵᠶ᠋ᠠᠷ ᠳ᠋ᠤᠭ᠋ᠠᠷᠯᠠᠵᠤ᠂ ᠬᠡᠪᠯᠡᠭᠦᠯᠦᠨ᠎ᠡ᠃ ᠠᠵᠢᠯ ᠲᠥᠷᠥᠯ᠎ᠤᠨ ᠪᠠᠷᠢᠮᠵᠢᠶ᠎ᠠ ᠵᠢᠨ ᠳ᠋ᠤᠭ᠋ᠠᠷᠯᠠᠯ᠎ᠨᠢ ᠠᠵᠢᠯ ᠲᠥᠷᠥᠯ᠎ᠤᠨ ᠪᠠᠷᠢᠮᠵᠢᠶ᠎ᠠ ᠵᠢᠨ ᠣᠷᠣᠯᠠᠬᠤ ᠳ᠋ᠤᠭ᠋ᠠᠷ᠂ ᠪᠠᠷᠢᠮᠵᠢᠶ᠎ᠠ ᠵᠢ ᠨᠡᠢ᠌ᠲᠡᠯᠡᠭᠰᠡᠨ ᠲᠠᠰ ᠳᠠᠷᠠᠭ᠋ᠠᠯᠠᠯ᠎ᠤᠨ ᠳ᠋ᠤᠭ᠋ᠠᠷ ᠵᠢᠴᠢ ᠣᠨ᠎ᠤ ᠳ᠋ᠤᠭ᠋ᠠᠷ ᠵᠶ᠋ᠠᠷ ᠪᠦᠷᠢᠯᠳᠦᠨ᠎ᠡ᠃ ᠰᠣᠶᠣᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠣᠷᠣᠯᠠᠬᠤ ᠳ᠋ᠤᠭ᠋ᠠᠷ᠎ᠨᠢ WH᠂ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢᠨ ᠣᠷᠣᠯᠠᠬᠤ ᠳ᠋ᠤᠭ᠋ᠠᠷ᠎ᠨᠢ LB᠃
   (ᠲᠠᠪᠤ) ᠰᠣᠶᠣᠯ ᠪᠠ ᠵᠢᠭᠤᠯᠴᠢᠯᠠᠯ᠎ᠤᠨ ᠠᠵᠢᠯ ᠲᠥᠷᠥᠯ᠎ᠤᠨ ᠪᠠᠷᠢᠮᠵᠢᠶ᠎ᠠ ᠵᠢ ᠨᠡᠢ᠌ᠲᠡᠯᠡᠭᠰᠡᠨ᠎ᠤ ᠳᠠᠷᠠᠭ᠎ᠠ ᠱᠠᠭ᠋ᠠᠷᠳᠠᠯᠭ᠎ᠠ ᠶᠣᠰᠣᠭ᠋ᠠᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠷᠢᠮᠵᠢᠶᠠᠵᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃
    ᠠᠷᠪᠠᠨ ᠲᠠᠪᠤᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢ 《ᠣᠷᠣᠨ ᠨᠤᠲᠤᠭ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃ ᠣᠷᠣᠨ ᠨᠤᠲᠤᠭ᠎ᠤᠨ ᠪᠠᠢ᠌ᠭ᠋ᠠᠯᠢ ᠵᠢᠨ ᠨᠥᠬᠥᠴᠡᠯ᠂ ᠵᠠᠩ ᠳᠠᠳᠬᠠᠯ ᠵᠡᠷᠭᠡ ᠰᠣᠶᠣᠯ ᠪᠠ ᠵᠢᠭᠤᠯᠴᠢᠯᠠᠯ᠎ᠤᠨ ᠠᠵᠢᠯ ᠲᠦᠷᠦᠯ᠎ᠳᠤ ᠬᠣᠯᠪᠣᠭᠳᠠᠬᠤ ᠣᠨᠴᠠᠭ᠋ᠠᠶ ᠮᠡᠷᠭᠡᠵᠢᠯ᠎ᠤᠨ ᠱᠠᠭ᠋ᠠᠷᠳᠠᠯᠭ᠎ᠠ ᠵᠢ ᠬᠠᠩᠭ᠋ᠠᠬᠤ ᠵᠢᠨ ᠲᠥᠯᠥᠭᠡ᠂ ᠣᠷᠣᠨ ᠨᠤᠲᠤᠭ᠎ᠤᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠰᠣᠶᠣᠯ ᠪᠠ ᠵᠢᠭᠤᠯᠴᠢᠯᠠᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠳᠤᠷᠠᠳᠤᠨ ᠭᠠᠷᠭ᠋ᠠᠬᠤ ᠪᠤᠶᠤ ᠲᠣᠭᠲᠠᠭ᠋ᠠᠬᠤ᠎ᠳᠤ ᠣᠷᠣᠯᠴᠠᠵᠤ ᠪᠣᠯᠣᠨ᠎ᠠ᠃
    ᠠᠷᠪᠠᠨ ᠵᠢᠷᠭᠤᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠪᠦᠯᠬᠦᠮ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢ 《ᠪᠦᠯᠬᠦᠮ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ》᠎ᠤᠨ ᠶᠣᠰᠣᠭ᠋ᠠᠷ ᠬᠡᠷᠡᠭᠵᠢᠭᠦᠯᠦᠨ᠎ᠡ᠃   ᠰᠤᠳᠤᠯᠬᠤ ᠬᠤᠷᠠᠯ᠂ ᠡᠪᠯᠡᠯ ᠨᠡᠢ᠌ᠭᠡᠮᠯᠢᠭ᠂ ᠬᠤᠳᠠᠯᠳᠤᠭ᠋ᠠᠨ᠎ᠤ ᠡᠪᠯᠡᠯ᠂ ᠬᠣᠯᠪᠣᠭ᠋ᠠᠲᠤ ᠬᠤᠷᠠᠯ᠂ ᠠᠵᠤ ᠦᠢ᠍ᠯᠡᠰ᠎ᠤᠨ ᠮᠡᠷᠭᠡᠵᠢᠯ᠎ᠤᠨ ᠬᠣᠯᠪᠣᠭ᠎ᠠ ᠵᠡᠷᠭᠡ ᠬᠠᠤᠯᠢ ᠶᠣᠰᠣᠭ᠋ᠠᠷ ᠪᠠᠢ᠌ᠭᠤᠯᠤᠭᠰᠠᠨ ᠨᠡᠢ᠌ᠭᠡᠮ᠎ᠤᠨ ᠪᠦᠯᠬᠦᠮ᠎ᠨᠢ ᠬᠠᠮᠢᠶ᠎ᠠ ᠪᠦᠬᠦᠢ ᠵᠠᠬ᠎ᠠ ᠳᠡᠯᠭᠡᠭᠦᠷ᠎ᠤᠨ ᠭᠣᠣᠯ ᠴᠣᠭᠴᠠ ᠵᠢ ᠵᠣᠬᠢᠴᠠᠭᠤᠯᠵᠤ ᠪᠠᠢ᠌ᠭ᠋ᠠᠳ ᠵᠠᠬ᠎ᠠ ᠳᠡᠯᠭᠡᠭᠦᠷ ᠪᠠ ᠰᠢᠨ᠎ᠡ ᠵᠢ ᠡᠭᠦᠳᠬᠦ ᠬᠡᠷᠡᠭᠴᠡᠭᠡ ᠵᠢ ᠬᠠᠩᠭ᠋ᠠᠭᠰᠠᠨ᠂ ᠤᠯᠤᠰ᠎ᠤᠨ ᠬᠣᠯᠪᠣᠭᠳᠠᠯ ᠪᠦᠬᠦᠢ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠢ᠌ᠴᠡᠭᠰᠡᠨ᠂ ᠲᠠᠨᠢᠯᠴᠠᠭᠤᠯᠭ᠎ᠠ ᠵᠢᠨ ᠴᠢᠨᠠᠷᠲᠠᠢ ᠪᠠᠷᠢᠮᠵᠢᠶᠠᠲᠤ ᠮᠡᠷᠭᠡᠵᠢᠯ᠎ᠤᠨ ᠱᠠᠭ᠋ᠠᠷᠳᠠᠯᠭ᠎ᠠ᠎ᠠᠴᠠ ᠥᠨᠳᠥᠷ ᠰᠣᠶᠣᠯ ᠪᠠ ᠵᠢᠭᠤᠯᠴᠢᠯᠠᠯ᠎ᠤᠨ ᠪᠦᠯᠬᠦᠮ᠎ᠤᠨ ᠪᠠᠷᠢᠮᠵᠢᠶ᠎ᠠ ᠵᠢ ᠬᠠᠮᠲᠤ᠎ᠪᠠᠷ ᠲᠣᠭᠲᠠᠭ᠋ᠠᠵᠤ ᠪᠣᠯᠣᠨ᠎ᠠ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠦᠯᠬᠦᠮ᠎ᠤᠨ ᠪᠠᠷᠢᠮᠵᠢᠶ᠎ᠠ ᠵᠢ ᠵᠢᠷᠤᠮᠵᠢᠭᠤᠯᠬᠤ ᠪᠠ ᠬᠥᠲᠥᠯᠥᠨ ᠵᠢᠯᠤᠭᠣᠳᠴᠤ᠂ ᠪᠦᠯᠬᠦᠮ᠎ᠤᠨ ᠪᠠᠷᠢᠮᠵᠢᠶ᠎ᠠ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠎ᠠ᠃
  ᠠᠷᠪᠠᠨ ᠳᠣᠯᠣᠳᠤᠭ᠋ᠠᠷ ᠵᠦᠢ᠍ᠯ   ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠪᠠᠷᠢᠮᠵᠢᠶ᠎ᠠ ᠵᠢᠨ ᠬᠠᠮᠢᠶᠠᠷᠤᠯᠲᠠ ᠵᠢ 《ᠠᠵᠤ ᠠᠬᠤᠢ᠌ᠯᠠᠯ᠎ᠤᠨ ᠪᠠᠷᠢᠮᠵᠢᠶᠠᠵᠢᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠶᠣᠰᠣᠭ᠋ᠠᠷ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ᠎ᠤᠨ ᠬᠠᠮᠢᠶ᠎ᠠ ᠪᠦᠬᠦᠢ ᠠᠵᠤ ᠠᠬᠤᠢ᠌ᠯᠠᠯ᠎ᠨᠢ ᠲᠠᠨᠢᠯᠴᠠᠭᠤᠯᠭ᠎ᠠ ᠵᠢᠨ ᠴᠢᠨᠠᠷᠲᠠᠢ ᠪᠠᠷᠢᠮᠵᠢᠶ᠎ᠠ ᠵᠢᠨ ᠮᠡᠷᠭᠡᠵᠢᠯ᠎ᠤᠨ ᠱᠠᠭ᠋ᠠᠷᠳᠠᠯᠭ᠎ᠠ᠎ᠠᠴᠠ ᠥᠨᠳᠥᠷ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠪᠠᠷᠢᠮᠵᠢᠶ᠎ᠠ ᠵᠢ ᠲᠣᠭᠲᠠᠭ᠋ᠠᠵᠤ ᠪᠣᠯᠣᠨ᠎ᠠ᠃
    ᠠᠷᠪᠠᠨ ᠨᠠᠢ᠍ᠮᠠᠳᠤᠭ᠋ᠠᠷ ᠵᠦᠢ᠍ᠯ ᠰᠣᠶᠣᠯ ᠪᠠ ᠵᠢᠭᠤᠯᠴᠢᠯᠠᠯ᠎ᠤᠨ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ ᠵᠢ ᠬᠡᠷᠡᠭᠵᠢᠭᠦᠯᠬᠦ ᠶᠠᠪᠤᠴᠠ᠎ᠳᠤ᠂ ᠣᠨᠴᠠ ᠵᠠᠷᠢᠮ ᠮᠡᠷᠭᠡᠵᠢᠯ᠎ᠤᠨ ᠱᠠᠭ᠋ᠠᠷᠳᠠᠯᠭ᠎ᠠ᠎ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠠᠢ᠌ᠪᠠᠯ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ᠎ᠳᠤ ᠵᠠᠰᠠᠪᠤᠷᠢ ᠣᠷᠣᠭᠤᠯᠬᠤ ᠬᠠᠭᠤᠳᠠᠰᠤ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠵᠢᠷᠤᠮ ᠶᠣᠰᠣᠭ᠋ᠠᠷ ᠵᠠᠰᠠᠪᠤᠷᠢ ᠣᠷᠣᠭᠤᠯᠵᠤ ᠪᠣᠯᠣᠨ᠎ᠠ᠃ 
      ᠠᠷᠪᠠ ᠶᠢᠰᠦᠳᠦᠭᠡᠷ ᠵᠦᠢ᠍ᠯ ᠠᠵᠢᠯ ᠲᠦᠷᠦᠯ᠎ᠤᠨ ᠪᠠᠷᠢᠮᠵᠢᠶ᠎ᠠ ᠵᠢᠨ ᠲᠥᠯᠥᠪᠯᠡᠭᠡ ᠵᠢ ᠪᠠᠭᠤᠯᠭ᠋ᠠᠭᠰᠠᠨ᠎ᠤ ᠳᠠᠷᠠᠭ᠎ᠠ᠂ ᠰᠣᠶᠣᠯ ᠪᠠ ᠵᠢᠭᠤᠯᠴᠢᠯᠠᠯ᠎ᠤᠨ ᠶᠠᠮᠤᠨ ᠠᠵᠢᠯ᠎ᠤᠨ ᠬᠡᠷᠡᠭᠴᠡᠭᠡ ᠪᠠ ᠪᠣᠳᠠᠲᠤ ᠪᠠᠢ᠌ᠳᠠᠯ᠎ᠳᠤ᠎ᠪᠠᠨ ᠦᠨᠳᠦᠰᠦᠯᠡᠨ ᠲᠤᠭᠤᠷᠪᠢᠨ ᠪᠢᠴᠢᠬᠦ ᠨᠢᠭᠡᠴᠢ᠎ᠳᠤ ᠵᠣᠬᠢᠬᠤ ᠵᠠᠷᠤᠳᠠᠯ᠎ᠤᠨ ᠳᠡᠮᠵᠢᠯᠭᠡ ᠦᠵᠡᠭᠦᠯᠦᠨ᠎ᠡ᠃ ᠲᠤᠭᠤᠷᠪᠢᠨ ᠪᠢᠴᠢᠬᠦ ᠨᠢᠭᠡᠴᠢ ᠵᠢᠨ ᠵᠠᠷᠤᠳᠠᠯ᠎ᠤᠨ ᠬᠡᠷᠡᠭᠯᠡᠯᠲᠡ᠎ᠨᠢ ᠡᠳ᠋᠎ᠤᠨ ᠵᠠᠰᠠᠭ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠢᠶ᠎ᠠ ᠪᠦᠬᠦᠢ ᠵᠠᠷᠤᠳᠠᠯ᠎ᠤᠨ ᠬᠠᠮᠢᠶᠠᠷᠤᠯᠲᠠ ᠵᠢᠨ ᠲᠣᠭᠲᠠᠭ᠋ᠠᠯ᠎ᠳᠤ ᠨᠡᠢ᠌ᠴᠡᠵᠦ᠂ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ ᠵᠢ ᠬᠡᠷᠡᠭᠵᠢᠭᠦᠯᠬᠦ ᠬᠡᠷᠡᠭᠲᠡᠢ᠃ 
ᠣᠷᠣᠨ ᠨᠤᠲᠤᠭ᠎ᠤᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠣᠭᠲᠠᠭ᠋ᠠᠭᠰᠠᠨ ᠵᠠᠷᠤᠳᠠᠯ᠎ᠤᠨ ᠬᠠᠮᠢᠶᠠᠷᠤᠯᠲᠠ ᠵᠢ ᠳᠡᠭᠡᠷᠡᠬᠢ ᠪᠠᠳᠠᠭ᠎ᠤᠨ ᠲᠣᠭᠲᠠᠭ᠋ᠠᠯ ᠵᠶ᠋ᠠᠷ ᠯᠠᠪᠯᠠᠯᠲᠠ ᠪᠣᠯᠭ᠋ᠠᠨ ᠬᠡᠷᠡᠭᠵᠢᠭᠦᠯᠵᠦ ᠪᠣᠯᠣᠨ᠎ᠠ᠃ 
      ᠳᠥᠷᠪᠡᠳᠦᠭᠡᠷ ᠪᠦᠯᠦᠭ   ᠪᠠᠷᠢᠮᠵᠢᠶ᠎ᠠ ᠵᠢ ᠬᠡᠷᠡᠭᠵᠢᠭᠦᠯᠬᠦ ᠪᠠ ᠲᠡᠭᠦᠨ᠎ᠳᠤ ᠬᠢᠨᠠᠯᠲᠠ ᠲᠠᠯᠪᠢᠬᠤ
      ᠬᠣᠷᠢᠳᠤᠭ᠋ᠠᠷ ᠵᠦᠢ᠍ᠯ ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢ ᠲᠣᠭᠲᠠᠭ᠋ᠠᠬᠤ ᠨᠢᠭᠡᠴᠢ᠎ᠨᠦᠭᠦᠳ ᠬᠡᠪᠯᠡᠯ᠎ᠤᠨ ᠪᠠᠢ᠌ᠭᠤᠯᠤᠮᠵᠢ᠎ᠳᠤ ᠨᠠᠢ᠌ᠳᠠᠨ ᠬᠡᠪᠯᠡᠭᠦᠯᠦᠨ ᠲᠠᠷᠬᠠᠭ᠋ᠠᠵᠤ ᠪᠣᠯᠬᠤ ᠪᠥᠭᠡᠳ ᠬᠠᠤᠯᠢ ᠶᠣᠰᠣᠭ᠋ᠠᠷ ᠨᠡᠢ᠌ᠭᠡᠮ᠎ᠳᠤ ᠢᠯᠡ ᠪᠣᠯᠭ᠋ᠠᠵᠤ ᠪᠣᠯᠣᠨ᠎ᠠ᠃ ᠪᠦᠯᠬᠦᠮ᠎ᠤᠨ ᠪᠠᠷᠢᠮᠵᠢᠶ᠎ᠠ᠂ ᠠᠵᠤ ᠠᠬᠤᠢ᠌ᠯᠠᠯ᠎ᠤᠨ ᠪᠠᠷᠢᠮᠵᠢᠶ᠎ᠠ ᠵᠢ ᠪᠠᠷᠢᠮᠵᠢᠶᠠᠲᠤ ᠮᠡᠳᠡᠭᠡ ᠵᠠᠩᠭᠢ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠭᠤᠯᠤᠨ ᠨᠡᠢ᠌ᠭᠡᠮ᠎ᠳᠤ ᠢᠯᠡ ᠪᠣᠯᠭ᠋ᠠᠬᠤ ᠵᠢ ᠵᠣᠷᠢᠭᠵᠢᠭᠤᠯᠤᠨ᠎ᠠ᠃ 
      ᠬᠣᠷᠢᠨ ᠨᠢᠭᠡᠳᠦᠭᠡᠷ ᠵᠦᠢ᠍ᠯ ᠰᠣᠶᠣᠯ ᠪᠠ ᠵᠢᠭᠤᠯᠴᠢᠯᠠᠯ᠎ᠤᠨ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ ᠵᠢ ᠨᠡᠢ᠌ᠲᠡᠯᠡᠭᠰᠡᠨ᠎ᠤ ᠲᠠᠷᠠᠭ᠎ᠠ᠂ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠮᠡᠷᠭᠡᠵᠢᠯ᠎ᠤᠨ ᠺᠣᠮᠢᠰ᠎ᠠᠴᠠ ᠪᠠᠷᠢᠮᠵᠢᠶ᠎ᠠ ᠵᠢᠨ ᠤᠬᠠᠭᠤᠯᠭ᠎ᠠ ᠵᠢ ᠥᠷᠨᠢᠭᠦᠯᠵᠦ᠂ ᠪᠠᠷᠢᠮᠵᠢᠶ᠎ᠠ ᠵᠢᠨ ᠲᠠᠢ᠌ᠯᠤᠮᠵᠢ ᠵᠢ ᠰᠠᠢ᠌ᠲᠤᠷ ᠬᠢᠬᠦ ᠬᠡᠷᠡᠭᠲᠡᠢ᠃ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠣᠯᠣᠨ ᠬᠠᠮᠢᠶ᠎ᠠ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢᠨ ᠤᠬᠠᠭᠤᠯᠭ᠎ᠠ ᠪᠠ ᠲᠤᠬᠠᠢ᠌ᠯᠠᠭᠰᠠᠨ ᠠᠵᠢᠯ᠎ᠤᠨ ᠰᠣᠯᠢᠯᠴᠠᠭ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ 
      ᠬᠣᠷᠢᠨ ᠬᠣᠶᠠᠳᠤᠭ᠋ᠠᠷ ᠵᠦᠢ᠍ᠯ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠣᠯᠣᠨ ᠬᠣᠯᠪᠣᠭᠳᠠᠯ ᠪᠦᠬᠦᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯ ᠪᠠᠷᠢᠮᠵᠢᠶ᠎ᠠ ᠵᠢ ᠬᠡᠷᠡᠭᠵᠢᠭᠦᠯᠬᠦ ᠪᠡᠶᠡᠴᠢ ᠴᠣᠭᠴᠠ ᠮᠥᠨ᠂ ᠠᠯᠪᠠᠳᠠᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠲᠠᠨᠢᠯᠴᠠᠭᠤᠯᠭ᠎ᠠ ᠵᠢᠨ ᠴᠢᠨᠠᠷᠲᠠᠢ ᠪᠠᠷᠢᠮᠵᠢᠶ᠎ᠠ ᠵᠢ ᠢᠳᠡᠪᠬᠢᠲᠡᠢ ᠬᠡᠷᠡᠭᠯᠡᠬᠦ ᠬᠡᠷᠡᠭᠲᠡᠢ᠃ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠪᠠᠷᠢᠮᠵᠢᠶ᠎ᠠ᠎ᠳᠤ ᠦᠨᠳᠦᠰᠦᠯᠡᠨ ᠬᠡᠷᠡᠭᠵᠢᠭᠦᠯᠵᠦ᠂ ᠨᠥᠬᠥᠴᠡᠯ᠎ᠳᠤ ᠨᠡᠢ᠌ᠴᠡᠬᠦ ᠵᠢ᠎ᠨᠢ ᠦᠨᠡᠯᠡᠨ ᠲᠣᠭᠲᠠᠭ᠋ᠠᠬᠤ᠂ ᠦᠨᠡᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠪᠠᠷᠢᠮᠵᠢᠶ᠎ᠠ ᠵᠢᠨ ᠬᠡᠷᠡᠭᠯᠡᠯᠲᠡ ᠵᠢ ᠲᠦᠯᠬᠢᠨ ᠠᠬᠢᠭᠤᠯᠵᠤ ᠪᠣᠯᠣᠨ᠎ᠠ᠃ 
      ᠬᠣᠷᠢᠨ ᠭᠤᠷᠪᠠᠳᠤᠭ᠋ᠠᠷ ᠵᠦᠢ᠍ᠯ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠪᠠᠷᠢᠮᠵᠢᠶ᠎ᠠ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢᠨ ᠬᠠᠮᠲᠤ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠪᠠᠷᠢᠮᠵᠢᠶ᠎ᠠ᠎ᠯᠤᠭ᠎ᠠ ᠬᠣᠯᠪᠣᠭᠳᠠᠬᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠤᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠬᠡᠷᠡᠭᠲᠡᠢ᠃ 
      ᠬᠣᠷᠢᠨ ᠳᠥᠷᠪᠡᠳᠦᠭᠡᠷ ᠵᠦᠢ᠍ᠯ ᠰᠣᠶᠣᠯ ᠪᠠ ᠵᠢᠭᠤᠯᠴᠢᠯᠠᠯ᠎ᠤᠨ ᠶᠠᠮᠤᠨ ᠰᠣᠶᠣᠯ ᠪᠠ ᠵᠢᠭᠤᠯᠴᠢᠯᠠᠯ᠎ᠤᠨ ᠪᠠᠷᠢᠮᠵᠢᠶ᠎ᠠ ᠵᠢ ᠬᠡᠷᠡᠭᠵᠢᠭᠦᠯᠬᠦ ᠮᠡᠳᠡᠭᠡ ᠵᠠᠩᠭᠢ ᠵᠢ ᠬᠠᠷᠢᠭᠤ ᠲᠤᠰᠬᠠᠬᠤ ᠪᠠ ᠦᠨᠡᠯᠡᠨ ᠵᠢᠱ᠌ᠢᠬᠦ ᠲᠣᠭᠲᠠᠴᠠ ᠵᠢ ᠪᠠᠢ᠌ᠭᠤᠯᠵᠤ᠂ ᠮᠡᠷᠭᠡᠵᠢᠯ᠎ᠤᠨ ᠺᠣᠮᠢᠰ᠎ᠢ ᠵᠣᠬᠢᠶᠠᠨ ᠪᠠᠢ᠌ᠭᠤᠯᠵᠤ ᠪᠠᠢ᠌ᠭ᠋ᠠᠳ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ ᠵᠢ ᠴᠠᠭ᠎ᠲᠤ᠎ᠨᠢ ᠲᠣᠬᠢᠷᠠᠭᠤᠯᠤᠨ ᠲᠠᠬᠢᠨ ᠬᠢᠨᠠᠵᠤ᠂ ᠲᠠᠬᠢᠨ ᠬᠢᠨᠠᠬᠤ ᠦᠶᠡᠯᠡᠯ᠎ᠤᠨ ᠬᠤᠭᠤᠴᠠᠭ᠎ᠠ ᠵᠢ ᠡ᠊ᠩ᠎ᠤᠨ ᠪᠠᠢ᠌ᠳᠠᠯ᠎ᠳᠤ 5 ᠵᠢᠯ᠎ᠠᠴᠠ ᠬᠡᠲᠦᠷᠡᠭᠦᠯᠬᠦ ᠦᠭᠡᠢ᠃ ᠲᠠᠬᠢᠨ ᠬᠢᠨᠠᠬᠤ᠎ᠪᠠᠷ ᠲᠠᠮᠵᠢᠨ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ ᠪᠠ ᠲᠧᠭᠨᠢᠭ ᠮᠡᠷᠭᠡᠵᠢᠯ᠎ᠤᠨ ᠲᠠᠪᠰᠢᠯᠳᠠ᠎ᠳᠤ ᠦᠯᠤ ᠵᠣᠬᠢᠴᠠᠬᠤ ᠪᠠᠷᠢᠮᠵᠢᠶ᠎ᠠ᠎ᠳᠤ ᠴᠠᠭ ᠲᠤᠬᠠᠢ᠎ᠳᠤ᠎ᠨᠢ ᠵᠠᠰᠠᠪᠤᠷᠢ ᠣᠷᠣᠭᠤᠯᠤᠭᠰᠠᠨ ᠪᠤᠶᠤ ᠲᠡᠭᠦᠨ᠎ᠢ ᠬᠦᠴᠦᠨ ᠦᠭᠡᠢ ᠪᠣᠯᠭ᠋ᠠᠪᠠ᠃ 
      ᠬᠣᠷᠢᠨ ᠲᠠᠪᠤᠳᠤᠭ᠋ᠠᠷ ᠵᠦᠢ᠍ᠯ ᠰᠣᠶᠣᠯ ᠪᠠ ᠵᠢᠭᠤᠯᠴᠢᠯᠠᠯ᠎ᠤᠨ ᠶᠠᠮᠤᠨ ᠲᠤᠰ ᠠᠵᠢᠯ ᠲᠦᠷᠦᠯ᠎ᠤᠨ ᠵᠶ᠋ᠡᠨ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠦᠨ᠎ᠡ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠮᠵᠢᠯᠭᠡ ᠳᠣᠣᠷ᠎ᠠ ᠲᠤᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠬᠣᠯᠪᠣᠭᠳᠠᠯ ᠪᠦᠬᠦᠢ ᠪᠠᠷᠢᠮᠵᠢᠶᠠᠵᠢᠭᠤᠯᠤᠯᠲᠠ ᠵᠢᠨ ᠲᠤᠷᠰᠢᠯᠲᠠ ᠬᠢᠵᠦ ᠵᠢᠱ᠌ᠢᠶ᠎ᠡ ᠦᠵᠡᠭᠦᠯᠬᠦ ᠠᠵᠢᠯ᠎ᠢ ᠲᠦᠯᠬᠢᠨ ᠠᠬᠢᠭᠤᠯᠬᠤ ᠵᠢ ᠵᠣᠷᠢᠭᠵᠢᠭᠤᠯᠤᠨ᠎ᠠ᠃ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠡᠯ᠎ᠡ ᠲᠦᠷᠦᠯ᠎ᠤᠨ ᠵᠣᠬᠢᠶᠠᠨ ᠪᠠᠢ᠌ᠭᠤᠯᠤᠯᠲᠠ ᠵᠢᠨ ᠤᠯᠤᠰ᠎ᠤᠨ ᠡᠯ᠎ᠡ ᠲᠦᠷᠦᠯ᠎ᠤᠨ ᠪᠠᠷᠢᠮᠵᠢᠶᠠᠵᠢᠭᠤᠯᠬᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠤᠨ᠎ᠠ᠃ 
      ᠬᠣᠷᠢᠨ ᠵᠢᠷᠭᠤᠳᠤᠭ᠋ᠠᠷ ᠵᠦᠢ᠍ᠯ ᠶᠠᠮᠠᠷᠪᠠ ᠨᠢᠭᠡᠴᠢ ᠪᠣᠯᠣᠨ ᠬᠤᠪᠢ ᠬᠥᠮᠥᠨ ᠪᠠᠷᠢᠮᠵᠢᠶᠠᠵᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠣᠶᠣᠯ ᠪᠣᠯᠣᠨ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ᠂ ᠵᠠᠭ᠋ᠠᠯᠳᠤᠬᠤ ᠡᠷᠬᠡ᠎ᠲᠠᠢ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠤᠶᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠦᠨᠳᠦᠰᠦᠯᠡᠨ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ᠃ 
      ᠬᠣᠷᠢᠨ ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠰᠣᠶᠣᠯ ᠪᠠ ᠵᠢᠭᠤᠯᠴᠢᠯᠠᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠠᠷᠢᠮᠵᠢᠶᠠᠵᠢᠭᠤᠯᠬᠤ ᠠᠵᠢᠯ᠎ᠤᠨ ᠳᠤᠮᠳᠠ ᠲᠣᠪᠣᠢ᠌ᠮ᠎ᠠ ᠠᠮᠵᠢᠯᠲᠠ ᠭᠠᠷᠭ᠋ᠠᠭᠰᠠᠨ ᠨᠢᠭᠡᠴᠢ ᠪᠠ ᠬᠤᠪᠢ ᠬᠥᠮᠥᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠵᠤ᠂ ᠮᠡᠷᠭᠡᠵᠢᠯ᠎ᠤᠨ ᠬᠢᠷᠢ ᠬᠡᠮᠵᠢᠶ᠎ᠡ᠎ᠪᠠᠷ ᠥᠨᠳᠥᠷ᠂ ᠰᠢᠨ᠎ᠡ ᠵᠢ ᠡᠭᠦᠳᠬᠦ ᠴᠢᠨᠠᠷ ᠵᠶ᠋ᠠᠷ ᠴᠢᠩᠭ᠎ᠠ᠂ ᠦᠷ᠎ᠡ ᠠᠰᠢᠭ ᠵᠶ᠋ᠠᠷ ᠢᠯᠡᠷᠬᠡᠢ ᠪᠠᠷᠢᠮᠵᠢᠶ᠎ᠠ᠎ᠪᠠᠷ ᠪᠠᠷᠢᠮᠵᠢᠶᠠᠵᠢᠭᠤᠯᠤᠭᠰᠠᠨ ᠪᠤᠶᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠵᠡᠷᠭᠡ ᠲᠠᠯ᠎ᠠ᠎ᠪᠠᠷ᠎ᠬᠢ ᠱᠠᠩᠨᠠᠯ᠎ᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠭᠤᠶᠤᠴᠢᠯᠠᠨ ᠮᠡᠳᠡᠭᠦᠯᠬᠦ ᠵᠢ ᠢᠳᠡᠪᠬᠢᠲᠡᠢ᠎ᠪᠠᠷ ᠲᠠᠨᠢᠯᠴᠠᠭᠤᠯᠬᠤ ᠬᠡᠷᠡᠭᠲᠡᠢ᠃ 
          ᠲᠠᠪᠤᠳᠤᠭ᠋ᠠᠷ ᠪᠦᠯᠦᠭ     ᠳᠠᠭ᠋ᠠᠯᠳᠤᠭᠤᠯᠤᠭᠰᠠᠨ ᠳᠦᠷᠢᠮ
      ᠬᠣᠷᠢᠨ ᠨᠠᠢ᠍ᠮᠠᠳᠤᠭ᠋ᠠᠷ ᠵᠦᠢ᠍ᠯ ᠲᠣᠰ ᠠᠷᠭ᠎ᠠ ᠵᠢ 2023 ᠣᠨ᠎ᠤ 3 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠪᠥᠬᠥ ᠤᠯᠤᠰ᠎ᠤᠨ ᠵᠢᠭᠤᠯᠴᠢᠯᠠᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 (ᠵᠢᠭᠤᠯᠴᠢᠯᠠᠯ ᠠᠯᠪᠠᠨ ᠲᠠᠷᠬᠠᠭ᠋ᠠᠭᠰᠠᠨ [2009] 149 ᠳ᠋ᠦ᠍ᠭᠡᠷ ᠲᠣᠭ᠋ᠠᠲᠤ)᠂ 《ᠰᠣᠶᠣᠯ᠎ᠤᠨ ᠠᠵᠢᠯ ᠲᠥᠷᠥᠯ᠎ᠤᠨ ᠪᠠᠷᠢᠮᠵᠢᠶᠠᠵᠢᠭᠤᠯᠤᠯᠲᠠ ᠵᠢᠨ ᠠᠵᠢᠯ᠎ᠤᠨ ᠬᠠᠮᠢᠶᠠᠷᠤᠯᠲᠠ ᠵᠢᠨ ᠠᠷᠭ᠎ᠠ (ᠲᠦᠷ ᠬᠡᠷᠡᠭᠵᠢᠭᠦᠯᠬᠦ)》 (ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠢᠴᠢᠭ ᠮᠠᠲᠸᠷᠢᠶᠠᠯ [2011] 38 ᠳ᠋ᠤᠭ᠋ᠠᠷ ᠲᠣᠭ᠋ᠠᠲᠤ) ᠪᠠ 《ᠵᠢᠭᠤᠯᠴᠢᠯᠠᠯ᠎ᠤᠨ ᠦᠢ᠍ᠯᠡᠰ᠎ᠤᠨ ᠤᠯᠤᠰ᠎ᠤᠨ ᠪᠠᠷᠢᠮᠵᠢᠶ᠎ᠠ ᠪᠠ ᠠᠵᠢᠯ ᠲᠥᠷᠥᠯ᠎ᠤᠨ ᠪᠠᠷᠢᠮᠵᠢᠶ᠎ᠠ ᠵᠢ ᠲᠣᠭᠲᠠᠭ᠋ᠠᠵᠤ ᠵᠠᠰᠠᠪᠤᠷᠢ ᠣᠷᠣᠭᠤᠯᠬᠤ ᠠᠵᠢᠯ᠎ᠤᠨ ᠬᠠᠮᠢᠶᠠᠷᠤᠯᠲᠠ ᠵᠢᠨ ᠠᠷᠭ᠎ᠠ》 (ᠵᠢᠭᠤᠯᠴᠢᠯᠠᠯ ᠠᠯᠪᠠᠨ ᠲᠠᠷᠬᠠᠭ᠋ᠠᠭᠰᠠᠨ [2016] 274   ᠳ᠋ᠦ᠍ᠭᠡᠷ ᠲᠣᠭ᠋ᠠᠲᠤ) ᠵᠢ ᠳᠠᠭ᠋ᠠᠤ᠎ᠳᠤ᠎ᠨᠢ ᠬᠦᠴᠦᠨ ᠦᠭᠡᠢ ᠪᠣᠯᠭ᠋ᠠᠨ᠎ᠠ᠃ 

ᠢᠷᠡᠯᠲᠡ᠄ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠭᠢᠮ᠎ᠤᠨ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠬᠡᠷᠡᠭᠵᠢᠭᠦᠯᠬᠦ ᠰᠠᠨᠠᠯ
ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠵᠤ ᠠᠰᠢᠭᠯᠠᠬᠤ ᠵᠢ ᠵᠢᠷᠤᠮᠵᠢᠭᠤᠯᠬᠤ ᠮᠠᠨ᠎ᠤ ᠣᠷᠣᠨ᠎ᠤ ᠠᠩᠬᠠᠳᠠᠭᠴᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠨᠡᠢ᠌ᠲᠡᠯᠡᠪᠡ
ᠰᠦᠯᠵᠢᠶᠡᠨ ᠳᠡᠭᠡᠷᠡᠬᠢ ᠵᠢᠭᠤᠯᠴᠢᠯᠠᠯ᠎ᠤᠨ ᠡᠵᠡᠩᠨᠡᠯᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ
ᠮᠤᠩᠭᠤᠯ ᠬᠤᠭᠤᠯᠠᠨ ᠭᠡᠷ᠎ᠤᠨ ᠡᠵᠡᠩᠨᠡᠯᠲᠡ ᠵᠢᠨ ᠤᠢ᠌ᠯᠡᠴᠢᠯᠡᠭᠡᠨ᠎ᠢ ᠲᠦᠷᠢᠮᠵᠢᠬᠦᠯᠬᠦ ᠶᠡᠷᠤᠩᠬᠡᠢ ᠳᠦᠷᠢᠮ
ᠮᠠᠯᠴᠢᠨ ᠠᠢ᠌ᠯ᠎ᠤᠨ ᠵᠢᠭᠤᠯᠴᠢᠯᠡᠯ᠎ᠤᠨ ᠡᠵᠡᠩᠨᠡᠯᠲᠡ ᠵᠢᠨ ᠳᠦᠷᠢᠮᠵᠢᠭᠦᠯᠤᠯᠳᠡ
 
            