2025 ᠣᠨ᠎ᠤ 3 ᠳ᠋ᠤᠭ᠋ᠠᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠤᠰᠬᠠᠢ ᠲᠦᠷᠦᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠰᠣᠶᠣᠯ ᠵᠢᠭᠤᠯᠴᠢᠯᠠᠯ ᠠᠯᠪᠠᠨ ᠦᠰᠦᠭ [2025] 87 ᠳ᠋ᠤᠭ᠋ᠠᠷ ᠲᠣᠭ᠋ᠠᠲᠤ) (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃ ᠮᠠᠨ᠎ᠤ ᠬᠣᠲᠠ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠤᠯᠠᠷᠢᠭᠤᠯᠬᠤ ᠪᠠ ᠰᠢᠨᠡᠴᠢᠯᠡᠵᠦ ᠬᠥᠭᠵᠢᠭᠦᠯᠬᠦ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠳᠦᠭᠡ ᠳᠣᠣᠷᠠᠬᠢ ᠮᠡᠲᠦ ᠲᠠᠢ᠌ᠯᠤᠮᠵᠢ ᠬᠢᠶ᠎ᠡ᠄
ᠨᠢᠭᠡ᠂ 《ᠬᠠᠮᠢᠶᠠᠷᠤᠯᠲᠠ ᠵᠢᠨ ᠠᠷᠭ᠎ᠠ》 ᠵᠢ ᠨᠡᠢ᠌ᠲᠡᠯᠡᠭᠰᠡᠨ ᠠᠬᠤᠢ ᠪᠠᠢ᠌ᠳᠠᠯ
ᠰᠢ᠎ᠵᠢᠨ᠎ᠫᠢᠩ ᠶᠡᠷᠦᠩᠬᠡᠢ ᠱᠦᠵᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠰᠢ᠎ᠵᠢᠨ᠎ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ 《ᠤᠮᠠᠷᠠᠲᠤ ᠬᠢᠵᠠᠭ᠋ᠠᠷ᠎ᠤᠨ ᠰᠣᠶᠣᠯ》᠎ᠤᠨ ᠲᠦᠷᠦᠯ ᠲᠡᠮᠳᠡᠭ᠎ᠢ ᠡᠭᠦᠳᠬᠦ ᠡᠨᠡ ᠬᠦ᠌ ᠭᠣᠣᠯ ᠰᠢᠵᠢᠮ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠨ ᠪᠦᠰᠡ ᠵᠢᠨ ᠴᠢᠨᠠᠷᠲᠠᠢ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠷᠣᠨ ᠪᠦᠰᠡ ᠵᠢᠨ ᠴᠢᠨᠠᠷᠲᠠᠢ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠥᠨᠳᠥᠷ ᠲᠦᠪᠰᠢᠨ ᠵᠶ᠋ᠡᠷ ᠠᠭᠤᠰᠤᠯᠴᠠᠵᠤ᠂ ᠴᠢᠨᠠᠷ ᠰᠠᠢ᠌ᠲᠠᠢ ᠬᠥᠭᠵᠢᠬᠦ᠎ᠳᠤ ᠨᠡᠩ ᠰᠠᠢ᠌ᠨ ᠬᠦᠴᠦᠨ ᠨᠡᠮᠡᠷᠢᠯᠡᠬᠦ ᠵᠢᠨ ᠲᠥᠯᠥᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ》 ᠵᠢᠴᠢ ᠰᠣᠶᠣᠯ ᠪᠠ ᠵᠢᠭᠤᠯᠴᠢᠯᠠᠯ᠎ᠤᠨ ᠶᠠᠮᠤᠨ᠎ᠤ 《ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠥᠯᠦᠪᠵᠢᠭᠦᠯᠭᠡ》 ᠶᠣᠰᠣᠭ᠋ᠠᠷ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠨ ᠵᠠᠯᠭ᠋ᠠᠮᠵᠢᠯᠠᠬᠤ ᠰᠢᠰᠲ᠋ᠧᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮᠲᠦ ᠴᠢᠨᠠᠷᠲᠠᠢ ᠬᠠᠮᠠᠭ᠋ᠠᠯᠠᠯᠲᠠ ᠵᠢᠨ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠵᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠬᠠᠩᠭ᠋ᠠᠬᠤ ᠵᠢᠨ ᠲᠤᠰᠠᠳᠠ᠂ ᠮᠠᠨ᠎ᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠲᠤᠰᠬᠠᠢ ᠲᠦᠷᠦᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃
ᠬᠣᠶᠠᠷ᠂ 《ᠬᠠᠮᠢᠶᠠᠷᠤᠯᠲᠠ ᠵᠢᠨ ᠠᠷᠭ᠎ᠠ》 ᠵᠢᠨ ᠭᠣᠣᠯ ᠠᠭᠤᠯᠭ᠎ᠠ
《ᠬᠠᠮᠢᠶᠠᠷᠤᠯᠲᠠ ᠵᠢᠨ ᠠᠷᠭ᠎ᠠ》᠎ᠳᠤ ᠨᠡᠢ᠍ᠢ᠍ᠳᠡ ᠬᠣᠷᠢᠨ ᠨᠠᠢ᠍ᠮᠠᠨ ᠵᠣᠷᠪᠣᠰ ᠪᠤᠢ᠃ 《ᠠᠷᠭ᠎ᠠ》 ᠵᠢ ᠲᠣᠭᠲᠠᠭ᠋ᠠᠭᠰᠠᠨ ᠵᠣᠷᠢᠯᠭ᠎ᠠ᠂ ᠦᠨᠳᠦᠰᠦᠯᠡᠯ᠂ ᠲᠣᠮᠢᠶᠠᠯᠠᠯ᠎ᠢ ᠲᠣᠳᠣᠷᠬᠠᠢ᠌ᠯᠠᠨ ᠲᠠᠢ᠌ᠯᠪᠤᠷᠢᠯᠠᠭᠰᠠᠨ ᠰᠠᠭᠤᠷᠢᠨ ᠳᠡᠭᠡᠷ᠎ᠡ᠂ ᠲᠤᠰᠬᠠᠢ ᠲᠥᠷᠦᠯ᠎ᠤᠨ ᠪᠡᠯᠡ ᠮᠥᠩᠭᠥ ᠵᠢ ᠮᠡᠳᠡᠭᠦᠯᠬᠦ ᠨᠥᠬᠥᠴᠡᠯ᠂ ᠮᠠᠲ᠋ᠧᠷᠢᠶᠠᠯ᠎ᠤᠨ ᠱᠠᠭ᠋ᠠᠷᠳᠠᠯᠭ᠎ᠠ᠂ ᠮᠠᠭ᠋ᠠᠳᠯᠠᠨ ᠲᠣᠭᠲᠠᠭ᠋ᠠᠬᠤ ᠲᠠᠰ ᠳᠠᠷᠠᠭ᠋ᠠᠯᠠᠯ᠂ ᠪᠠᠢ᠌ᠭᠤᠯᠵᠤ ᠴᠤᠭᠴᠠᠯᠠᠬᠤ᠂ ᠳᠡᠮᠵᠢᠬᠦ ᠠᠷᠭ᠎ᠠ ᠬᠡᠮᠵᠢᠶ᠎ᠡ᠂ ᠦᠨᠡᠯᠡᠨ ᠵᠢᠱ᠌ᠢᠬᠦ ᠬᠠᠮᠢᠶᠠᠷᠤᠯᠲᠠ ᠵᠡᠷᠭᠡ᠎ᠳᠤ ᠱᠠᠭ᠋ᠠᠷᠳᠠᠯᠭ᠎ᠠ ᠳᠤᠷᠠᠳᠴᠤ᠂ 《ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠭᠣᠣᠯᠳᠠᠯᠭ᠎ᠠ ᠵᠢ ᠳᠣᠪᠣᠶ᠋ᠢᠯᠭ᠋ᠠᠬᠤ᠂ ᠱᠠᠲᠤ ᠬᠤᠪᠢᠶᠠᠨ ᠬᠠᠷᠢᠭᠤᠴᠠᠬᠤ᠂ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ ᠠᠵᠢᠯ᠎ᠤᠨ ᠦᠷ᠎ᠡ ᠪᠦᠲᠦᠮᠵᠢ ᠵᠢ ᠴᠢᠬᠤᠯᠠᠴᠢᠯᠠᠬᠤ》 ᠵᠠᠷᠴᠢᠮ᠎ᠢ ᠪᠠᠷᠢᠮᠲᠠᠯᠠᠬᠤ᠎ᠪᠠᠷ ᠵᠣᠷᠢᠯᠲᠠ᠎ᠪᠠᠨ ᠪᠣᠯᠭ᠋ᠠᠭᠰᠠᠨ ᠶᠤᠮ᠃
ᠭᠤᠷᠪᠠ᠂ ᠮᠡᠳᠡᠭᠦᠯᠬᠦ ᠱᠠᠭ᠋ᠠᠷᠳᠠᠯᠭ᠎ᠠ
(ᠨᠢᠭᠡ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠥᠷᠥᠯ ᠵᠦᠢ᠍ᠯ᠎ᠤᠨ ᠬᠠᠮᠠᠭ᠋ᠠᠯᠠᠯᠲᠠ ᠵᠢᠨ ᠨᠥᠬᠥᠪᠦᠷᠢ ᠮᠦᠩᠭᠦ᠎ᠪᠠᠷ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠲᠥᠷᠥᠯ ᠵᠦᠢ᠍ᠯ᠎ᠤᠨ ᠬᠠᠮᠢᠶ᠎ᠠ ᠪᠦᠬᠦᠢ ᠪᠠᠢ᠌ᠴᠠᠭ᠋ᠠᠯᠲᠠ ᠬᠢᠵᠦ ᠲᠠᠩᠰᠠ ᠡᠪᠬᠡᠮᠡᠯ ᠪᠠᠶ᠋ᠢᠭᠤᠯᠬᠤ᠂ ᠰᠤᠳᠤᠯᠤᠨ ᠬᠡᠪᠯᠡᠭᠦᠯᠬᠦ᠂ ᠬᠠᠮᠠᠭ᠋ᠠᠯᠠᠬᠤ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠬᠤ᠂ ᠤᠯᠠᠮᠵᠢᠯᠠᠨ ᠦᠢ᠍ᠯᠡᠳᠦᠯᠭᠡᠵᠢᠭᠦᠯᠬᠦ ᠠᠵᠢᠯᠯᠠᠭ᠎ᠠ ᠥᠷᠨᠢᠭᠦᠯᠬᠦ᠂ ᠳᠡᠯᠭᠡᠨ ᠦᠵᠡᠭᠦᠯᠵᠦ ᠲᠣᠭᠯᠠᠬᠤ ᠪᠠ ᠤᠬᠠᠭᠤᠯᠤᠨ ᠲᠦᠭᠡᠮᠡᠯᠵᠢᠭᠦᠯᠬᠦ᠂ ᠤᠯᠠᠮᠵᠢᠯᠠᠨ ᠦᠢ᠍ᠯᠡᠳᠦᠯᠭᠡᠵᠢᠭᠦᠯᠬᠦ ᠴᠢᠬᠤᠯᠠ ᠪᠦᠬᠦᠢ ᠪᠠᠭ᠋ᠠᠵᠢ ᠬᠡᠷᠡᠭᠰᠡᠯ ᠬᠤᠳᠠᠯᠳᠤᠨ ᠠᠪᠬᠤ ᠵᠡᠷᠭᠡ ᠵᠠᠷᠤᠯᠭ᠎ᠠ ᠵᠢ ᠳᠡᠮᠵᠢᠨ᠎ᠡ᠃
(ᠬᠣᠶᠠᠷ) ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ ᠵᠢᠨ ᠨᠦᠬᠦᠪᠦᠷᠢ ᠮᠦᠩᠬᠦ᠎ᠪᠠᠷ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ ᠵᠢᠨ ᠱᠠᠪᠢ ᠰᠤᠷᠭ᠋ᠠᠬᠤ᠂ ᠮᠡᠷᠭᠡᠵᠢᠯ ᠤᠯᠠᠮᠵᠢᠯᠠᠬᠤ᠂ ᠰᠣᠯᠢᠯᠴᠠᠭ᠎ᠠ ᠬᠢᠬᠦ ᠵᠡᠷᠭᠡ ᠤᠯᠠᠮᠵᠢᠯᠠᠨ ᠵᠠᠯᠭ᠋ᠠᠮᠵᠢᠯᠠᠬᠤ ᠠᠵᠢᠯᠯᠠᠭ᠎ᠠ ᠥᠷᠨᠢᠭᠦᠯᠬᠦ ᠵᠢ ᠳᠡᠮᠵᠢᠨ᠎ᠡ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠠᠭ᠋ᠠᠯᠠᠯᠲᠠ ᠵᠢᠨ ᠨᠥᠬᠥᠪᠦᠷᠢ ᠮᠦᠩᠭᠦ᠎ᠪᠠᠷ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠣᠶᠣᠯ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶ᠎ᠠ ᠪᠦᠬᠦᠢ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠂ ᠰᠤᠳᠤᠯᠤᠨ ᠬᠡᠪᠯᠡᠭᠦᠯᠬᠦ᠂ ᠲᠤᠭ᠋ᠠᠵᠢᠭᠤᠯᠤᠨ ᠬᠠᠮᠠᠭ᠋ᠠᠯᠠᠬᠤ᠂ ᠤᠯᠠᠮᠵᠢᠯᠠᠨ ᠵᠠᠯᠭ᠋ᠠᠮᠵᠢᠯᠠᠵᠤ ᠪᠡᠶᠡᠴᠢᠯᠡᠨ ᠣᠢ᠌ᠯᠠᠭ᠋ᠠᠬᠤ ᠪᠡᠯᠡᠳᠬᠡᠮᠵᠢ ᠵᠢ ᠲᠦᠷᠢᠶᠡᠰᠦᠯᠡᠬᠦ ᠪᠤᠶᠤ ᠰᠡᠯᠪᠢᠨ ᠵᠠᠰᠠᠬᠤ᠂ ᠰᠤᠷᠭ᠋ᠠᠨ ᠬᠥᠮᠦᠵᠢᠯ᠎ᠢ ᠲᠦᠭᠡᠮᠡᠯᠵᠢᠭᠦᠯᠬᠦ᠂ ᠤᠬᠠᠭᠤᠯᠤᠨ ᠳᠡᠯᠭᠡᠷᠡᠭᠦᠯᠬᠦ ᠵᠡᠷᠭᠡ ᠵᠠᠷᠤᠯᠭ᠎ᠠ ᠵᠢ ᠳᠡᠮᠵᠢᠨ᠎ᠡ᠃
(ᠳᠥᠷᠪᠡ) ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭ᠋ᠠᠮᠵᠢᠯᠠᠭᠴᠢ ᠵᠢᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ᠎ᠤᠨ ᠲᠥᠯᠥᠪᠯᠡᠭᠡ ᠵᠢᠨ ᠨᠦᠬᠦᠪᠦᠷᠢ ᠮᠦᠩᠬᠦ᠎ᠪᠠᠷ ᠰᠤᠳᠤᠯᠤᠨ ᠪᠣᠯᠪᠠᠰᠤᠷᠠᠭᠤᠯᠬᠤ ᠲᠥᠯᠥᠪᠯᠡᠭᠡ᠎ᠳᠤ ᠵᠠᠷᠤᠴᠠᠭᠤᠯᠤᠭᠰᠠᠨ ᠰᠤᠳᠤᠯᠤᠨ ᠰᠤᠷᠤᠯᠴᠠᠬᠤ᠂ ᠪᠣᠯᠪᠠᠰᠤᠷᠠᠭᠤᠯᠬᠤ ᠵᠡᠷᠭᠡ ᠵᠠᠷᠤᠯᠭ᠎ᠠ ᠵᠢ ᠳᠡᠮᠵᠢᠨ᠎ᠡ᠃
(ᠲᠠᠪᠤ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ ᠵᠢᠨ ᠲᠡᠮᠳᠡᠭᠯᠡᠯ᠎ᠤᠨ ᠨᠦᠬᠦᠪᠦᠷᠢ ᠮᠦᠩᠬᠦ᠎ᠪᠠᠷ ᠥᠪᠡᠷᠲᠡᠭᠡᠨ ᠵᠠᠰᠠᠬᠤ ᠣᠷᠣᠨ᠎ᠤ ᠲᠠᠰ᠎ᠠᠴᠠ ᠳᠡᠭᠡᠭᠰᠢᠬᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭ᠋ᠠᠮᠵᠢᠯᠠᠭᠴᠢ᠎ᠳᠤ ᠰᠢᠰᠲᠸᠮᠲᠤ ᠴᠢᠨᠠᠷᠲᠠᠢ ᠲᠡᠮᠳᠡᠭᠯᠡᠯ ᠬᠢᠬᠦ ᠵᠠᠷᠤᠯᠭ᠎ᠠ ᠵᠢ ᠳᠡᠮᠵᠢᠨ᠎ᠡ᠃
(ᠵᠢᠷᠭᠤᠭ᠎ᠠ) ᠣᠨ᠎ᠤ ᠭᠣᠣᠯᠳᠠᠯᠭ᠎ᠠ᠎ᠲᠠᠢ ᠠᠵᠢᠯ᠎ᠳᠤ ᠣᠷᠣᠭᠤᠯᠤᠭᠰᠠᠨ ᠪᠤᠰᠤᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠵᠠᠷᠤᠯᠭ᠎ᠠ
ᠲᠤᠰᠬᠠᠢ ᠲᠥᠷᠥᠯ᠎ᠤᠨ ᠪᠡᠯᠡ ᠮᠥᠩᠭᠥ ᠵᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ᠎ᠲᠠᠢ ᠬᠠᠮᠢᠶ᠎ᠠ ᠦᠭᠡᠢ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ᠂ ᠡᠯ᠎ᠡ ᠵᠦᠢ᠍ᠯ᠎ᠤᠨ ᠵᠣᠭᠣᠰ ᠵᠶ᠋ᠠᠷ ᠲᠣᠷᠭ᠋ᠠᠬᠤ᠂ ᠵᠣᠭᠣᠰ ᠬᠠᠨᠳᠢᠪᠯᠡᠬᠤ᠂ ᠲᠤᠰᠠᠯᠠᠨ ᠳᠡᠮᠵᠢᠬᠦ᠂ ᠪᠡᠯᠡ ᠣᠷᠣᠭᠤᠯᠬᠤ ᠵᠡᠷᠭᠡ᠎ᠳᠤ ᠬᠡᠷᠡᠭᠯᠡᠵᠦ ᠪᠣᠯᠬᠤ ᠦᠭᠡᠢ᠂ ᠥᠷᠢ ᠥᠭᠴᠡᠭᠡ᠎ᠪᠠᠨ ᠲᠥᠯᠥᠬᠦ ᠪᠠ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ᠂ ᠵᠠᠮ ᠬᠠᠷᠢᠯᠴᠠᠭ᠋ᠠᠨ᠎ᠤ ᠪᠠᠭ᠋ᠠᠵᠢ᠂ ᠠᠰᠠᠷ ᠲᠠᠩᠬᠢᠮ ᠪᠠᠭᠤᠳᠠᠯ᠎ᠤᠨ ᠪᠦᠲᠦᠭᠡᠨ ᠪᠠᠢ᠌ᠭᠤᠯᠤᠯᠲᠠ ᠵᠡᠷᠭᠡ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ᠂ ᠣᠷᠣᠨ ᠲᠣᠭ᠋ᠠᠨ᠎ᠤ ᠳᠣᠲᠣᠷᠠᠬᠢ ᠠᠵᠢᠯ᠎ᠳᠤ ᠪᠠᠢ᠌ᠭ᠎ᠠ ᠬᠥᠮᠥᠰ᠎ᠤᠨ ᠴᠠᠯᠢᠩ᠎ᠤᠨ ᠴᠢᠨᠠᠷᠲᠠᠢ ᠵᠠᠷᠤᠯᠭ᠎ᠠ ᠪᠠ ᠠᠵᠢᠯ᠎ᠠᠴᠠ᠎ᠪᠠᠨ ᠳᠠᠷᠬᠠᠯᠠᠭᠳᠠᠵᠤ ᠠᠮᠠᠷᠠᠭᠰᠠᠨ ᠬᠥᠮᠥᠰ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠠᠮᠠᠷᠠᠭᠰᠠᠨ ᠵᠠᠷᠤᠳᠠᠯ᠎ᠳᠤ ᠬᠡᠷᠡᠭᠯᠡᠵᠦ ᠪᠣᠯᠬᠤ ᠦᠭᠡᠢ᠂ ᠤᠯᠤᠰ᠎ᠠᠴᠠ ᠵᠠᠷᠤᠯᠭ᠎ᠠ᠎ᠳᠤ ᠵᠢᠭᠰᠠᠭ᠋ᠠᠬᠤ ᠵᠢ ᠴᠠᠭ᠋ᠠᠵᠠᠯᠠᠬᠤ᠎ᠪᠠᠷ ᠲᠣᠭᠲᠠᠭ᠋ᠠᠭᠰᠠᠨ ᠪᠤᠰᠤᠳ ᠵᠠᠷᠤᠯᠭ᠎ᠠ᠎ᠳᠤ ᠬᠡᠷᠡᠭᠯᠡᠵᠦ ᠪᠣᠯᠬᠤ ᠦᠭᠡᠢ᠃
ᠳᠥᠷᠪᠡ᠂ ᠮᠡᠳᠡᠭᠦᠯᠬᠦ ᠨᠥᠬᠥᠴᠡᠯ
ᠲᠤᠰᠬᠠᠢ ᠲᠥᠷᠥᠯ᠎ᠤᠨ ᠪᠡᠯᠡ ᠮᠥᠩᠭᠥ ᠮᠡᠳᠡᠭᠦᠯᠬᠦ ᠨᠢᠭᠡᠴᠢ᠎ᠨᠢ ᠡᠷᠬᠡᠪᠰᠢ ᠳᠣᠣᠷᠠᠬᠢ ᠨᠥᠬᠥᠴᠡᠯ᠎ᠤᠳ᠎ᠢ ᠪᠦᠷᠢᠳᠦᠭᠦᠯᠦᠭᠰᠡᠨ ᠪᠠᠢ᠌ᠬᠤ ᠬᠡᠷᠡᠭᠲᠡᠢ᠄
(ᠨᠢᠭᠡ) ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠥᠨ᠎ᠤ ᠬᠢᠷᠢ ᠬᠡᠮ᠎ᠲᠠᠢ ᠪᠠᠢ᠌ᠬᠤ᠃
(ᠬᠣᠶᠠᠷ) ᠲᠣᠭᠲᠠᠮᠠᠯ ᠠᠵᠢᠯᠯᠠᠬᠤ ᠭᠠᠵᠠᠷ᠎ᠲᠠᠢ ᠪᠠᠢ᠌ᠬᠤ᠃
(ᠭᠤᠷᠪᠠ) ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ ᠬᠢᠵᠦ ᠪᠠᠢ᠌ᠭ᠎ᠠ ᠲᠤᠰᠬᠠᠢ ᠠᠵᠢᠯᠲᠠᠨ᠎ᠲᠠᠢ ᠪᠠᠢ᠌ᠬᠤ᠃
(ᠳᠥᠷᠪᠡ) ᠰᠢᠨᠵᠢᠯᠡᠬᠦ ᠤᠬᠠᠭ᠋ᠠᠨᠴᠢ ᠠᠵᠢᠯ᠎ᠤᠨ ᠲᠥᠯᠥᠪᠯᠡᠭᠡ ᠪᠠ ᠵᠦᠢ ᠵᠣᠬᠢᠰᠲᠠᠢ ᠪᠡᠯᠡ ᠮᠥᠩᠭᠥᠨ᠎ᠤ ᠬᠡᠷᠡᠭᠴᠡᠭᠡ᠎ᠲᠠᠢ ᠪᠠᠢ᠌ᠬᠤ᠃
ᠡᠯ᠎ᠡ ᠱᠠᠲᠤᠨ᠎ᠤ ᠡᠳ᠋᠎ᠤᠨ ᠵᠠᠰᠠᠭ᠂ ᠰᠣᠶᠣᠯ ᠪᠣᠯᠣᠨ ᠵᠢᠭᠤᠯᠴᠢᠯᠠᠯ᠎ᠤᠨ ᠰᠠᠯᠠᠭ᠎ᠠ ᠮᠥᠴᠢᠷ᠎ᠤᠳ ᠲᠤᠰᠬᠠᠢ ᠲᠥᠷᠥᠯ᠎ᠤᠨ ᠪᠡᠯᠡ ᠮᠥᠩᠭᠥ ᠪᠣᠯᠣᠨ ᠲᠥᠷᠥᠯ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠬᠤ ᠬᠡᠷᠡᠭᠲᠡᠢ᠃ ᠲᠤᠰᠬᠠᠢ ᠲᠥᠷᠥᠯ᠎ᠤᠨ ᠪᠡᠯᠡ ᠮᠥᠩᠭᠥ ᠵᠢ ᠬᠡᠷᠡᠭᠯᠡᠬᠦ ᠨᠢᠭᠡᠴᠢ᠎ᠨᠦᠭᠦᠳ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠵᠥᠪᠰᠢᠶᠡᠷᠡᠭᠰᠡᠨ ᠲᠥᠰᠥᠯ᠎ᠢ ᠴᠢᠩᠭ᠎ᠠ ᠵᠢᠷᠤᠮᠯᠠᠨ ᠲᠥᠷᠥᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃ ᠲᠤᠰᠬᠠᠢ ᠲᠥᠷᠥᠯ᠎ᠤᠨ ᠪᠡᠯᠡ ᠮᠥᠩᠭᠥ ᠵᠢ ᠡᠷᠬᠡᠪᠰᠢ ᠲᠤᠰᠬᠠᠢ ᠮᠦᠩᠬᠦ ᠵᠢ ᠲᠤᠰᠬᠠᠢ ᠲᠥᠷᠥᠯ᠎ᠳᠤ ᠬᠡᠷᠡᠭᠯᠡᠵᠦ᠂ ᠲᠤᠰᠬᠠᠢ ᠲᠥᠷᠥᠯ ᠵᠶ᠋ᠡᠷ ᠲᠣᠭ᠋ᠠᠴᠠᠭ᠎ᠠ ᠬᠢᠵᠦ᠂ ᠲᠤᠰᠬᠠᠢ ᠲᠥᠷᠥᠯ᠎ᠤᠨ ᠪᠡᠯᠡ ᠮᠥᠩᠭᠥ ᠵᠢᠨ ᠲᠥᠷᠥᠯ᠎ᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠬᠦ᠂ ᠬᠡᠷᠡᠭᠯᠡᠬᠦ ᠪᠠ ᠠᠮᠵᠢᠯᠲᠠ ᠪᠦᠲᠦᠮᠵᠢ ᠵᠢ ᠬᠠᠮᠢᠶᠠᠷᠬᠤ ᠵᠡᠷᠭᠡ ᠲᠠᠯ᠎ᠠ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠬᠢᠨᠠᠨ ᠪᠤᠳᠤᠬᠤ᠂ ᠡᠳ᠋᠎ᠤᠨ ᠵᠠᠰᠠᠭ ᠪᠠ ᠰᠣᠶᠣᠯ ᠪᠠ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠬᠢᠨᠠᠯᠲᠠ ᠪᠠᠢ᠌ᠴᠠᠭ᠋ᠠᠯᠲᠠ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠢ᠃ ᠲᠤᠰᠬᠠᠢ ᠲᠥᠷᠥᠯ᠎ᠤᠨ ᠪᠡᠯᠡ ᠮᠥᠩᠭᠥ ᠵᠢ ᠮᠡᠳᠡᠭᠦᠯᠬᠦ᠂ ᠬᠡᠷᠡᠭᠯᠡᠬᠦ ᠬᠠᠮᠢᠶᠠᠷᠤᠯᠲᠠ ᠵᠢᠨ ᠳᠤᠮᠳᠠ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠪᠤᠶᠤ ᠪᠡᠯᠡ ᠮᠥᠩᠭᠥ ᠵᠢ ᠮᠡᠬᠡᠯᠡᠨ ᠠᠪᠬᠤ᠂ ᠬᠤᠳᠠᠯ ᠵᠶ᠋ᠠᠷ ᠮᠡᠳᠡᠭᠦᠯᠬᠦ᠂ ᠬᠠᠭᠤᠷᠮᠠᠭᠯᠠᠨ ᠠᠪᠬᠤ᠂ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ ᠵᠡᠷᠭᠡ ᠡᠳ᠋᠎ᠤᠨ ᠵᠠᠰᠠᠭ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢ᠌ᠪᠠᠯ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠥᠪ᠎ᠤᠨ ᠬᠠᠤᠯᠢ》 ᠵᠢᠴᠢ ᠬᠡᠷᠡᠭᠵᠢᠭᠦᠯᠬᠦ ᠳᠦᠷᠢᠮ᠂ 《ᠡᠳ᠋᠎ᠤᠨ ᠵᠠᠰᠠᠭ᠎ᠤᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠢᠢ᠍ᠳᠭᠡᠵᠦ ᠲᠤᠷᠭ᠋ᠠᠬᠤ ᠳᠦᠷᠢᠮ》 ᠵᠡᠷᠭᠡ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠬᠢᠭᠰᠡᠨ ᠪᠠᠢ᠌ᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃