ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠥᠪᠥᠷ ᠮᠣᠩᠭᠤᠯ ᠣᠯᠠᠨ ᠠᠷᠭ᠎ᠠ ᠬᠡᠮᠵᠢᠶ᠎ᠡ ᠠᠪᠴᠤ ᠰᠣᠶᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ
ᠨᠡᠶᠢᠲᠡᠯᠡᠭᠰᠡᠨ ᠴᠠᠭ᠄ 2025-09-10

ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ 〈ᠰᠣᠶᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠠᠵᠤ ᠠᠬᠤᠶ ᠵᠢᠨ ᠲᠥᠷᠥ ᠵᠢᠨ ᠪᠣᠳᠣᠯᠭ᠎ᠠ᠎ᠨᠦᠭᠦᠳ〉᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ 《ᠬᠡᠷᠡᠭᠵᠢᠭᠦᠯᠬᠦ ᠲᠥᠰᠦᠯ》᠎ᠨᠢ ᠰᠣᠶᠣᠯ᠎ᠤᠨ ᠪᠠᠶ᠋ᠢᠭᠤᠯᠤᠯ᠎ᠤᠨ ᠲᠣᠭᠲᠠᠴᠠ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠣᠶᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ ᠶᠤᠮ᠃

《ᠬᠡᠷᠡᠭᠵᠢᠭᠦᠯᠬᠦ ᠲᠥᠰᠦᠯ》᠎ᠨᠢ ᠡᠳ᠋᠎ᠤᠨ ᠵᠠᠰᠠᠭ᠂ ᠭᠠᠶ᠋ᠢᠯᠢ ᠲᠠᠲᠠᠪᠤᠷᠢ᠂ ᠮᠥᠩᠭᠦᠨ ᠭᠦᠢ᠍ᠯᠭᠡᠭᠡ ᠵᠡᠷᠭᠡ ᠲᠤᠯᠤᠭ᠋ᠠᠨ ᠶᠡᠭᠡ ᠭᠤᠣᠯ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ 24 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠵᠢ ᠨᠠᠷᠢᠯᠢᠬ᠍ᠵᠢᠭᠤᠯᠪᠠ᠃

《ᠬᠡᠷᠡᠭᠵᠢᠭᠦᠯᠬᠦ ᠲᠥᠰᠥᠯ》᠎ᠳᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠤᠰᠬᠠᠢ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠡᠷᠡᠭᠯᠡᠵᠦ᠂ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠦᠨᠳᠦᠰᠦᠨ ᠬᠡᠷᠡᠭᠴᠡᠭᠡ ᠱᠠᠭ᠋ᠠᠷᠳᠠᠯᠭ᠎ᠠ ᠵᠢ ᠪᠠᠲᠤᠯᠠᠨ᠎ᠠ ᠭᠡᠵᠦ ᠳᠤᠷᠠᠳᠤᠨ ᠭᠠᠷᠭ᠋ᠠᠪᠠ᠃ ᠡᠩ᠎ᠤᠨ ᠣᠯᠠᠨ ᠨᠡᠶ᠋ᠢᠲᠡ ᠵᠢᠨ ᠲᠥᠰᠦᠪ᠂ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠨᠢᠭᠡᠳᠦᠯᠲᠡᠢ ᠲᠥᠯᠥᠪᠯᠡᠨ ᠬᠡᠷᠡᠭᠯᠡᠵᠦ᠂ ᠤᠯᠤᠰ᠎ᠤᠨ ᠪᠡᠯᠡ ᠮᠥᠩᠭᠦ᠎ᠪᠠᠷ ᠤᠮᠠᠷᠠᠲᠤ ᠬᠢᠯᠢ ᠵᠢᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ᠂ ᠰᠣᠶᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠳᠡᠮᠵᠢᠬᠦ ᠭᠤᠣᠯᠳᠠᠯᠭ᠎ᠠ᠎ᠲᠠᠢ ᠲᠥᠷᠥᠯ ᠵᠦᠢ᠍ᠯ᠂ ᠰᠣᠶᠣᠯ᠎ᠤᠨ ᠬᠦᠷᠢᠶᠡᠨ᠎ᠳᠤ᠎ᠬᠢ ᠴᠢᠬᠤᠯᠠ ᠶᠡᠭᠡ ᠥᠭᠡᠷᠡᠴᠢᠯᠡᠯᠲᠡ ᠵᠢᠨ ᠠᠵᠢᠯ᠎ᠢ ᠢᠳᠡᠪᠬᠢᠲᠡᠢ ᠲᠡᠮᠡᠴᠡᠨ ᠣᠯᠵᠤ᠂ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠤᠨ᠎ᠠ᠃ 《ᠬᠡᠷᠡᠭᠵᠢᠭᠦᠯᠬᠦ ᠲᠥᠰᠦᠯ》᠎ᠳᠤ᠂ ᠭᠤᠤᠯᠳᠠᠯᠭ᠎ᠠ᠎ᠲᠠᠢ ᠤᠳᠬ᠎ᠠ ᠤᠷᠠᠯᠢᠭ᠎ᠤᠨ ᠲᠥᠷᠥᠯ ᠵᠦᠢ᠍ᠯ᠎ᠢ ᠲᠡᠳᠬᠦᠨ ᠳᠡᠮᠵᠢᠬᠦ ᠪᠠ ᠰᠣᠳᠣᠨ ᠪᠦᠲᠦᠭᠡᠯ᠎ᠢ ᠱᠠᠩᠨᠠᠨ ᠬᠥᠬᠢᠭᠦᠯᠬᠦ ᠵᠢ ᠰᠠᠶ᠋ᠢᠲᠤᠷ ᠬᠢᠵᠦ᠂ ᠪᠥᠬᠦ ᠤᠯᠤᠰ᠎ᠤᠨ ᠣᠶᠤᠨ᠎ᠤ ᠪᠣᠯᠪᠠᠰᠤᠨ᠎ᠤ ᠪᠠᠶ᠋ᠢᠭᠤᠯᠤᠯᠲᠠ ᠵᠢᠨ 《ᠲᠠᠪᠤᠨ ᠨᠢᠭᠡ ᠵᠢᠨ ᠢᠨᠵᠧᠨᠧᠷᠢᠩ》᠎ᠤᠨ ᠱᠠᠩᠨᠠᠯ᠎ᠢ ᠭᠥᠷᠳᠡᠭᠰᠡᠨ ᠺᠢᠨᠣ᠋᠂ ᠲᠧᠯᠸᠢᠰ ᠵᠦᠴᠦᠭᠡ᠂ ᠲᠧᠯᠸᠢᠰ᠎ᠤᠨ ᠪᠠᠷᠢᠮᠲᠠᠲᠤ ᠹᠢᠯᠢᠮ᠂ ᠲᠧᠯᠸᠢᠰ ᠺᠠᠷᠲ᠋ᠣᠨ ᠺᠢᠨᠣ᠋᠎ᠳᠤ 500 ᠲᠦᠮᠡᠨ ᠲᠥᠭᠦᠷᠢᠭ᠎ᠤᠨ ᠪᠠᠯᠠ ᠮᠥᠩᠭᠦ ᠵᠢᠨ ᠱᠠᠩᠨᠠᠯ ᠣᠯᠭᠤᠵᠤ᠂ ᠠᠩᠬ᠎ᠠ ᠤᠳᠠᠭ᠎ᠠ ᠢᠯᠡ᠎ᠪᠠᠷ ᠭᠠᠷᠭ᠋ᠠᠬᠤ ᠺᠢᠨᠤ᠋ ᠵᠢᠨ ᠪᠢᠯᠧᠲ᠎ᠤᠨ ᠤᠷᠤᠯᠭ᠎ᠠ 1 ᠳ᠋ᠦᠩᠰᠢᠭᠤᠷ ᠲᠥᠭᠦᠷᠢᠭ᠎ᠠᠴᠠ 5 ᠳ᠋ᠦᠩᠰᠢᠭᠤᠷ ᠲᠥᠭᠦᠷᠢᠭ᠂ 5 ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠺᠢᠨᠣ᠋᠎ᠳᠤ ᠲᠣᠰ ᠲᠣᠰ 300 ᠲᠦᠮᠡᠨ ᠲᠥᠭᠦᠷᠢᠭ᠂ 400 ᠲᠦᠮᠡᠨ ᠲᠥᠭᠦᠷᠢᠭ᠎ᠤᠨ ᠪᠠᠯᠠ ᠮᠥᠩᠭᠦ ᠵᠢᠨ ᠱᠠᠩᠨᠠᠯ ᠣᠯᠭᠤᠵᠤ᠂ ᠸᠧᠨ ᠬᠤᠸᠠ ᠱᠠᠩᠨᠠᠯ ᠣᠯᠣᠭᠰᠠᠨ ᠲᠠᠶ᠋ᠢᠰᠠᠨ᠎ᠤ ᠵᠦᠴᠦᠭᠡ᠎ᠳᠤ 400 ᠲᠦᠮᠡᠨ ᠲᠦᠭᠦᠷᠢᠭ᠎ᠤᠨ ᠪᠡᠯᠡ ᠮᠥᠩᠭᠥ ᠵᠢᠨ ᠱᠠᠩᠨᠠᠯ ᠤᠯᠭᠤᠵᠤ᠂ ᠮᠤᠤ ᠳ᠋ᠦᠨ ᠤᠳᠬ᠎ᠠ ᠵᠣᠬᠢᠶᠠᠯ᠎ᠤᠨ ᠱᠠᠩᠨᠠᠯ ᠭᠥᠷᠳᠡᠭᠰᠡᠨ ᠤᠳᠬ᠎ᠠ ᠤᠷᠠᠯᠢᠭ᠎ᠤᠨ ᠪᠦᠲᠦᠭᠡᠯ᠎ᠳᠤ 150 ᠲᠦᠮᠡᠨ ᠲᠥᠭᠦᠷᠢᠭ᠎ᠤᠨ ᠪᠠᠯᠠ ᠮᠥᠩᠭᠦ ᠵᠢᠨ ᠱᠠᠩᠨᠠᠯ ᠣᠯᠭᠤᠨ᠎ᠠ᠃ ᠣᠯᠠᠨ ᠨᠡᠶ᠋ᠢᠲᠡ ᠵᠢᠨ ᠰᠣᠶᠣᠯ᠎ᠤᠨ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠬᠢᠷᠢ ᠬᠡᠮᠵᠢᠶ᠎ᠡ ᠵᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠣᠬᠢᠷᠠᠭᠤᠯᠤᠨ ᠰᠣᠶᠣᠯ᠎ᠤᠨ ᠪᠡᠯᠡᠳᠬᠡᠮᠵᠢ ᠵᠢ ᠪᠠᠶ᠋ᠢᠷᠢᠰᠢᠭᠤᠯᠵᠤ᠂ ᠪᠣᠳᠠᠲᠤ ᠴᠣᠭᠴᠠ ᠵᠢᠨ ᠨᠣᠮ᠎ᠤᠨ ᠳᠡᠯᠭᠡᠭᠦᠷ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠳᠡᠮᠵᠢᠨ᠎ᠡ᠃

《ᠬᠡᠷᠡᠭᠵᠢᠭᠦᠯᠬᠦ ᠲᠥᠰᠦᠯ》᠎ᠳᠤ᠂ 《ᠪᠢ ᠲᠠᠯ᠎ᠠ ᠨᠤᠲᠤᠭ᠎ᠲᠠᠢ ᠪᠣᠯᠵᠤᠭ᠎ᠠ᠎ᠲᠠᠢ》 ᠰᠣᠶᠣᠯ ᠵᠢᠭᠤᠯᠴᠢᠯᠠᠯ᠎ᠤᠨ ᠲᠠᠸᠠᠷ᠎ᠤᠨ ᠨᠠᠷᠠᠲᠤ ᠲᠡᠮᠳᠡᠭᠲᠦ ᠵᠢ ᠡᠭᠦᠳᠬᠦ ᠵᠢ ᠳᠡᠮᠵᠢᠬᠦ ᠬᠡᠷᠡᠭᠲᠡᠢ ᠭᠡᠵᠦ ᠳᠤᠷᠠᠳᠪᠠ᠃ 《ᠠᠶᠠᠯᠭᠤᠲᠤ ᠵᠢᠭᠤᠯᠴᠢᠯᠠᠯ ᠥᠪᠥᠷ ᠮᠣᠩᠭᠤᠯ》᠂ 《ᠪᠢ ᠲᠠᠯ᠎ᠠ ᠨᠤᠲᠤᠭ᠎ᠲᠠᠢ ᠪᠣᠯᠵᠤᠭ᠎ᠠ᠎ᠲᠠᠢ》 ᠭᠡᠬᠦ ᠭᠤᠤᠯ ᠰᠡᠳᠦᠪᠲᠦ ᠰᠣᠶᠣᠯ ᠵᠢᠭᠤᠯᠴᠢᠯᠠᠯ᠎ᠤᠨ ᠰᠢᠷᠢᠰ ᠲᠠᠸᠠᠷ᠎ᠢ ᠰᠤᠳᠤᠯᠤᠨ ᠨᠡᠭᠡᠭᠡᠬᠦ᠂ ᠪᠣᠳᠠᠲᠤ ᠴᠣᠭᠴᠠ ᠵᠢᠨ ᠳᠡᠯᠭᠡᠭᠦᠷ᠎ᠤᠨ ᠪᠥᠲᠥᠭᠡᠨ ᠪᠠᠶ᠋ᠢᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠤᠷᠢᠭ᠎ᠢ ᠭᠤᠤᠯᠳᠠᠯᠭ᠎ᠠ᠎ᠲᠠᠢ ᠪᠤᠶ᠋ᠢᠵᠢᠭᠤᠯᠬᠤ᠂ ᠲᠠᠯᠠᠪᠤᠷ᠎ᠲᠤ ᠰᠠᠭᠤᠭ᠎ᠠ ᠵᠢᠭᠤᠯᠴᠢᠯᠠᠯ᠎ᠤᠨ ᠲᠣᠭᠯᠠᠯᠲᠠ᠂ ᠪᠥᠬᠦ ᠤᠯᠤᠰ᠎ᠤᠨ ᠴᠢᠨᠠᠷᠲᠠᠶ ᠰᠣᠶᠣᠯ ᠵᠢᠭᠤᠯᠴᠢᠯᠠᠯ᠎ᠤᠨ ᠦᠵᠡᠭᠦᠯᠭᠡ ᠵᠢᠨ ᠴᠤᠭᠯᠠᠭ᠋ᠠᠨ᠂ ᠪᠥᠬᠦ ᠣᠷᠣᠨ᠎ᠤ ᠰᠣᠶᠣᠯ ᠵᠢᠭᠤᠯᠴᠢᠯᠠᠯ᠎ᠤᠨ ᠲᠠᠸᠠᠷ᠎ᠤᠨ ᠤᠷᠤᠯᠳᠤᠭ᠋ᠠᠨ ᠵᠡᠷᠭᠡ᠎ᠳᠤ ᠳᠡᠮᠵᠢᠯᠭᠡ ᠦᠵᠡᠭᠦᠯᠦᠨ᠎ᠡ᠃ ᠪᠢᠴᠢᠯ ᠣᠬᠤᠷ ᠵᠦᠴᠦᠭᠡ ᠵᠡᠷᠭᠡ ᠺᠢᠨᠣ᠋ ᠲᠧᠯᠸᠢᠰ᠎ᠤᠨ ᠪᠦᠲᠦᠭᠡᠯ᠎ᠳᠤ ᠡᠨᠧᠷᠭᠢ ᠣᠯᠭᠤᠬᠤ ᠰᠣᠶᠣᠯ᠎ᠤᠨ ᠬᠥᠭᠵᠢᠯᠲᠡ ᠵᠢ ᠳᠡᠮᠵᠢᠨ᠎ᠡ᠃

《ᠬᠡᠷᠡᠭᠵᠢᠭᠦᠯᠬᠦ ᠲᠥᠰᠦᠯ》᠎ᠳᠤ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ ᠲᠥᠪᠯᠡᠷᠡᠭᠰᠡᠨ ᠣᠷᠣᠨ᠂ ᠲᠡᠤᠬᠡ ᠵᠢᠨ ᠳᠤᠷᠠᠰᠬᠠᠯᠲᠤ ᠵᠦᠢ᠍ᠯᠡᠰ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠰᠢᠰᠲ᠋ᠧᠮ᠎ᠲᠠᠢ ᠬᠠᠮᠠᠭ᠋ᠠᠯᠠᠬᠤ ᠪᠠ ᠵᠦᠶ ᠵᠣᠬᠢᠰᠲᠠᠶ ᠠᠰᠢᠭᠯᠠᠬᠤ ᠵᠢ ᠳᠡᠮᠵᠢᠵᠦ᠂ ᠲᠡᠦᠬᠡ ᠰᠣᠶᠣᠯ᠎ᠤᠨ ᠨᠠᠷᠠᠲᠤ ᠬᠤᠲᠠ ᠪᠠ ᠲᠡᠤᠬᠡ ᠰᠣᠶᠣᠯ᠎ᠤᠨ ᠵᠡᠭᠡᠯᠢ ᠲᠣᠭᠤᠷᠢᠭ᠂ ᠤᠯᠠᠮᠵᠢᠯᠠᠯᠲᠤ ᠠᠶ᠋ᠢᠯ ᠲᠣᠰᠬᠤᠨ᠎ᠤ ᠳᠣᠲᠣᠷᠠᠬᠢ ᠪᠠᠷᠢᠯᠭ᠎ᠠ᠎ᠳᠤ ᠨᠡᠶ᠋ᠢᠳᠡᠮ ᠪᠠᠶ᠋ᠢᠴᠠᠭ᠋ᠠᠯᠲᠠ ᠬᠢᠬᠦ ᠵᠢ ᠳᠡᠮᠵᠢᠵᠦ᠂ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠳᠤ ᠬᠤᠯᠪᠣᠭᠳᠠᠬᠤ ᠲᠥᠯᠥᠪᠵᠢᠭᠦᠯᠭᠡ ᠵᠢᠨ 《ᠣᠯᠠᠨ ᠲᠥᠯᠥᠪᠵᠢᠭᠦᠯᠭᠡ ᠵᠢ ᠨᠢᠭᠡᠳᠬᠡᠬᠦ》 ᠵᠢ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠲᠣᠭᠲᠠᠭ᠋ᠠᠵᠠᠶ᠃ ᠣᠷᠣᠨ᠎ᠤ ᠳᠣᠲᠣᠷᠠᠬᠢ ᠰᠣᠶᠣᠯ᠎ᠤᠨ ᠠᠵᠤ ᠠᠬᠤᠶ᠋ᠢᠯᠠᠯ᠎ᠤᠳ᠎ᠤᠨ ᠭᠠᠳᠠᠭ᠋ᠠᠳᠤ᠎ᠳᠤ ᠬᠠᠨᠳᠤᠭᠤᠯᠤᠭᠰᠠᠨ ᠰᠣᠶᠣᠯ᠎ᠤᠨ ᠠᠷᠠᠯᠵᠢᠶ᠎ᠠ ᠵᠢᠨ 《ᠮᠢᠩᠭ᠋ᠠᠨ ᠳᠠᠷᠪᠠᠭᠤᠯ ᠳᠠᠯᠠᠶ᠎ᠳᠤ ᠭᠠᠷᠬᠤ》 ᠠᠵᠢᠯᠯᠠᠭ᠎ᠠ᠎ᠳᠤ ᠢᠳᠡᠪᠬᠢᠲᠡᠶ ᠣᠷᠣᠯᠴᠠᠬᠤ ᠵᠢ ᠵᠣᠷᠢᠭᠵᠢᠭᠤᠯᠵᠤ᠂ ᠣᠯᠠᠨ ᠤᠯᠤᠰ᠎ᠲᠤ ᠥᠷᠢᠰᠥᠯᠳᠦᠬᠦ ᠬᠦᠴᠦᠨ᠎ᠲᠠᠢ ᠰᠣᠶᠣᠯ᠎ᠤᠨ ᠭᠠᠳᠠᠭ᠋ᠠᠳᠤ᠎ᠳᠤ ᠭᠠᠷᠭ᠋ᠠᠬᠤ ᠭᠣᠤᠯᠳᠠᠯᠭ᠎ᠠ᠎ᠲᠠᠢ ᠠᠵᠤ ᠠᠬᠤᠶ᠋ᠢᠯᠠᠯ᠎ᠢ ᠲᠦᠷᠭᠡᠳᠬᠡᠨ ᠪᠣᠶ᠋ᠢᠵᠢᠭᠤᠯᠤᠨ᠎ᠠ᠃

《ᠬᠡᠷᠡᠭᠵᠢᠭᠦᠯᠬᠦ ᠲᠥᠰᠥᠯ》᠎ᠳᠤ᠂ ᠰᠣᠶᠣᠯ ᠪᠠ ᠰᠢᠨᠵᠢᠯᠡᠬᠦ ᠤᠬᠠᠭ᠋ᠠᠨ ᠮᠡᠷᠭᠡᠵᠢᠯ᠎ᠢ ᠠᠭᠤᠰᠤᠯᠴᠠᠭᠤᠯᠬᠤ ᠬᠠᠮᠵᠢᠯᠴᠠᠨ ᠬᠠᠮᠲᠤᠷᠠᠯᠴᠠᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠰᠣᠯᠢᠯᠴᠠᠭ᠋ᠠᠨ᠎ᠤ ᠲᠠᠪᠴᠠᠩ᠎ᠢ ᠪᠠᠶ᠋ᠢᠭᠤᠯᠤᠨ᠂ ᠰᠣᠶᠣᠯ᠎ᠤᠨ ᠪᠠᠶ᠋ᠢᠭᠤᠯᠤᠮᠵᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠂ ᠪᠦᠲᠦᠭᠡᠯᠴᠢ ᠲᠥᠰᠥᠪᠯᠡᠯ᠎ᠤᠨ ᠠᠵᠤ ᠦᠢ᠍ᠯᠡᠰ ᠵᠡᠷᠭᠡ ᠣᠯᠠᠨ ᠲᠠᠯ᠎ᠠ ᠵᠢᠨ ᠬᠠᠮᠲᠤᠷᠠᠯᠴᠠᠭ᠎ᠠ ᠵᠢ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ ᠰᠣᠶᠣᠯ᠎ᠤᠨ ᠬᠦᠷᠢᠶ᠎ᠡ ᠴᠠᠷᠠᠭ᠎ᠠ᠎ᠳᠤ ᠦᠪᠡᠷᠳᠡᠭᠡᠨ ᠵᠠᠰᠠᠬᠤ ᠣᠷᠣᠨ᠎ᠤ ᠮᠡᠷᠭᠡᠵᠢᠯ᠎ᠤᠨ ᠰᠢᠨ᠎ᠡ ᠵᠢ ᠡᠬᠦᠳᠬᠦ ᠲᠥᠪ᠎ᠢ ᠪᠤᠶ᠋ᠢᠵᠢᠭᠤᠯᠥᠨ ᠪᠠᠶ᠋ᠢᠭᠤᠯᠬᠤ ᠵᠢ ᠳᠡᠮᠵᠢᠨ᠎ᠠ᠃ ᠰᠣᠶᠣᠯ᠎ᠤᠨ ᠰᠠᠯᠠᠭ᠎ᠠ ᠮᠥᠴᠢᠷ᠎ᠢ ᠠᠯᠤᠰᠯᠠᠭᠰᠠᠨ ᠶᠡᠷᠦᠩᠬᠡᠶ᠋ᠢᠯᠡᠭᠰᠡᠨ ᠳ᠋ᠠᠶ᠋ᠢᠲ᠋ᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠰᠣᠶᠣᠯ᠎ᠤᠨ ᠬᠦᠷᠢᠶᠡᠨ᠎ᠳᠤ᠎ᠬᠢ ᠲᠣᠮᠣ ᠵᠠᠭᠪᠤᠷ᠎ᠤᠨ ᠪᠠᠶ᠋ᠢᠭᠤᠯᠤᠯᠲᠠ ᠵᠢ ᠳᠡᠮᠵᠢᠨ᠎ᠡ᠃

  《ᠬᠡᠷᠡᠭᠵᠢᠭᠦᠯᠬᠦ ᠲᠥᠰᠦᠯ》᠎ᠳᠤ ᠪᠠᠰᠠ ᠪᠣᠬᠢᠷᠲᠤᠯ ᠥᠬᠡᠶ ᠪᠤᠳᠤᠬᠤ ᠬᠦᠴᠦᠨ᠎ᠤ ᠬᠡᠷᠡᠭᠯᠡᠭᠡᠨ᠎ᠤ ᠦᠵᠡᠭᠳᠡᠯ᠎ᠢ ᠶᠡᠭᠡ᠎ᠪᠠᠷ ᠥᠷᠭᠡᠳᠬᠡᠵᠦ᠂ ᠰᠣᠶᠣᠯ᠎ᠤᠨ ᠠᠵᠤ ᠦᠢ᠍ᠯᠡᠰ ᠪᠠ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠤᠭ᠋ᠠᠵᠢᠭᠤᠯᠤᠭᠰᠠᠨ ᠬᠡᠯᠪᠡᠷᠢ ᠵᠢ ᠬᠤᠪᠢᠷᠠᠭᠤᠯᠵᠤ᠂ ᠤᠯᠤᠰ᠎ᠤᠨ ᠲᠤᠭ᠎ᠠ ᠪᠠᠷᠢᠮᠲᠠ ᠵᠢᠨ ᠲᠣᠪᠴᠢᠶ᠎ᠠ ᠵᠢᠨ 《ᠲᠤᠭ᠎ᠠ ᠪᠠᠷᠢᠮᠲᠠ ᠵᠢᠨ ᠡᠯᠧᠮᠧᠨ᠋ᠲ ×》 ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠳᠤ ᠬᠠᠮᠤᠭ᠎ᠤᠨ ᠥᠨᠳᠥᠷ᠎ᠲᠤ᠎ᠪᠠᠨ 200 ᠲᠦᠮᠡᠨ ᠲᠥᠭᠦᠷᠢᠭ᠎ᠠᠴᠠ ᠬᠡᠲᠦᠷᠡᠭᠦᠯᠬᠦ ᠥᠬᠡᠶ ᠨᠢᠭᠡ ᠯᠡ ᠤᠳᠠᠭ᠎ᠠ ᠵᠢᠨ ᠴᠢᠨᠠᠷᠲᠠᠶ ᠱᠠᠩᠨᠠᠯ ᠣᠯᠭᠤᠨ᠎ᠠ ᠭᠡᠵᠦ ᠳᠤᠷᠠᠳᠤᠨ ᠭᠠᠷᠭ᠋ᠠᠪᠠ᠃ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠂ ᠰᠣᠶᠣᠯ ᠤᠳᠬ᠎ᠠ ᠤᠷᠠᠯᠢᠭ᠂ ᠰᠣᠨᠢᠨ ᠮᠡᠳᠡᠭᠡ ᠶᠠᠷᠢᠶ᠎ᠠ ᠬᠡᠯᠡᠯᠴᠡᠭᠡ᠂ ᠣᠯᠠᠨ ᠤᠯᠤᠰ᠎ᠤᠨ ᠳᠠᠮᠵᠢᠭᠤᠯᠭ᠎ᠠ᠂ ᠢᠨᠲ᠋ᠧᠷ ᠰᠦᠯᠵᠢᠶ᠎ᠡ ᠵᠢᠨ ᠤᠬᠠᠭᠤᠯᠭ᠎ᠠ᠂ ᠰᠣᠶᠣᠯ᠎ᠤᠨ ᠡᠵᠡᠩᠨᠡᠯᠲᠡ ᠬᠠᠮᠢᠶᠠᠷᠤᠯᠲᠠ ᠪᠠ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠵᠡᠷᠭᠡ ᠴᠢᠳᠠᠪᠤᠷᠢᠲᠠᠨ ᠬᠥᠮᠦᠵᠢᠭᠦᠯᠬᠦ ᠲᠥᠷᠥᠯ ᠵᠦᠢ᠍ᠯ ᠪᠠᠶ᠋ᠢᠭᠤᠯᠬᠤ ᠵᠢ ᠳᠡᠮᠵᠢᠨ᠎ᠠ᠃

ᠢᠷᠡᠯᠲᠡ᠄ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ ᠮᠡᠳᠡᠭᠡᠨ᠎ᠤ ᠬᠡᠷᠡᠭᠯᠡᠭᠰᠡᠳ᠎ᠤᠨ ᠦᠵᠦᠭᠦᠷ
          
ᠬᠠᠮᠢᠶ᠎ᠡ ᠪᠦᠬᠦᠢ ᠰᠣᠨᠢᠨ
 
            