ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠠᠨᠵᠤᠤᠷ᠎ᠲᠤ ᠬᠢᠯᠢ ᠠᠯᠤᠰᠯᠠᠭᠰᠠᠨ ᠰᠣᠶᠣᠯ᠎ᠤᠨ ᠰᠣᠯᠢᠯᠴᠠᠭ᠋ᠠᠨ᠎ᠤ ᠬᠠᠯᠠᠭᠤᠨ ᠥᠷᠨᠢᠯᠲᠡ ᠭᠠᠷᠪᠠ
ᠨᠡᠶᠢᠲᠡᠯᠡᠭᠰᠡᠨ ᠴᠠᠭ᠄ 2025-10-30

10 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ 11 ᠳ᠋ᠣᠭᠡᠷ ᠰᠠᠷ᠎ᠠ ᠵᠢᠨ 3᠎ᠤ ᠡᠳᠦᠷ᠎ᠤᠨ ᠬᠤᠭᠤᠷᠤᠨᠳᠤ ᠶᠠᠭ ᠰᠠᠢ᠌ᠬᠠᠨ ᠣᠷᠣᠰ᠎ᠤᠨ ᠨᠠᠮᠤᠷ᠎ᠤᠨ ᠠᠮᠠᠷᠠᠯᠲᠠ ᠵᠢᠨ ᠬᠤᠭᠤᠴᠠᠭ᠎ᠠ ᠲᠠᠭ᠋ᠠᠷᠠᠵᠤ᠂ ᠳᠤᠮᠳᠠᠳᠤ ᠣᠷᠣᠰ᠎ᠤᠨ ᠬᠢᠯᠢ ᠵᠢᠨ ᠪᠣᠭᠣᠮᠲᠠ ᠵᠢᠨ ᠬᠣᠲᠠ ᠮᠠᠨᠵᠤᠤᠷ᠎ᠲᠤ ᠬᠢᠯᠢ ᠠᠯᠤᠰᠯᠠᠭᠰᠠᠨ ᠰᠣᠶᠣᠯ᠎ᠤᠨ ᠰᠣᠯᠢᠯᠴᠠᠭ᠋ᠠᠨ᠎ᠤ ᠬᠠᠯᠠᠭᠤᠨ ᠥᠷᠨᠢᠯᠲᠡ ᠭᠠᠷᠪᠠ᠃

ᠣᠷᠣᠰ᠎ᠤᠨ ᠮᠣᠰᠺᠸᠠ᠂ ᠰᠢᠨ᠎ᠡ ᠰᠢᠪᠧᠷᠢᠶ᠎ᠠ᠂ ᠺᠷᠠᠰᠨᠤᠶᠠᠷᠰᠺ᠂ ᠢᠷᠺᠦ᠋ᠼᠺ᠂ ᠤᠯᠠᠭ᠋ᠠᠨᠦᠳ᠋᠂ ᠴᠢᠲ᠋ᠠ᠂ ᠪᠷᠠᠭᠦᠦᠢ᠍ᠱᠸᠨ᠋ᠰᠺ᠂ ᠬᠠᠪᠠᠷᠤᠹᠰᠺ ᠵᠡᠷᠭᠡ 10 ᠭᠠᠷᠤᠢ ᠭᠠᠵᠠᠷ ᠣᠷᠣᠨ᠎ᠤ 5000 ᠭᠠᠷᠤᠢ ᠵᠠᠯᠠᠭᠤᠴᠤᠳ ᠪᠠᠭ᠋ᠠᠴᠤᠳ ᠤᠯᠤᠰ ᠠᠯᠤᠰᠯᠠᠭᠰᠠᠨ ᠨᠥᠬᠥᠷᠯᠡᠯ᠎ᠤᠨ ᠲᠤᠬᠠᠢ ᠬᠦᠰᠡᠯ ᠡᠷᠡᠮᠡᠯᠵᠡᠯ ᠪᠠ ᠳᠤᠮᠳᠠᠳᠤ ᠤᠯᠤᠰ᠎ᠤᠨ ᠰᠣᠶᠣᠯ᠎ᠤᠨ ᠲᠤᠬᠠᠢ ᠰᠣᠨᠢᠭᠤᠴᠢ ᠰᠡᠳᠬᠢᠯᠭᠡ ᠵᠢ ᠡᠪᠦᠷᠯᠡᠨ ᠮᠠᠨᠵᠤᠤᠷ᠎ᠲᠤ ᠬᠤᠷᠠᠨ ᠴᠤᠭᠯᠠᠷᠠᠵᠤ᠂ 5 ᠡᠳᠦᠷ᠎ᠤᠨ ᠬᠤᠭᠤᠴᠠᠭ᠎ᠠ᠎ᠲᠠᠢ 《ᠨᠥᠬᠥᠷᠯᠡᠯ · ᠡᠩᠬᠡ ᠲᠠᠢ᠌ᠪᠤᠩ · ᠵᠠᠯᠠᠭᠤ ᠡᠯᠴᠢ》 ᠳᠤᠮᠳᠠᠳᠤ ᠤᠷᠤᠰ᠎ᠤᠨ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠋ᠠᠨ᠎ᠤ ᠰᠢᠷᠢᠰ ᠠᠵᠢᠯᠯᠠᠭ᠎ᠠ ᠵᠢ ᠡᠬᠢᠯᠡᠭᠦᠯᠵᠡᠢ᠃

ᠲᠣᠰ ᠤᠳᠠᠭ᠋ᠠᠨ᠎ᠤ ᠠᠵᠢᠯᠯᠠᠭ᠎ᠠ᠎ᠨᠢ ᠤᠷᠠᠯᠢᠭ ᠵᠶ᠋ᠠᠷ ᠬᠥᠭᠥᠷᠭᠡ ᠪᠣᠯᠭ᠋ᠠᠨ᠂ ᠪᠥᠵᠢᠭ ᠵᠶ᠋ᠡᠷ ᠵᠠᠭᠤᠴᠢ ᠪᠣᠯᠭ᠋ᠠᠵᠤ᠂ ᠳᠤᠮᠳᠠᠳᠤ ᠣᠷᠣᠰ᠎ᠤᠨ ᠵᠠᠩ ᠦᠢᠯᠡ᠎ᠲᠠᠢ ᠭᠠᠵᠠᠷ ᠣᠷᠣᠨ᠎ᠳᠤ ᠰᠣᠶᠣᠯ᠎ᠤᠨ ᠰᠣᠯᠢᠯᠴᠠᠭ᠋ᠠᠨ᠎ᠤ ᠰᠢᠨ᠎ᠡ ᠬᠠᠭᠤᠳᠠᠰᠤ ᠵᠢ ᠬᠠᠮᠲᠤ᠎ᠪᠠᠷ ᠵᠢᠷᠤᠭᠯᠠᠵᠤ᠂ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠷ ᠦᠶ᠎ᠡ ᠵᠢᠨ ᠦᠶ᠎ᠡ ᠵᠢᠨ ᠨᠥᠬᠥᠷᠯᠡᠯ᠎ᠤᠨ ᠰᠠᠭᠤᠷᠢ ᠵᠢ ᠪᠡᠬᠢᠵᠢᠭᠦᠯᠵᠦ᠂ ᠨᠠᠮᠤᠷ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠥᠪᠡᠷᠮᠢᠴᠡ ᠣᠨᠴᠠᠯᠢᠭ ᠪᠦᠬᠦᠢ ᠰᠣᠶᠣᠯ ᠠᠯᠤᠰᠯᠠᠭᠰᠠᠨ ᠠᠴᠢ ᠬᠣᠯᠪᠣᠭᠳᠠᠯ᠎ᠢ ᠨᠡᠮᠡᠷᠢᠯᠡᠪᠡ᠃

ᠠᠵᠢᠯᠯᠠᠭ᠎ᠠ ᠵᠢᠨ ᠬᠤᠭᠤᠴᠠᠭ᠋ᠠᠨ᠎ᠳᠤ᠂ 《ᠨᠥᠬᠥᠷᠯᠡᠯ᠎ᠤᠨ ᠠᠷᠠᠯ》 ᠳᠤᠮᠳᠠᠳᠤ ᠣᠷᠣᠰ᠎ᠤᠨ ᠵᠠᠯᠠᠭᠤᠴᠤᠳ ᠪᠠᠭ᠋ᠠᠴᠤᠳ᠎ᠤᠨ ᠤᠷᠠᠯᠢᠭ᠎ᠤᠨ ᠰᠣᠯᠢᠯᠴᠠᠭ᠋ᠠᠨ᠎ᠤ ᠠᠵᠢᠯᠯᠠᠭ᠎ᠠ᠂ ᠳᠤᠮᠳᠠᠳᠤ ᠣᠷᠣᠰ᠎ᠤᠨ ᠵᠡᠭᠡᠯᠢ ᠵᠢᠨ ᠪᠥᠵᠢᠭ᠎ᠤᠨ ᠤᠷᠤᠯᠳᠤᠭ᠋ᠠᠨ ᠵᠢᠴᠢ 《ᠲᠦᠮᠡᠨ ᠭᠠᠵᠠᠷ᠎ᠤᠨ ᠴᠠᠢ ᠵᠢᠨ ᠵᠠᠮ》 ᠳᠤᠮᠳᠠᠳᠤ ᠣᠷᠣᠰ᠎ᠤᠨ ᠤᠷᠠᠯᠢᠭ᠎ᠤᠨ ᠭᠢᠮᠨᠠᠰᠲ᠋ᠢᠺ᠎ᠤᠨ ᠤᠷᠤᠯᠳᠤᠭ᠋ᠠᠨ ᠵᠡᠷᠭᠡ ᠰᠢᠷᠢᠰ ᠠᠵᠢᠯᠯᠠᠭ᠎ᠠ ᠪᠠ ᠣᠯᠠᠨ ᠵᠦᠢ᠍ᠯ᠎ᠤᠨ ᠣᠨᠴᠠᠯᠢᠭᠲᠤ ᠠᠭᠤᠯᠭ᠎ᠠ ᠵᠢ ᠡᠮᠬᠢ ᠵᠢᠷᠤᠮ᠎ᠲᠠᠢ ᠥᠷᠨᠢᠭᠦᠯᠵᠦ᠂ ᠵᠠᠯᠠᠭᠤᠴᠤᠳ ᠪᠠᠭ᠋ᠠᠴᠤᠳ᠎ᠤᠨ ᠰᠣᠯᠢᠯᠴᠠᠭ᠎ᠠ ᠰᠤᠷᠤᠯᠴᠠᠯᠭ᠎ᠠ ᠪᠠ ᠰᠣᠶᠣᠯ᠎ᠤᠨ ᠣᠢ᠌ᠯᠠᠭ᠋ᠠᠯᠲᠠ ᠵᠢᠨ ᠬᠡᠷᠡᠭᠴᠡᠭᠡ ᠵᠢ ᠪᠥᠬᠥ ᠲᠠᠯ᠎ᠠ᠎ᠪᠠᠷ ᠬᠠᠩᠭ᠋ᠠᠬᠤ ᠪᠣᠯᠣᠨ᠎ᠠ᠃

ᠢᠷᠡᠯᠲᠡ᠄ ᠮᠠᠨᠵᠤᠤᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            