ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠤᠤᠯ ᠠᠶ᠋ᠢᠮᠠᠭ᠎ᠤᠨ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ 《ᠳᠡᠭᠡᠳᠦ ᠳᠡᠰ᠎ᠤᠨ ᠲᠥᠯᠥᠪᠯᠡᠭᠡ》 ᠬᠢᠭᠡᠳ 《ᠲᠠᠯ᠎ᠠ ᠨᠤᠲᠤᠭ᠎ᠤᠨ ᠦᠢ᠍ᠯᠡᠳᠦᠯᠭᠡ》 ᠵᠢ ᠲᠠᠢ᠌ᠯᠬᠤ᠎ᠨᠢ
ᠨᠡᠶᠢᠲᠡᠯᠡᠭᠰᠡᠨ ᠴᠠᠭ᠄ 2025-09-20

ᠤᠮᠠᠷᠠᠳᠤ ᠥᠷᠭᠡᠷᠢᠭ᠎ᠤᠨ 43 ᠭ᠋ᠷᠠᠳᠦ᠋ᠰ ᠎ᠲᠤ᠎ᠬᠢ ᠰᠢᠯᠢ ᠵᠢᠨ ᠭᠤᠤᠯ ᠎ᠤᠨ ᠲᠠᠯ᠎ᠠ ᠨᠤᠲᠤᠭ ᠪᠤᠯ ᠲᠡᠭᠷᠢ ᠵᠢᠨ ᠳᠤᠤᠷᠠᠬᠢ ᠬᠠᠮᠤᠭ ᠎ᠤᠨ ᠠᠭᠤᠳᠠᠮ ᠰᠢᠯᠦᠭ ᠎ᠤᠨ ᠮᠦᠷ᠂ ᠲᠡᠤᠭᠡᠨ ᠣᠷᠣᠰᠬᠠᠯ ᠎ᠳᠤ᠎ᠬᠢ ᠬᠠᠮᠤᠭ ᠎ᠤᠨ ᠤᠶᠠᠷᠠᠭᠤᠨ ᠡᠭᠡᠰᠢᠭᠯᠡᠩ ᠪᠤᠯᠤᠨ᠎ᠠ᠃ ᠵᠤᠨ᠎ᠤ ᠤᠯᠠᠷᠢᠯ᠎ᠳᠤ ᠰᠢᠯᠢ ᠵᠢᠨ ᠭᠣᠣᠯ᠎ᠤᠨ ᠲᠠᠯ᠎ᠠ ᠨᠤᠲᠤᠭ ᠨᠢᠭᠡ ᠵᠢᠯ᠎ᠤᠨ ᠳᠣᠲᠣᠷᠠᠬᠢ ᠬᠠᠮᠤᠭ᠎ᠤᠨ ᠭᠣᠶᠣ ᠤᠯᠠᠷᠢᠯ ᠵᠶ᠋ᠠᠨ ᠲᠤᠰᠴᠤ ᠠᠪᠤᠨ᠎ᠠ᠃ ᠤᠯᠤᠨ ᠳᠤᠬᠤᠢ ᠵᠢᠨ ᠬᠥᠪᠡᠭᠡᠨ᠎ᠳᠤ ᠵᠢᠭᠤᠯᠴᠢᠯᠠᠭᠴᠢᠳ ᠮᠣᠳᠣᠨ ᠬᠥᠭᠦᠷᠭᠡᠨ ᠵᠠᠮ ᠵᠶ᠋ᠠᠷ ᠠᠯᠭᠤᠷᠬᠠᠨ ᠠᠯᠬᠤᠯᠠᠬᠤ ᠎ᠳᠤ ᠣᠶᠤᠨᠴᠢ ᠳ᠋ᠧᠩ ᠠᠯᠬᠤᠮ᠎ᠢ ᠳᠠᠭ᠋ᠠᠵᠤ ᠨᠢᠭᠡ ᠨᠢᠭᠡ᠎ᠪᠠᠷ ᠭᠡᠷᠡᠯᠳᠦᠵᠦ᠂ ᠮᠤᠷᠤᠢ ᠰᠠᠷᠤᠢ ᠭᠣᠣᠯ᠎ᠤᠨ ᠤᠰᠤ ᠵᠢ ᠨᠡᠭᠦᠳᠡᠯ ᠮᠥᠩᠭᠥᠨ ᠪᠦᠰᠡ ᠪᠤᠯᠭ᠋ᠠᠨ᠎ᠠ᠃ ᠡᠨᠡ ᠬᠦ᠌ ᠬᠥᠮᠦᠨ ᠬᠢᠭᠡᠳ ᠪᠠᠶ᠋ᠢᠭ᠋ᠠᠯᠢ ᠡᠶ᠎ᠡ ᠵᠣᠬᠢᠴᠠᠯ᠎ᠲᠠᠢ ᠬᠠᠮᠲᠤ ᠣᠷᠣᠰᠢᠭᠰᠠᠨ᠂ ᠤᠯᠠᠮᠵᠢᠯᠠᠯ ᠪᠠ ᠣᠲᠣ ᠦᠶ᠎ᠡ ᠵᠢᠨ ᠰᠣᠯᠪᠢᠴᠠᠭᠰᠠᠨ ᠰᠦᠷᠯᠢᠭ ᠰᠠᠶ᠋ᠢᠬᠠᠨ ᠵᠢᠷᠤᠭ᠎ᠨᠢ ᠶᠠᠭ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠤᠤᠯ ᠠᠶ᠋ᠢᠮᠠᠭ᠎ᠤᠨ ᠰᠣᠶᠣᠯ ᠵᠢᠭᠤᠯᠴᠢᠯᠠᠯ ᠠᠭᠤᠰᠤᠯᠴᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠠᠮᠢᠳᠤᠯᠢᠭ ᠵᠢᠷᠤᠭᠯᠠᠯ ᠪᠣᠯᠤᠨ᠎ᠠ᠃

2024 ᠣᠨ᠎ᠳᠤ᠂ ᠡᠨᠡ ᠬᠦ᠌ 18 ᠲᠦᠮᠡᠨ ᠲᠡᠭᠰᠢ ᠳᠥᠷᠪᠡᠯᠵᠢᠨ ᠺᠢᠯᠤᠮᠸᠲᠷ᠎ᠤᠨ ᠲᠠᠯ᠎ᠠ ᠨᠤᠲᠤᠭ ᠨᠢᠳᠦ ᠭᠢᠯᠠᠰᠤᠮ᠎ᠠ ᠬᠠᠷᠢᠭᠤᠯᠲᠠ ᠵᠢᠨ ᠬᠠᠭᠤᠳᠠᠰᠤ ᠲᠤᠰᠢᠶᠠᠪᠠ᠄ 1819.68 ᠲᠦᠮᠡᠨ ᠬᠥᠮᠦᠨ ᠤᠳᠠᠭ᠋ᠠᠨ᠎ᠤ ᠵᠢᠭᠤᠯᠴᠢᠯᠠᠭᠴᠢᠳ᠎ᠢ ᠭᠥᠯᠢᠶᠡᠨ ᠠᠪᠴᠤ᠂ ᠵᠢᠭᠤᠯᠴᠢᠯᠠᠯ᠎ᠤᠨ ᠣᠷᠣᠯᠭ᠎ᠠ 245.43 ᠳ᠋ᠦᠩᠰᠢᠭᠤᠷ ᠲᠥᠭᠦᠷᠢᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 13.7% ᠪᠠ 14.3% ᠨᠡᠮᠡᠭᠳᠡᠵᠦ᠂ ᠤᠮᠠᠷᠠᠲᠤ ᠬᠢᠵᠠᠭ᠋ᠠᠷ ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠥᠳᠡᠯᠭᠡᠬᠦ ᠬᠦᠴᠦᠷᠬᠡᠭ ᠶᠡᠭᠡ ᠬᠥᠳᠡᠯᠭᠡᠭᠦᠷ ᠪᠣᠯᠪᠠ᠃ ᠡᠨᠡ ᠵᠢᠯ᠎ᠤᠨ 7 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 35 ᠳ᠋ᠤᠭ᠋ᠠᠷ ᠬᠤᠭᠤᠴᠠᠭ᠋ᠠᠨ᠎ᠤ ᠲᠠᠯ᠎ᠠ ᠨᠤᠲᠤᠭ᠎ᠤᠨ ᠨᠠᠭ᠋ᠠᠳᠤᠮ᠎ᠤᠨ ᠶᠡᠬᠡ ᠬᠤᠷᠠᠯ ᠰᠢᠯᠢ ᠵᠢᠨ ᠬᠣᠲᠠ᠎ᠳᠤ ᠦᠪᠡᠳᠡᠭᠰᠢ ᠶᠡᠬᠡ᠎ᠪᠠᠷ ᠡᠬᠢᠯᠡᠵᠦ᠂ 1200 ᠠᠵᠢᠨᠠᠢ ᠬᠦᠯᠦᠭ ᠰᠢᠪᠡᠷᠡᠭᠡ ᠪᠣᠷᠣᠭ᠋ᠠᠨ ᠎ᠤ ᠳᠤᠮᠳᠠ ᠴᠤᠭᠯᠠᠷᠠᠵᠤ᠂ 512 ᠪᠥᠬᠡ ᠬᠡᠩᠭᠡᠷᠭᠡ ᠳᠡᠯᠡᠳᠦᠨ᠂ ᠦᠨᠡᠨᠴᠢ ᠢᠲᠡᠭᠡᠮᠵᠢ᠎ᠪᠠᠷ ᠰᠠᠭᠤᠷᠢ ᠪᠣᠯᠭ᠋ᠠᠭᠰᠠᠨ᠂ ᠵᠢᠭᠤᠯᠴᠢᠯᠠᠭᠴᠢᠳ ᠵᠶ᠋ᠠᠷ ᠭᠣᠣᠯ ᠪᠣᠯᠭ᠋ᠠᠭᠰᠠᠨ ᠰᠣᠶᠣᠯ ᠵᠢᠭᠤᠯᠴᠢᠯᠠᠯ᠎ᠤᠨ ᠰᠢᠨ᠎ᠡ ᠬᠡᠪ ᠵᠠᠭᠪᠤᠷ ᠤᠮᠠᠷᠠᠲᠤ ᠬᠢᠵᠠᠭ᠋ᠠᠷ ᠎ᠤᠨ ᠡᠬᠡ ᠭᠠᠵᠠᠷ᠎ᠲᠤ ᠪᠦᠷᠢᠯᠳᠦᠭᠰᠡᠨ ᠪᠠᠢ᠌ᠨ᠎ᠠ᠃ 7 ᠳ᠋ᠤᠭ᠋ᠠᠷ ᠰᠠᠷ᠎ᠠ ᠵᠢᠨ 21᠎ᠤ ᠡᠳᠦᠷ ᠪᠣᠯᠲᠠᠯ᠎ᠠ᠂ ᠲᠣᠰ ᠬᠤᠭᠤᠴᠠᠭ᠋ᠠᠨ᠎ᠤ ᠨᠠᠭ᠋ᠠᠳᠤᠮ᠎ᠤᠨ ᠬᠤᠷᠠᠯ ᠎ᠤᠨ ᠭᠤᠤᠯ ᠬᠤᠷᠠᠯ᠎ᠤᠨ ᠲᠠᠯᠠᠪᠠᠶ᠎ᠳᠤ 20 ᠲᠦᠮᠡᠨ ᠬᠥᠮᠦᠨ ᠤᠷᠤᠵᠤ᠂ ᠬᠤᠷᠠᠯ᠎ᠤᠨ ᠲᠠᠯᠠᠪᠠᠶ ᠵᠢᠨ ᠡᠵᠡᠩᠨᠡᠯᠲᠡ ᠵᠢᠨ ᠶᠡᠷᠦᠩᠬᠡᠶ᠋ᠢᠯᠡᠭᠰᠡᠨ ᠣᠷᠣᠯᠭ᠎ᠠ 6000 ᠲᠦᠮᠡᠨ ᠲᠥᠭᠦᠷᠢᠭ᠎ᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 40%᠎ᠪᠠᠷ ᠨᠡᠮᠡᠭᠳᠡᠪᠡ᠃ ᠨᠠᠭ᠋ᠠᠳᠤᠮ᠎ᠤᠨ ᠡᠮᠦᠨ᠎ᠡ 5 ᠡᠳᠦᠷ᠎ᠤᠨ ᠳᠣᠲᠣᠷ᠎ᠠ᠂ ᠰᠢᠯᠢ ᠵᠢᠨ ᠭᠣᠣᠯ ᠠᠢ᠍ᠮᠠᠭ᠎ᠤᠨ ᠪᠦᠬᠦ ᠬᠡᠪᠴᠢᠶᠡᠨ᠎ᠳᠤ ᠨᠡᠢ᠌ᠲᠡ 150 ᠲᠦᠮᠡᠨ ᠬᠥᠮᠦᠨ ᠣᠳᠠᠭ᠋ᠠᠨ ᠎ᠤ ᠵᠢᠭᠤᠯᠴᠢᠯᠠᠭᠴᠢ ᠵᠢ ᠬᠦᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 17% ᠨᠡᠮᠡᠭᠳᠡᠵᠦ᠂ ᠵᠢᠭᠤᠯᠴᠢᠯᠠᠯ᠎ᠤᠨ ᠶᠡᠷᠦᠩᠬᠡᠢ ᠣᠷᠣᠯᠭ᠎ᠠ 10.8 ᠳ᠋ᠥᠩᠰᠢᠭᠤᠷ ᠎ᠢ ᠳᠠᠪᠠᠵᠠᠢ ᠃ ᠡᠨᠡ ᠪᠦᠯᠦᠭ ᠲᠤᠭ᠎ᠠ ᠪᠠᠷᠢᠮᠲᠠ ᠵᠢᠨ ᠠᠷᠤ᠎ᠳᠤ ᠰᠢᠯᠢ ᠵᠢᠨ ᠭᠤᠤᠯ ᠠᠶ᠋ᠢᠮᠠᠭ᠎ᠤᠨ ᠨᠠᠮ᠎ᠤᠨ ᠬᠤᠷᠢᠶᠠᠨ᠎ᠤ 《ᠪᠥᠬᠦ ᠣᠷᠣᠨ ᠪᠦᠰᠡ᠎ᠪᠠᠷ ᠵᠶ᠋ᠠᠨ ᠥᠩᠭᠡ ᠦᠵᠡᠮᠵᠢ᠂ ᠳᠥᠷᠪᠡᠨ ᠤᠯᠠᠷᠢᠯ ᠵᠶ᠋ᠠᠷ ᠵᠶ᠋ᠠᠨ ᠵᠢᠭᠤᠯᠴᠢᠯᠠᠵᠤ ᠪᠣᠯᠬᠤ᠂ ᠪᠥᠬᠦ ᠠᠵᠢᠯ ᠲᠥᠷᠥᠯ ᠵᠶ᠋ᠠᠷ ᠵᠶ᠋ᠠᠨ ᠠᠭᠤᠰᠤᠯᠴᠠᠬᠤ》 ᠪᠠᠶ᠋ᠢᠯᠳᠤᠬᠤ ᠪᠣᠳᠣᠯᠭ᠎ᠠ ᠵᠢᠨ ᠬᠠᠷᠠᠭ᠋ᠠᠰᠤ ᠮᠥᠨ᠂ 《ᠲᠣᠭ᠋ᠠᠨ᠎ᠤ ᠬᠤᠪᠢᠷᠠᠯᠲᠠ》᠎ᠠᠴᠠ 《ᠴᠢᠨᠠᠷ᠎ᠤᠨ ᠬᠤᠪᠢᠷᠠᠯᠲᠠ》 ᠬᠦᠷᠲᠡᠯᠡᠬᠢ ᠭᠦᠨᠵᠡᠭᠡᠶ ᠬᠤᠪᠢᠰᠤᠯᠲᠠ — ᠲᠠᠯ᠎ᠠ ᠨᠤᠲᠤᠭ᠎ᠤᠨ ᠠᠮᠢᠰᠬᠤᠯ ᠪᠣᠯᠤᠨ ᠴᠠᠭ ᠦᠶ᠎ᠡ ᠵᠢᠨ ᠰᠤᠳᠠᠯ᠎ᠤᠨ ᠯᠤᠭᠰᠢᠯᠲᠠ ᠵᠡᠷᠭᠡ᠎ᠪᠠᠷ ᠬᠥᠭᠵᠢᠵᠦ᠂ ᠰᠣᠶᠣᠯ᠎ᠤᠨ ᠭᠧᠨ ᠪᠣᠯᠤᠨ ᠬᠥᠭᠵᠢᠯᠲᠡ ᠵᠢᠨ ᠵᠢᠷᠤᠭ ᠲᠥᠰᠦᠪ᠎ᠢ ᠭᠦᠨᠵᠡᠭᠡᠶ ᠠᠭᠤᠰᠤᠯᠴᠠᠭᠤᠯᠵᠤ᠂ ᠤᠮᠠᠷᠠᠲᠤ ᠬᠢᠵᠠᠭ᠋ᠠᠷ ᠎ᠤᠨ ᠡᠬᠡ ᠪᠠᠢ᠌ᠭ᠋ᠠᠯᠢ ᠬᠢᠭᠡᠳ ᠠᠷᠠᠳ ᠲᠦᠮᠡᠨ᠎ᠤ ᠵᠣᠯ ᠵᠢᠷᠭ᠋ᠠᠯ ᠬᠠᠮᠲᠤ᠎ᠪᠠᠷ ᠣᠷᠣᠰᠢᠨ ᠲᠣᠭᠲᠠᠨᠢᠵᠤ ᠬᠠᠮᠲᠤ᠎ᠪᠠᠷ ᠴᠡᠴᠡᠭᠯᠡᠨ ᠬᠥᠭᠵᠢᠵᠦ ᠪᠠᠶ᠋ᠢᠨ᠎ᠠ᠃ ᠤᠢ᠍ᠢ᠍ᠷ᠎ᠠ ᠵᠢᠨ ᠵᠢᠯ᠎ᠠᠴᠠ ᠨᠠᠭ᠋ᠠᠰᠢ᠂ ᠰᠢᠯᠢ ᠵᠢᠨ ᠭᠤᠣᠯ ᠠᠶ᠋ᠢᠮᠠᠭ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠰᠦᠭ ᠰᠦᠨᠡᠰᠦ ᠪᠣᠯᠭ᠋ᠠᠵᠤ᠂ 《ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ》 ᠵᠶ᠋ᠠᠷ ᠪᠢᠷ ᠪᠣᠯᠭ᠋ᠠᠵᠤ᠂ ᠠᠮᠢ ᠠᠬᠤᠢ ᠵᠢᠨ ᠬᠠᠮᠠᠭ᠋ᠠᠯᠠᠯᠲᠠ᠎ᠪᠠᠷ ᠪᠡᠭᠡ ᠪᠣᠯᠭ᠋ᠠᠵᠤ᠂ ᠥᠷᠭᠡᠨ ᠠᠭᠤᠳᠠᠮ ᠲᠠᠯ᠎ᠠ ᠨᠤᠲᠤᠭ᠎ᠲᠤ ᠵᠤᠷᠢᠮᠠᠭ ᠪᠢᠴᠢᠭᠯᠡᠵᠦ᠂ ᠦᠨᠳᠦᠰᠦᠲᠡᠨ᠎ᠤ ᠪᠦᠯᠬᠦᠮᠳᠡᠯ᠂ ᠠᠮᠢ ᠠᠬᠤᠢ ᠵᠢᠨ ᠠᠭᠤᠰᠤᠯᠴᠠᠯ᠂ ᠠᠵᠤ ᠦᠢ᠍ᠯᠡᠰ ᠎ᠤᠨ ᠬᠦᠭᠵᠢᠯᠲᠡ ᠵᠢᠨ ᠰᠦᠷᠯᠢᠭ ᠰᠠᠶ᠋ᠢᠬᠠᠨ ᠬᠠᠭᠤᠳᠠᠰᠤ ᠵᠢ ᠵᠢᠷᠤᠭᠯᠠᠭᠰᠠᠨ ᠪᠠᠶ᠋ᠢᠨ᠎ᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            