ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠵᠡᠭᠦᠨ ᠵᠠᠮ᠎ᠤᠨ ᠡᠯ ᠷᠧᠨ᠎ᠲᠠᠢ ᠵᠢᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠭᠠᠷᠠᠭ ᠵᠢᠴᠢ ᠥᠪᠥᠷ ᠮᠣᠩᠭᠣᠯ ᠱᠠᠨ ᠰᠢ ᠾᠸᠪᠸᠢ ᠱᠠᠨᠰᠢ ᠲᠦᠷᠪᠡᠨ ᠮᠤᠵᠢ ᠣᠷᠣᠨ᠎ᠤ ᠰᠢᠯᠢᠳᠡᠭ ᠵᠦᠴᠦᠭᠡ (ᠲᠤᠭᠯᠠᠯᠲᠠ) ᠵᠢᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠱᠠᠩᠳᠤ ᠰᠢᠶᠠᠨ᠎ᠳᠤ ᠡᠬᠢᠯᠡᠪᠡ
ᠨᠡᠶᠢᠲᠡᠯᠡᠭᠰᠡᠨ ᠴᠠᠭ᠄ 2025-08-22

8 ᠳ᠋ᠤᠭ᠋ᠠᠷ ᠰᠠᠷ᠎ᠠ ᠵᠢᠨ 18 ᠎ᠤ ᠣᠷᠣᠢ᠂ ᠳᠤᠮᠳᠠᠳᠤ ᠤᠯᠤᠰ᠎ᠤᠨ ᠰᠢ ᠵᠦᠴᠦᠭᠡ ᠵᠢᠨ ᠲᠣᠭᠯᠠᠯᠲᠠ ᠵᠢᠨ ᠡᠪᠯᠡᠯ᠎ᠠᠴᠠ ᠭᠣᠣᠯᠯᠠᠨ ᠡᠷᠬᠢᠯᠡᠭᠰᠡᠨ ᠠᠩᠬᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ ᠵᠡᠭᠦᠨ ᠵᠠᠮ᠎ᠤᠨ ᠡᠯ ᠷᠧᠨ᠎ᠲᠠᠢ ᠵᠢᠨ ᠤᠷᠠᠯᠢᠭ᠎ᠤᠨ ᠦᠵᠡᠭᠦᠯᠭᠡ ᠵᠢᠨ ᠲᠣᠭᠯᠠᠯᠲᠠ ᠵᠢᠨ ᠭᠠᠷᠠᠭ ᠵᠢᠴᠢ ᠥᠪᠥᠷ ᠮᠣᠩᠭᠣᠯ ᠱᠠᠨ ᠰᠢ ᠾᠸᠪᠸᠢ ᠱᠠᠨᠰᠢ ᠲᠦᠷᠪᠡᠨ ᠮᠤᠵᠢ ᠣᠷᠣᠨ᠎ᠤ ᠰᠢᠯᠢᠳᠡᠭ ᠵᠦᠴᠦᠭᠡ (ᠲᠤᠭᠯᠠᠯᠲᠠ) ᠵᠢᠨ ᠦᠵᠡᠭᠦᠯᠭᠡ ᠵᠢᠨ ᠲᠣᠭᠯᠠᠯᠲᠠ ᠵᠢᠨ ᠠᠵᠢᠯᠯᠠᠭ᠎ᠠ ᠱᠠᠩᠳᠤ ᠰᠢᠶᠠᠨ᠎ᠳᠤ ᠡᠬᠢᠯᠡᠪᠡ᠃

ᠲᠤᠰ ᠬᠤᠭᠤᠴᠠᠭ᠋ᠠᠨ᠎ᠤ ᠤᠷᠠᠯᠢᠭ᠎ᠤᠨ ᠦᠵᠡᠭᠦᠯᠭᠡ ᠵᠢᠨ ᠲᠣᠭᠯᠠᠯᠲᠠ᠎ᠨᠢ 《ᠵᠡᠭᠦᠨ ᠵᠠᠮ᠎ᠤᠨ ᠡᠯ ᠷᠸᠨ᠎ᠲᠠᠢ᠎ᠳᠤ ᠰᠡᠳᠬᠢᠯ ᠰᠢᠵᠢᠮᠯᠡᠵᠦ᠂ ᠤᠮᠠᠷᠠᠲᠤ ᠬᠢᠯᠢ ᠵᠢᠨ ᠰᠣᠶᠣᠯ᠎ᠤᠨ ᠠᠢ᠌ᠵᠠᠮ᠎ᠢ ᠬᠠᠮᠲᠤ᠎ᠪᠠᠷ ᠤᠯᠠᠮᠵᠢᠯᠠᠶ᠎ᠠ》 ᠭᠡᠬᠦ ᠭᠣᠣᠯ ᠰᠡᠳᠦᠪ ᠵᠶ᠋ᠡᠷ 7 ᠡᠳᠦᠷ ᠶᠠᠪᠤᠭᠳᠠᠵᠤ᠂ ᠠᠭᠤᠯᠭ᠎ᠠ ᠵᠢᠨ ᠲᠠᠯ᠎ᠠ᠎ᠪᠠᠷ ᠪᠠᠭ᠎ᠠ ᠬᠡᠯᠪᠡᠷᠢ ᠵᠢᠨ ᠵᠦᠴᠦᠭᠡ (ᠲᠤᠭᠯᠠᠯᠲᠠ) ᠵᠢᠨ ᠦᠵᠡᠭᠦᠯᠭᠡ ᠵᠢᠨ ᠲᠣᠭᠯᠠᠯᠲᠠ᠂ ᠲᠣᠮᠣ ᠬᠡᠯᠪᠡᠷᠢ ᠵᠢᠨ ᠵᠦᠴᠦᠭᠡ ᠵᠢᠨ ᠦᠵᠡᠭᠦᠯᠭᠡ ᠵᠢᠨ ᠲᠣᠭᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠦᠵᠡᠭᠦᠯᠭᠡ᠂ ᠠᠷᠠᠳ᠎ᠤᠨ ᠬᠦᠷᠢᠶᠡᠯᠡᠩ ᠪᠦᠯᠬᠦᠮ᠎ᠤᠨ ᠦᠵᠡᠭᠦᠯᠭᠡ ᠵᠢᠨ ᠲᠣᠭᠯᠠᠯᠲᠠ ᠵᠢᠨ ᠲᠤᠰᠬᠠᠢ ᠲᠠᠯᠠᠪᠠᠢ ᠵᠢᠴᠢ ᠰᠦᠯᠵᠢᠶᠡᠨ᠎ᠤ ᠨᠡᠪᠲᠡᠷᠡᠭᠦᠯᠦᠭᠴᠢ ᠵᠢᠨ ᠤᠷᠤᠯᠳᠤᠭ᠋ᠠᠨ᠂ ᠠᠷᠠᠳ᠎ᠲᠤ ᠠᠰᠢᠭ ᠬᠦᠷᠲᠡᠭᠡᠬᠦ ᠲᠣᠭᠯᠠᠯᠲᠠ᠂ ᠤᠷᠠᠯᠢᠭ᠎ᠤᠨ ᠰᠤᠳᠤᠯᠭ᠋ᠠᠨ ᠵᠡᠷᠭᠡ ᠤᠯᠠᠨ ᠬᠡᠰᠡᠭ᠎ᠢ ᠬᠠᠮᠤᠷᠴᠠᠢ᠃ ᠡᠲᠡᠭᠡᠷ ᠠᠵᠢᠯᠯᠠᠭ᠎ᠠ᠎ᠨᠢ ᠵᠡᠭᠦᠨ ᠵᠠᠮ᠎ᠤᠨ ᠡᠯ ᠷᠸᠨ᠎ᠲᠠᠢ ᠵᠢᠨ ᠤᠯᠠᠮᠵᠢᠯᠠᠨ ᠬᠥᠭᠵᠢᠭᠦᠯᠬᠦ ᠵᠠᠮ ᠳᠡᠭᠡᠷᠡᠬᠢ ᠯᠠᠪᠳᠠᠭᠤᠨ ᠪᠠᠲᠤᠲᠠᠢ ᠠᠯᠬᠤᠮ᠎ᠢ ᠪᠥᠬᠥ ᠲᠠᠯ᠎ᠠ᠎ᠪᠠᠷ ᠬᠠᠷᠠᠭᠤᠯᠤᠭᠰᠠᠨ ᠵᠶ᠋ᠠᠷ ᠪᠠᠷᠠᠬᠤ ᠦᠭᠡᠢ᠂ ᠨᠠᠩ ᠴᠤ᠌ ᠵᠦᠴᠦᠭᠡ ᠵᠢᠨ ᠪᠦᠲᠦᠭᠡᠯ᠎ᠢ ᠵᠣᠬᠢᠶᠠᠨ ᠪᠦᠲᠦᠭᠡᠬᠦ ᠪᠠ ᠰᠢᠨ᠎ᠡ ᠵᠢ ᠡᠭᠦᠳᠬᠦ ᠬᠦᠷᠢᠶᠡᠨ᠎ᠳᠤ ᠣᠯᠣᠭᠰᠠᠨ ᠰᠢᠨ᠎ᠡ ᠰᠢᠪᠲᠤᠯᠤᠯᠲᠠ ᠵᠢ ᠠᠮᠢᠳᠤᠯᠢᠭ ᠵᠶ᠋ᠠᠷ ᠢᠯᠡᠷᠡᠭᠦᠯᠦᠭᠰᠡᠨ ᠪᠠᠢ᠌ᠨ᠎ᠠ᠃

ᠢᠷᠡᠯᠲᠡ᠄ ᠤᠯᠠᠭ᠋ᠠᠨᠴᠠᠪ ᠡᠭᠦᠯᠡ
          
ᠬᠠᠮᠢᠶ᠎ᠡ ᠪᠦᠬᠦᠢ ᠰᠣᠨᠢᠨ
 
            